ᠠᠯᠠᠱᠠ ᠵᠡᠭᠦᠨ ᠬᠤᠰᠢᠭᠤᠨ ᠤ ᠲᠣᠶᠢᠮᠣ ᠪᠠᠶᠢᠳᠠᠯ
ᠨᠡᠶᠢᠲᠡᠯᠡᠭᠰᠡᠨ ᠴᠠᠭ᠄
2018/11/15
            ᠠᠯᠠᠱᠠ ᠵᠡᠭᠦᠨ ᠬᠤᠰᠢᠭᠤᠨ ᠤ ᠶᠡᠷᠦᠩᠬᠡᠢ ᠲᠠᠯᠠᠪᠠᠶ 80412 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠥᠬᠦ ᠠᠶᠢᠮᠠᠭ ᠤᠨ ᠶᠡᠷᠦᠩᠬᠡᠢ ᠲᠠᠯᠠᠪᠠᠶ ᠶᠢᠨ 30% ᠰᠢᠬᠠᠮ ᠢ ᠡᠵᠡᠯᠡᠨ᠎ᠡ︔ 20.3 ᠲᠦᠮᠡᠨ ᠬᠥᠮᠥᠨ ᠠᠮᠠ ᠲᠠᠢ ᠪᠠᠶᠢᠵᠤ᠂ ᠪᠥᠬᠦ ᠠᠶᠢᠮᠠᠭ ᠤᠨ ᠶᠡᠷᠦᠩᠬᠡᠢ ᠬᠥᠮᠥᠨ ᠠᠮᠠ ᠶᠢᠨ 78%᠎ ᠶᠢ ᠡᠵᠡᠯᠡᠨ᠎ᠡ︔ 15 ᠰᠤᠮᠤ ᠪᠠᠯᠭᠠᠰᠤ᠂ 4 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 139 ᠭᠠᠴᠠᠭ᠎ᠠ᠂ 36 ᠨᠡᠶᠢᠭᠡᠮ ᠲᠣᠭᠤᠷᠢᠭ ᠲᠠᠢ᠃ ᠬᠢᠲᠠᠳ᠂ ᠮᠣᠩᠭᠤᠯ᠂ ᠬᠤᠲᠣᠩ᠂ ᠮᠠᠨᠵᠤ ᠵᠡᠷᠭᠡ 35 ᠦᠨᠳᠦᠰᠦᠲᠡᠨ ᠲᠠᠢ᠂ ᠴᠥᠭᠡᠨ ᠲᠣᠭᠠᠲᠤ ᠦᠨᠳᠦᠰᠦᠲᠡᠨ ᠤ ᠬᠥᠮᠥᠨ ᠠᠮᠠ 5.2 ᠲᠦᠮᠡ ᠪᠠᠶᠢᠵᠤ᠂ ᠪᠥᠬᠦ ᠬᠤᠰᠢᠭᠤᠨ ᠤ ᠪᠥᠬᠦ ᠬᠥᠮᠥᠨ ᠠᠮᠠ ᠶᠢᠨ 25.6%᠎ ᠶᠢ ᠡᠵᠡᠯᠡᠨ᠎ᠡ᠃     ᠵᠡᠭᠦᠨ ᠲᠠᠯ᠎ᠠ ᠪᠠᠷ ᠢᠶᠠᠨ ᠨᠢᠩᠰᠢᠶᠠ ᠲᠠᠢ ᠵᠠᠬ᠎ᠠ ᠨᠡᠶᠢᠯᠡᠵᠦ᠂ ᠪᠠᠷᠠᠭᠤᠨ᠂ ᠡᠮᠦᠨ᠎ᠡ ᠲᠠᠯ᠎ᠠ ᠪᠠᠷ ᠢᠶᠠᠨ ᠭᠠᠨᠰᠤ ᠲᠠᠢ ᠬᠥᠷᠰᠢᠯᠡᠵᠦ᠂ ᠬᠤᠶᠢᠲᠤ ᠲᠠᠯ᠎ᠠ ᠪᠠᠷ ᠢᠶᠠᠨ ᠮᠣᠩᠭᠤᠯ ᠤᠯᠤᠰ ᠲᠠᠢ ᠵᠠᠬ᠎ᠠ ᠨᠡᠶᠢᠯᠡᠵᠦ᠂ ᠬᠢᠯᠢ ᠶᠢᠨ ᠱᠤᠭᠤᠮ ᠤᠨ ᠣᠷᠳᠣ ᠨᠢ 188.7 ᠺᠢᠯᠣᠮᠧᠲᠷ ᠪᠣᠯᠣᠨ᠎ᠠ᠃ 2016 ᠣᠨ ᠳᠤ ᠥᠯᠵᠡᠢ ᠬᠢᠯᠢ ᠶᠢᠨ ᠪᠣᠭᠤᠮᠲᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠴᠣᠬᠤᠯᠠᠪᠤᠷᠢᠯᠠᠨ ᠪᠠᠶᠢᠭᠤᠯᠵᠤ᠂ 2020 ᠣᠨ ᠳᠤ ᠵᠥᠪᠰᠢᠶᠡᠷᠡᠯ ᠢᠶᠠᠷ ᠲᠦᠷ ᠬᠤᠭᠤᠴᠠᠭᠠᠲᠤ ᠪᠠᠷ ᠨᠡᠪᠲᠡᠷᠡᠭᠦᠯᠪᠡ᠃           ᠵᠡᠬᠦᠨ ᠬᠤᠶᠢᠳᠤ ᠳᠠᠯ᠎ᠠ ᠪᠠᠷ ᠢᠶᠠᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠠᠶᠠᠨᠨᠠᠭᠤᠷ ᠬᠤᠳᠠ ᠶᠢᠨ ᠤᠷᠠᠳ ᠤᠨ ᠬᠤᠶᠢᠳᠤ ᠬᠤᠰᠢᠭᠤ᠂ ᠳ᠋ᠧᠩᠺᠸᠤ ᠰᠢᠶᠠᠨ ᠲᠠᠢ ᠵᠠᠯᠭᠠᠯᠳᠤᠵᠤ᠂ ᠵᠡᠬᠦᠨ ᠳᠠᠯ᠎ᠠ ᠪᠠᠷ ᠢᠶᠠᠨ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠳᠤᠰ ᠬᠤᠳᠠ ᠶᠢᠨ ᠤᠳᠤᠭ ᠬᠤᠰᠢᠭᠤ᠂ ᠦᠬᠠᠢ ᠬᠤᠳᠠ ᠲᠠᠢ ᠬᠦᠷᠰᠢᠯᠡᠵᠤ᠂ ᠵᠡᠬᠦᠨ ᠡᠮᠤᠨ᠎ᠡ ᠳᠠᠯ᠎ᠠ ᠪᠠᠷ ᠢᠶᠠᠨ ᠨᠢᠩᠰᠢᠶᠠ ᠶᠢᠨ ᠬᠤᠳᠤᠩ ᠦᠨᠳᠤᠰᠤᠳᠡᠨ ᠤ ᠦᠪᠡᠷᠳᠡᠭᠡᠨ ᠵᠠᠰᠠᠬᠤ ᠤᠷᠤᠨ ᠤ  ᠴᠠᠭᠠᠨ ᠬᠠᠳᠠᠨ ᠬᠤᠰᠢᠭᠤ ︵ᠱᠢ ᠽᠦᠢ ᠱᠠᠨ︶᠂ ᠬᠠᠷ᠎ᠠ ᠬᠤᠲᠠ ︵ᠫᠢᠩ ᠯᠦᠸᠧ ᠰᠢᠶᠠᠨ︶᠂ ᠢᠷᠭᠠᠢ ᠬᠤᠳᠠ᠂ ᠶᠦᠩ ᠨᠢᠩ ᠰᠢᠶᠠᠨ᠂ ᠴᠢᠩ ᠲᠦᠩ ᠰᠢᠶᠠ ᠬᠤᠳᠠ ᠲᠠᠢ ᠵᠠᠬ᠎ᠠ ᠨᠡᠶᠢᠯᠠᠵᠤ ᠂ ᠡᠮᠤᠨ᠎ᠡ ᠳᠠᠯ᠎ᠠ ᠪᠠᠷ ᠢᠶᠠᠨ ᠨᠢᠩᠰᠢᠶᠠ ᠶᠢᠨ ᠬᠤᠳᠤᠩ ᠦᠨᠳᠤᠰᠤᠳᠡᠨ ᠤ ᠳᠡᠷᠡᠰᠤᠨ ᠬᠤᠲᠠ᠂ ᠵᠦᠩ ᠨᠢᠩ ᠰᠢᠶᠠᠨ᠂ ᠭᠠᠨᠰᠤ ᠮᠤᠵᠢ ᠶᠢᠨ ᠵᠢᠩ ᠲᠠᠢ ᠰᠢᠶᠠᠨ᠂ ᠬᠦ᠋ ᠯᠠᠩ ᠰᠢᠶᠠᠨ ᠲᠠᠢ ᠵᠠᠯᠭᠠᠯᠳᠤᠵᠤ᠂ ᠪᠠᠷᠠᠭᠤᠨ ᠳᠠᠯ᠎ᠠ ᠪᠠᠷ ᠢᠶᠠᠨ ᠭᠠᠨᠰᠤ ᠮᠤᠵᠢ ᠶᠢᠨ  ᠲᠦᠷᠢᠮᠡᠬᠡᠢ ᠪᠠᠯᠭᠠᠰᠤ ︵ᠡᠤ ᠸᠧᠢ ᠬᠤᠳᠠ︶᠂ ᠮᠢᠨ ᠴᠢᠨ ᠰᠢᠶᠠᠨ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤ ᠲᠠᠢ ᠬᠦᠷᠰᠢᠯᠡᠵᠤ ᠪᠠᠶᠢᠳᠠᠭ᠃             ᠵᠢᠷᠭᠤᠳᠤᠭᠠᠷ ᠤᠳᠠᠭᠠᠨ ᠤ ᠪᠦᠬᠦ ᠤᠯᠤᠰ ᠤᠨ ᠬᠦᠮᠤᠨ ᠠᠮᠠ ᠶᠢᠨ ᠪᠠᠶᠢᠴᠠᠭᠠᠯᠳᠠ ᠪᠠᠷ ᠠᠯᠠᠱᠠ ᠵᠡᠬᠦᠨ ᠬᠤᠰᠢᠭᠤᠨ ᠳᠤ ᠪᠠᠶᠢᠩᠭᠤ ᠰᠠᠭᠤᠭ᠎ᠠ ᠬᠦᠮᠤᠨ ᠠᠮᠠ 173494 ᠪᠠᠶᠢᠵᠤ᠂ ᠬᠤᠳᠠ ᠪᠠᠯᠭᠠᠰᠤᠨ ᠳᠤ ᠰᠠᠭᠤᠭ᠎ᠠ ᠬᠦᠮᠤᠨ ᠠᠮᠠ 129242 ᠪᠠᠶᠢᠵᠤ᠂ ᠪᠦᠬᠦ ᠬᠦᠮᠤᠨ ᠠᠮᠠ ᠶᠢᠨ 74.49%᠎ ᠶᠢ ᠡᠵᠡᠯᠡᠵᠤ᠂ ᠬᠦᠳᠡᠭᠡ ᠳᠤᠰᠬᠤᠨ ᠮᠠᠯᠵᠢᠬᠤ ᠤᠷᠤᠨ ᠤ ᠬᠦᠮᠤᠨ ᠠᠮᠠ 44252 ᠪᠠᠶᠢᠵᠤ᠂ ᠪᠦᠬᠦ ᠬᠦᠮᠤᠨ ᠠᠮᠠ ᠶᠢᠨ 25.51%᠎ ᠶᠢ ᠡᠵᠡᠯᠡᠵᠡᠢ᠃                   ᠤᠳᠤ ᠠᠯᠠᠱᠠ ᠵᠡᠬᠦᠨ ᠬᠤᠰᠢᠭᠤᠨ ᠳᠤ ᠮᠤᠩᠭᠤᠯ᠂ ᠭᠢᠳᠡᠳ᠂ ᠬᠤᠳᠤᠩ᠂ ᠮᠠᠨᠵᠤ᠂ ᠳᠦᠪᠡᠳ ᠵᠡᠷᠭᠡ 28 ᠦᠨᠳᠤᠰᠤᠳᠡᠨ ᠤᠷᠤᠰᠢᠨ ᠠᠮᠢᠳᠤᠷᠠᠵᠤ ᠪᠠᠶᠢᠳᠠᠭ᠃ ᠤᠳᠤ ᠪᠦᠬᠦ ᠬᠤᠰᠢᠭᠤᠨ ᠳᠤ ᠪᠠᠶᠠᠨᠬᠤᠳᠠ᠂ ᠵᠢᠷᠠᠳᠠᠢ᠂ ᠵᠡᠬᠦᠨ ᠪᠠᠯ᠂ ᠪᠠᠷᠠᠭᠤᠨ ᠪᠠᠯ᠂ ᠤᠯᠠᠨᠪᠤᠯᠠᠭ᠂ ᠤᠨᠳᠤᠷᠤᠯᠳᠤ᠂ ᠦᠯᠵᠡᠢ᠂ ᠪᠠᠶᠠᠨᠨᠢᠷᠤᠭᠤᠨ᠂ ᠡᠷᠭᠡᠬᠠᠰᠢᠬ᠎ᠠ᠂ ᠢᠩᠭᠡᠨ᠂ ᠴᠣᠭᠲᠤᠬᠦ᠋ᠷᠢᠶ᠎ᠡ ᠵᠡᠷᠭᠡ 11 ᠰᠤᠮᠤ ᠪᠠᠯᠭᠠᠰᠤ ᠪᠣᠢ᠃       ᠠᠯᠠᠱᠠ ᠨᠤᠲᠤᠭ ᠥᠨᠢ ᠤᠳᠠᠭᠠᠨ ᠲᠡᠦᠬᠡ ᠰᠣᠶᠣᠯ ᠲᠠᠢ᠃ ᠮᠣᠩᠭᠤᠯ ᠲᠥᠪᠡᠳ ᠬᠡᠯᠡ ᠪᠠ ᠡᠷᠲᠡᠨ ᠤ ᠰᠠᠨᠰᠺᠷᠢᠲ ᠬᠡᠯᠡᠨ ᠤ ᠠᠯᠳᠠᠷᠲᠤ ᠡᠷᠳᠡᠮᠲᠡᠨ᠂ ᠪᠤᠷᠬᠠᠨ ᠤ ᠰᠤᠷᠭᠠᠯ ᠤᠨ ᠶᠡᠭᠡ ᠪᠠᠭᠰᠢ ᠠᠭᠸᠠᠩᠳᠠᠨᠳᠠᠷ ᠤᠨ ᠲᠥᠷᠥᠭᠰᠡᠨ ᠨᠤᠲᠤᠭ᠂ ᠵᠢᠷᠭᠤᠳᠤᠭᠠᠷ ᠳᠦᠷᠢ ᠶᠢᠨ ᠳᠠᠯᠠᠶ ᠯᠠᠮᠠ ᠼᠠᠩᠶᠠᠩᠵᠠᠮᠰᠤ ᠶᠢᠨ ᠨᠢᠷᠸᠠᠨ ᠳᠦᠷᠢ ᠦᠵᠡᠭᠦᠯᠦᠭᠰᠡᠨ ᠭᠠᠵᠠᠷ ᠪᠣᠯᠣᠨ᠎ᠠ᠃ ᠡᠨᠡ ᠪᠣᠯ ᠮᠣᠩᠭᠤᠯ ᠲᠥᠪᠡᠳ ᠬᠡᠯᠡ ᠪᠠ ᠡᠷᠲᠡᠨ ᠤ ᠰᠠᠨᠰᠺᠷᠢᠲ ᠬᠡᠯᠡᠨ ᠤ ᠠᠯᠳᠠᠷᠲᠤ ᠡᠷᠳᠡᠮᠲᠡᠨ᠂ ᠪᠤᠷᠬᠠᠨ ᠤ ᠰᠤᠷᠭᠠᠯ ᠤᠨ ᠶᠡᠭᠡ ᠪᠠᠭᠰᠢ ᠠᠭᠸᠠᠩᠳᠠᠨᠳᠠᠷ ᠤᠨ ᠨᠤᠲᠤᠭ ᠪᠣᠯᠣᠨ᠎ᠠ᠃ ᠡᠩᠬᠡ ᠠᠮᠤᠭᠤᠯᠠᠩ ᠤᠨ ᠭᠤᠴᠢᠨ ᠵᠢᠷᠭᠤᠳᠤᠭᠠᠷ ᠣᠨ ︵1697 ᠣᠨ︶᠎ ᠳᠤ ᠠᠯᠠᠱᠠ ᠬᠤᠱᠣᠳ ᠬᠤᠰᠢᠭᠤ ᠶᠢ ᠪᠠᠶᠢᠭᠤᠯᠵᠤ᠂ ᠨᠠᠶᠢᠷᠠᠯᠲᠤ ᠲᠥᠪ ᠤᠨ ᠠᠷᠪᠠᠳᠤᠭᠠᠷ ᠣᠨ ︵1732 ᠣᠨ︶᠎ ᠳᠤ ᠬᠤᠰᠢᠭᠤᠨ ᠤ ᠣᠷᠳᠣᠨ ᠢᠶᠠᠨ ᠬᠤᠯᠠᠳᠠᠭᠢᠨ ᠢ ᠲᠣᠭᠲᠠᠭᠠᠭᠴᠢ ᠬᠤᠷᠢᠶ᠎ᠠ ︵ᠣᠳᠣ ᠶᠢᠨ ᠪᠠᠶᠠᠨᠬᠤᠲᠠ︶᠎ ᠳᠤ ᠨᠡᠭᠦᠯᠭᠡᠪᠡ᠃ 1949 ᠣᠨ ᠳᠤ ᠠᠯᠠᠱᠠ ᠶᠢᠨ ᠬᠤᠱᠣᠳ ᠬᠤᠰᠢᠭᠤ ᠨᠠᠶᠢᠷᠠᠮᠳᠠᠯ ᠢᠶᠠᠷ ᠴᠢᠯᠦᠭᠡᠯᠡᠭᠳᠡᠪᠡ᠃ 1961 ᠣᠨ ᠤ 4 ᠰᠠᠷ᠎ᠠ ᠳᠤ ᠠᠯᠠᠱᠠ ᠬᠤᠰᠢᠭᠤ ᠶᠢ ᠵᠡᠭᠦᠨ ᠪᠠᠷᠠᠭᠤᠨ ᠬᠤᠶᠠᠷ ᠬᠤᠰᠢᠭᠤ ᠪᠣᠯᠭᠠᠨ ᠬᠤᠪᠢᠶᠠᠪᠠ᠃ 1969 ᠣᠨ ᠳᠤ ᠠᠯᠠᠱᠠ ᠵᠡᠭᠦᠨ ᠬᠤᠰᠢᠭᠤ ᠶᠢ ᠨᠢᠩᠰᠢᠶᠠ ᠳᠤ ᠬᠠᠷᠢᠶᠠᠯᠠᠭᠤᠯᠵᠤ᠂ 1979 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠰᠢᠨ᠎ᠡ ᠪᠠᠷ ᠬᠠᠷᠢᠶᠠᠯᠠᠭᠤᠯᠵᠤ᠂ 1980 ᠣᠨ ᠤ 5 ᠰᠠᠷ᠎ᠠ ᠶᠢᠨ 1᠎ ᠤ ᠡᠳᠦᠷ ᠵᠢᠩᠬᠢᠨᠢ ᠪᠠᠷ ᠪᠠᠶᠢᠭᠤᠯᠤᠭᠳᠠᠭᠰᠠᠨ ᠠᠯᠠᠱᠠ ᠠᠶᠢᠮᠠᠭ ᠲᠤ ᠬᠠᠷᠢᠶᠠᠯᠠᠭᠤᠯᠪᠠ᠃       ᠠᠮᠢ ᠠᠬᠤᠢ ᠶᠢᠨ ᠣᠷᠴᠢᠨ ᠲᠣᠭᠤᠷᠢᠨ ᠬᠡᠪᠡᠷᠡᠭ ᠪᠠᠶᠢᠳᠠᠭ᠃ ᠴᠠᠭ ᠠᠭᠤᠷ ᠤᠨ ᠲᠤᠭ᠎ᠠ ᠪᠠᠷᠢᠮᠲᠠ ᠶᠢᠨ ᠪᠦᠷᠢᠳᠬᠡᠯ ᠢ ᠦᠨᠳᠦᠰᠦᠯᠡᠪᠡᠯ᠂ ᠪᠦᠭᠦ ᠬᠤᠰᠢᠭᠤᠨ ᠤ ᠵᠢᠯ ᠤᠨ ᠳᠤᠮᠳᠠᠴᠢ ᠬᠤᠷ᠎ᠠ ᠲᠤᠨᠤᠳᠠᠰᠤ ᠶᠢᠨ ᠬᠡᠮᠵᠢᠶ᠎ᠡ 107.4 — 225.2 ᠮᠢᠯᠢᠮᠧᠲᠷ᠂ ᠠᠭᠤᠷᠰᠢᠯᠲᠠ ᠶᠢᠨ ᠬᠡᠮᠵᠢᠶ᠎ᠡ 2264 — 3087 ᠮᠢᠯᠢᠮᠧᠲᠷ᠂ ᠵᠢᠯ ᠤᠨ ᠬᠢᠷᠠᠭᠤ ᠦᠭᠡᠢ ᠬᠤᠭᠤᠴᠠᠭ᠎ᠠ 322 — 335 ᠡᠳᠦᠷ᠂ ᠵᠢᠯ ᠤᠨ ᠳᠤᠮᠳᠠᠴᠢ ᠠᠭᠠᠷ ᠤᠨ ᠳᠤᠯᠠᠭᠠᠨ 8 — 9.8℃ ᠪᠣᠯᠣᠨ᠎ᠠ᠃ ᠲᠡᠭᠷᠢ᠂ ᠤᠯᠠᠭᠠᠨᠪᠤᠬ᠎ᠠ ᠪᠠ ᠬᠤᠶᠠᠷ ᠶᠡᠭᠡ ᠡᠯᠡᠰᠦᠨ ᠴᠥᠯ ᠪᠥᠬᠦ ᠬᠢᠯᠢ ᠪᠠᠷ ᠬᠥᠨᠳᠡᠯᠢᠰᠴᠦ᠂ ᠡᠯᠡᠰᠦᠷᠬᠡᠭ ᠭᠠᠵᠠᠷ ᠤᠨ ᠲᠠᠯᠠᠪᠠᠶ ᠨᠢ 3917 ᠲᠦᠮᠡᠨ ᠮᠦ ᠪᠣᠯᠣᠨ᠎ᠠ᠃ ᠪᠡᠯᠴᠢᠭᠡᠷ ᠤᠨ ᠲᠠᠯᠠᠪᠠᠶ 5480.5 ᠲᠦᠮᠡᠨ ᠮᠦ ᠳᠤ ᠬᠥᠷᠪᠡ᠃ ᠣᠶᠢᠲᠤ ᠭᠠᠵᠠᠷ ᠤᠨ ᠲᠠᠯᠠᠪᠠᠶ 1028.3 ᠲᠦᠮᠡᠨ ᠮᠦ᠂ ᠴᠢᠭᠢᠭᠯᠢᠭ ᠭᠠᠵᠠᠷ ᠤᠨ ᠲᠠᠯᠠᠪᠠᠶ 128.8 ᠲᠦᠮᠡᠨ ᠮᠦ ᠪᠣᠯᠣᠨ᠎ᠠ᠃ ᠲᠠᠷᠢᠶᠠᠨ ᠭᠠᠵᠠᠷ ᠤᠨ ᠲᠠᠯᠠᠪᠠᠶ 73.6 ᠲᠦᠮᠡᠨ ᠮᠦ᠃       ᠠᠶᠠᠯᠠᠯ ᠵᠢᠭᠤᠯᠴᠢᠯᠠᠯ ᠤᠨ ᠪᠠᠶᠠᠯᠢᠭ ᠥᠪᠡᠷᠮᠢᠴᠡ᠃ ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ ᠡᠷᠲᠡᠨ ᠤ ᠬᠤᠲᠠ᠂ ᠠᠯᠠᠱᠠ ᠶᠢᠨ ᠬᠤᠱᠣᠳ ᠴᠢᠨ ᠸᠠᠩ ᠤᠨ ᠣᠷᠳᠣᠨ ᠢᠶᠠᠷ ᠭᠤᠣᠯᠯᠠᠭᠰᠠᠨ ᠲᠡᠦᠬᠡ ᠶᠢᠨ ᠦᠯᠡᠳᠡᠭᠳᠡᠯ᠂ ᠱᠠᠰᠢᠨ ᠢ ᠪᠠᠳᠠᠷᠠᠭᠤᠯᠤᠭᠴᠢ ᠰᠦᠮ᠎ᠡ᠂ ᠪᠤᠶᠠᠨ ᠢ ᠦᠨᠳᠦᠰᠦᠯᠡᠭᠴᠢ ᠰᠦᠮ᠎ᠡ ᠪᠠᠷ ᠭᠤᠣᠯ ᠪᠤᠯᠭᠠᠬᠰᠠᠨ ᠨᠠᠢᠮᠠᠨ ᠲᠣᠮᠣ ᠰᠦᠮ᠎ᠡ ᠬᠡᠶᠢᠳ ᠤᠨ ᠡᠷᠲᠡᠨ ᠤ ᠦᠯᠡᠳᠡᠭᠳᠡᠯ᠂ ᠠᠯᠠᠱᠨ ᠠᠭᠤᠯᠠᠨ ᠤ ᠪᠠᠯᠠᠷ ᠣᠢ᠂ ᠲᠡᠭᠷᠢ ᠡᠯᠡᠰᠦ᠂ ᠠᠯᠠᠱᠠ ᠶᠢᠨ ᠭᠤᠪᠢ᠂ ᠶᠠᠷᠳᠠᠩ ᠭᠠᠵᠠᠷ᠂ ᠴᠠᠪ ᠭᠠᠵᠠᠷ ᠤᠨ ᠳᠦᠷᠰᠦ ᠪᠠᠷ ᠭᠤᠣᠯ ᠪᠤᠯᠭᠠᠬᠰᠠᠨ ᠪᠠᠶᠢᠭᠠᠯᠢ ᠶᠢᠨ ᠦᠵᠡᠮᠵᠢ ᠲᠠᠢ᠃ ᠳᠤᠮᠳᠠᠳᠤ ᠤᠯᠤᠰ ᠤᠨ ᠲᠡᠮᠡᠭᠡᠲᠦ ᠨᠤᠲᠤᠭ᠂ ᠠᠩᠬᠠᠨ ᠤ ︽ᠳᠤᠮᠳᠠᠳᠤ ᠤᠯᠤᠰ ᠤᠨ ᠦᠵᠡᠮᠦᠷᠢ ᠶᠢᠨ ᠴᠢᠯᠠᠭᠤᠨ ᠤ ᠬᠤᠲᠠ︾᠂ ᠳᠡᠯᠡᠬᠡᠢ ᠶᠢᠨ ᠴᠣᠷ ᠤᠨ ᠭᠠᠭᠴᠠ ᠴᠦᠯ ᠤᠨ ᠳᠡᠯᠡᠬᠡᠢ ᠶᠢᠨ ᠭᠧᠣᠯᠣᠭᠢ ᠶᠢᠨ ᠴᠡᠴᠡᠷᠯᠢᠭ ᠬᠡᠮᠡᠨ ᠨᠡᠷᠡᠶᠢᠳᠦᠭᠳᠡᠭᠰᠡᠨ ᠪᠠᠶᠢᠨ᠎ᠠ᠃ 2024 ᠣᠨ ᠳᠤ᠂ ᠬᠤᠺ ᠵᠠᠮ ᠤᠨ ᠬᠡᠭᠡᠷ᠎ᠡ ᠶᠢᠨ ᠠᠶᠠᠯᠠᠯ ᠤᠨ ᠴᠡᠴᠡᠷᠯᠢᠭ ᠨᠢ 2A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠶᠢᠰᠦᠨ ᠬᠤᠳᠳᠤᠭ ᠦᠵᠡᠮᠵᠢ ᠶᠢᠨ ᠣᠷᠣᠨ ᠨᠢ 3A ᠳᠡᠰ ᠤᠨ ᠵᠤᠭᠠᠴᠠᠯ ᠤᠨ ᠦᠵᠡᠮᠵᠢ ᠶᠢᠨ ᠣᠷᠣᠨ ᠢᠶᠠᠷ ᠠᠮᠵᠢᠯᠲᠠᠲᠠᠢ ᠪᠠᠷ ᠪᠠᠲᠤᠯᠠᠭᠳᠠᠵᠠᠢ᠃ ᠬᠤᠱᠣᠳ ᠬᠤᠪᠴᠠᠰᠤ ᠵᠠᠰᠠᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠪᠦᠷᠢ ᠨᠢ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠦᠢᠯᠡᠳᠪᠦᠷᠢ ᠶᠢᠨ ᠨᠡᠷᠡᠰ ᠲᠤ ᠰᠣᠩᠭᠤᠭᠳᠠᠨ ᠣᠷᠣᠵᠤ᠂ ︽ᠮᠣᠩᠭᠤᠯ ᠦᠨᠳᠦᠰᠦᠲᠡᠨ ᠤ ᠵᠡᠭᠡᠭᠲᠦ ᠨᠠᠭᠠᠭᠮᠠᠯ ︵ᠮᠣᠷᠢᠨ ᠳᠡᠯ ᠢᠶᠠᠷ ᠣᠷᠢᠶᠠᠭᠰᠠᠨ ᠨᠡᠬᠡᠮᠡᠯ ᠳᠠᠩᠺᠠ︶᠎ ᠨᠢ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠢᠶᠠᠷ ᠠᠵᠢᠯ ᠣᠯᠭᠤᠯᠲᠠ ᠶᠢ ᠠᠬᠢᠭᠤᠯᠵᠤ ᠵᠤᠭᠠᠴᠠᠯ ᠤᠨ ᠦᠢᠯᠡᠰ ᠤᠨ ᠦᠷᠭᠦᠯᠵᠢᠯᠡᠬᠦ ᠬᠥᠭᠵᠢᠯᠲᠡ ᠶᠢ ᠳᠠᠶᠢᠴᠢᠯᠠᠭᠰᠠᠨ︾ ᠵᠢᠱᠢᠭ ᠢᠶᠠᠷ 2024 ᠣᠨ ᠤ ᠠᠽᠢᠶ᠎ᠠ ᠨᠣᠮᠣᠬᠠᠨ ᠳᠠᠯᠠᠢ ᠶᠢᠨ ᠣᠷᠣᠨ ᠤ ︽ᠪᠣᠳᠠᠰ ᠤᠨ ᠪᠤᠰᠤ ᠰᠣᠶᠣᠯ ᠤᠨ ᠥᠪ ᠤᠨ ᠦᠷᠭᠦᠯᠵᠢᠯᠡᠬᠦ ᠬᠥᠭᠵᠢᠯᠲᠡ ᠶᠢ ᠠᠬᠢᠭᠤᠯᠤᠭᠰᠠᠨ︾ ᠵᠢᠭᠰᠠᠭᠠᠯᠲᠠ ᠳᠤ ᠰᠣᠩᠭᠤᠭᠳᠠᠨ ᠣᠷᠣᠪᠠ᠃        ᠪᠠᠶᠢᠭᠠᠯᠢ ᠶᠢᠨ ᠪᠠᠶᠠᠯᠢᠭ ᠡᠯᠪᠡᠭ᠃ ᠴᠠᠭᠠᠨ ᠭᠤᠶᠣᠣ᠂ ᠤᠯᠠᠭᠠᠨ ᠭᠤᠶᠣᠣ ᠵᠡᠷᠭᠡ ᠥᠪᠡᠷᠮᠢᠴᠡ ᠡᠯᠡᠰᠦᠨ ᠤᠷᠭᠤᠮᠠᠯ ᠤᠷᠭᠤᠳᠠᠭ᠃ ᠮᠠᠯ ᠤᠨ ᠲᠤᠭ᠎ᠠ ᠲᠣᠯᠣᠭᠠᠢ 78.4 ᠲᠦᠮᠡᠨ ᠲᠣᠯᠣᠭᠠᠢ ᠳᠤ ᠬᠦᠷᠴᠦ᠂ ᠡᠭᠦᠨ ᠳᠤ ᠣᠷᠣᠨ ᠨᠤᠲᠤᠭ ᠤᠨ ᠰᠢᠯᠢᠳᠡᠭ ᠮᠠᠯ ᠤᠨ ᠡᠭᠦᠯᠳᠡᠷ ᠪᠣᠯᠬᠤ ᠠᠯᠠᠱᠠ ᠬᠤᠶᠠᠷ ᠪᠥᠬᠦᠲᠦ ᠲᠡᠮᠡᠭᠡ 4.8 ᠲᠦᠮᠡ᠂ ᠨᠣᠯᠤᠤᠷ ᠤᠨ ᠢᠮᠠᠭᠠᠨ ᠤ ᠲᠤᠭ᠎ᠠ 30.3 ᠲᠦᠮᠡ ᠪᠣᠢ᠃ ᠰᠠᠯᠬᠢ ᠪᠣᠯᠣᠨ ᠨᠠᠷᠠᠨ ᠤ ᠡᠷᠴᠢᠮ ᠬᠦᠴᠦ ᠶᠢ ᠬᠥᠭᠵᠢᠭᠦᠯᠵᠦ ᠠᠰᠢᠭᠯᠠᠬᠤ ᠨᠥᠭᠡᠴᠡ ᠪᠠᠷ ᠪᠠᠶᠠᠯᠢᠭ᠂ ᠰᠠᠯᠬᠢᠨ ᠤ ᠡᠷᠴᠢᠮ ᠬᠦᠴᠦᠨ ᠤ ᠨᠥᠭᠡᠴᠡ ᠣᠶᠢᠷᠠᠯᠴᠠᠭ᠎ᠠ ᠪᠠᠷ 0.96 ᠰᠠᠶ᠎ᠠ ᠺᠢᠯᠣᠸᠠᠲ ᠪᠣᠯᠣᠨ᠎ᠠ᠃ 2024 ᠣᠨ ᠤ ᠡᠴᠦᠰ ᠪᠤᠯᠲᠠᠯ᠎ᠠ᠂ ᠰᠢᠨ᠎ᠡ ᠡᠨᠧᠷᠭᠢ ᠶᠢᠨ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ 571.1 ᠲᠦᠮᠡᠨ ᠺᠢᠯᠣᠸᠠᠲ ᠢ ᠴᠠᠬᠢᠯᠭᠠᠨ ᠤ ᠲᠣᠣᠷ ᠱᠤᠭᠤᠮ ᠳᠤ ᠨᠡᠪᠲᠡᠷᠡᠭᠦᠯᠵᠡᠢ᠂ ᠡᠭᠦᠨ ᠳᠤ ᠰᠠᠯᠬᠢᠨ ᠴᠠᠭᠢᠯᠭᠠᠨ ᠤ ᠮᠠᠰᠢᠨ ᠴᠣᠭᠴᠠᠯᠠᠪᠤᠷᠢ 307.2 ᠲᠦᠮᠡᠨ ᠺᠢᠯᠣᠸᠠᠲ ᠢ ᠴᠠᠬᠢᠯᠭᠠᠨ ᠤ ᠲᠣᠣᠷ ᠱᠤᠭᠤᠮ ᠳᠤ ᠨᠡᠪᠲᠡᠷᠡᠭᠦᠯᠦᠨ᠂ ᠨᠠᠷᠠᠨ ᠤ ᠡᠨᠧᠷᠭᠢ ᠶᠢᠨ ᠮᠠᠰᠢᠨ ᠴᠣᠭᠴᠠᠯᠠᠪᠤᠷᠢ 263.9 ᠲᠦᠮᠡᠨ ᠺᠢᠯᠣᠸᠠᠲ ᠢ ᠴᠠᠬᠢᠯᠭᠠᠨ ᠤ ᠲᠣᠣᠷ ᠱᠤᠭᠤᠮ ᠳᠤ ᠨᠡᠪᠲᠡᠷᠡᠭᠦᠯᠵᠡᠢ᠃ 55 ᠵᠦᠢᠯ ᠤᠨ ᠠᠭᠤᠷᠬᠠᠢ ᠶᠢᠨ ᠭᠠᠷᠤᠯᠲᠠ ᠲᠠᠢ᠂ ᠡᠭᠦᠨ ᠤ ᠳᠣᠲᠣᠷ᠎ᠠ ᠨᠡᠭᠦᠷᠡᠰᠦᠨ ᠠᠭᠤᠷᠬᠠᠢ ᠶᠢᠨ ᠡᠬᠢ ᠪᠠᠶᠠᠯᠢᠭ ᠤᠨ ᠬᠡᠮᠵᠢᠶ᠎ᠡ 7.4 ᠳ᠋ᠦᠩᠰᠢᠭᠤᠷ ᠲᠤᠨ︔ ᠠᠯᠲᠠᠨ ᠤ ᠠᠭᠤᠷᠬᠠᠢ ᠶᠢᠨ ᠡᠬᠢ ᠪᠠᠶᠠᠯᠢᠭ ᠤᠨ ᠬᠡᠮᠵᠢᠶ᠎ᠡ 70.8 ᠲᠤᠨ ︵ᠲᠡᠮᠦᠷᠯᠢᠭ ᠤᠨ ᠬᠡᠮᠵᠢᠶ᠎ᠡ︶︔ ᠪᠣᠷᠵᠢᠨ ᠴᠢᠯᠠᠭᠤᠯᠢᠭ ᠤᠨ ᠠᠭᠤᠷᠬᠠᠢ ᠶᠢᠨ ᠡᠬᠢ ᠪᠠᠶᠠᠯᠢᠭ ᠤᠨ ᠬᠡᠮᠵᠢᠶ᠎ᠡ ᠪᠠᠷᠤᠭ 1.7 ᠳ᠋ᠦᠩᠰᠢᠭᠤᠷ ᠺᠦᠪ ᠮᠧᠲᠷ︔ ᠳᠠᠪᠤᠰᠤᠨ ᠠᠭᠤᠷᠬᠠᠢ ᠶᠢᠨ ᠡᠬᠢ ᠪᠠᠶᠠᠯᠢᠭ ᠤᠨ ᠬᠡᠮᠵᠢᠶ᠎ᠡ 6881.7 ᠲᠦᠮᠡᠨ ᠲᠣᠨ︔ ᠪᠠᠯ ᠴᠢᠯᠠᠭᠤᠨ ᠠᠭᠤᠷᠬᠠᠢ ᠶᠢᠨ ᠡᠬᠢ ᠪᠠᠶᠠᠯᠢᠭ ᠤᠨ ᠬᠡᠮᠵᠢᠶ᠎ᠡ ᠪᠠᠷᠤᠭ 1.3 ᠳ᠋ᠦᠩᠰᠢᠭᠤᠷ ᠲᠤᠨ ︵ᠠᠭᠤᠷᠬᠠᠢ ᠶᠢᠨ ᠴᠢᠯᠠᠭᠤᠨ ᠤ ᠬᠡᠮᠵᠢᠶ᠎ᠡ︶ ᠪᠤᠢ︔ ᠭᠠᠵᠠᠷ ᠤᠨ ᠲᠣᠰᠣᠨ ᠤ ᠨᠥᠭᠡᠴᠡ ᠨᠢ 3631 ᠲᠦᠮᠡᠨ ᠲᠣᠨ᠃      2024 ᠣᠨ ᠳᠤ᠂ ᠪᠦᠭᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 5.1 %᠎ ᠪᠠᠷ ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 3.6 % ᠨᠡᠮᠡᠭᠳᠡᠪᠡ ; ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠪᠦᠷᠢ ᠶᠢᠨ ᠡᠵᠡᠮᠳᠡᠵᠦ ᠪᠤᠯᠬᠤ ᠳᠤᠮᠳᠠᠴᠢ ᠣᠷᠣᠯᠭ᠎ᠠ ᠨᠢ ᠠᠳᠠᠯᠢ ᠬᠤᠭᠤᠴᠠᠭᠠᠨ ᠤ ᠬᠢ ᠠᠴᠠ 4.8 %᠎ ᠪᠠᠷ ᠳᠡᠭᠡᠭᠰᠢᠯᠡᠪᠡ ; 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠎ ᠨᠢ ᠠᠳᠠᠯᠢ ᠬᠤᠭᠤᠴᠠᠭᠠᠨ ᠤ ᠬᠢ ᠠᠴᠠ 7.7 % ᠨᠡᠮᠡᠭᠳᠡᠪᠡ︔ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ ᠨᠢ 9.9 : 31.9 : 58.2 ᠪᠣᠯᠣᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号