| ᠨᠢᠬᠡᠳᠦᠬᠡᠷ ᠪᠦᠯᠦᠭ | ᠶᠡᠷᠦᠩᠬᠡᠢ ᠲᠦᠷᠢᠮ | ᠨᠢᠬᠡᠳᠦᠬᠡᠷ ᠵᠤᠷᠪᠤᠰ ᠲᠤᠰ ᠨᠡᠶᠢᠬᠡᠮᠯᠢᠭ ᠤᠨ ᠨᠡᠷᠡᠶᠢᠳᠦᠯ᠄ ᠠᠯᠠᠱᠠ ᠠᠳᠣᠭᠤᠨ ᠰᠤᠶᠤᠯ ᠤᠨ | ᠨᠡᠶᠢᠬᠡᠮᠯᠢᠭ | ᠲᠤᠪᠴᠢᠯᠠᠭᠰᠠᠨ ᠨᠡᠷᠡᠶᠢᠳᠦᠯ᠄ ᠠᠯᠠᠱᠠ ᠶᠢᠨ ᠠᠳᠤᠭᠤᠨ ᠨᠡᠶᠢᠬᠡᠮᠯᠢᠭ | ᠠᠩᠭ᠍ᠯᠢ ᠪᠠᠷ ᠤᠷᠴᠢᠭᠤᠯᠤᠭᠰᠠᠨ ᠨᠡᠷᠡᠶᠢᠳᠦᠯ᠄ Alxa Horse Culture | Association | ᠲᠤᠪᠴᠢᠯᠠᠭᠰᠠᠨ ᠨᠡᠷᠡᠶᠢᠳᠦᠯ᠄ AHCA | ᠬᠤᠶᠠᠳᠤᠭᠠᠷ ᠵᠤᠷᠪᠤᠰ ᠲᠤᠰ ᠨᠡᠶᠢᠬᠡᠮᠯᠢᠭ ᠢ ᠪᠠᠶᠢᠭᠤᠯᠤᠭᠰᠠᠨ ᠵᠤᠷᠢᠯᠭ᠎ᠠ᠄ | ᠮᠤᠩᠭᠤᠯ ᠮᠤᠷᠢ ᠶᠢ ᠤᠯᠤᠰ ᠤᠨ ᠲᠡᠰ ᠤᠨ ᠮᠠᠯ ᠵᠢᠬᠦᠷᠳᠡᠨ ᠤ ᠡᠬᠦᠯᠳᠡᠷ ᠤᠨ ᠡᠬᠢ ᠪᠠᠶᠠᠯᠢᠭ ᠢ ᠬᠠᠮᠠᠭᠠᠯᠠᠬᠤ | ᠲᠦᠷᠦᠯ ᠳᠤ ᠤᠷᠤᠭᠤᠯᠤᠭᠰᠠᠨ ᠤᠯᠤᠰ ᠤᠨ ᠲᠠᠷᠢᠶᠠᠯᠠᠩ ᠤᠨ ᠭᠡᠯᠳᠡᠰ ᠤᠨ ᠵᠤᠷᠢᠭ ᠰᠠᠨᠠᠭ᠎ᠠ ᠶᠢ ᠦᠨᠳᠦᠰᠦᠯᠡᠨ᠂ | ᠦᠪᠡᠷᠳᠡᠬᠡᠨ ᠵᠠᠰᠠᠬᠤ ᠤᠷᠤᠨ ᠪᠤᠯᠤᠨ ᠠᠶᠢᠮᠠᠭ᠂ ᠬᠤᠰᠢᠭᠤᠨ ᠤ ᠠᠯᠠᠱᠠ ᠮᠤᠷᠢ ᠶᠢ ᠬᠠᠮᠠᠭᠠᠯᠠᠬᠤ ᠬᠠᠮᠢᠶ᠎ᠠ ᠪᠦᠬᠦᠢ | ᠪᠤᠳᠠᠳᠠᠢ ᠠᠷᠭ᠎ᠠ ᠪᠠᠷᠢᠯ ᠵᠢᠴᠢ ᠬᠠᠷᠠᠯᠳᠠ ᠶᠢ ᠨᠠᠶᠢᠳᠠᠪᠤᠷᠢᠵᠢᠭᠤᠯᠬᠤ ᠶᠢᠨ ᠲᠦᠯᠦᠬᠡ᠂ ᠠᠳᠤᠭᠤᠨ ᠤᠶᠢᠯᠡᠰ ᠤᠨ | ᠪᠡᠯᠴᠢᠭᠡᠷ ᠢ ᠲᠤᠰᠬᠠᠶᠢᠵᠢᠭᠤᠯᠬᠤ᠂ ᠠᠳᠤᠭᠤᠴᠢᠨ ᠢ ᠲᠤᠰᠬᠠᠶᠢᠴᠢᠯᠠᠬᠤ᠂ ᠲᠤᠰᠬᠠᠢ ᠲᠦᠷᠦᠯ ᠤᠨ ᠪᠡᠯᠡ | ᠤᠷᠤᠭᠤᠯᠤᠯᠳᠠ ᠶᠢ ᠠᠬᠢᠭᠤᠯᠬᠤ ᠰᠠᠭᠤᠷᠢᠨ ᠲᠡᠭᠡᠷ᠎ᠡ ᠮᠤᠩᠭᠤᠯ ᠠᠳᠤᠭᠤᠨ ᠰᠤᠶᠤᠯ ᠤᠨ ᠠᠵᠤ ᠤᠶᠢᠯᠡᠳᠪᠦᠷᠢᠵᠢᠯᠳᠠ | ᠶᠢᠨ ᠠᠬᠢᠴᠨ ᠶᠢ ᠲᠡᠭᠡᠭᠰᠢᠯᠡᠬᠦᠯᠦᠨ᠂ ᠮᠤᠩᠭᠤᠯ ᠮᠤᠷᠢ ᠶᠢ ᠬᠠᠮᠠᠭᠠᠯᠠᠵᠤ᠂ ᠶᠡᠷᠦᠩᠬᠡᠶᠢᠯᠡᠭᠰᠡᠨ ᠴᠢᠨᠠᠷᠲᠠᠢ ᠠᠳᠤᠭᠤᠨ | ᠤᠶᠢᠯᠡᠰ ᠤᠨ ᠪᠦᠳᠦᠮᠵᠢᠳᠡᠢ ᠬᠡᠯᠬᠢᠶᠡᠰᠦ ᠶᠢ ᠪᠤᠢ ᠪᠤᠯᠭᠠᠨ᠂ ᠬᠦᠷᠢᠶ᠎ᠡ ᠬᠡᠪᠴᠢᠶ᠎ᠡ ᠪᠠᠨ ᠲᠠᠰᠤᠷᠠᠯᠳᠠ ᠦᠬᠡᠢ | ᠦᠷᠭᠡᠳᠬᠡᠨ᠂ ᠠᠳᠤᠭᠤᠨ ᠤᠶᠢᠯᠡᠰ ᠤᠨ ᠦᠨ᠎ᠡ ᠦᠷᠳᠡᠭ ᠢ ᠬᠦᠨᠵᠡᠬᠡᠢ ᠠᠭᠤᠳᠠᠯᠯᠠᠨ᠎ᠠ᠃ | ᠡᠬᠦᠨ ᠤ ᠬᠠᠮᠳᠤ ᠠᠳᠤᠭᠤᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠂ ᠠᠳᠤᠭᠤᠨ | ᠰᠤᠶᠤᠯ ᠪᠤᠯᠤᠨ ᠠᠳᠤᠭᠤᠨ ᠤᠶᠢᠯᠡᠰ ᠤᠨ ᠬᠦᠭᠵᠢᠯᠳᠡ ᠶᠢ ᠲᠦᠷᠭᠡᠳᠭᠡᠨ᠎ᠡ᠃ | ᠭᠤᠷᠪᠠᠳᠤᠭᠠᠷ ᠵᠤᠷᠪᠤᠰ ᠲᠤᠰ ᠨᠡᠶᠢᠬᠡᠮᠯᠢᠭ ᠤᠨ ᠰᠢᠨᠵᠢ ᠴᠢᠨᠠᠷ᠄ | ᠠᠯᠠᠱᠠ ᠠᠳᠤᠭᠤᠨ ᠰᠤᠶᠤᠯ ᠤᠨ ᠨᠡᠶᠢᠬᠡᠮᠯᠢᠭ ᠪᠤᠯ ᠪᠦᠬᠦ ᠠᠶᠢᠮᠠᠭ ᠤᠨ ᠴᠢᠨᠠᠷᠲᠠᠢ ᠠᠳᠤᠭᠤᠨ ᠤᠶᠢᠯᠡᠰ | ᠡᠷᠬᠢᠯᠡᠵᠦ ᠪᠠᠶᠢᠭ᠎ᠠ ᠨᠢᠬᠡᠴᠡ ᠪᠤᠯᠤᠨ ᠬᠤᠪᠢ ᠬᠦᠮᠦᠨ ᠰᠠᠶᠢᠨ ᠲᠤᠷ᠎ᠠ ᠠᠴᠠ ᠪᠠᠨ ᠪᠦᠷᠢᠯᠳᠦᠭᠰᠡᠨ ᠠᠵᠢᠯ ᠲᠦᠷᠦᠯ | ᠤᠨ ᠴᠢᠨᠠᠷᠲᠠᠢ ᠨᠡᠶᠢᠬᠡᠮᠯᠢᠭ᠂ ᠠᠰᠢᠭ ᠬᠤᠨᠵᠢᠪᠤᠷᠢ ᠶᠢᠨ ᠪᠤᠰᠤ ᠨᠡᠶᠢᠬᠡᠮ ᠤᠨ ᠵᠤᠬᠢᠶᠠᠨ ᠪᠠᠶᠢᠭᠤᠯᠤᠯᠳᠠ ᠮᠦᠨ᠃ | ᠲᠦᠷᠪᠡᠳᠦᠬᠡᠷ ᠵᠤᠷᠪᠤᠰ ᠲᠤᠰ ᠨᠡᠶᠢᠬᠡᠮᠯᠢᠭ ᠤᠨ ᠵᠤᠷᠢᠯᠳᠠ᠄ | ᠠᠯᠠᠱᠠ ᠠᠳᠤᠭᠤᠨ ᠰᠤᠶᠤᠯ ᠤᠨ ᠨᠡᠶᠢᠬᠡᠮᠯᠢᠭ ᠨᠢ ᠮᠠᠨ ᠤ ᠤᠯᠤᠰ ᠤᠨ ᠦᠨᠳᠦᠰᠦᠨ ᠬᠠᠤᠯᠢ᠂ ᠬᠠᠤᠯᠢ | ᠴᠠᠭᠠᠵᠠ᠂ ᠬᠠᠤᠯᠢ ᠲᠦᠷᠢᠮ ᠪᠤᠯᠤᠨ ᠲᠦᠷᠦ ᠶᠢᠨ ᠪᠤᠳᠤᠯᠭ᠎ᠠ ᠶᠢ ᠵᠢᠷᠤᠮᠯᠠᠨ᠂ ᠤᠯᠠᠨ ᠤᠯᠤᠰ ᠤᠨ ᠠᠳᠤᠭᠤᠨ | ᠤᠶᠢᠯᠡᠰ ᠤᠨ ᠲᠦᠷᠢᠮ ᠲᠤᠭᠳᠠᠭᠠᠯ ᠢ ᠵᠢᠷᠤᠮᠯᠠᠵᠤ᠂ ᠡᠷᠬᠡ ᠲᠡᠭᠰᠢ ᠬᠠᠷᠢᠯᠴᠠᠨ ᠠᠰᠢᠭᠳᠠᠢ ᠪᠠᠶᠢᠬᠤ ᠠᠷᠠᠳᠴᠢᠯᠠᠭᠰᠠᠨ | ᠬᠠᠮᠳᠤᠷᠠᠯᠴᠠᠭᠠᠨ ᠤ ᠲᠦᠷᠢᠮ ᠢ ᠦᠨᠳᠦᠰᠦᠯᠡᠨ᠂ ᠠᠶᠢᠮᠠᠭ ᠤᠨ ᠳᠤᠳᠤᠷ᠎ᠠ ᠭᠠᠳᠠᠨᠠᠬᠢ ᠠᠵᠤ ᠠᠬᠤᠢ ᠮᠡᠷᠬᠡᠵᠢᠯ ᠤᠨ | ᠬᠠᠮᠵᠢᠯᠴᠠᠭ᠎ᠠ᠂ ᠰᠤᠷᠠᠭ ᠵᠠᠩᠬᠢ ᠶᠢᠨ ᠰᠤᠯᠢᠯᠴᠠᠭ᠎ᠠ᠂ ᠠᠰᠠᠭᠤᠵᠤ ᠯᠠᠪᠯᠠᠬᠤ ᠤᠶᠢᠯᠡᠴᠢᠯᠡᠭᠡ ᠵᠢᠴᠢ ᠮᠡᠷᠬᠡᠵᠢᠯ ᠤᠨ | ᠰᠣᠳᠤᠯᠤᠯᠭᠠ ᠵᠡᠷᠬᠡ ᠬᠦᠳᠡᠯᠬᠡᠬᠡᠨ ᠢ ᠦᠷᠨᠢᠬᠦᠯᠦᠨ᠎ᠡ᠃ | ᠦᠨᠳᠦᠰᠦᠳᠡᠨ ᠤ ᠰᠤᠶᠤᠯ ᠢ ᠪᠠᠳᠠᠷᠠᠭᠤᠯᠤᠨ᠂ ᠮᠠᠨ ᠤ ᠠᠶᠢᠮᠠᠭ ᠤᠨ ᠠᠳᠤᠭᠤᠨ ᠤ ᠤᠶᠢᠯᠡᠰ ᠤᠨ ᠮᠡᠷᠬᠡᠵᠢᠯ | ᠂ ᠠᠵᠤ ᠠᠬᠤᠢ ᠪᠤᠯᠤᠨ ᠡᠵᠡᠩᠨᠡᠯᠳᠡ ᠬᠠᠮᠢᠶᠠᠷᠤᠯᠳᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ | | ᠨᠡᠶᠢᠬᠡᠮᠯᠢᠭ ᠨᠢ ᠵᠠᠰᠠᠭ ᠤᠨ ᠤᠷᠳᠤᠨ ᠪᠤᠯᠤᠨ ᠠᠵᠢᠯ ᠲᠦᠷᠦᠯ ᠤᠨ ᠲᠤᠮᠳᠠ ᠬᠦᠬᠦᠷᠬᠡ ᠶᠢᠨ ᠤᠶᠢᠯᠡᠳᠦᠯ | ᠦᠵᠡᠬᠦᠯᠵᠦ᠂ ᠨᠠᠮ ᠪᠤᠯᠤᠨ ᠲᠦᠷᠦ ᠶᠢᠨ ᠱᠤᠭᠤᠮ ᠴᠢᠭᠯᠡᠯᠳᠡ ᠶᠢ ᠬᠢᠨᠠᠮᠠᠭᠠᠢ ᠤᠬᠠᠭᠤᠯᠤᠨ ᠨᠠᠶᠢᠳᠠᠪᠤᠷᠢᠵᠢᠭᠤᠯᠵᠤ᠂ | ᠵᠠᠰᠠᠭ ᠤᠨ ᠤᠷᠳᠤᠨ ᠳᠤ ᠰᠠᠨᠠᠯ ᠰᠠᠨᠠᠭᠤᠯᠭ᠎ᠠ ᠪᠠᠨ ᠲᠡᠪᠰᠢᠬᠦᠯᠦᠨ᠂ ᠠᠵᠢᠯ ᠲᠦᠷᠦᠯ ᠤᠨ ᠡᠷᠭᠡ ᠠᠰᠢᠭ ᠢᠶᠠᠨ | ᠬᠠᠮᠠᠭᠠᠯᠠᠵᠤ᠂ ᠠᠳᠤᠭᠤᠨ ᠤᠶᠢᠯᠡᠰ ᠤᠨ ᠬᠦᠭᠵᠢᠯᠳᠡ ᠶᠢ ᠠᠬᠢᠭᠤᠯᠤᠨ᠎ᠠ᠃ | ᠲᠠᠪᠤᠳᠤᠭᠠᠷ ᠵᠤᠷᠪᠤᠰ ᠠᠯᠠᠱᠠ ᠠᠳᠤᠭᠤᠨ ᠰᠤᠶᠤᠯ ᠤᠨ ᠨᠡᠶᠢᠭᠡᠮᠯᠢᠭ ᠨᠢ ᠲᠤᠰᠠᠭᠠᠷᠯᠠᠭᠰᠠᠨ ᠬᠠᠤᠯᠢ ᠶᠢᠨ | ᠬᠦᠮᠦᠨ ᠤ ᠪᠠᠶᠢᠷᠢ ᠰᠠᠭᠤᠷᠢ ᠲᠠᠢ ᠪᠠᠶᠢᠵᠤ᠂ ᠲᠤᠬᠠᠶᠢᠯᠠᠭᠰᠠᠨ ᠠᠵᠢᠯ ᠤᠨ ᠬᠠᠮᠢᠶᠠᠷᠤᠯᠳᠠ ᠪᠦᠬᠦᠢ ᠠᠯᠠᠱᠠ ᠠᠶᠢᠮᠠᠭ | ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠨᠡᠶᠢᠬᠡᠮ ᠤᠨ ᠪᠦᠯᠭᠦᠮ ᠢ ᠲᠠᠩᠰᠠᠯᠠᠬᠤ ᠪᠠᠶᠢᠭᠤᠯᠭ᠎ᠠ ᠠᠯᠠᠱᠠ | ᠠᠶᠢᠮᠠᠭ ᠤᠨ ᠠᠷᠠᠳ ᠤᠨ ᠶᠠᠪᠤᠳᠠᠯ ᠤᠨ ᠲᠤᠪᠴᠢᠶᠠᠨ ᠤ ᠲᠤᠬᠠᠶᠢᠯᠠᠭᠰᠠᠨ ᠠᠵᠢᠯ ᠤᠨ ᠤᠳᠤᠷᠢᠳᠤᠯᠭ᠎ᠠ ᠵᠢᠴᠢ ᠬᠢᠨᠠᠨ | ᠬᠠᠮᠢᠶᠠᠷᠤᠯᠳᠠ ᠶᠢ ᠬᠦᠯᠢᠶᠡᠨ᠎ᠡ᠃ | ᠵᠢᠷᠭᠤᠳᠤᠭᠠᠷ ᠵᠤᠷᠪᠤᠰ ᠠᠯᠠᠱᠠ ᠠᠶᠢᠮᠠᠭ ᠤᠨ ᠠᠳᠤᠭᠤᠨ ᠰᠤᠶᠤᠯ ᠤᠨ ᠨᠡᠶᠢᠬᠡᠮᠯᠢᠭ ᠤᠨ ᠰᠠᠭᠤᠭ᠎ᠠ ᠭᠠᠵᠠᠷ | ᠨᠢ ᠠᠯᠠᠱᠠ ᠵᠡᠬᠦᠨ ᠬᠤᠰᠢᠭᠤᠨ ᠤ ᠪᠠᠶᠠᠨᠬᠤᠳᠠ ᠪᠠᠯᠭᠠᠰᠤ ᠶᠢᠨ ᠦᠭᠡᠯᠡᠳ ᠪᠠᠷᠠᠭᠤᠨ ᠵᠠᠮ ᠤᠨ 13 ᠳ᠋ᠤᠭᠠᠷ ᠨᠤᠮᠧᠷ | ᠲᠤ ᠪᠤᠢ᠃ | ᠬᠤᠶᠠᠳᠤᠭᠠᠷ ᠪᠦᠯᠦᠭ ᠲᠤᠰᠬᠠᠢ ᠠᠵᠢᠯ ᠤᠨ ᠬᠦᠷᠢᠶ᠎ᠡ ᠭᠡᠪᠴᠢᠶ᠎ᠡ ᠲᠤᠯᠤᠳᠤᠭᠠᠷ ᠵᠤᠷᠪᠤᠰ ᠲᠤᠰ ᠨᠡᠶᠢᠬᠡᠮᠯᠢᠭ | ᠤᠨ ᠲᠤᠬᠠᠶᠢᠯᠠᠭᠰᠠᠨ ᠠᠵᠢᠯ ᠤᠨ ᠭᠦᠷᠢᠶ᠎ᠡ ᠬᠡᠪᠴᠢᠶ᠎ᠡ᠄ | ︵ᠨᠢᠬᠡ︶ ᠮᠠᠨ ᠤ ᠠᠶᠢᠮᠠᠭ ᠤᠨ ᠠᠳᠤᠭᠤᠨ ᠰᠤᠶᠤᠯ ᠪᠤᠯᠤᠨ ᠠᠳᠤᠭᠤᠨ ᠤᠶᠢᠯᠡᠰ ᠤᠨ ᠦᠷᠬᠦᠯᠵᠢᠯᠡᠨ | ᠬᠦᠭᠵᠢᠬᠦᠯᠬᠦ ᠶᠢ ᠰᠠᠶᠢᠳᠤᠷ ᠨᠢᠬᠡᠳᠦᠯᠳᠡᠢ ᠲᠦᠯᠦᠪᠯᠡᠵᠦ᠂ ᠲᠦᠷᠦᠯ ᠬᠤᠪᠢᠶᠠᠨ ᠵᠢᠯᠤᠭᠤᠳᠤᠯᠭ᠎ᠠ ᠬᠢᠬᠦ ᠵᠡᠷᠬᠡ | ᠵᠤᠬᠢᠴᠠᠭᠤᠯᠬᠤ ᠠᠵᠢᠯ ᠢ ᠬᠢᠨ᠎ᠡ᠃ | ᠬᠡᠰᠢᠬᠦᠳ ᠤᠨ ᠪᠠᠶᠢᠭᠤᠯᠭ᠎ᠠ ᠨᠢᠬᠡᠴᠡ ᠵᠢᠴᠢ ᠬᠤᠪᠢ ᠬᠡᠰᠢᠬᠦᠳ ᠲᠤ ᠰᠢᠨᠵᠢᠯᠡᠭᠡ ᠮᠡᠷᠬᠡᠵᠢᠯ ᠤᠨ ᠰᠤᠷᠠᠭ | ᠵᠠᠩᠬᠢ ᠶᠢ ᠬᠠᠩᠭᠠᠨ᠂ ᠠᠶᠢᠮᠠᠭ ᠤᠨ ᠭᠠᠳᠠᠨ᠎ᠠ ᠳᠤᠳᠤᠷᠠᠬᠢ ᠠᠵᠤ ᠠᠬᠤᠢ᠂ ᠮᠡᠷᠬᠡᠵᠢᠯ ᠤᠨ ᠬᠠᠮᠵᠢᠯᠴᠠᠭ᠎ᠠ᠂ | ᠰᠤᠯᠢᠯᠴᠠᠭ᠎ᠠ ᠪᠤᠯᠤᠨ ᠡᠷᠳᠡᠮ ᠰᠢᠨᠵᠢᠯᠡᠬᠡᠨ ᠤ ᠰᠤᠳᠤᠯᠭᠠᠨ ᠵᠡᠷᠬᠡ ᠬᠦᠳᠡᠯᠬᠡᠬᠡᠨ ᠢ ᠵᠤᠬᠢᠶᠠᠨ ᠪᠠᠶᠢᠭᠤᠯᠵᠤ᠂ ᠰᠢᠨ᠎ᠡ | ᠤᠶᠢᠯᠡᠳᠬᠦᠨ᠂ ᠰᠢᠨ᠎ᠡ ᠮᠡᠷᠬᠡᠵᠢᠯ᠂ ᠰᠢᠨ᠎ᠡ ᠭᠠᠷ ᠤᠷᠠᠯᠠᠯ ᠤᠨ ᠬᠦᠭᠵᠢᠯᠳᠡ᠂ ᠬᠡᠷᠡᠭᠯᠡᠭᠡ᠂ ᠲᠦᠬᠡᠮᠡᠯᠵᠢᠬᠦᠯᠦᠯᠳᠡ ᠶᠢ | ᠠᠬᠢᠭᠤᠯᠤᠨ᠂ ᠠᠳᠤᠭᠤᠨ ᠤᠶᠢᠯᠡᠰ ᠤᠨ ᠠᠵᠤ ᠠᠬᠤᠢ ᠶᠢᠨ ᠦᠷ᠎ᠡ ᠠᠰᠢᠭ ᠪᠤᠯᠤᠨ ᠨᠡᠶᠢᠬᠡᠮ ᠤᠨ ᠦᠷ᠎ᠡ ᠠᠰᠢᠭ ᠢ | ᠲᠡᠭᠡᠭᠰᠢᠯᠡᠬᠦᠯᠦᠨ᠎ᠡ᠃ | ᠮᠤᠩᠭᠤᠯ ᠮᠤᠷᠢ᠂ ᠰᠠᠶᠢᠨ ᠡᠬᠦᠯᠳᠡᠷ ᠤᠨ ᠮᠤᠷᠢ᠂ ᠤᠷᠤᠯᠳᠤᠭᠠᠨ ᠤ ᠮᠤᠷᠢ ᠶᠢ ᠲᠠᠩᠰᠠᠯᠠᠵᠤ ᠬᠠᠮᠢᠶᠠᠷᠬᠤ | ᠲᠦᠷᠢᠮ ᠲᠤᠭᠳᠠᠭᠠᠯ ᠵᠢᠴᠢ ᠬᠠᠮᠢᠶ᠎ᠠ ᠪᠦᠬᠦᠢ ᠮᠠᠲ᠋ᠧᠷᠢᠶᠠᠯ ᠢ ᠨᠠᠶᠢᠷᠠᠭᠤᠯᠤᠨ ᠡᠮᠬᠢᠤᠬᠡᠨᠡ᠃ | ᠠᠯᠠᠱᠠ ᠠᠶᠢᠮᠠᠭ ᠤᠨ ᠲᠤᠳᠤᠷᠠᠬᠢ ᠴᠤᠯᠤ ᠤᠳᠤᠮᠳᠤ ᠮᠤᠷᠢ ᠶᠢ ᠲᠠᠩᠰᠠᠯᠠᠵᠤ᠂ ᠲᠡᠮᠳᠡᠭᠯᠡᠬᠦ᠂ ᠬᠠᠮᠢᠶᠠᠷᠬᠤ | ᠠᠵᠢᠯ ᠢ ᠡᠬᠦᠷᠬᠡᠯᠡᠨ᠎ᠡ᠃ | ︵ᠬᠤᠶᠠᠷ︶ ᠠᠳᠤᠭᠤᠨ ᠰᠤᠶᠤᠯ ᠤᠨ ᠨᠠᠶᠢᠷ᠂ ᠵᠤᠭᠠᠴᠠᠯ ᠤᠨ ᠨᠠᠶᠢᠷ᠂ ᠮᠡᠷᠬᠡᠵᠢᠯ ᠤᠨ ᠰᠤᠯᠢᠯᠴᠠᠭᠠᠨ ᠤ | ᠬᠤᠷᠠᠯ᠂ ᠠᠳᠣᠭᠤᠨ ᠤ ᠰᠤᠯᠢᠯᠴᠠᠭᠠᠨ ᠤ ᠬᠤᠷᠠᠯ ᠵᠡᠷᠬᠡ ᠶᠢ ᠵᠤᠬᠢᠶᠠᠨ ᠪᠠᠶᠢᠭᠤᠯᠤᠨ᠎ᠠ᠃ | ︵ᠭᠤᠷᠪᠠ︶ ᠠᠳᠤᠭᠤᠨ ᠤ ᠲᠦᠷᠦᠯ ᠤᠨ ᠠᠮᠢᠳᠠᠨ ᠤ ᠡᠬᠦᠯᠳᠡᠷ ᠬᠠᠮᠠᠭᠠᠯᠠᠬᠤ᠂ ᠦᠷ᠎ᠡ ᠪᠤᠶᠢᠵᠢᠭᠤᠯᠬᠤ᠂ | ᠦᠷᠭᠡᠳᠭᠡᠭᠦ᠂ ᠮᠠᠯ ᠡᠮᠨᠡᠯᠬᠡ᠂ ᠬᠢᠵᠢᠭ ᠢ ᠰᠡᠷᠬᠡᠶᠢᠯᠡᠬᠦ᠂ ᠡᠷᠡᠬᠦᠯ ᠬᠠᠮᠠᠭᠠᠯᠠᠯ᠂ ᠰᠢᠮ᠎ᠡ ᠲᠡᠵᠢᠬᠡᠯ᠂ ᠲᠠᠵᠢᠬᠡᠨ | ᠠᠷᠠᠴᠢᠯᠠᠬᠤ ᠪᠠᠷᠢᠮᠵᠢᠶ᠎ᠡ ᠶᠢ ᠲᠤᠭᠳᠠᠭᠠᠬᠤ᠂ ᠮᠤᠷᠢᠨ ᠲᠠᠯᠠᠪᠤᠷ ᠤᠨ ᠮᠡᠷᠬᠡᠵᠢᠯ ᠵᠡᠷᠬᠡ ᠰᠤᠳᠤᠯᠭᠠᠨ ᠤ ᠠᠵᠢᠯ ᠢ | ᠦᠷᠨᠢᠬᠦᠯᠵᠦ᠂ ᠮᠡᠷᠬᠡᠵᠢᠯ ᠤᠨ ᠪᠤᠯᠪᠠᠰᠤᠷᠠᠯ ᠢ ᠵᠤᠬᠢᠶᠠᠨ ᠪᠠᠶᠢᠭᠤᠯᠵᠤ᠂ ᠯᠠᠪᠯᠠᠨ ᠠᠰᠠᠭᠤᠬᠤ ᠤᠶᠢᠯᠡᠴᠢᠯᠡᠭᠡ | ᠬᠠᠩᠭᠠᠨ᠎ᠠ᠃ | ᠬᠠᠮᠢᠶ᠎ᠠ ᠪᠦᠬᠦᠢ ᠪᠠᠶᠢᠭᠤᠯᠭ᠎ᠠ ᠨᠢᠬᠡᠴᠡ ᠶᠢ ᠵᠤᠬᠢᠶᠠᠨ ᠪᠠᠶᠢᠭᠤᠯᠤᠨ ᠵᠤᠬᠢᠴᠠᠭᠤᠯᠵᠤ᠂ ᠠᠳᠤᠭᠤᠨ | ᠦᠵᠡᠬᠦᠯᠦᠯᠬᠡ᠂ ᠠᠳᠠᠯᠢᠳᠬᠠᠬᠤ᠂ ᠦᠨ᠎ᠡ ᠬᠠᠶᠠᠯᠴᠠᠨ ᠬᠤᠳᠠᠯᠳᠤᠬᠤ᠂ ᠮᠤᠷᠢ ᠤᠷᠤᠯᠳᠤᠬᠤ᠂ ᠮᠤᠷᠢᠨ ᠮᠡᠷᠬᠡᠵᠢᠯ | ᠤᠨ ᠤᠷᠤᠯᠳᠤᠭᠠᠨ ᠵᠡᠷᠬᠡ ᠶᠢ ᠳᠠᠩᠰᠠᠯᠠᠨ ᠬᠠᠮᠢᠶᠠᠷᠴᠤ᠂ ᠮᠤᠩᠭᠤᠯ ᠠᠳᠣᠭᠤᠨ ᠰᠤᠶᠤᠯ ᠢ ᠪᠠᠳᠠᠷᠠᠭᠤᠯᠤᠨ᠂ ᠪᠦᠬᠦ | ᠠᠶᠢᠮᠠᠭ ᠤᠨ ᠠᠳᠣᠭᠤᠨ ᠰᠤᠶᠤᠯ ᠤᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ | ᠠᠵᠢᠯ ᠲᠦᠷᠦᠯ ᠤᠨ ᠰᠡᠳᠬᠦᠯ ᠪᠤᠯᠤᠨ ᠨᠤᠮ ᠢ ᠨᠠᠶᠢᠷᠠᠭᠤᠯᠵᠤ ᠬᠡᠪᠯᠡᠬᠦᠯᠦᠨ ᠲᠠᠷᠬᠠᠭᠠᠵᠤ᠂ ᠠᠳᠤᠭᠤᠨ | ᠤᠶᠢᠯᠡᠰ ᠤᠨ ᠰᠦᠯᠵᠢᠶ᠎ᠡ ᠶᠢ ᠪᠠᠶᠢᠭᠤᠯᠤᠨ᠎ᠠ᠃ | ︵ᠲᠦᠷᠪᠡ︶ ᠠᠳᠤᠭᠤᠨ ᠰᠤᠶᠤᠯ ᠪᠤᠯᠤᠨ ᠠᠳᠤᠭᠤᠨ ᠦᠢᠯᠡᠰ ᠲᠤ ᠠᠰᠢᠭᠳᠠᠢ ᠦᠢᠯᠡᠰ ᠪᠦᠳᠦᠬᠡᠬᠦ᠃ | ᠭᠤᠷᠪᠠᠳᠤᠭᠠᠷ ᠪᠦᠯᠦᠭ ᠬᠡᠰᠢᠬᠦᠳ ᠨᠠᠢᠮᠠᠳᠤᠭᠠᠷ ᠵᠤᠷᠪᠤᠰ ᠲᠤᠰ ᠨᠡᠶᠢᠬᠡᠮᠯᠢᠭ ᠤᠨ ᠬᠡᠰᠢᠬᠦᠳ ᠲᠤ | ᠪᠠᠶᠢᠭᠤᠯᠭ᠎ᠠ ᠨᠢᠬᠡᠴᠡ ᠶᠢᠨ ᠬᠡᠰᠢᠬᠦᠨ ᠪᠤᠯᠤᠨ ᠬᠤᠪᠢ ᠬᠦᠮᠦᠨ ᠤ ᠬᠡᠰᠢᠬᠦᠨ ᠪᠠᠭᠳᠠᠨ᠎ᠠ᠃ | ᠶᠢᠰᠦᠳᠦᠬᠡᠷ ᠵᠤᠷᠪᠤᠰ ᠲᠤᠰ ᠨᠡᠶᠢᠬᠡᠮᠯᠢᠭ ᠳᠤ ᠤᠷᠤᠯᠴᠠᠬᠤ ᠭᠡᠰᠢᠬᠦᠨ ᠡᠷᠬᠡᠪᠰᠢ ᠲᠤᠤᠷᠠᠬᠢ ᠬᠡᠳᠦᠨ | ᠨᠦᠬᠦᠴᠡᠯ ᠢ ᠪᠦᠷᠢᠯᠳᠦᠬᠦᠯᠦᠨ᠎ᠡ᠃ | ︵ᠨᠢᠬᠡ︶ ᠲᠤᠰ ᠨᠡᠶᠢᠬᠡᠮᠯᠢᠭ ᠤᠨ ᠲᠦᠷᠢᠮ ᠲᠤᠭᠳᠠᠭᠠᠯ ᠢ ᠬᠦᠷᠢᠶᠡᠯᠡᠨ᠎ᠡ︔ | | ︵ᠬᠤᠶᠠᠷ︶ ᠲᠤᠰ ᠨᠡᠶᠢᠬᠡᠮᠯᠢᠭ ᠳᠤ ᠤᠷᠤᠯᠴᠠᠬᠤ ᠬᠦᠰᠡᠯ ᠵᠤᠷᠢᠯᠳᠠ ᠲᠠᠢ ᠪᠠᠶᠢᠬᠤ ᠬᠡᠷᠡᠭᠲᠡᠢ︔ | ︵ᠭᠤᠷᠪᠠ︶ ᠲᠣᠰ ᠨᠡᠶᠢᠬᠡᠮᠯᠢᠭ ᠤᠨ ᠲᠤᠰᠬᠠᠢ ᠠᠵᠢᠯ ︵ᠠᠵᠢᠯ ᠲᠦᠷᠦᠯ᠂ ᠬᠢᠴᠢᠶᠡᠯ ᠲᠦᠷᠦᠯ︶ ᠤᠨ | ᠬᠦᠷᠢᠶ᠎ᠡ ᠬᠡᠪᠴᠢᠶᠡᠨ ᠳᠤ ᠵᠠᠪᠠᠯ ᠵᠤᠬᠢᠬᠤ ᠬᠡᠮᠵᠢᠶᠡᠨ ᠤ ᠨᠦᠯᠦᠬᠡ ᠲᠠᠢ ᠪᠠᠶᠢᠬᠤ︔ | ︵ᠲᠦᠷᠪᠡ︶ ᠠᠳᠣᠭᠤᠨ ᠤᠶᠢᠯᠡᠰ ᠢ ᠬᠠᠶᠢᠷᠠᠯᠠᠵᠤ᠂ ᠮᠠᠨ ᠤ ᠠᠶᠢᠮᠠᠭ ᠤᠨ ᠠᠳᠤᠭᠤᠨ ᠤᠶᠢᠯᠡᠰ ᠤᠨ | ᠴᠡᠴᠡᠭᠯᠡᠨ ᠭᠦᠭᠵᠢᠯᠳᠡ ᠳᠤ ᠬᠦᠴᠦ ᠬᠠᠨᠳᠢᠪ ᠢᠶᠠᠨ ᠡᠷᠬᠦᠨ᠎ᠡ᠃ | ᠠᠷᠪᠠᠳᠤᠭᠠᠷ ᠵᠤᠷᠪᠤᠰ ᠬᠡᠰᠢᠬᠦᠨ ᠨᠡᠶᠢᠬᠡᠮᠯᠢᠭ ᠲᠤ ᠤᠷᠤᠯᠴᠠᠬᠤ ᠠᠯᠬᠤᠮ ᠲᠠᠷᠠᠭ᠎ᠠ᠄ | ︵ᠨᠢᠬᠡ︶ ᠨᠡᠶᠢᠬᠡᠮᠯᠢᠭ ᠲᠤ ᠤᠷᠤᠯᠴᠠᠬᠤ ᠡᠷᠬᠦᠳᠡᠯ ᠪᠢᠴᠢᠨ᠎ᠡ︔ | ︵ᠬᠤᠶᠠᠷ︶ ᠬᠡᠷᠡᠭ ᠮᠡᠳᠡᠭᠴᠢ ᠶᠢᠨ ᠨᠡᠶᠢᠬᠡᠮᠯᠢᠭ ᠤᠨ ᠵᠦᠪᠳᠠᠯᠴᠡᠬᠡᠨ ᠢᠶᠠᠷ ᠲᠠᠮᠵᠢᠨ ᠵᠦᠪᠰᠢᠶᠡᠷᠡᠨ᠎ᠡ︔ | ︵ᠭᠤᠷᠪᠠ︶ ᠬᠡᠷᠡᠭ ᠮᠡᠳᠡᠭᠴᠢ ᠶᠢᠨ ᠨᠡᠶᠢᠬᠡᠮᠯᠢᠭ ᠪᠤᠯᠤᠨ ᠡᠷᠬᠡ ᠤᠯᠭᠤᠬᠤ ᠪᠠᠶᠢᠭᠤᠯᠤᠮᠵᠢ ᠠᠴᠠ ᠬᠡᠰᠢᠬᠦᠳ | ᠤᠨ ᠦᠨᠡᠮᠯᠡᠯ ᠤᠯᠭᠤᠨ᠎ᠠ︔ | ᠠᠷᠪᠠᠨ ᠨᠢᠬᠡᠳᠦᠬᠡᠷ ᠵᠤᠷᠪᠤᠰ ᠬᠡᠰᠢᠬᠦᠳ ᠲᠤᠤᠷᠠᠬᠢ ᠬᠡᠳᠦᠨ ᠡᠷᠭᠡ ᠲᠠᠢ᠄ | ︵ᠨᠢᠬᠡ︶ ᠲᠤᠰ ᠨᠡᠶᠢᠬᠡᠮᠯᠢᠭ ᠤᠨ ᠰᠤᠩᠭᠤᠬᠤ ᠡᠷᠬᠡ᠂ ᠰᠤᠩᠭᠤᠭᠳᠠᠬᠤ ᠡᠷᠬᠡ ᠪᠠ ᠰᠠᠨᠠᠯ ᠢᠶᠠᠨ ᠢᠯᠡᠳᠬᠡᠬᠦ | ᠡᠷᠬᠡ ᠲᠠᠢ︔ | ︵ᠬᠤᠶᠠᠷ︶ ᠲᠤᠰ ᠨᠡᠶᠢᠬᠡᠮᠯᠢᠭ ᠤᠨ ᠬᠦᠳᠡᠯᠬᠡᠬᠡᠨ ᠳᠤ ᠤᠷᠤᠯᠴᠡᠨᠠ︔ | ︵ᠭᠤᠷᠪᠠ︶ ᠲᠤᠰ ᠨᠡᠶᠢᠬᠡᠮᠯᠢᠭ ᠤᠨ ᠤᠶᠢᠯᠡᠴᠢᠯᠡᠭᠡ ᠶᠢ ᠡᠩ ᠲᠡᠷᠢᠬᠦᠨ ᠳᠤ ᠡᠳ᠋ᠯᠡᠬᠦ ᠡᠷᠬᠡ ᠲᠠᠢ︔ | ︵ᠲᠦᠷᠪᠡ︶ ᠲᠤᠰ ᠨᠡᠶᠢᠬᠡᠮᠯᠢᠭ ᠤᠨ ᠠᠵᠢᠯ ᠳᠤ ᠰᠠᠨᠠᠯ ᠰᠢᠬᠦᠮᠵᠢ ᠭᠠᠷᠭᠠᠬᠤ ᠪᠤᠯᠤᠨ ᠬᠢᠨᠠᠯᠳᠠ ᠲᠠᠯᠪᠢᠬᠤ | ᠡᠷᠬᠡ ᠲᠠᠢ︔ | ︵ᠲᠠᠪᠤ︶ ᠰᠠᠶᠢᠨ ᠲᠤᠷ᠎ᠠ ᠠᠴᠠ ᠪᠠᠨ ᠨᠡᠶᠢᠬᠡᠮᠯᠢᠭ ᠳᠤ ᠤᠷᠤᠯᠴᠠᠵᠤ᠂ ᠨᠡᠶᠢᠬᠡᠮᠯᠢᠭ ᠠᠴᠠ ᠭᠠᠷᠴᠤ ᠪᠤᠯᠤᠨ᠎ᠠ | ᠃ | ᠠᠷᠪᠠᠨ ᠬᠤᠶᠠᠳᠤᠭᠠᠷ ᠵᠤᠷᠪᠤᠰ ᠬᠡᠰᠢᠬᠦᠳ ᠲᠤᠤᠷᠠᠬᠢ ᠬᠡᠳᠦᠨ ᠡᠬᠦᠷᠬᠡ ᠲᠠᠢ᠄ | ︵ᠨᠢᠬᠡ︶ ᠲᠤᠰ ᠨᠡᠶᠢᠬᠡᠮᠯᠢᠭ ᠤᠨ ᠰᠢᠢᠳᠪᠦᠷᠢ ᠶᠢ ᠭᠡᠷᠡᠭᠵᠢᠬᠦᠯᠦᠨ᠎ᠡ︔ | ︵ᠬᠤᠶᠠᠷ︶ ᠲᠤᠰ ᠨᠡᠶᠢᠬᠡᠮᠯᠢᠭ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ︔ | ︵ᠭᠤᠷᠪᠠ︶ ᠲᠤᠰ ᠨᠡᠶᠢᠬᠡᠮᠯᠢᠭ ᠠᠴᠠ ᠲᠠᠭᠠᠭᠠᠯᠭᠠᠭᠰᠠᠨ ᠠᠵᠢᠯ ᠢᠶᠠᠨ ᠬᠦᠢᠴᠡᠳᠬᠡᠨ᠎ᠡ︔ | ︵ᠲᠦᠷᠪᠡ︶ ᠲᠤᠭᠳᠠᠭᠠᠯ ᠶᠤᠰᠤᠭᠠᠷ ᠨᠡᠶᠢᠬᠡᠮᠯᠢᠭ ᠤᠨ ᠰᠦᠢᠳᠬᠡᠯ ᠲᠤᠰᠢᠶᠠᠨ᠎ᠠ︔ | ︵ᠲᠠᠪᠤ︶ ᠲᠤᠰ ᠨᠡᠶᠢᠬᠡᠮᠯᠢᠭ ᠳᠤ ᠪᠠᠶᠢᠳᠠᠯ ᠢᠶᠠᠨ ᠮᠡᠳᠡᠭᠳᠡᠵᠦ᠂ ᠬᠠᠮᠢᠶ᠎ᠠ ᠪᠦᠬᠦᠢ ᠮᠠᠲ᠋ᠧᠷᠢᠶᠠᠯ ᠬᠠᠩᠭᠠᠨ᠎ᠠ︔ | ᠠᠷᠪᠠᠨ ᠭᠤᠷᠪᠠᠳᠤᠭᠠᠷ ᠵᠤᠷᠪᠤᠰ ᠬᠡᠰᠢᠬᠦᠳ ᠨᠡᠶᠢᠬᠡᠮᠯᠢᠭ ᠠᠴᠠ ᠭᠠᠷᠬᠤ ᠳᠠᠭᠠᠨ ᠪᠢᠴᠢᠭ ᠮᠠᠲ᠋ᠧᠷᠢᠶᠠᠯ ᠤᠨ | ᠬᠡᠯᠪᠡᠷᠢ ᠪᠠᠷ ᠲᠤᠰ ᠨᠡᠶᠢᠬᠡᠮᠯᠢᠭ ᠳᠤ ᠮᠡᠳᠡᠭᠳᠡᠭᠦ ᠶᠢᠨ ᠬᠠᠮᠳᠤ᠂ ᠬᠡᠰᠢᠬᠦᠳ ᠤᠨ ᠦᠨᠡᠮᠯᠡᠯ ᠢᠶᠠᠨ ᠪᠤᠴᠠᠭᠠᠨ᠎ᠠ᠃ | ᠬᠡᠰᠢᠬᠦᠳ ᠬᠡᠷᠪᠡ ᠨᠢᠬᠡ ᠵᠢᠯ ᠨᠡᠶᠢᠬᠡᠮᠯᠢᠭ ᠤᠨ ᠰᠦᠢᠳᠬᠡᠯ ᠢᠶᠠᠨ ᠲᠤᠰᠢᠶᠠᠬᠤ ᠦᠬᠡᠢ ᠪᠤᠶᠤ ᠲᠤᠰ | ᠨᠡᠶᠢᠬᠡᠮᠯᠢᠭ ᠤᠨ ᠬᠦᠳᠡᠯᠬᠡᠬᠡᠨ ᠳᠤ ᠤᠷᠤᠯᠴᠠᠬᠤ ᠦᠬᠡᠢ ᠪᠤᠯ᠂ ᠨᠡᠶᠢᠬᠡᠮᠯᠢᠭ ᠠᠴᠠ ᠭᠠᠷᠤᠭᠰᠠᠨ ᠢᠶᠠᠷ ᠲᠤᠭᠠᠴᠠᠨ᠎ᠠ᠃ | ᠠᠷᠪᠠᠨ ᠲᠦᠷᠪᠡᠳᠦᠬᠡᠷ ᠵᠤᠷᠪᠤᠰ ᠬᠡᠰᠢᠬᠦᠳ ᠬᠡᠷᠪᠡ ᠲᠤᠰ ᠲᠦᠷᠢᠮ ᠢ ᠬᠦᠨᠳᠦ ᠨᠤᠴᠢᠳᠠᠢ ᠵᠦᠷᠢᠴᠡᠭᠰᠡᠨ | ᠪᠠᠶᠢᠪᠠᠯ᠂ ᠪᠠᠶᠢᠩᠭᠤ ᠬᠡᠷᠡᠭ ᠮᠡᠳᠡᠭᠴᠢ ᠶᠢᠨ ᠬᠤᠷᠠᠯ ᠢᠶᠠᠷ ᠲᠠᠮᠵᠢᠨ ᠰᠢᠢᠳᠪᠦᠷᠢ ᠭᠠᠷᠭᠠᠨ᠂ ᠨᠡᠷ᠎ᠡ ᠶᠢ ᠨᠢ ᠬᠠᠰᠤᠨ᠎ᠠ᠃ | | ᠲᠦᠷᠪᠡᠳᠦᠬᠡᠷ ᠪᠦᠯᠦᠭ ᠪᠠᠶᠢᠭᠤᠯᠤᠮᠵᠢ ᠪᠠᠨ ᠵᠤᠬᠢᠶᠠᠨ ᠪᠠᠶᠢᠭᠤᠯᠬᠤ ᠪᠠ ᠬᠠᠷᠢᠭᠤᠴᠠᠯᠭᠠᠳᠠᠨ ᠢ ᠰᠤᠩᠭᠤᠬᠤ᠂ | ᠤᠭᠴᠠᠷᠠᠭᠤᠯᠬᠤ ᠠᠷᠪᠠᠨ ᠲᠠᠪᠤᠳᠤᠭᠠᠷ ᠵᠤᠷᠪᠤᠰ ᠲᠤᠰ ᠨᠡᠶᠢᠬᠡᠮᠯᠢᠭ ᠤᠨ ᠬᠠᠮᠤᠭ ᠤᠨ ᠦᠨᠳᠦᠷ ᠡᠷᠬᠡᠳᠦ | ᠪᠠᠶᠢᠭᠤᠯᠤᠮᠵᠢ ᠪᠤᠯ ᠬᠡᠰᠢᠬᠦᠳ ᠤᠨ ᠲᠦᠯᠦᠬᠡᠯᠡᠭᠴᠢᠳ ᠤᠨ ᠶᠡᠭᠡ ᠬᠤᠷᠠᠯ ᠪᠤᠯᠤᠨ᠎ᠠ᠃ | ᠬᠡᠷᠡᠭ ᠮᠡᠳᠡᠭᠴᠢ ᠶᠢᠨ ᠬᠤᠷᠠᠯ ᠠᠴᠠ ᠬᠠᠮᠢᠶ᠎ᠠ ᠪᠦᠬᠦᠢ ᠰᠢᠢᠳᠪᠦᠷᠢ ᠪᠤᠯᠤᠨ ᠡᠳᠦᠷ ᠲᠤᠳᠤᠮ ᠤᠨ ᠠᠵᠢᠯ | ᠢᠶᠠᠨ ᠪᠡᠶᠡᠯᠡᠬᠦᠯᠦᠨ᠎ᠡ᠃ | ᠲᠤᠰ ᠨᠡᠶᠢᠬᠡᠮᠯᠢᠭ ᠬᠤᠪᠢᠶᠠᠷᠢ ᠪᠠᠶᠢᠭᠤᠯᠤᠮᠵᠢ ᠪᠤᠯᠤᠨ ᠲᠦᠯᠦᠬᠡᠯᠡᠭᠴᠢ ᠪᠠᠶᠢᠭᠤᠯᠤᠮᠵᠢ ᠶᠢ ᠲᠤᠭᠳᠠᠭᠠᠨ᠂ | ᠤᠯᠤᠰ ᠤᠨ ᠬᠠᠮᠢᠶ᠎ᠠ ᠪᠦᠬᠦᠢ ᠲᠦᠷᠢᠮ ᠲᠤᠭᠳᠠᠭᠠᠯ ᠶᠤᠰᠤᠭᠠᠷ ᠲᠠᠩᠰᠠᠯᠠᠵᠤ ᠬᠠᠮᠢᠶᠠᠷᠤᠯᠳᠠ ᠬᠢᠨ᠎ᠡ᠃ | ᠬᠡᠰᠢᠬᠦᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠡᠬᠦᠷᠬᠡ ᠲᠤᠰᠢᠶᠠᠯ ᠪᠤᠯ᠄ | ︵ᠨᠢᠬᠡ︶ ᠲᠦᠷᠢᠮ ᠢᠶᠠᠨ ᠡᠮᠬᠢᠳᠬᠡᠨ ᠲᠤᠭᠳᠠᠭᠠᠬᠤ ᠪᠤᠯᠤᠨ ᠵᠠᠰᠠᠪᠤᠷᠢ ᠤᠷᠤᠭᠤᠯᠤᠨ᠎ᠠ︔ | ︵ᠬᠤᠶᠠᠷ︶ ᠬᠡᠷᠡᠭ ᠮᠡᠳᠡᠭᠴᠢ ᠪᠠᠨ ᠰᠤᠩᠭᠤᠬᠤ ᠪᠤᠯᠤᠨ ᠤᠭᠴᠠᠷᠠᠭᠤᠯᠤᠨ᠎ᠠ︔ | ︵ᠭᠤᠷᠪᠠ︶ ᠬᠡᠷᠡᠭ ᠮᠡᠳᠡᠭᠴᠢ ᠶᠢᠨ ᠠᠵᠢᠯ ᠤᠨ ᠮᠡᠳᠡᠬᠦᠯᠦᠯᠳᠡ ᠪᠤᠯᠤᠨ ᠡᠳ᠋ ᠤᠨ ᠶᠠᠪᠤᠳᠠᠯ ᠤᠨ | ᠮᠡᠳᠡᠬᠦᠯᠦᠯᠳᠡ ᠪᠠᠨ ᠬᠢᠨᠠᠨ ᠵᠦᠪᠯᠡᠨ᠎ᠡ︔ | ︵ᠲᠦᠷᠪᠡ︶ ᠵᠤᠭᠰᠤᠭᠠᠬᠤ ᠲᠤᠬᠠᠢ ᠬᠡᠷᠡᠭ ᠶᠠᠪᠤᠳᠠᠯ ᠳᠤ ᠰᠢᠢᠳᠪᠦᠷᠢ ᠭᠠᠷᠭᠠᠨ᠎ᠠ︔ | ︵ᠲᠠᠪᠤ︶ ᠪᠤᠰᠤᠳ ᠶᠡᠭᠡ ᠴᠢᠬᠤᠯᠠ ᠬᠡᠷᠡᠭ ᠤᠴᠢᠷ ᠢ ᠲᠤᠭᠳᠠᠭᠠᠨ᠎ᠠ︔ | ᠠᠷᠪᠠᠨ ᠵᠢᠷᠭᠤᠳᠤᠭᠠᠷ ᠵᠤᠷᠪᠤᠰ ᠬᠡᠰᠢᠭᠦᠳ ᠤᠨ ᠲᠦᠯᠦᠭᠡᠯᠡᠭᠴᠢᠳ ᠤᠨ ᠶᠡᠭᠡ ᠬᠤᠷᠠᠯ ᠬᠤᠭᠤᠴᠠᠭ᠎ᠠ ᠪᠦᠷᠢ | 4 ᠵᠢᠯ ᠪᠠᠶᠢᠵᠤ᠂ ᠬᠤᠭᠤᠴᠠᠭ᠎ᠠ ᠪᠦᠷᠢ ᠶᠢᠨ ᠬᠡᠰᠢᠭᠦᠳ ᠤᠨ ᠲᠦᠯᠦᠭᠡᠯᠡᠭᠴᠢᠳ ᠢ ᠭᠤᠷᠪᠠᠨ ᠬᠤᠰᠢᠭᠤ ᠬᠤᠶᠠᠷ | ᠣᠷᠤᠨ ᠠᠴᠠ 40 ᠨᠡᠷᠡᠰ ᠬᠡᠰᠢᠭᠦᠳ ᠢ ᠰᠤᠩᠭᠤᠵᠤ᠂ ᠪᠦᠬᠦ ᠬᠡᠰᠢᠭᠦᠳ ᠠᠴᠠ 10 % ᠪᠠᠶᠢᠪᠠᠯ ᠰᠠᠶ᠋ᠢ ᠭᠦᠴᠦᠨ | ᠲᠠᠢ᠃ | ᠣᠨᠴᠠᠭᠠᠢ ᠰᠢᠯᠳᠠᠭᠠᠨ ᠢᠶᠠᠷ ᠣᠷᠢᠳᠴᠢᠯᠠᠨ ᠡᠰᠡᠭᠦᠯ᠎ᠠ ᠬᠤᠶᠢᠰᠢᠯᠡᠨ ᠬᠤᠭᠤᠴᠠᠭ᠎ᠠ ᠰᠤᠯᠢᠬᠤ ᠳᠤ ᠡᠷᠬᠡᠪᠰᠢ | ᠬᠡᠷᠡᠭ ᠮᠡᠳᠡᠭᠴᠢ ᠶᠢᠨ ᠬᠤᠷᠠᠯ ᠢᠶᠠᠷ ᠵᠦᠪᠰᠢᠶᠡᠷᠡᠬᠦᠯᠦᠨ᠂ ᠲᠤᠬᠠᠢᠢᠯᠠᠭᠰᠠᠨ ᠠᠵᠢᠯ ᠤᠨ ᠪᠠᠶᠢᠭᠤᠯᠤᠯᠭ᠎ᠠ ᠨᠢᠭᠡᠴᠡ ᠶᠢᠨ | ᠬᠢᠨᠡᠨ ᠪᠠᠶᠢᠴᠠᠭᠠᠯᠳᠠ ᠬᠢᠭᠡᠳ ᠨᠡᠶᠢᠭᠡᠮᠯᠢᠭ ᠤᠨ ᠬᠢᠨᠡᠨ ᠬᠠᠮᠢᠶᠠᠷᠤᠯᠳᠠ ᠶᠢᠨ ᠵᠦᠪᠰᠢᠶᠡᠷᠡᠯ ᠢ ᠣᠯᠬᠤ ᠬᠡᠷᠡᠭᠲᠠᠢ᠃ | ᠭᠡᠪᠡᠴᠦ ᠬᠤᠶᠢᠰᠢᠯᠠᠬᠤ ᠬᠤᠭᠤᠴᠠᠭ᠎ᠠ ᠨᠢ 1 ᠵᠢᠯ ᠠᠴᠠ ᠬᠡᠳᠦᠷᠡᠵᠦ ᠪᠤᠯᠬᠤ ᠦᠬᠡᠢ᠃ | ᠠᠷᠪᠠᠨ ᠲᠤᠯᠤᠳᠤᠭᠠᠷ ᠵᠤᠷᠪᠤᠰ ᠬᠡᠰᠢᠬᠦᠳ ᠤᠨ ᠲᠦᠯᠦᠬᠡᠯᠡᠭᠴᠢᠳ ᠤᠨ ᠶᠡᠭᠡ ᠬᠤᠷᠠᠯ ᠨᠢ ᠡᠷᠬᠡᠪᠰᠢ 2/3 | ᠠᠴᠠ ᠲᠡᠭᠡᠭᠰᠢ ᠲᠦᠯᠦᠬᠡᠯᠡᠴᠢᠳ ᠤᠷᠤᠯᠴᠠᠭᠰᠠᠨ ᠪᠠᠶᠢᠳᠠᠯ ᠳᠤ ᠬᠤᠷᠠᠯ ᠨᠡᠬᠡᠬᠡᠵᠤ ᠪᠤᠯᠤᠨ᠎ᠠ᠃ | ᠰᠢᠢᠳᠪᠦᠷᠢ ᠨᠢ ᠡᠷᠬᠡᠪᠰᠢ ᠭᠡᠰᠢᠬᠦᠳ ᠤᠨ ᠲᠦᠯᠦᠬᠡᠯᠡᠭᠴᠢᠳ ᠤᠨ ᠬᠠᠭᠠᠰ ᠠᠴᠠ ᠲᠡᠭᠡᠭᠰᠢ ᠲᠤᠭ᠎ᠠ ᠶᠢ | ᠡᠵᠡᠯᠡᠭᠰᠡᠨ ᠪᠠᠶᠢᠪᠠᠯ ᠰᠠᠶ᠋ᠢ ᠬᠦᠴᠦᠨ ᠲᠠᠢ᠃ | ᠠᠷᠪᠠᠨ ᠨᠠᠶᠢᠮᠠᠳᠤᠭᠠᠷ ᠵᠤᠷᠪᠤᠰ ᠬᠡᠷᠡᠭ ᠮᠡᠳᠡᠭᠴᠢ ᠶᠢᠨ ᠬᠤᠷᠠᠯ ᠨᠢ ᠬᠡᠰᠢᠭᠦᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠬᠡᠷᠡᠭᠵᠢᠭᠦᠯᠦᠯᠳᠡ ᠶᠢᠨ ᠪᠠᠶᠢᠭᠤᠯᠤᠮᠵᠢ ᠮᠦᠨ᠃ | ᠭᠤᠷᠪᠠᠨ ᠬᠤᠰᠢᠭᠤ ᠬᠤᠶᠠᠷ ᠣᠷᠤᠨ ᠠᠴᠠ ᠬᠦᠮᠦᠨ ᠢ ᠰᠤᠩᠭᠤᠨ ᠭᠠᠷᠭᠠᠵᠤ᠂ ᠨᠡᠶᠢᠬᠡᠮᠯᠢᠭ ᠤᠨ ᠲᠠᠷᠤᠭ᠎ᠠ | ᠪᠤᠯᠤᠨ ᠨᠠᠷᠢᠨ ᠪᠢᠴᠢᠭᠡᠴᠢ ᠶᠢᠨ ᠲᠠᠷᠤᠭ᠎ᠠ ᠲᠠᠢ ᠨᠡᠶᠢᠯᠡᠵᠤ ᠬᠡᠷᠡᠭ ᠮᠡᠳᠡᠭᠴᠢ ᠶᠢᠨ ᠬᠤᠷᠠᠯ ᠪᠤᠯᠵᠤ ᠪᠦᠷᠢᠯᠳᠦᠨ᠎ᠡ᠃ | ᠬᠡᠷᠡᠭ ᠮᠡᠳᠡᠭᠴᠢ ᠶᠢᠨ ᠬᠤᠷᠠᠯ ᠤᠨ ᠬᠡᠰᠢᠭᠦᠳ ᠲᠤᠳᠤᠷ᠎ᠠ ᠰᠢᠯᠢᠳᠡᠭ ᠠᠳᠤᠭᠤᠴᠢᠨ ᠪᠠᠶᠢᠪᠠᠯ ᠰᠠᠶ᠋ᠢ ᠭᠦᠴᠦᠨ | ᠲᠠᠢ᠃ | ᠬᠡᠷᠡᠭ ᠮᠡᠳᠡᠭᠴᠢ ᠶᠢᠨ ᠬᠤᠷᠠᠯ ᠢ ᠵᠤᠭᠰᠤᠭᠠᠭᠰᠠᠨ ᠬᠤᠭᠤᠴᠠᠭᠠᠨ ᠳᠤ ᠨᠡᠶᠢᠬᠡᠮᠯᠢᠭ ᠢᠶᠠᠨ ᠣᠳᠤᠷᠢᠳᠦᠨ ᠡᠳᠤᠷ | ᠲᠤᠳᠤᠮ ᠤᠨ ᠠᠵᠢᠯᠯᠠᠭ᠎ᠠ ᠪᠠᠨ ᠦᠷᠨᠢᠭᠦᠯᠵᠦ᠂ ᠬᠡᠰᠢᠭᠦᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ | ᠬᠠᠷᠢᠭᠤᠴᠠᠨ᠎ᠠ᠃ | ᠠᠷᠪᠠᠨ ᠶᠢᠰᠦᠳᠦᠭᠡᠷ ᠵᠤᠷᠪᠤᠰ ᠬᠡᠷᠡᠭ ᠮᠡᠳᠡᠭᠴᠢ ᠶᠢᠨ ᠬᠤᠷᠠᠯ ᠤᠨ ᠡᠭᠦᠷᠭᠡ ᠴᠢᠳᠠᠪᠬᠢ᠄ | ︵ᠨᠢᠬᠡ︶ ᠭᠡᠰᠢᠭᠦᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠭᠳᠠᠭᠠᠯ ᠢ ᠬᠡᠷᠡᠭᠵᠢᠭᠦᠯᠬᠦ︔ | ︵ᠬᠤᠶᠠᠷ︶ ᠰᠤᠩᠭᠤᠯᠳᠠ ᠬᠢᠬᠦ ᠪᠤᠯᠤᠨ ᠬᠡᠷᠡᠭ ᠮᠡᠳᠡᠭᠴᠢ ︵ᠲᠠᠷᠤᠭ᠎ᠠ︶᠂ ᠲᠡᠳ᠋ ᠬᠡᠷᠡᠭ ᠮᠡᠳᠡᠭᠴᠢ ︵ | ᠲᠠᠷᠤᠭ᠎ᠠ︶᠂ ᠨᠠᠷᠢᠨ ᠪᠢᠴᠢᠭᠡᠴᠢ ᠶᠢᠨ ᠲᠠᠷᠤᠭ᠎ᠠ ᠶᠢᠨ ᠵᠡᠷᠭᠡ ᠲᠡᠰ ᠢ ᠤᠭᠴᠠᠷᠠᠭᠤᠯᠬᠤ ᠡᠷᠭᠡ ᠲᠠᠢ᠃ | ︵ᠭᠤᠷᠪᠠ︶ ᠬᠡᠰᠢᠭᠦᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠬᠤ ᠶᠢ ᠪᠡᠯᠡᠳᠭᠡᠨ᠎ᠠ᠃ | ︵ᠲᠦᠷᠪᠡ︶ ᠬᠡᠰᠢᠭᠦᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠮᠡᠳᠡᠬᠦᠯᠦᠯᠳᠡ ᠪᠤᠯᠤᠨ ᠡᠳ᠋ ᠤᠨ | ᠶᠠᠪᠤᠳᠠᠯ ᠤᠨ ᠮᠡᠳᠡᠭᠦᠯᠦᠯᠳᠡ ᠬᠢᠨ᠎ᠠ᠃ | ︵ᠲᠠᠪᠤ︶ ᠬᠡᠰᠢᠭᠦᠳ ᠢ ᠡᠯᠰᠡᠬᠦ ᠪᠠ ᠤᠭᠴᠠᠷᠠᠬᠤ ᠶᠢ ᠲᠤᠭᠳᠠᠭᠠᠨ᠎ᠠ᠃ | ︵ᠵᠢᠷᠭᠤᠭ᠎ᠠ︶ ᠬᠡᠷᠡᠭ ᠡᠷᠬᠢᠯᠡᠬᠦ ᠪᠠᠶᠢᠭᠤᠯᠤᠮᠵᠢ᠂ ᠬᠤᠪᠢᠶᠠᠷᠢ ᠪᠠᠶᠢᠭᠤᠯᠤᠮᠵᠢ᠂ ᠲᠦᠯᠦᠭᠡᠯᠡᠭᠴᠢ | ᠪᠠᠶᠢᠭᠤᠯᠤᠮᠵᠢ ᠪᠤᠯᠤᠨ ᠪᠤᠳᠠᠳᠤ ᠴᠤᠭᠴᠠ ᠶᠢᠨ ᠪᠠᠶᠢᠭᠤᠯᠤᠮᠵᠢ ᠶᠢ ᠲᠤᠭᠳᠠᠭᠠᠨ᠎ᠠ᠃ | ︵ᠲᠤᠯᠤᠭ᠎ᠠ︶ ᠲᠡᠳ᠋ ᠨᠠᠷᠢᠨ ᠪᠢᠴᠢᠭᠡᠴᠢ ᠶᠢᠨ ᠲᠠᠷᠤᠭ᠎ᠠ᠂ ᠡᠯ᠎ᠡ ᠪᠠᠶᠢᠭᠤᠯᠤᠮᠵᠢ ᠶᠢᠨ ᠭᠤᠤᠯ | ᠬᠠᠷᠢᠭᠤᠴᠠᠯᠭᠠᠳᠠᠨ ᠤ ᠡᠯᠰᠡᠬᠦ ᠶᠢ ᠲᠤᠭᠳᠠᠭᠠᠨ᠎ᠠ᠃ | ︵ᠨᠠᠢᠮᠠ︶ ᠨᠡᠶᠢᠬᠡᠮᠯᠢᠭ ᠤᠨ ᠡᠯ᠎ᠡ ᠪᠠᠶᠢᠭᠤᠯᠤᠮᠵᠢ ᠶᠢ ᠣᠳᠤᠷᠢᠳᠤᠨ ᠠᠵᠢᠯ ᠢᠶᠠᠨ ᠦᠷᠨᠢᠭᠦᠯᠦᠨ᠎ᠡ᠃ | ︵ᠶᠢᠰᠦ︶ ᠲᠤᠳᠤᠭᠠᠳᠤ ᠬᠠᠮᠢᠶᠡᠷᠤᠯᠳᠡ ᠶᠢᠨ ᠲᠦᠷᠢᠮ ᠢ ᠲᠤᠭᠳᠠᠭᠠᠨ᠎ᠠ᠃ | ︵ᠠᠷᠪᠠ︶ ᠪᠤᠰᠤᠳ ᠶᠡᠭᠡ ᠣᠴᠢᠷ ᠲᠤ ᠰᠢᠢᠳᠪᠦᠷᠢ ᠭᠠᠷᠭᠠᠨ᠎ᠠ᠃ | ᠬᠤᠷᠢᠳᠤᠭᠠᠷ ᠵᠤᠷᠪᠤᠰ ᠬᠡᠷᠡᠭ ᠮᠡᠳᠡᠭᠴᠢ ᠶᠢᠨ ᠬᠤᠷᠠᠯ ᠳᠤ ᠵᠠᠪᠠᠯ 2/3 ᠠᠴᠠ ᠲᠡᠭᠡᠭᠰᠢ ᠬᠡᠷᠡᠭ ᠮᠡᠳᠡᠭᠴᠢ | ᠣᠷᠤᠯᠴᠠᠪᠠᠯ ᠰᠠᠶ᠋ᠢ ᠬᠤᠷᠠᠯᠳᠤᠵᠦ᠂ ᠲᠤᠭᠳᠠᠭᠠᠯ ᠨᠢ ᠡᠷᠬᠡᠪᠰᠢ 2/3 ᠠᠴᠠ ᠲᠡᠭᠡᠭᠰᠢ ᠬᠡᠷᠡᠭ ᠮᠡᠳᠡᠭᠴᠢ ᠵᠦᠪᠰᠢᠶᠡᠷᠡᠨ | ᠮᠡᠳᠡᠷᠡᠪᠡᠯ ᠰᠠᠶᠢ ᠬᠡᠷᠡᠭᠵᠢᠭᠦᠯᠦᠨ᠎ᠡ᠃ | ᠬᠤᠷᠢᠨ ᠨᠢᠭᠡᠳᠤᠭᠡᠷ ᠵᠤᠷᠪᠤᠰ ᠬᠡᠷᠡᠭ ᠮᠡᠳᠡᠭᠴᠢ ᠶᠢᠨ ᠬᠤᠷᠠᠯ ᠨᠢ ᠬᠠᠮᠤᠬ ᠪᠠᠭ᠎ᠠ ᠳᠠᠭᠠᠨ ᠵᠢᠯ ᠪᠦᠷᠢ ᠨᠢᠭᠡ | ᠣᠳᠠᠭ᠎ᠠ ᠬᠤᠷᠠᠯ ᠬᠤᠷᠠᠯᠳᠤᠵᠦ᠂ ᠣᠨᠴᠠᠭᠠᠢ ᠪᠠᠶᠢᠳᠠᠯ ᠲᠤᠤᠷ᠎ᠠ ᠪᠠᠰᠠ ᠴᠢᠮᠡᠭᠡ ᠬᠤᠯᠪᠤᠭᠠᠨ ᠤ ᠬᠡᠯᠪᠡᠷᠢ ᠪᠠᠷ | ᠬᠤᠷᠠᠯᠳᠤᠨ᠎ᠠ᠃ | ᠬᠤᠷᠢᠨ ᠬᠤᠶᠠᠳᠤᠭᠠᠷ ᠵᠤᠷᠪᠤᠰ ᠲᠤᠰ ᠨᠡᠶᠢᠬᠡᠮᠯᠢᠭ ᠬᠡᠷᠡᠭ ᠮᠡᠳᠡᠭᠴᠢ᠂ ᠲᠡᠳ᠋ ᠭᠡᠷᠡᠭ ᠮᠡᠳᠡᠭᠴᠢ᠂ ᠨᠠᠷᠢᠨ | ᠪᠢᠴᠢᠭᠡᠴᠢ ᠶᠢᠨ ᠲᠠᠷᠤᠭ᠎ᠠ ᠵᠠᠪᠠᠯ ᠪᠦᠷᠢᠯᠳᠦᠭᠦᠯᠬᠦ ᠨᠦᠬᠦᠴᠡᠯ᠄ | ︵1︶ ᠨᠠᠮ ᠤᠨ ᠱᠤᠭᠤᠮ᠂ ᠴᠢᠭᠯᠡᠯᠳᠡ᠂ ᠲᠦᠷᠦ ᠶᠢᠨ ᠪᠤᠳᠤᠯᠭ᠎ᠠ ᠶᠢ ᠪᠠᠷᠢᠮᠳᠡᠯᠡᠨ᠂ ᠣᠯᠤᠰ ᠲᠦᠷᠦ ᠶᠢᠨ | ᠬᠡᠪ ᠴᠢᠨᠡᠷ ᠢᠶᠠᠷ ᠰᠠᠶᠢᠨ︔ | ︵2︶ ᠲᠤᠰ ᠨᠡᠶᠢᠬᠡᠮᠯᠢᠭ ᠤᠨ ᠲᠤᠬᠠᠢᠢᠯᠠᠭᠰᠠᠨ ᠠᠵᠢᠯ ᠤᠨ ᠬᠦᠷᠢᠶ᠎ᠡ ᠬᠡᠪᠴᠢᠶᠠᠨ ᠳᠤ ᠨᠦᠯᠦᠭᠡ ᠶᠡᠭᠡ ᠲᠠᠢ | ︔ | ︵3︶ ᠬᠡᠷᠡᠭ ᠮᠡᠳᠡᠭᠴᠢ᠂ ᠲᠡᠳ᠋ ᠭᠡᠷᠡᠭ ᠮᠡᠳᠡᠭᠴᠢ᠂ ᠨᠠᠷᠢᠨ ᠪᠢᠴᠢᠭᠡᠴᠢ ᠶᠢᠨ ᠲᠠᠷᠤᠭ᠎ᠠ ᠶᠢᠨ ᠬᠠᠮᠤᠬ | ᠦᠨᠳᠦᠷ ᠲᠤᠰᠢᠶᠠᠯ ᠡᠭᠦᠷᠭᠡᠯᠡᠬᠦ ᠨᠠᠰᠤ ᠨᠢ 75 ᠨᠠᠰᠤᠨ ᠠᠴᠠ ᠬᠡᠳᠦᠷᠡᠵᠦ ᠪᠤᠯᠬᠤ ᠦᠬᠡᠢ᠂ ᠨᠡᠷᠢᠨ ᠪᠢᠴᠢᠭᠡᠴᠢ ᠶᠢᠨ | ᠲᠠᠷᠤᠭ᠎ᠠ ᠨᠢ ᠲᠤᠬᠠᠶᠢᠯᠠᠭᠰᠠᠨ ᠠᠵᠢᠯ ᠤᠨ ᠪᠠᠶᠢᠬᠤ︔ | ︵4︶ ᠪᠡᠶ᠎ᠡ ᠮᠠᠬᠠᠪᠤᠳ ᠡᠷᠡᠭᠦᠯ ᠴᠢᠬᠢᠷᠠᠬ᠂ ᠬᠡᠪ ᠤᠨ ᠠᠵᠢᠯᠯᠠᠭ᠎ᠠ ᠪᠠᠨ ᠪᠠᠷᠢᠮᠳᠠᠯᠠᠵᠦ ᠴᠢᠳᠠᠬᠤ︔ | ︵5︶ ᠣᠯᠤᠰ ᠲᠦᠷᠦ ᠶᠢᠨ ᠡᠷᠭᠡ ᠪᠠᠨ ᠬᠠᠰᠤᠭᠤᠯᠵᠤ ᠡᠷᠡᠭᠦᠤ ᠰᠢᠢᠳᠭᠡᠯ ᠣᠯᠤᠭ᠎ᠠ ᠦᠬᠡᠢ︔ | ︵6︶ ᠢᠷᠭᠡᠨ ᠤ ᠬᠠᠤᠯᠢ ᠶᠢᠨ ᠠᠵᠢᠯᠯᠠᠭ᠎ᠠ ᠶᠢᠨ ᠴᠢᠳᠠᠪᠤᠷᠢ ᠶᠢ ᠪᠦᠷᠢᠯᠳᠦᠭᠦᠯᠬᠦ︔ | ᠬᠤᠷᠢᠨ ᠭᠤᠷᠪᠠᠳᠤᠭᠠᠷ ᠵᠤᠷᠪᠤᠰ ᠲᠤᠰ ᠨᠡᠶᠢᠬᠡᠮᠯᠢᠭ ᠤᠨ ᠬᠡᠷᠡᠭ ᠮᠡᠳᠡᠭᠴᠢ᠂ ᠲᠡᠳ᠋ ᠭᠡᠷᠡᠭ ᠮᠡᠳᠡᠭᠴᠢ᠂ | ᠨᠠᠷᠢᠨ ᠪᠢᠴᠢᠭᠡᠴᠢ ᠶᠢᠨ ᠲᠠᠷᠤᠭ᠎ᠠ ᠬᠠᠮᠤᠬ ᠦᠨᠳᠦᠷ ᠲᠤᠰᠢᠶᠠᠯ ᠡᠭᠦᠷᠭᠡᠯᠡᠬᠦ ᠨᠠᠰᠤᠨ ᠠᠴᠠ ᠬᠡᠳᠦᠷᠡᠭᠰᠡᠨ ᠦᠶᠡᠰ | ᠵᠠᠪᠠᠯ ᠬᠡᠷᠡᠭ ᠮᠡᠳᠡᠭᠴᠢ ᠶᠢᠨ ᠬᠤᠷᠠᠯ ᠤᠨ ᠵᠦᠪᠰᠢᠶᠡᠷᠡᠯ ᠢ ᠣᠯᠵᠦ᠂ ᠲᠤᠬᠠᠢᠢᠯᠠᠭᠰᠠᠨ ᠠᠵᠢᠯ ᠤᠨ ᠪᠠᠶᠢᠭᠤᠯᠤᠯᠭ᠎ᠠ | ᠨᠢᠭᠡᠴᠡ ᠶᠢᠨ ᠬᠢᠨᠡᠨ ᠪᠠᠶᠢᠴᠠᠭᠠᠯᠳᠠ ᠬᠢᠭᠡᠳ ᠨᠡᠶᠢᠭᠡᠮᠯᠢᠭ ᠤᠨ ᠬᠢᠨᠡᠨ ᠬᠠᠮᠢᠶᠠᠷᠤᠯᠳᠠ ᠶᠢᠨ ᠵᠦᠪᠰᠢᠶᠡᠷᠡᠯ ᠢ ᠤᠯᠵᠤ | ᠡᠭᠦᠷᠭᠡᠯᠡᠨ᠎ᠡ᠃ | ᠬᠤᠷᠢᠨ ᠲᠦᠷᠪᠡᠳᠤᠭᠡᠷ ᠵᠤᠷᠪᠤᠰ ᠲᠤᠰ ᠨᠡᠶᠢᠬᠡᠮᠯᠢᠭ ᠤᠨ ᠬᠡᠷᠡᠭ ᠮᠡᠳᠡᠭᠴᠢ᠂ ᠲᠡᠳ᠋ ᠭᠡᠷᠡᠭ ᠮᠡᠳᠡᠭᠴᠢ᠂ | ᠨᠠᠷᠢᠨ ᠪᠢᠴᠢᠭᠡᠴᠢ ᠶᠢᠨ ᠲᠠᠷᠤᠭ᠎ᠠ ᠶᠢᠨ ᠲᠤᠰᠢᠶᠠᠯ ᠡᠭᠦᠷᠭᠡᠯᠡᠬᠦ ᠬᠤᠭᠤᠴᠠᠭ᠎ᠠ ᠨᠢ 4 ᠵᠢᠯ᠂ ᠬᠡᠷᠡᠭ ᠮᠡᠳᠡᠭᠴᠢ᠂ ᠲᠡᠳ᠋ | ᠭᠡᠷᠡᠭ ᠮᠡᠳᠡᠭᠴᠢ᠂ ᠨᠠᠷᠢᠨ ᠪᠢᠴᠢᠭᠡᠴᠢ ᠶᠢᠨ ᠲᠠᠷᠤᠭ᠎ᠠ ᠶᠢᠨ ᠡᠭᠦᠷᠭᠡᠯᠡᠬᠦ ᠬᠤᠭᠤᠴᠠᠭ᠎ᠠ ᠨᠢ ᠬᠠᠮᠤᠬ ᠣᠷᠳᠤ ᠳᠠᠭᠠᠨ | ᠬᠤᠶᠠᠷ ᠬᠤᠭᠤᠴᠠᠭ᠎ᠠ ᠠᠴᠠ ᠬᠡᠳᠦᠷᠡᠵᠦ ᠪᠤᠯᠬᠤ ᠦᠬᠡᠢ᠂ ᠣᠨᠴᠠᠭᠠᠢ ᠰᠢᠯᠳᠠᠭᠠᠨ ᠢᠶᠠᠷ ᠦᠷᠭᠦᠯᠵᠢᠯᠡᠨ ᠲᠤᠰᠢᠶᠠᠯ | ᠡᠭᠦᠷᠭᠡᠯᠡᠪᠡᠯ ᠵᠠᠪᠠᠯ ᠬᠡᠰᠢᠭᠦᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ 2/3 ᠠᠴᠠ ᠲᠡᠭᠡᠭᠰᠢ ᠭᠡᠰᠢᠭᠦᠳ ᠤᠨ | ᠵᠦᠪᠰᠢᠶᠡᠷᠡᠯ᠂ ᠲᠤᠬᠠᠢᠢᠯᠠᠭᠰᠠᠨ ᠠᠵᠢᠯ ᠤᠨ ᠪᠠᠶᠢᠭᠤᠯᠤᠯᠭ᠎ᠠ ᠨᠢᠭᠡᠴᠡ ᠶᠢᠨ ᠬᠢᠨᠡᠨ ᠪᠠᠶᠢᠴᠠᠭᠠᠯᠳᠠ ᠬᠢᠭᠡᠳ | ᠨᠡᠶᠢᠭᠡᠮᠯᠢᠭ ᠤᠨ ᠬᠢᠨᠡᠨ ᠬᠠᠮᠢᠶᠠᠷᠤᠯᠳᠠ ᠶᠢᠨ ᠵᠦᠪᠰᠢᠶᠡᠷᠡᠯ ᠢᠶᠠᠷ ᠡᠭᠦᠷᠭᠡᠯᠡᠵᠦ᠂ ᠬᠤᠭᠤᠴᠠᠭ᠎ᠠ ᠨᠢ 1 ᠵᠢᠯ ᠠᠴᠠ | ᠬᠡᠳᠦᠷᠡᠵᠦ ᠪᠤᠯᠬᠤ ᠦᠬᠡᠢ᠃ | ᠬᠤᠷᠢᠨ ᠲᠠᠪᠤᠳᠤᠭᠠᠷ ᠵᠤᠷᠪᠤᠰ ᠲᠤᠰ ᠨᠡᠶᠢᠬᠡᠮᠯᠢᠭ ᠤᠨ ᠬᠡᠷᠡᠭ ᠮᠡᠳᠡᠭᠴᠢ ᠨᠢ ᠲᠤᠰ ᠨᠡᠶᠢᠬᠡᠮᠯᠢᠭ ᠤᠨ | ᠬᠠᠤᠯᠢ ᠳᠤ ᠲᠤᠭᠳᠠᠭᠰᠠᠨ ᠲᠦᠯᠦᠭᠡᠯᠡᠭᠴᠢ ᠪᠠᠶᠢᠬᠤ ᠬᠡᠷᠡᠭᠳᠡᠢ᠃ | ᠲᠤᠰ ᠨᠡᠶᠢᠬᠡᠮᠯᠢᠭ ᠤᠨ ᠬᠠᠤᠯᠢ ᠳᠤ ᠲᠤᠭᠳᠠᠭᠰᠠᠨ ᠲᠦᠯᠦᠭᠡᠯᠡᠭᠴᠢ ᠨᠢ ᠦᠭᠡᠷ᠎ᠡ ᠨᠡᠶᠢᠬᠡᠮᠯᠢᠭ ᠤᠨ ᠬᠠᠤᠯᠢ ᠳᠤ | ᠲᠤᠭᠳᠠᠭᠰᠠᠨ ᠲᠦᠯᠦᠭᠡᠯᠡᠭᠴᠢ ᠪᠠᠷ ᠬᠤᠤᠰᠯᠠᠨ ᠡᠭᠦᠷᠭᠡᠯᠡᠵᠦ ᠪᠤᠯᠬᠤ ᠦᠬᠡᠢ᠃ | ᠬᠤᠷᠢᠨ ᠵᠢᠷᠭᠤᠳᠤᠭᠠᠷ ᠵᠤᠷᠪᠤᠰ ᠲᠤᠰ ᠨᠡᠶᠢᠬᠡᠮᠯᠢᠭ ᠤᠨ ᠬᠡᠷᠡᠭ ᠮᠡᠳᠡᠭᠴᠢ ᠶᠢᠨ ᠡᠭᠦᠷᠭᠡ ᠴᠢᠳᠠᠪᠬᠢ᠄ | ︵1︶ ᠬᠡᠷᠡᠭ ᠮᠡᠳᠡᠭᠴᠢ ᠶᠢᠨ ᠬᠡᠰᠢᠭᠦᠳ ᠤᠨ ᠬᠤᠷᠠᠯ ᠢ ᠬᠤᠷᠠᠯᠳᠤᠭᠤᠯᠬᠤ︔ | ︵2︶ ᠬᠡᠰᠢᠭᠦᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠡᠷᠡᠭ ᠮᠡᠳᠡᠭᠴᠢ ᠶᠢᠨ ᠬᠤᠷᠠᠯ ᠤᠨ | ᠲᠤᠭᠳᠠᠭᠠᠯ ᠤᠨ ᠬᠡᠷᠡᠭᠵᠢᠭᠦᠯᠦᠯᠳᠡ ᠶᠢᠨ ᠪᠠᠶᠢᠳᠠᠯ ᠢ ᠬᠢᠨᠡᠨ ᠪᠠᠶᠢᠴᠠᠭᠠᠬᠤ︔ | ︵3︶ ᠲᠤᠰ ᠨᠡᠶᠢᠬᠡᠮᠯᠢᠭ ᠢ ᠲᠦᠯᠦᠭᠡᠯᠡᠨ ᠬᠠᠮᠢᠶ᠎ᠡ ᠪᠦᠬᠦᠢ ᠮᠠᠲ᠋ᠧᠷᠢᠶᠠᠯ ᠢ ᠲᠤᠭᠳᠠᠭᠠᠬᠤ︔ | ︵4︶ ᠲᠤᠰ ᠨᠡᠶᠢᠬᠡᠮᠯᠢᠭ ᠪᠤᠯᠤᠨ ᠬᠠᠤᠯᠢ ᠶᠢᠨ ᠬᠦᠮᠦᠨ ᠤ ᠬᠠᠮᠢᠶ᠎ᠡ ᠪᠦᠬᠦᠢ ᠬᠡᠷᠡᠭ ᠶᠠᠪᠤᠳᠠᠯ ᠢ ᠬᠢᠨᠡᠨ | ᠪᠠᠶᠢᠴᠠᠭᠠᠬᠤ︔ | ᠬᠤᠷᠢᠨ ᠲᠤᠯᠤᠳᠤᠭᠠᠷ ᠵᠤᠷᠪᠤᠰ ᠲᠤᠰ ᠨᠡᠶᠢᠬᠡᠮᠯᠢᠭ ᠤᠨ ᠨᠠᠷᠢᠨ ᠪᠢᠴᠢᠭ ᠤᠨ ᠲᠠᠷᠤᠭ᠎ᠠ ᠲᠤᠤᠷᠠᠬᠢ ᠬᠡᠳᠦᠨ | ᠡᠬᠦᠷᠬᠡ ᠲᠤᠰᠢᠶᠠᠯ ᠲᠠᠢ᠄ | ︵ᠨᠢᠬᠡ︶ ᠠᠵᠢᠯ ᠡᠷᠬᠢᠯᠡᠬᠦ ᠪᠠᠶᠢᠭᠤᠯᠤᠮᠵᠢ ᠪᠠᠨ ᠤᠳᠤᠷᠢᠳᠤᠨ ᠡᠳᠦᠷ ᠲᠤᠳᠤᠮ ᠤᠨ ᠠᠵᠢᠯ ᠢᠶᠠᠨ | ᠦᠷᠨᠢᠬᠦᠯᠵᠦ᠂ ᠨᠢᠬᠡ ᠵᠢᠯ ᠤᠨ ᠠᠵᠢᠯ ᠤᠨ ᠲᠦᠯᠦᠪᠯᠡᠭᠡ ᠪᠠᠨ ᠵᠤᠬᠢᠶᠠᠨ ᠪᠠᠶᠢᠭᠤᠯᠵᠤ ᠶᠠᠪᠤᠭᠳᠠᠭᠤᠯᠤᠨ᠎ᠠ︔ | ︵ᠬᠤᠶᠠᠷ︶ ᠡᠯ᠎ᠡ ᠬᠤᠪᠢᠶᠠᠷᠢ ᠪᠠᠶᠢᠭᠤᠯᠤᠮᠵᠢ᠂ ᠲᠦᠯᠦᠬᠡᠯᠡᠭᠴᠢ ᠪᠠᠶᠢᠭᠤᠯᠤᠮᠵᠢ᠂ ᠪᠤᠳᠠᠳᠤ ᠴᠤᠭᠴᠠ ᠶᠢᠨ | ᠪᠠᠶᠢᠭᠤᠯᠤᠮᠵᠢ ᠲᠠᠢ ᠤᠶᠠᠯᠳᠤᠭᠤᠯᠤᠨ ᠠᠵᠢᠯ ᠢᠶᠠᠨ ᠦᠷᠨᠢᠬᠦᠯᠦᠨ᠎ᠡ︔ | ︵ᠭᠤᠷᠪᠠ︶ ᠲᠡᠳ᠋ ᠨᠠᠷᠢᠨ ᠪᠢᠴᠢᠭ ᠤᠨ ᠲᠠᠷᠤᠭ᠎ᠠ ᠵᠢᠴᠢ ᠡᠯ᠎ᠡ ᠠᠵᠢᠯ ᠡᠷᠬᠢᠯᠡᠬᠦ ᠪᠠᠶᠢᠭᠤᠯᠤᠮᠵᠢ᠂ | ᠬᠤᠪᠢᠶᠠᠷᠢ ᠪᠠᠶᠢᠭᠤᠯᠤᠮᠵᠢ᠂ ᠲᠦᠯᠦᠬᠡᠯᠡᠭᠴᠢ ᠪᠠᠶᠢᠭᠤᠯᠤᠮᠵᠢ ᠪᠤᠯᠤᠨ ᠭᠤᠤᠯ ᠴᠤᠭᠴᠠ ᠶᠢᠨ ᠪᠠᠶᠢᠭᠤᠯᠤᠮᠵᠢ ᠶᠢᠨ | ᠬᠠᠷᠢᠭᠤᠴᠠᠬᠤ ᠬᠦᠮᠦᠨ ᠢ ᠰᠤᠩᠭᠤᠨ ᠭᠠᠷᠭᠠᠵᠤ᠂ ᠬᠡᠷᠡᠭ ᠮᠡᠳᠡᠭᠴᠢ ᠶᠢᠨ ᠵᠦᠪᠯᠡᠯ ᠪᠤᠶᠤ ᠪᠠᠶᠢᠩᠭᠤ ᠬᠡᠷᠡᠭ ᠮᠡᠳᠡᠭᠴᠢ | ᠶᠢᠨ ᠵᠦᠪᠯᠡᠯ ᠳᠤ ᠮᠡᠳᠡᠬᠦᠯᠦᠨ ᠰᠢᠢᠳᠪᠦᠷᠢᠯᠡᠨ᠎ᠡ︔ | ︵ᠲᠦᠷᠪᠡ︶ ᠠᠵᠢᠯ ᠡᠷᠬᠢᠯᠡᠬᠦ ᠪᠠᠶᠢᠭᠤᠯᠤᠮᠵᠢ᠂ ᠬᠤᠪᠢᠶᠠᠷᠢ ᠪᠠᠶᠢᠭᠤᠯᠤᠮᠵᠢ᠂ ᠲᠦᠯᠦᠬᠡᠯᠡᠭᠴᠢ | ᠪᠠᠶᠢᠭᠤᠯᠤᠮᠵᠢ ᠶᠢᠨ ᠲᠤᠰᠬᠠᠢ ᠠᠵᠢᠯᠳᠠᠨ ᠡᠯᠰᠡᠵᠦ ᠬᠡᠷᠡᠭᠯᠡᠬᠦ ᠶᠢ ᠲᠤᠭᠳᠠᠭᠠᠨ᠎ᠠ︔ | ︵ᠲᠠᠪᠤ︶ ᠪᠤᠰᠤᠳ ᠡᠳᠦᠷ ᠲᠤᠳᠤᠮ ᠤᠨ ᠠᠵᠢᠯ ᠢ ᠰᠢᠢᠳᠪᠦᠷᠢᠯᠡᠨ᠎ᠡ᠃ | ᠬᠤᠷᠢᠨ ᠨᠠᠢᠮᠠᠳᠤᠭᠠᠷ ᠵᠤᠷᠪᠤᠰ ᠲᠤᠰ ᠨᠡᠶᠢᠬᠡᠮᠯᠢᠭ ᠤᠨ ᠬᠤᠪᠢᠶᠠᠷᠢ ᠪᠠᠶᠢᠭᠤᠯᠤᠮᠵᠢ ᠶᠢ ᠪᠠᠶᠢᠭᠤᠯᠤᠨ᠂ | ᠬᠤᠪᠢᠶᠠᠷᠢ ᠪᠠᠶᠢᠭᠤᠯᠤᠮᠵᠢ ᠶᠢᠨ ᠲᠦᠷᠢᠮ ᠲᠤᠭᠳᠠᠭᠠᠯ ᠡᠮᠬᠢ ᠳᠠᠷᠠᠭᠠᠯᠠᠯ ᠢ ᠲᠤᠭᠳᠠᠭᠠᠨ᠎ᠠ︔ | ︵ᠨᠢᠬᠡ︶ ᠲᠤᠰ ᠨᠡᠶᠢᠬᠡᠮᠯᠢᠭ ᠤᠨ ᠲᠠᠷᠤᠭ᠎ᠠ ᠠᠴᠠ ᠬᠤᠪᠢᠶᠠᠷᠢ ᠪᠠᠶᠢᠭᠤᠯᠤᠮᠵᠢ ᠶᠢᠨ ᠪᠤᠳᠠᠳᠠᠢ ᠲᠦᠰᠦᠪ ᠢ | ᠲᠤᠷᠠᠳᠤᠨ ᠭᠠᠷᠭᠠᠨ᠎ᠠ︔ | ︵ᠬᠤᠶᠠᠷ︶ ᠪᠤᠳᠠᠳᠠᠢ ᠲᠦᠰᠦᠪ ᠢᠶᠠᠨ ᠬᠡᠷᠡᠭ ᠮᠡᠳᠡᠭᠴᠢ ᠶᠢᠨ ᠵᠦᠪᠯᠡᠯ ᠳᠤ ᠲᠤᠰᠢᠶᠠᠨ ᠵᠦᠪᠯᠡᠨ | ᠲᠤᠭᠳᠠᠭᠠᠨ᠎ᠠ︔ | ︵ᠭᠤᠷᠪᠠ︶ ᠲᠤᠭᠳᠠᠭᠠᠭᠳᠠᠭᠰᠠᠨ ᠪᠤᠳᠠᠳᠠᠢ ᠲᠦᠰᠦᠪ ᠢᠶᠠᠨ ᠨᠡᠶᠢᠬᠡᠮᠯᠢᠭ ᠤᠨ ᠳᠠᠩᠰᠠᠯᠠᠯᠳᠠ ᠬᠠᠮᠢᠶᠠᠷᠤᠯᠳᠠ | ᠶᠢᠨ ᠪᠠᠶᠢᠭᠤᠯᠭ᠎ᠠ ᠢᠶᠠᠷ ᠬᠢᠨᠠᠨ ᠵᠦᠪᠰᠢᠶᠡᠷᠡᠬᠦᠯᠦᠨ᠎ᠡ︔ | ᠬᠤᠷᠢᠨ ᠶᠢᠰᠦᠳᠦᠬᠡᠷ ᠵᠤᠷᠪᠤᠰ ᠬᠤᠪᠢᠶᠠᠷᠢ ᠪᠠᠶᠢᠭᠤᠯᠤᠮᠵᠢ ᠶᠢᠨ ᠬᠠᠷᠢᠭᠤᠴᠠᠬᠤ ᠬᠦᠮᠦᠨ᠄ | ︵ᠨᠢᠬᠡ︶ ᠬᠡᠰᠢᠬᠦᠳ ᠤᠨ ᠲᠦᠯᠦᠬᠡᠯᠡᠭᠴᠢᠳ ᠨᠢ ᠶᠡᠭᠡ ᠬᠤᠷᠠᠯ ᠢᠶᠠᠷ ᠳᠠᠮᠵᠢᠵᠤ ᠰᠤᠩᠭᠤᠭᠳᠠᠨᠠ︔ | ︵ᠬᠤᠶᠠᠷ︶ ᠬᠤᠭᠤᠴᠠᠭ᠎ᠠ ᠪᠦᠷᠢ ᠶᠢᠨ ᠲᠤᠰᠢᠶᠠᠯ ᠡᠬᠦᠷᠬᠡᠯᠡᠬᠦ ᠬᠤᠭᠤᠴᠠᠭ᠎ᠠ ᠶᠢ ᠬᠡᠰᠢᠬᠦᠳ ᠤᠨ ᠶᠡᠭᠡ | ᠬᠤᠷᠠᠯ ᠤᠨ ᠵᠢᠯ ᠤᠨ ᠲᠤᠭ᠎ᠠ ᠲᠠᠢ ᠠᠳᠠᠯᠢ ᠪᠠᠶᠢᠯᠭᠠᠵᠤ᠂ ᠦᠷᠬᠦᠯᠵᠢᠯᠡᠨ ᠰᠤᠩᠭᠤᠵᠤ ᠦᠷᠬᠦᠯᠵᠢᠯᠡᠨ ᠲᠤᠰᠢᠶᠠᠯ | ᠡᠬᠦᠷᠬᠡᠯᠡᠵᠦ ᠪᠤᠯᠤᠨ᠎ᠠ︔ | ᠭᠤᠴᠢᠳᠤᠭᠠᠷ ᠵᠤᠷᠪᠤᠰ ᠬᠤᠪᠢᠶᠠᠷᠢ ᠪᠠᠶᠢᠭᠤᠯᠤᠮᠵᠢ ᠶᠢᠨ ᠬᠠᠷᠢᠭᠤᠴᠠᠬᠤ ᠬᠦᠮᠦᠨ ᠤ ᠡᠬᠦᠷᠬᠡ ᠲᠤᠰᠢᠶᠠᠯ᠄ | ︵ᠨᠢᠬᠡ︶ ᠭᠠᠵᠠᠷ ᠤᠷᠤᠨ ᠤ ᠪᠠᠨ ᠡᠳᠦᠷ ᠲᠤᠳᠤᠮ ᠤᠨ ᠠᠵᠢᠯ ᠢᠶᠠᠨ ᠬᠠᠷᠢᠭᠤᠴᠠᠨ᠎ᠠ︔ | ︵ᠬᠤᠶᠠᠷ︶ ᠬᠤᠪᠢᠶᠠᠷᠢ ᠪᠠᠶᠢᠭᠤᠯᠤᠮᠵᠢ ᠪᠠᠨ ᠤᠳᠤᠷᠢᠳᠤᠨ ᠠᠵᠢᠯ ᠢᠶᠠᠨ ᠦᠷᠨᠢᠬᠦᠯᠦᠨ᠎ᠡ︔ | ︵ᠭᠤᠷᠪᠠ︶ ᠭᠠᠵᠠᠷ ᠤᠷᠤᠨ ᠤ ᠪᠠᠨ ᠬᠡᠰᠢᠬᠦᠳ ᠡᠯᠰᠡᠬᠦ ᠠᠵᠢᠯ ᠢ ᠬᠠᠷᠢᠭᠤᠴᠠᠨ᠎ᠠ︔ | ︵ᠲᠦᠷᠪᠡ︶ ᠬᠡᠰᠢᠬᠦᠳ ᠤᠨ ᠬᠦᠳᠡᠯᠬᠡᠬᠡᠨ ᠢ ᠵᠤᠬᠢᠶᠠᠨ ᠪᠠᠶᠢᠭᠤᠯᠵᠤ᠂ ᠬᠠᠮᠢᠶ᠎ᠠ ᠪᠦᠬᠦᠢ ᠮᠠᠲ᠋ᠧᠷᠢᠶᠠᠯ ᠢ | ᠴᠤᠭᠯᠠᠭᠤᠯᠤᠨ᠎ᠠ︔ | ︵ᠲᠠᠪᠤ︶ ᠶᠡᠷᠦᠩᠬᠡᠢ ᠪᠠᠶᠢᠭᠤᠯᠤᠮᠵᠢ ᠶᠢᠨ ᠨᠡᠶᠢᠬᠡᠮᠯᠢᠭ ᠤᠨ ᠲᠠᠷᠤᠭ᠎ᠠ ᠪᠤᠯᠤᠨ ᠨᠠᠷᠢᠨ ᠪᠢᠴᠢᠭ ᠤᠨ ᠲᠠᠷᠤᠭ᠎ᠠ | ᠳᠤ ᠬᠠᠷᠢᠭᠤᠴᠠᠨ᠎ᠠ︔ | ᠲᠠᠪᠤᠳᠤᠭᠠᠷ ᠪᠦᠯᠦᠭ ᠡᠳ᠋ ᠬᠦᠷᠦᠩᠬᠡ ᠶᠢ ᠬᠠᠮᠢᠶᠠᠷᠴᠤ ᠬᠡᠷᠡᠭᠯᠡᠬᠦ ᠲᠦᠷᠢᠮ ᠭᠤᠴᠢᠨ ᠨᠢᠬᠡᠳᠦᠬᠡᠷ ᠵᠤᠷᠪᠤᠰ | ᠲᠤᠰ ᠨᠡᠶᠢᠬᠡᠮᠯᠢᠭ ᠤᠨ ᠵᠠᠷᠤᠳᠠᠯ ᠤᠨ ᠢᠷᠡᠯᠳᠡ᠄ | ︵ᠨᠢᠬᠡ︶ ᠨᠡᠶᠢᠬᠡᠮᠯᠢᠭ ᠤᠨ ᠰᠦᠢᠳᠬᠡᠯ︔ | ︵ᠬᠤᠶᠠᠷ︶ ᠲᠤᠰᠠᠯᠠᠮᠵᠢ︔ | ︵ᠭᠤᠷᠪᠠ︶ ᠵᠠᠰᠠᠭ ᠤᠨ ᠤᠷᠳᠤᠨ ᠤ ᠪᠡᠯᠡ ᠮᠦᠩᠬᠦᠨ ᠤ ᠲᠡᠮᠵᠢᠯᠬᠡ︔ | ︵ᠲᠦᠷᠪᠡ︶ ᠬᠠᠷᠭᠤᠭᠤᠯᠤᠨ ᠲᠤᠭᠳᠠᠭᠠᠭᠰᠠᠨ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶᠡᠨ ᠳᠡᠭᠡᠨ | ᠠᠵᠢᠯᠯᠠᠭ᠎ᠠ ᠦᠷᠨᠢᠬᠦᠯᠦᠭᠰᠡᠨ ᠤᠷᠤᠯᠭ᠎ᠠ︔ | ︵ᠲᠠᠪᠤ︶ ᠬᠦᠦ ᠮᠦᠩᠬᠦ︔ | ︵ᠵᠢᠷᠭᠤᠭ᠎ᠠ︶ ᠪᠤᠰᠤᠳ ᠬᠠᠤᠯᠢ ᠶᠤᠰᠤᠨ ᠤ ᠤᠷᠤᠯᠭ᠎ᠠ᠃ | ᠭᠤᠴᠢᠨ ᠬᠤᠶᠠᠳᠤᠭᠠᠷ ᠵᠤᠷᠪᠤᠰ ᠲᠤᠰ ᠨᠡᠶᠢᠬᠡᠮᠯᠢᠭ ᠨᠢ ᠤᠯᠤᠰ ᠤᠨ ᠬᠠᠮᠢᠶ᠎ᠠ ᠪᠦᠬᠦᠢ ᠲᠦᠷᠢᠮ ᠲᠤᠭᠳᠠᠭᠠᠯ | ᠶᠤᠰᠤᠭᠠᠷ ᠨᠡᠶᠢᠬᠡᠮᠯᠢᠭ ᠤᠨ ᠰᠦᠢᠳᠬᠡᠯ ᠬᠤᠷᠢᠶᠠᠨ᠎ᠠ᠃ | ᠭᠤᠴᠢᠨ ᠭᠤᠷᠪᠠᠳᠤᠭᠠᠷ ᠵᠤᠷᠪᠤᠰ ᠲᠤᠰ ᠨᠡᠶᠢᠬᠡᠮᠯᠢᠭ ᠤᠨ ᠵᠠᠷᠤᠯᠭ᠎ᠠ ᠶᠢ ᠡᠷᠬᠡᠪᠰᠢ ᠲᠤᠰ ᠲᠦᠷᠢᠮ ᠳᠤ | ᠲᠤᠭᠳᠠᠭᠠᠭᠰᠠᠨ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠤᠯᠤᠨ ᠠᠵᠢᠯ ᠤᠶᠢᠯᠡᠰ ᠤᠨ ᠬᠦᠭᠵᠢᠯᠳᠡ ᠳᠤ | ᠵᠠᠷᠤᠴᠠᠭᠤᠯᠵᠤ᠂ ᠭᠡᠰᠢᠬᠦᠳ ᠤᠨ ᠲᠤᠮᠳᠠ ᠪᠠᠨ ᠬᠤᠪᠢᠶᠠᠷᠢᠯᠠᠵᠤ ᠪᠤᠯᠬᠤ ᠦᠬᠡᠢ᠃ | ᠭᠤᠴᠢᠨ ᠲᠦᠷᠪᠡᠳᠦᠬᠡᠷ ᠵᠤᠷᠪᠤᠰ ᠲᠤᠰ ᠨᠡᠶᠢᠬᠡᠮᠯᠢᠭ ᠬᠠᠳᠠᠭᠤ ᠴᠢᠩᠭ᠎ᠠ ᠡᠳ᠋ ᠤᠨ ᠶᠠᠪᠤᠳᠠᠯ ᠤᠨ | ᠬᠠᠮᠢᠶᠠᠷᠤᠯᠳᠠ ᠶᠢᠨ ᠲᠦᠷᠢᠮ ᠢ ᠪᠠᠶᠢᠭᠤᠯᠵᠤ᠂ ᠨᠢᠭᠳᠠᠯᠠᠨ ᠪᠤᠳᠤᠭᠴᠢ ᠶᠢᠨ ᠮᠠᠲ᠋ᠧᠷᠢᠶᠠᠯ ᠨᠢ ᠬᠠᠤᠯᠢ ᠳᠤ ᠨᠡᠶᠢᠴᠡᠭᠰᠡᠨ | ᠂ ᠦᠨᠡᠨ ᠪᠤᠳᠠᠳᠠᠢ᠂ ᠤᠨᠤᠪᠴᠢᠳᠠᠢ᠂ ᠪᠦᠷᠢᠨ ᠪᠦᠳᠦᠨ ᠪᠠᠶᠢᠬᠤ ᠶᠢ ᠪᠠᠳᠤᠯᠠᠨ᠎ᠠ᠃ | ᠭᠤᠴᠢᠨ ᠲᠠᠪᠤᠳᠤᠭᠠᠷ ᠵᠤᠷᠪᠤᠰ ᠲᠤᠰ ᠨᠡᠶᠢᠬᠡᠮᠯᠢᠭ ᠳᠤ ᠨᠢᠭᠳᠠᠯᠠᠨ ᠪᠤᠳᠤᠭᠴᠢ ᠲᠤᠮᠢᠯᠠᠨ᠎ᠠ᠃ | ᠨᠢᠭᠳᠠᠯᠠᠨ ᠪᠤᠳᠤᠭᠴᠢ ᠨᠢ ᠵᠤᠭᠤᠰ ᠪᠠᠷᠢᠭᠴᠢ ᠶᠢᠨ ᠠᠵᠢᠯ ᠢ ᠬᠢᠵᠦ ᠪᠤᠯᠬᠤ ᠦᠬᠡᠢ᠃ | ᠨᠢᠭᠳᠠᠯᠠᠨ ᠪᠤᠳᠤᠭᠴᠢ ᠡᠷᠬᠡᠪᠰᠢ ᠬᠠᠷᠭᠤᠭᠤᠯᠤᠨ ᠨᠢᠭᠳᠠᠯᠠᠨ ᠪᠤᠳᠤᠵᠤ᠂ ᠨᠢᠭᠳᠠᠯᠠᠨ ᠪᠤᠳᠤᠭᠴᠢ ᠶᠢᠨ ᠬᠢᠨᠡᠨ | ᠬᠠᠮᠢᠶᠠᠷᠤᠯᠳᠠ ᠶᠢ ᠬᠡᠷᠡᠭᠵᠢᠬᠦᠯᠦᠨ᠎ᠡ᠃ | ᠨᠢᠭᠳᠠᠯᠠᠨ ᠪᠤᠳᠤᠭᠴᠢ ᠠᠵᠢᠯ ᠰᠢᠯᠵᠢᠬᠦ ᠪᠤᠶᠤ ᠠᠵᠢᠯ ᠠᠴᠠ ᠪᠠᠨ ᠰᠠᠯᠬᠤ ᠦᠶᠡᠰ᠂ ᠡᠷᠬᠡᠪᠰᠢ ᠠᠵᠢᠯ | ᠬᠦᠯᠢᠶᠡᠭᠰᠡᠨ ᠬᠦᠮᠦᠨ ᠲᠠᠢ ᠭᠠᠷ ᠬᠦᠢᠴᠡᠳᠭᠡᠯ ᠬᠢᠨ᠎ᠡ᠃ | ᠭᠤᠴᠢᠨ ᠵᠢᠷᠭᠤᠳᠤᠭᠠᠷ ᠵᠤᠷᠪᠤᠰ ᠲᠤᠰ ᠨᠡᠶᠢᠬᠡᠮᠯᠢᠭ ᠤᠨ ᠡᠳ᠋ ᠬᠦᠷᠦᠩᠬᠡ ᠶᠢᠨ ᠬᠠᠮᠢᠶᠠᠷᠤᠯᠳᠠ ᠶᠢ ᠡᠷᠬᠡᠪᠰᠢ | ᠤᠯᠤᠰ ᠠᠴᠠ ᠲᠤᠭᠳᠠᠭᠠᠭᠰᠠᠨ ᠡᠳ᠋ ᠤᠨ ᠶᠠᠪᠤᠳᠠᠯ ᠤᠨ ᠬᠠᠮᠢᠶᠠᠷᠤᠯᠳᠠ ᠤᠨ ᠲᠦᠷᠢᠮ ᠶᠤᠰᠤᠭᠠᠷ ᠶᠠᠪᠤᠭᠳᠠᠭᠤᠯᠵᠤ᠂ | ᠬᠡᠰᠢᠬᠦᠳ ᠤᠨ ᠲᠦᠯᠦᠬᠡᠯᠡᠭᠴᠢᠳ ᠤᠨ ᠶᠡᠭᠡ ᠬᠤᠷᠠᠯ ᠪᠤᠯᠤᠨ ᠡᠳ᠋ ᠤᠨ ᠶᠠᠪᠤᠳᠠᠯ ᠤᠨ ᠪᠠᠶᠢᠭᠤᠯᠭ᠎ᠠ ᠶᠢᠨ ᠬᠢᠨᠠᠯᠳᠠ | ᠶᠢ ᠬᠦᠯᠢᠶᠡᠨ᠎ᠡ᠃ | ᠡᠳ᠋ ᠬᠦᠷᠦᠩᠬᠡ ᠶᠢᠨ ᠢᠷᠡᠯᠳᠡ ᠨᠢ ᠤᠯᠤᠰ ᠠᠴᠠ ᠪᠠᠭᠤᠯᠭᠠᠭᠰᠠᠨ ᠪᠤᠶᠤ ᠨᠡᠶᠢᠬᠡᠮ ᠠᠴᠠ ᠲᠤᠰᠠᠯᠠᠭᠰᠠᠨ | ᠪᠠᠶᠢᠪᠠᠯ᠂ ᠡᠷᠬᠡᠪᠰᠢ ᠬᠢᠨᠠᠯᠳᠠ ᠲᠠᠯᠪᠢᠬᠤ ᠪᠠᠶᠢᠭᠤᠯᠭ᠎ᠠ ᠶᠢᠨ ᠬᠢᠨᠡᠯᠳᠡ ᠶᠢ ᠬᠦᠯᠢᠶᠡᠬᠦ ᠶᠢᠨ ᠬᠠᠮᠳᠤ ᠬᠠᠮᠢᠶ᠎ᠠ ᠪᠦᠬᠦᠢ | ᠪᠠᠶᠢᠳᠠᠯ ᠢᠶᠠᠨ ᠨᠡᠶᠢᠬᠡᠮ ᠳᠤ ᠮᠡᠳᠡᠬᠦᠯᠦᠨ᠎ᠡ᠃ | ᠭᠤᠴᠢᠨ ᠲᠤᠯᠤᠳᠤᠭᠠᠷ ᠵᠤᠷᠪᠤᠰ ᠲᠤᠰ ᠨᠡᠶᠢᠬᠡᠮᠯᠢᠭ ᠬᠤᠭᠤᠴᠠᠭ᠎ᠠ ᠰᠤᠯᠢᠬᠤ ᠡᠰᠡᠬᠦᠯ᠎ᠡ ᠬᠠᠤᠯᠢ ᠶᠢᠨ | ᠲᠦᠯᠦᠭᠡᠨ ᠤ ᠬᠦᠮᠦᠨ ᠢᠶᠠᠨ ᠰᠤᠯᠢᠬᠤ ᠠᠴᠠ ᠡᠮᠦᠨ᠎ᠡ ᠡᠷᠬᠡᠪᠰᠢ ᠨᠡᠶᠢᠬᠡᠮ ᠤᠨ ᠨᠡᠶᠢᠬᠡᠮᠯᠢᠭ ᠲᠠᠩᠰᠠᠯᠠᠬᠤ ᠪᠠᠶᠢᠭᠤᠯᠭ᠎ᠠ | ᠪᠤᠯᠤᠨ ᠠᠵᠢᠯ ᠲᠦᠷᠦᠯ ᠤᠨ ᠭᠤᠤᠯ ᠬᠠᠮᠢᠶᠠᠷᠬᠤ ᠨᠢᠬᠡᠴᠡ ᠠᠴᠠ ᠵᠤᠬᠢᠶᠠᠨ ᠪᠠᠶᠢᠭᠤᠯᠤᠭᠰᠠᠨ ᠡᠳ᠋ ᠤᠨ ᠶᠠᠪᠤᠳᠠᠯ ᠤᠨ | ᠬᠢᠨᠠᠨ ᠪᠤᠳᠤᠯᠳᠠ ᠶᠢ ᠬᠦᠯᠢᠶᠡᠬᠦ ᠬᠡᠷᠡᠭᠳᠡᠢ᠃ | ᠭᠤᠴᠢᠨ ᠨᠠᠢᠮᠠᠳᠤᠭᠠᠷ ᠵᠤᠷᠪᠤᠰ ᠲᠤᠰ ᠨᠡᠶᠢᠬᠡᠮᠯᠢᠭ ᠤᠨ ᠡᠳ᠋ ᠬᠦᠷᠦᠩᠬᠡ ᠶᠢ ᠶᠠᠮᠠᠷ ᠨᠢᠬᠡᠨ ᠪᠠᠶᠢᠭᠤᠯᠭ᠎ᠠ | ᠨᠢᠬᠡᠴᠡ᠂ ᠬᠤᠪᠢ ᠬᠦᠮᠦᠨ ᠡᠵᠡᠯᠡᠵᠦ᠂ ᠬᠤᠪᠢᠶᠠᠬᠤ ᠪᠤᠶᠤ ᠰᠢᠯᠵᠢᠬᠦᠯᠦᠨ ᠵᠠᠷᠤᠴᠠᠭᠤᠯᠵᠤ ᠪᠤᠯᠬᠤ ᠦᠬᠡᠢ᠃ | ᠭᠤᠴᠢᠨ ᠶᠢᠰᠦᠳᠦᠬᠡᠷ ᠵᠤᠷᠪᠤᠰ ᠲᠤᠰ ᠨᠡᠶᠢᠬᠡᠮᠯᠢᠭ ᠤᠨ ᠲᠤᠰᠬᠠᠢ ᠠᠵᠢᠯᠳᠠᠨ ᠤ ᠴᠠᠯᠢᠩ᠂ ᠲᠠᠭᠠᠳᠬᠠᠯ᠂ | ᠲᠠᠳᠬᠦᠮᠵᠢ ᠤᠯᠭᠤᠮᠵᠢ ᠶᠢ ᠤᠯᠤᠰ ᠤᠨ ᠠᠵᠢᠯ ᠤᠶᠢᠯᠡᠰ ᠤᠨ ᠪᠠᠶᠢᠭᠤᠯᠭ᠎ᠠ ᠨᠢᠬᠡᠴᠡ ᠶᠢᠨ ᠲᠦᠷᠢᠮ ᠶᠤᠰᠤᠭᠠᠷ | ᠤᠯᠭᠤᠨ᠎ᠠ᠃ | ᠵᠢᠷᠭᠤᠳᠤᠭᠠᠷ ᠪᠦᠯᠦᠭ ᠲᠦᠷᠢᠮ ᠳᠤ ᠵᠠᠰᠠᠪᠤᠷᠢ ᠤᠷᠤᠭᠤᠯᠬᠤ ᠠᠯᠬᠤᠮ ᠲᠠᠷᠠᠭ᠎ᠠ ᠲᠦᠴᠢᠳᠦᠬᠡᠷ ᠵᠤᠷᠪᠤᠰ | ᠲᠤᠰ ᠨᠡᠶᠢᠬᠡᠮᠯᠢᠭ ᠤᠨ ᠲᠦᠷᠢᠮ ᠳᠤ ᠵᠠᠰᠠᠪᠤᠷᠢ ᠤᠷᠤᠭᠤᠯᠬᠤ ᠳᠤ᠂ ᠬᠡᠷᠡᠭ ᠮᠡᠳᠡᠭᠴᠢ ᠶᠢᠨ ᠬᠤᠷᠠᠯ ᠢᠶᠠᠷ | ᠵᠦᠪᠰᠢᠶᠡᠷᠡᠬᠦᠯᠦᠭᠰᠡᠨ ᠤ ᠲᠠᠷᠠᠭ᠎ᠠ ᠬᠡᠰᠢᠬᠦᠳ ᠤᠨ ᠲᠦᠯᠦᠬᠡᠯᠡᠭᠴᠢᠳ ᠤᠨ ᠶᠡᠭᠡ ᠬᠤᠷᠠᠯ ᠳᠤ ᠮᠡᠳᠡᠬᠦᠯᠦᠨ ᠬᠢᠨᠠᠨ | ᠵᠦᠪᠰᠢᠶᠡᠷᠡᠬᠦᠯᠦᠨ᠎ᠡ᠃ | ᠲᠦᠴᠢᠨ ᠨᠢᠬᠡᠳᠦᠬᠡᠷ ᠵᠤᠷᠪᠤᠰ ᠲᠤᠰ ᠨᠡᠶᠢᠬᠡᠮᠯᠢᠭ ᠵᠠᠰᠠᠪᠤᠷᠢ ᠤᠷᠤᠭᠤᠯᠤᠭᠰᠠᠨ ᠲᠦᠷᠢᠮ ᠢᠶᠠᠨ ᠬᠡᠰᠢᠬᠦᠳ | ᠤᠨ ᠲᠦᠯᠦᠬᠡᠯᠡᠭᠴᠢᠳ ᠤᠨ ᠶᠡᠭᠡ ᠬᠤᠷᠠᠯ ᠢᠶᠠᠷ ᠲᠠᠮᠵᠢᠭᠰᠠᠨ ᠤ 15 ᠡᠳᠦᠷ ᠤᠨ ᠲᠤᠳᠤᠷ᠎ᠠ᠂ ᠠᠵᠢᠯ ᠲᠦᠷᠦᠯ ᠤᠨ | ᠭᠤᠤᠯ ᠬᠠᠮᠢᠶᠠᠷᠬᠤ ᠪᠠᠶᠢᠭᠤᠯᠭ᠎ᠠ ᠨᠢᠬᠡᠴᠡ ᠪᠠᠷ ᠬᠢᠨᠡᠨ ᠵᠦᠪᠰᠢᠶᠡᠷᠡᠬᠦᠯᠵᠦ᠂ ᠨᠡᠶᠢᠬᠡᠮᠯᠢᠭ ᠲᠠᠩᠰᠠᠯᠠᠵᠤ ᠬᠠᠮᠢᠶᠠᠷᠬᠤ | ᠠᠯᠪᠠᠨ ᠪᠠᠶᠢᠭᠤᠯᠭ᠎ᠠ ᠠᠴᠠ ᠬᠠᠷᠭᠤᠭᠤᠯᠤᠰᠠᠨ ᠤ ᠲᠠᠷᠠᠭ᠎ᠠ ᠬᠦᠴᠦᠨ ᠲᠠᠢ ᠪᠤᠯᠤᠨ᠎ᠠ᠃ | ᠲᠤᠯᠤᠳᠤᠭᠠᠷ ᠪᠦᠯᠦᠭ ᠵᠤᠭᠰᠤᠭᠠᠬᠤ ᠠᠯᠬᠤᠮ ᠲᠠᠷᠠᠭ᠎ᠠ ᠵᠢᠴᠢ ᠵᠤᠭᠰᠤᠭᠠᠭᠰᠠᠨ ᠤ ᠲᠠᠷᠠᠭᠠᠬᠢ ᠡᠳ᠋ | ᠬᠦᠷᠦᠩᠭᠡ ᠶᠢ ᠰᠢᠢᠳᠪᠦᠷᠢᠯᠡᠬᠦ ᠲᠤᠬᠠᠢ ᠲᠦᠴᠢᠨ ᠬᠤᠶᠠᠳᠤᠭᠠᠷ ᠵᠤᠷᠪᠤᠰ ᠲᠤᠰ ᠨᠡᠶᠢᠬᠡᠮᠯᠢᠭ ᠵᠤᠷᠢᠯᠳᠠ ᠪᠠᠨ | ᠪᠡᠶᠡᠯᠡᠬᠦᠯᠬᠦ ᠪᠤᠶᠤ ᠦᠪᠡᠷᠳᠡᠬᠡᠨ ᠲᠠᠷᠬᠠᠬᠤ᠂ ᠨᠡᠶᠢᠯᠡᠬᠦ ᠵᠡᠷᠬᠡ ᠰᠢᠯᠳᠠᠭᠠᠨ ᠢᠶᠠᠷ ᠲᠠᠩᠰᠠᠨ ᠠᠴᠠ ᠭᠠᠷᠬᠤ ᠦᠶᠡᠰ | ᠪᠠᠶᠢᠩᠭᠤ ᠬᠡᠷᠡᠭ ᠮᠡᠳᠡᠭᠴᠢ ᠶᠢᠨ ᠬᠤᠷᠠᠯ ᠤᠨ ᠬᠦᠳᠡᠯᠬᠡᠬᠡᠨᠳᠦ ᠵᠦᠪᠯᠡᠯᠬᠡ ᠪᠠᠨ ᠵᠤᠭᠰᠤᠭᠠᠨ᠎ᠠ᠃ | ᠲᠦᠴᠢᠨ ᠭᠤᠷᠪᠠᠳᠤᠭᠠᠷ ᠵᠤᠷᠪᠤᠰ ᠳᠤᠰ ᠨᠡᠶᠢᠬᠡᠮᠯᠢᠭ ᠢ ᠵᠣᠭᠰᠤᠭᠠᠬᠤ ᠰᠠᠨᠠᠭᠠᠴᠢᠯᠠᠭ᠎ᠠ ᠶᠢ ᠡᠷᠬᠡᠪᠰᠢ | ᠬᠡᠰᠢᠬᠦᠳ ᠤᠨ ᠶᠡᠭᠡ ᠬᠤᠷᠠᠯ ︵ᠪᠤᠶᠤ ᠬᠡᠰᠢᠬᠦᠳ ᠤᠨ ᠳᠦᠯᠦᠬᠡᠯᠡᠭᠴᠢᠳ ᠤᠨ ᠶᠡᠭᠡ ᠬᠤᠷᠠᠯ︶ ᠢᠶᠠᠷ ᠳᠠᠮᠵᠢᠨ | ᠪᠠᠳᠤᠯᠠᠭᠤᠯᠬᠤ ᠶᠢᠨ ᠬᠠᠮᠳᠤ᠂ ᠳᠤᠬᠠᠶᠢᠯᠠᠭᠰᠠᠨ ᠠᠵᠢᠯ ᠤᠨ ᠬᠠᠮᠢᠶᠠᠷᠬᠤ ᠪᠠᠶᠢᠭᠤᠯᠭ᠎ᠠ ᠳᠤ ᠮᠡᠳᠡᠬᠦᠯᠵᠤ ᠬᠢᠨᠡᠨ | ᠵᠦᠪᠰᠢᠶᠡᠷᠡᠬᠦᠯᠦᠨ᠎ᠡ᠃ | ᠲᠦᠴᠢᠨ ᠲᠦᠷᠪᠡᠳᠦᠬᠡᠷ ᠵᠤᠷᠪᠤᠰ ᠠᠵᠢᠯ ᠲᠦᠷᠦᠯ ᠤᠨ ᠭᠤᠤᠯ ᠬᠠᠮᠢᠶᠠᠷᠬᠤ ᠪᠠᠶᠢᠭᠤᠯᠭ᠎ᠠ ᠵᠢᠴᠢ ᠬᠠᠮᠢᠶ᠎ᠠ | ᠪᠦᠬᠦᠢ ᠪᠠᠶᠢᠭᠤᠯᠭ᠎ᠠ ᠶᠢᠨ ᠤᠳᠤᠷᠢᠳᠤᠯᠭ᠎ᠠ ᠲᠤᠤᠷ᠎ᠠ ᠳᠠᠰᠤᠯᠤᠨ ᠪᠤᠳᠤᠬᠤ ᠲᠤᠭᠤᠶᠢᠯᠠᠩ ᠪᠦᠷᠢᠯᠳᠦᠵᠦ᠂ ᠦᠭᠴᠡᠭᠡ | ᠠᠪᠴᠠᠭ᠎ᠠ ᠪᠠᠨ ᠳᠠᠰᠤᠯᠤᠨ ᠪᠤᠳᠤᠵᠤ᠂ ᠬᠤᠶᠢᠨᠡᠬᠢ ᠬᠡᠷᠡᠭ ᠤᠴᠢᠷ ᠢᠶᠠᠨ ᠰᠢᠢᠳᠪᠦᠷᠢᠯᠡᠨ᠎ᠡ᠃ | ᠳᠠᠰᠤᠯᠤᠨ ᠪᠤᠳᠤᠬᠤ ᠬᠤᠭᠤᠴᠠᠭᠠᠨ ᠳᠤ ᠳᠠᠰᠤᠯᠤᠨ ᠪᠤᠳᠤᠬᠤ ᠠᠴᠠ ᠦᠭᠡᠷ᠎ᠡ ᠠᠵᠢᠯᠯᠠᠭ᠎ᠠ ᠦᠷᠨᠢᠬᠦᠯᠵᠦ | ᠪᠤᠯᠬᠤ ᠦᠬᠡᠢ᠃ | ᠲᠦᠴᠢᠨ ᠲᠠᠪᠤᠳᠤᠭᠠᠷ ᠵᠤᠷᠪᠤᠰ ᠨᠡᠶᠢᠬᠡᠮᠯᠢᠭ ᠲᠠᠩᠰᠠᠯᠠᠵᠤ ᠬᠠᠮᠢᠶᠠᠷᠬᠤ ᠪᠠᠶᠢᠭᠤᠯᠭ᠎ᠠ ᠠᠴᠠ ᠲᠤᠰ ᠨᠡᠶᠢᠬᠡᠮᠯᠢᠭ | ᠤᠨ ᠲᠠᠩᠰᠠᠨ ᠠᠴᠠ ᠭᠠᠷᠬᠤ ᠭᠠᠷ ᠬᠦᠢᠴᠡᠳᠬᠡᠯ ᠢ ᠬᠢᠭᠰᠡᠨ ᠤ ᠰᠡᠬᠦᠯᠡᠷ ᠵᠤᠭᠰᠤᠭᠠᠭᠰᠠᠨ ᠢᠶᠠᠷ ᠲᠤᠭᠠᠴᠠᠨ᠎ᠠ᠃ | ᠲᠦᠴᠢᠨ ᠵᠢᠷᠭᠤᠳᠤᠭᠠᠷ ᠵᠤᠷᠪᠤᠰ ᠲᠤᠰ ᠨᠡᠶᠢᠬᠡᠮᠯᠢᠭ ᠢ ᠵᠤᠭᠰᠤᠭᠠᠭᠰᠠᠨ ᠤ ᠲᠠᠷᠠᠭᠠᠬᠢ ᠦᠯᠡᠳᠡᠭᠰᠡᠨ ᠡᠳ᠋ | ᠬᠦᠷᠦᠩᠬᠡ ᠪᠠᠨ ᠡᠷᠬᠡᠪᠰᠢ ᠲᠤᠬᠠᠶᠢᠯᠠᠭᠰᠠᠨ ᠠᠵᠢᠯ ᠤᠨ ᠪᠠᠶᠢᠭᠤᠯᠭ᠎ᠠ ᠪᠤᠯᠤᠨ ᠨᠡᠶᠢᠬᠡᠮ ᠤᠨ ᠪᠦᠯᠬᠦᠮ ᠲᠠᠩᠰᠠᠯᠠᠵᠤ | ᠬᠠᠮᠢᠶᠠᠷᠬᠤ ᠪᠠᠶᠢᠭᠤᠯᠭ᠎ᠠ ᠶᠢᠨ ᠬᠢᠨᠡᠯᠳᠡ ᠲᠤᠤᠷ᠎ᠠ᠂ ᠤᠯᠤᠰ ᠤᠨ ᠬᠠᠮᠢᠶ᠎ᠠ ᠪᠦᠬᠦᠢ ᠲᠦᠷᠢᠮ ᠲᠤᠭᠳᠠᠭᠠᠯ ᠶᠤᠰᠤᠭᠠᠷ᠂ | ᠨᠡᠶᠢᠬᠡᠮᠯᠢᠭ ᠤᠨ ᠵᠤᠷᠢᠯᠳᠠ ᠲᠠᠢ ᠬᠠᠮᠢᠶ᠎ᠠ ᠪᠦᠬᠦᠢ ᠠᠵᠢᠯ ᠤᠶᠢᠯᠡᠰ ᠤᠨ ᠬᠦᠭᠵᠢᠯᠳᠡ ᠳᠤ ᠬᠡᠷᠡᠭᠯᠡᠨ᠎ᠡ᠃ | ᠨᠠᠢᠮᠠᠳᠤᠭᠠᠷ ᠪᠦᠯᠦᠭ ᠲᠠᠭᠠᠯᠳᠠ ᠲᠦᠷᠢᠮ ᠲᠦᠴᠢᠨ ᠲᠤᠯᠤᠳᠤᠭᠠᠷ ᠵᠤᠷᠪᠤᠰ ᠲᠤᠰ ᠶᠡᠷᠦᠩᠬᠡᠢ ᠲᠦᠷᠢᠮ ᠤᠨ | ᠲᠠᠶᠢᠯᠪᠤᠷᠢᠯᠠᠬᠤ ᠡᠷᠬᠡ ᠨᠢ ᠲᠤᠰ ᠨᠡᠶᠢᠬᠡᠮᠯᠢᠭ ᠤᠨ ᠬᠡᠷᠡᠭ ᠮᠡᠳᠡᠭᠴᠢ ᠶᠢᠨ ᠬᠤᠷᠠᠯ ᠳᠤ ᠬᠠᠷᠢᠶᠠᠯᠠᠭᠳᠠᠨ᠎ᠠ᠃ | ᠲᠦᠴᠢᠨ ᠨᠠᠢᠮᠠᠳᠤᠭᠠᠷ ᠵᠤᠷᠪᠤᠰ ᠲᠤᠰ ᠶᠡᠷᠤᠩᠬᠡᠢ ᠲᠦᠷᠢᠮ ᠨᠢ ᠨᠡᠶᠢᠬᠡᠮᠯᠢᠭ ᠲᠠᠩᠰᠠᠯᠠᠵᠤ ᠬᠠᠮᠢᠶᠠᠷᠬᠤ | ᠪᠠᠶᠢᠭᠤᠯᠭ᠎ᠠ ᠬᠠᠷᠭᠤᠭᠤᠯᠤᠨ ᠲᠤᠭᠳᠠᠭᠠᠭᠰᠠᠨ ᠡᠳᠦᠷ ᠠᠴᠠ ᠡᠬᠢᠯᠡᠵᠤ ᠬᠦᠴᠦᠨ ᠲᠠᠢ ᠪᠤᠯᠤᠨ᠎ᠠ᠃ | ᠁ |