ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠴᠢᠬᠤᠯᠠ ᠶᠡᠭᠡ ᠠᠴᠢ ᠬᠤᠯᠪᠤᠭᠳᠠᠯ ᠢ ᠬᠦᠨᠵᠡᠭᠡᠢ ᠲᠠᠨᠢᠰᠤᠭᠠᠢ
ᠨᠡᠶᠢᠲᠡᠯᠡᠭᠰᠡᠨ ᠴᠠᠭ᠄
2018/12/13
ᠠᠮᠢ ᠠᠬᠤᠢ ᠶᠢᠨ ᠪᠤᠯᠪᠠᠰᠤᠨ ᠪᠤᠯ ᠬᠦᠮᠦᠨ ᠬᠢᠬᠡᠳ ᠪᠠᠶᠢᠭᠠᠯᠢ ᠶᠢᠨ ᠡᠶ᠎ᠡ ᠵᠤᠬᠢᠴᠠᠩᠭᠤᠢ ᠬᠦᠭᠵᠢᠯᠳᠠ ᠶᠢ ᠪᠡᠶᠡᠯᠡᠬᠦᠯᠬᠦ ᠵᠠᠶᠢᠯᠠᠰᠢ ᠦᠭᠡᠢ ᠱᠠᠭᠠᠷᠳᠠᠯᠭ᠎ᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠤᠯ ᠳᠤᠮᠳᠠᠳᠤ ᠶᠢᠨ ᠦᠨᠳᠦᠰᠦᠳᠡᠨ ᠤ ᠡᠬᠦᠷᠢᠳᠠ ᠶᠢᠨ ᠦᠷᠬᠦᠯᠵᠢᠯᠡᠬᠦ ᠬᠦᠭᠵᠢᠯᠳᠠ ᠳᠤ ᠬᠤᠯᠪᠤᠭᠳᠠᠬᠤ ᠦᠨᠳᠦᠰᠦᠨ ᠶᠡᠭᠡ ᠪᠤᠳᠤᠯᠭ᠎ᠠ ᠮᠦᠨ᠃ ᠪᠦᠬᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠳᠡᠭᠡᠷ᠎ᠠ᠂ ᠶᠡᠷᠦᠩᠭᠡᠢ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠦ᠂ ᠠᠷᠠᠳ ᠲᠦᠮᠡᠨ ᠤ ᠪᠤᠶᠠᠨ ᠵᠢᠷᠭᠠᠯ ᠪᠠ ᠦᠨᠳᠦᠰᠦᠳᠡᠨ ᠤ ᠠᠯᠤᠰ ᠢᠷᠡᠭᠡᠳᠦᠢ ᠶᠢᠨ ᠲᠤᠭᠤᠷᠢᠨ ᠳᠤ᠂ ᠨᠠᠮ ᠪᠤᠯᠤᠨ ᠤᠯᠤᠰ ᠤᠨ ᠠᠵᠢᠯ ᠦᠢᠯᠡᠰ ᠤᠨ ᠬᠦᠭᠵᠢᠯᠳᠠ ᠶᠢᠨ ᠪᠦᠬᠦ ᠲᠠᠯ᠎ᠠ ᠠᠴᠠ ᠭᠠᠷᠳᠠᠵᠦ᠂ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠮᠠᠨ ᠤ ᠤᠯᠤᠰ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠳᠤ ᠤᠯᠤᠬᠰᠠᠨ ᠲᠡᠦᠭᠡᠳᠦ ᠴᠢᠨᠠᠷᠳᠠᠢ ᠠᠮᠵᠢᠯᠳᠠ᠂ ᠡᠬᠦᠰᠦᠭᠰᠡᠨ ᠲᠡᠦᠭᠡᠳᠦ ᠴᠢᠨᠠᠷᠳᠠᠢ ᠬᠤᠪᠢᠰᠤᠯᠳᠠ ᠶᠢ ᠪᠦᠬᠦ ᠲᠠᠯ᠎ᠠ ᠪᠠᠷ ᠳ᠋ᠦᠩᠨᠡᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠤ ᠴᠢᠬᠤᠯᠠ ᠶᠡᠭᠡ ᠠᠴᠢ ᠬᠤᠯᠪᠤᠭᠳᠠᠯ ᠢ ᠬᠦᠨᠵᠡᠭᠡᠢ ᠳᠤᠳᠤᠷᠬᠠᠢᠢᠯᠠᠨ ᠦᠬᠦᠯᠡᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠬᠤ ᠳᠤ ᠡᠷᠭᠡᠪᠰᠢ ᠪᠠᠷᠢᠮᠳᠠᠯᠠᠬᠤ ᠴᠢᠬᠤᠯᠠ ᠵᠠᠷᠴᠢᠮ ᠢ ᠳᠤᠳᠤᠷᠬᠠᠢ ᠳᠤᠷᠠᠳᠴᠦ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠵᠤ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠳᠤ ᠪᠦᠬᠦ ᠲᠠᠯ᠎ᠠ ᠶᠢᠨ ᠪᠠᠶᠢᠷᠢᠯᠠᠭᠤᠯᠤᠯᠳᠠ ᠬᠢᠪᠠ᠃ ᠡᠨᠡ ᠪᠤᠯ ᠠᠮᠢ ᠠᠬᠤᠢ ᠶᠢᠨ ᠪᠤᠯᠪᠠᠰᠤᠨ ᠢ ᠪᠠᠶᠢᠭᠤᠯᠬᠤ᠂ ᠦᠵᠡᠰᠬᠦᠯᠡᠩᠳᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠦᠨᠳᠦᠰᠦᠨ ᠵᠢᠷᠤᠮᠯᠠᠯ ᠪᠠᠶᠢᠵᠤ᠂ ᠪᠦᠬᠦ ᠨᠠᠮ ᠪᠦᠬᠦ ᠤᠯᠤᠰ ᠪᠦᠬᠦ ᠨᠡᠶᠢᠭᠡᠮ ᠢ ᠲᠠᠶᠢᠴᠢᠯᠠᠨ ᠬᠠᠮᠳᠤᠪᠡᠷ ᠬᠦᠳᠡᠯᠦᠯᠴᠡᠵᠤ᠂ ᠮᠠᠨ ᠤ ᠤᠯᠤᠰ ᠤᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠰᠢᠨ᠎ᠠ ᠳᠡᠭᠳᠡᠷ ᠲᠤ ᠭᠠᠷᠬᠤ ᠶᠢ ᠠᠬᠢᠭᠤᠯᠬᠤ ᠳᠤ ᠴᠢᠬᠤᠯᠠ ᠶᠡᠭᠡ ᠪᠤᠳᠠᠳᠤ ᠠᠴᠢ ᠬᠤᠯᠪᠤᠬᠳᠠᠯ ᠪᠠ ᠬᠦᠨ ᠬᠦᠨᠵᠡᠭᠡᠢ ᠲᠡᠦᠭᠡᠳᠦ ᠠᠴᠢ ᠬᠤᠯᠪᠤᠭᠳᠠᠯ ᠲᠠᠢ ᠶᠤᠮ᠃ ᠠᠮᠢ ᠠᠬᠤᠢ ᠶᠢᠨ ᠪᠤᠯᠪᠠᠰᠤᠨ ᠤ ᠦᠵᠦ ᠲᠦᠯᠦᠪᠯᠡᠭᠡ ᠪᠤᠯᠤᠨ ᠳᠦᠷᠢᠮ ᠤᠨ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ ᠪᠤᠬᠢᠷᠳᠤᠯ ᠦᠭᠡᠢ ᠬᠦᠭᠵᠢᠯᠳᠡ ᠶᠢ ᠶᠡᠬᠡᠪᠡᠷ ᠠᠬᠢᠭᠤᠯᠵᠤ᠂ ᠠᠭᠠᠷ ᠮᠠᠨᠳᠠᠯ᠂ ᠤᠰᠤ᠂ ᠬᠦᠷᠦᠰᠤ ᠰᠢᠷᠤᠢ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠠᠵᠢᠯᠯᠠᠭᠠᠨ ᠤ ᠲᠦᠯᠦᠪᠯᠡᠭᠡ ᠶᠢ ᠭᠦᠨᠵᠡᠭᠡᠢ ᠬᠡᠷᠡᠭᠵᠢᠭᠦᠯᠬᠦ ᠬᠡᠷᠡᠭᠳᠠᠢ ᠁ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠭᠡᠳᠦᠯᠳᠠᠢ ᠲᠦᠯᠦᠪᠵᠢᠭᠦᠯᠦᠨ ᠠᠬᠢᠭᠤᠯᠬᠤ ᠪᠤᠯᠤᠨ ︽ᠳᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠩᠭᠤᠢ ᠠᠬᠢᠭᠤᠯᠬᠤ ᠶᠢᠨ ᠴᠢᠬᠤᠯᠠ ᠠᠭᠤᠯᠭ᠎ᠠ ᠪᠤᠯᠭᠠᠵᠤ᠂ ᠠᠯᠢ ᠤᠯᠠᠨ ᠦᠨᠳᠦᠰᠦᠨ ᠴᠢᠨᠠᠷᠳᠠᠢ᠂ ᠨᠡᠬᠡᠬᠡᠯᠳᠡᠳᠤ ᠴᠢᠨᠠᠷᠳᠠᠢ᠂ ᠠᠯᠤᠰ ᠬᠡᠳᠦ ᠶᠢᠨ ᠴᠢᠨᠠᠷᠳᠠᠢ ᠠᠵᠢᠯ ᠦᠷᠨᠢᠭᠦᠯᠵᠤ᠂ ᠠᠯᠢ ᠤᠯᠠᠨ ᠰᠢᠨ᠎ᠠ ᠤᠢᠢᠯᠠᠭᠠᠭᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠳᠤᠷᠠᠳᠴᠤ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠪᠦᠷᠢᠯᠳᠦᠬᠦᠯᠵᠤ᠂ ᠠᠮᠢ ᠠᠬᠤᠢ ᠶᠢᠨ ᠪᠤᠯᠪᠠᠰᠤᠨ ᠤ ᠤᠢᠢᠯᠠᠭᠠᠭᠳᠠᠬᠤᠨ ᠡᠳᠦᠷ ᠢᠷᠡᠬᠦᠶ᠎ᠠ ᠬᠦᠮᠦᠰ ᠤᠨ ᠰᠡᠳᠭᠢᠯ ᠳᠤ ᠭᠦᠨ ᠬᠠᠳᠠᠩᠰᠢᠵᠤ᠂ ᠪᠤᠬᠢᠷᠳᠤᠯ ᠢ ᠵᠠᠰᠠᠬᠤ ᠡᠷᠴᠢᠮ ᠤᠨ ᠶᠡᠭᠡ᠂ ᠳᠦᠷᠢᠮ ᠳᠤᠭᠳᠠᠭᠠᠯ ᠤᠨ ᠨᠢᠭᠳᠠ᠂ ᠬᠢᠨᠠᠯᠳᠠ ᠬᠠᠮᠢᠶᠠᠷᠤᠯᠳᠠ ᠬᠠᠤᠯᠢ ᠬᠡᠷᠡᠭᠵᠢᠭᠦᠯᠬᠦ ᠪᠠᠷᠢᠮᠵᠢᠶ᠎ᠠ ᠶᠢᠨ ᠴᠢᠩᠭ᠎ᠠ᠂ ᠤᠷᠴᠢᠨ ᠲᠤᠭᠤᠷᠢᠨ ᠤ ᠶᠠᠰᠤ ᠴᠢᠨᠠᠷ ᠤᠨ ᠰᠠᠶᠢᠵᠢᠷᠠᠯᠳᠠ ᠶᠢᠨ ᠬᠤᠷᠳᠤᠨ ᠵᠡᠷᠭᠡ ᠲᠠᠯ᠎ᠠ ᠪᠠᠷ ᠴᠦᠮ ᠤᠷᠢᠳᠤ ᠭᠠᠷᠤᠭ᠎ᠠ ᠦᠬᠡᠢ ᠪᠠᠶᠢᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠠᠬᠢᠭᠤᠯᠤᠨ ᠲᠡᠤᠬᠡᠳᠤ ᠴᠢᠨᠠᠷᠳᠠᠢ᠂ ᠡᠷᠭᠢᠯᠳᠡ ᠶᠢᠨ ᠴᠢᠨᠠᠷᠳᠠᠢ᠂ ᠪᠦᠬᠦ ᠲᠠᠯ᠎ᠠ ᠶᠢᠨ ᠴᠢᠨᠠᠷᠳᠠᠢ ᠬᠤᠪᠢᠷᠠᠯᠳᠠ ᠭᠠᠷᠭᠠᠪᠠ ᠶᠡᠷᠦᠩᠬᠡᠢ ᠳᠤᠨᠢ ᠠᠪᠴᠤ ᠦᠵᠡᠪᠡᠯ᠂ ᠮᠠᠨ ᠤ ᠤᠯᠤᠰ ᠤᠨ ᠠᠮᠢ ᠠᠬᠤᠢ ᠤᠷᠴᠢᠨ ᠳᠤᠭᠤᠷᠢᠨ ᠤ ᠶᠠᠰᠤ ᠴᠢᠨᠠᠷ ᠦᠷᠬᠦᠯᠵᠢᠯᠡᠨ ᠰᠠᠶᠢᠵᠢᠷᠠᠵᠦ᠂ ᠳᠤᠬᠳᠠᠭᠤᠨ ᠤ ᠳᠤᠮᠳᠠ ᠰᠠᠶᠢᠵᠢᠷᠠᠬᠤ ᠬᠠᠨᠳᠤᠰᠢ ᠲᠠᠢ ᠪᠤᠯᠤᠭᠰᠠᠨ ᠪᠤᠯᠪᠠᠴᠦ ᠦᠷ᠎ᠠ ᠪᠦᠳᠦᠮᠵᠢ ᠬᠠᠷᠠᠬᠠᠨ ᠳᠤᠭᠳᠠᠪᠤᠷᠢ ᠦᠭᠡᠢ ᠪᠠᠶᠢᠭᠰᠠᠭᠠᠷ᠂ ᠪᠠᠭ᠎ᠠ ᠯᠡ ᠰᠤᠯᠠᠷᠠᠭᠤᠯᠪᠠᠯ ᠤᠴᠢᠷ ᠭᠠᠷᠴᠤ᠂ ᠶᠠᠬ ᠤᠷᠤᠰᠬᠠᠯ ᠰᠦᠷᠦᠨ ᠤᠩᠭᠤᠴᠠ ᠰᠠᠯᠢᠬᠦᠶ᠎ᠠ ᠤᠷᠤᠬᠰᠢᠯᠠᠬᠤ ᠦᠭᠡᠢ ᠪᠤᠯ ᠤᠬᠤᠷᠢᠬᠤ ᠦᠵᠡᠭᠳᠡᠯ ᠭᠠᠷᠴᠤ ᠮᠡᠳᠡᠬᠦ ᠶᠤᠮ᠃ ᠤᠳᠤᠬᠠᠨ ᠳᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠠᠬ ᠳᠠᠷᠤᠯᠳᠠ ᠳᠠᠪᠬᠤᠴᠠᠵᠦ᠂ ᠬᠦᠨᠳᠦ ᠡᠬᠦᠷᠭᠡ ᠲᠠᠢ ᠪᠠᠷ ᠤᠷᠤᠬᠰᠢᠯᠠᠬᠤ ᠵᠠᠩᠬᠢᠯᠠᠭ᠎ᠠ ᠶᠢᠨ ᠬᠤᠭᠤᠴᠠᠭᠠᠨ ᠳᠤ ᠤᠷᠤᠰᠢᠵᠦ᠂ ᠨᠡᠩ ᠤᠯᠠᠨ ᠴᠢᠨᠠᠷ ᠰᠠᠶᠢᠳᠠᠢ ᠠᠮᠢ ᠠᠬᠤᠢ ᠶᠢᠨ ᠪᠦᠳᠦᠬᠡᠭᠳᠡᠬᠦᠨ ᠢ ᠬᠠᠩᠭᠠᠬᠤ ᠶᠢᠨ ᠤᠯᠠᠮ ᠢᠶᠠᠷ ᠠᠷᠠᠳ ᠳᠦᠮᠡᠨ ᠤ ᠡᠳᠦᠷ ᠢᠷᠡᠬᠦᠶ᠎ᠠ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢ ᠠᠬᠤᠢ ᠤᠷᠴᠢᠨ ᠳᠤᠭᠤᠷᠢᠨ ᠤ ᠲᠤᠬᠠᠢ ᠬᠡᠷᠡᠭᠴᠡᠭᠡ ᠶᠢ ᠬᠠᠩᠭᠠᠬᠤ ᠪᠤᠭᠤᠮᠳᠠ ᠰᠢᠪᠳᠤᠯᠬᠤ ᠬᠤᠭᠤᠴᠠᠭᠠᠨ ᠳᠤ ᠤᠷᠤᠬᠰᠠᠨ ᠤ ᠬᠠᠮᠳᠤ᠂ ᠪᠠᠰᠠ ᠠᠮᠢ ᠠᠬᠤᠢ ᠶᠢᠨ ᠳᠤᠪᠤᠶᠢᠮ᠎ᠠ ᠠᠰᠠᠭᠤᠳᠠᠯ ᠤᠳ ᠢ ᠰᠢᠢᠳᠪᠤᠷᠢᠯᠡᠬᠦ ᠨᠦᠬᠦᠴᠡᠯ ᠲᠠᠢ ᠪᠦᠭᠡᠳ ᠴᠢᠳᠠᠪᠤᠷᠢ ᠲᠠᠢ ᠪᠤᠯᠤᠬᠰᠠᠨ ᠴᠤᠩᠬᠤᠪᠴᠢ ᠶᠢᠨ ᠬᠤᠭᠤᠴᠠᠭᠠᠨ ᠳᠤ ᠤᠷᠤᠭᠠᠳ ᠪᠤᠢ᠃ ᠡᠨᠡᠬᠦ ᠵᠠᠩᠬᠢᠯᠠᠭ᠎ᠠ ᠶᠢᠨ ᠬᠤᠭᠤᠴᠠᠭ᠎ᠠ᠂ ᠪᠤᠭᠤᠮᠳᠠ ᠰᠢᠪᠳᠤᠯᠬᠤ ᠬᠤᠭᠤᠴᠠᠭ᠎ᠠ᠂ ᠴᠤᠩᠬᠤᠪᠴᠢ ᠶᠢᠨ ᠬᠤᠭᠤᠴᠠᠭ᠎ᠠ ᠶᠢ ᠦᠩᠬᠡᠷᠡᠬᠡᠬᠦ ᠳᠤ ᠪᠢᠳᠡ ᠪᠠᠰᠠ ᠴᠦᠬᠡᠨ ᠪᠤᠰᠤ ᠪᠡᠷᠬᠡ ᠪᠤᠭᠤᠮᠳᠠ ᠶᠢ ᠳᠤᠭᠤᠯᠵᠦ᠂ ᠴᠦᠬᠡᠨ ᠪᠤᠰᠤ ᠬᠠᠳᠠᠭᠤ ᠡᠬᠦᠷᠬᠡ ᠶᠢ ᠭᠦᠢᠴᠡᠳᠭᠡᠵᠦ᠂ ᠴᠦᠬᠡᠨ ᠪᠤᠰᠤ ᠬᠡᠴᠡᠬᠦᠦ ᠠᠵᠢᠯ ᠤᠳ ᠢ ᠬᠢᠬᠦ ᠬᠡᠷᠡᠭᠳᠡᠢ ᠪᠠᠶᠢᠭ᠎ᠠ ᠪᠠᠨ ᠡᠷᠬᠡᠪᠰᠢ ᠳᠠᠨᠢᠵᠦ ᠮᠡᠳᠡᠬᠦ ᠬᠡᠷᠡᠭᠳᠡᠢ᠃ ᠬᠡᠷᠪᠡ ᠤᠳᠤ ᠠᠴᠠ ᠴᠢᠩᠭ᠎ᠠ ᠠᠳᠬᠤᠬᠤ ᠦᠬᠡᠢ ᠶᠤᠮ ᠪᠤᠯ ᠬᠤᠵᠢᠮ ᠰᠢᠢᠳᠪᠤᠷᠢᠯᠡᠬᠦ ᠳᠤ ᠨᠡᠩ ᠶᠡᠭᠡ ᠬᠦᠴᠢᠷ ᠲᠠᠢ ᠪᠤᠯᠵᠦ᠂ ᠨᠡᠩ ᠶᠡᠭᠡ ᠦᠨ᠎ᠠ ᠳᠦᠯᠦᠪᠦᠷᠢ ᠭᠠᠷᠭᠠᠵᠦ᠂ ᠨᠡᠩ ᠬᠦᠨᠳᠦ ᠨᠤᠴᠢᠳᠠᠢ ᠦᠷ᠎ᠠ ᠳ᠋ᠦᠩ ᠢ ᠪᠤᠢ ᠪᠤᠯᠭᠠᠬᠤ ᠶᠤᠮ᠃ ᠰᠢᠳᠦ ᠪᠠᠨ ᠵᠠᠭᠤᠵᠦ ᠪᠠᠶᠢᠭᠠᠳ ᠡᠨᠡᠬᠦ ᠳᠠᠪᠠᠭ᠎ᠠ ᠶᠢ ᠳᠠᠪᠠᠵᠦ᠂ ᠡᠨᠡᠬᠦ ᠪᠤᠭᠤᠮᠳᠠ ᠪᠠᠷ ᠦᠩᠭᠡᠷᠡᠬᠦ ᠪᠤᠯ ᠪᠢᠳᠡᠨ ᠤ ᠳᠦᠯᠬᠢᠵᠦ ᠪᠤᠯᠤᠰᠢ ᠦᠬᠡᠢ ᠬᠠᠷᠢᠭᠤᠴᠠᠯᠭ᠎ᠠ ᠮᠦᠨ᠂ ᠨᠡᠩ ᠴᠤ ᠪᠢ ᠬᠢᠬᠦ ᠦᠬᠡᠢ ᠪᠤᠯ ᠬᠡᠨ ᠬᠢᠬᠦ ᠪᠤᠢ ᠬᠡᠰᠡᠨ ᠡᠬᠦᠷᠬᠡᠯᠡᠯ ᠢ ᠱᠠᠭᠠᠷᠳᠠᠬᠤ ᠠᠵᠢ᠃ ᠠᠮᠢ ᠠᠬᠤᠢ ᠮᠠᠨᠳᠤᠪᠠᠰᠤ ᠪᠤᠯᠪᠠᠰᠤᠨ ᠮᠠᠨᠳᠤᠨ᠎ᠡ᠂ ᠠᠮᠢ ᠠᠬᠤᠢ ᠮᠠᠭᠤᠳᠠᠪᠠᠰᠤ ᠪᠤᠯᠪᠠᠰᠤᠨ ᠮᠠᠭᠤᠳᠠᠨ᠎ᠠ᠃ ᠲᠤᠮᠳᠠᠳᠤ ᠶᠢᠨ ᠦᠨᠳᠤᠰᠤᠳᠡᠨ ᠤ ᠠᠭᠤᠤ ᠶᠡᠭᠡ ᠰᠡᠷᠭᠦᠨ ᠮᠠᠨᠳᠤᠯᠳᠡ ᠶᠢᠨ ᠲᠤᠮᠳᠠᠳᠤ ᠶᠢᠨ ᠵᠡᠭᠦᠳᠤ ᠪᠠᠨ ᠲᠡᠷᠭᠡᠯᠰᠢᠭᠦᠯᠭᠦ ᠳᠤ ᠡᠷᠭᠡᠪᠰᠢ ᠠᠮᠢ ᠠᠬᠤᠢ ᠶᠢᠨ ᠪᠤᠯᠪᠠᠰᠤᠨ ᠢ ᠪᠠᠶᠢᠭᠤᠯᠵᠤ᠂ ᠦᠵᠡᠰᠭᠦᠯᠡᠩᠳᠤ ᠰᠠᠶᠢᠬᠠᠨ ᠲᠤᠮᠳᠠᠳᠤ ᠤᠯᠤᠰ ᠢ ᠪᠦᠳᠦᠭᠡᠨ ᠪᠠᠶᠢᠭᠤᠯᠬᠤ ᠭᠡᠷᠡᠭᠲᠠᠢ᠃ ᠨᠠᠮ ᠤᠨ ᠠᠷᠪᠡ ᠶᠢᠰᠦᠳᠦᠭᠡᠷ ᠶᠡᠭᠡ ᠬᠤᠷᠠᠯ ᠠᠴᠠ ᠴᠢᠨᠡᠭᠡᠯᠢᠭ ᠨᠡᠶᠢᠭᠡᠮ ᠢ ᠪᠦᠭᠦ ᠲᠠᠯ᠎ᠡ ᠪᠠᠷ ᠪᠡᠶᠡᠯᠡᠬᠦᠯᠦᠭᠰᠡᠨ ᠰᠠᠭᠤᠷᠢᠨ ᠳᠡᠭᠡᠷ᠎ᠡ᠂ ᠬᠤᠶᠠᠷ ᠠᠯᠬᠤᠮ ᠬᠤᠪᠢᠶᠠᠵᠤ ᠲᠤᠰ ᠵᠠᠭᠤᠨ ᠤ ᠲᠤᠮᠳᠠᠴᠢ ᠦᠶ᠎ᠡ ᠪᠤᠯᠬᠤ ᠳᠤ ᠪᠠᠶᠠᠨ ᠬᠦᠴᠦᠷᠬᠡᠭ ᠠᠷᠠᠳᠴᠢᠯᠠᠭᠰᠠᠨ ᠪᠤᠯᠪᠠᠰᠤᠨ ᠡᠶ᠎ᠡ ᠵᠤᠬᠢᠴᠠᠩᠭᠤᠢ ᠦᠵᠡᠰᠭᠦᠯᠡᠩᠳᠤ ᠰᠠᠶᠢᠬᠠᠨ ᠨᠡᠶᠢᠭᠡᠮ ᠵᠢᠷᠦᠮᠳᠤ ᠤᠳᠤᠬᠢᠴᠢᠯᠡᠬᠰᠡᠨ ᠭᠦᠴᠦᠷᠭᠡᠭ ᠤᠯᠤᠰ ᠢ ᠪᠦᠳᠦᠬᠡᠨ ᠪᠠᠶᠢᠭᠤᠯᠬᠤ ᠠᠤᠭ᠎ᠠ ᠬᠠᠷᠠᠯᠳᠡ ᠶᠢ ᠪᠡᠶᠡᠯᠡᠭᠦᠯᠦᠨ᠎ᠠ ᠭᠡᠵᠦ ᠲᠤᠳᠤᠷᠬᠠᠢ ᠳᠤᠷᠠᠳᠴᠠᠢ᠃ ᠴᠢᠨᠡᠭᠡᠯᠢᠭ ᠨᠡᠶᠢᠭᠡᠮ ᠢ ᠪᠦᠭᠦ ᠲᠠᠯ᠎ᠡ ᠪᠠᠷ ᠪᠡᠶᠡᠯᠡᠬᠦᠯᠬᠦ ᠰᠢᠢᠳᠪᠦᠷᠢᠳᠤ ᠢᠯᠡᠯᠳᠡ ᠶᠢ ᠤᠯᠬᠤ ᠳᠤ ᠡᠷᠭᠡᠪᠰᠢ ᠪᠤᠬᠢᠷᠳᠤᠯ ᠢ ᠰᠡᠷᠭᠡᠶᠢᠯᠡᠠ ᠵᠠᠰᠠᠬᠤ ᠪᠤᠭᠤᠮᠳᠡ ᠰᠢᠪᠳᠤᠯᠬᠤ ᠲᠠᠶᠢᠯᠠᠯᠳᠤᠭᠠᠨ ᠢ ᠡᠷᠡᠰ ᠰᠠᠶᠢᠳᠤᠷ ᠬᠢᠭᠦ ᠭᠡᠷᠡᠭᠲᠠᠢ᠃ ᠬᠡᠴᠢᠨᠡᠨ ᠪᠡᠷᠭᠡᠰᠢᠶᠡᠯ ᠲᠠᠢ ᠪᠤᠯᠤᠬᠰᠡᠨ ᠴᠤ ᠪᠢᠳᠡ ᠪᠦᠷ ᠲᠠᠳᠠᠭᠠᠯᠵᠠᠵᠤ ᠪᠤᠯᠬᠤ ᠦᠭᠡᠢ᠂ ᠨᠡᠩ ᠬᠤᠶᠢᠰᠢ ᠤᠬᠤᠷᠢᠵᠤ ᠪᠤᠯᠬᠤ ᠦᠭᠡᠢ ᠶᠤᠮ᠃ ᠭᠠᠭᠴᠠᠬᠦ ᠪᠠᠭᠠᠳᠤᠷ ᠡᠷ᠎ᠡ ᠪᠠᠭᠤᠤ ᠪᠠᠨ ᠤᠭᠳᠤᠯᠬᠤ ᠰᠦᠰᠦ ᠵᠤᠷᠢᠭ᠂ ᠦᠭᠦᠨ ᠪᠠᠶᠢᠯᠳᠤᠬᠤ ᠬᠠᠳᠠᠨ ᠵᠤᠷᠢᠭ᠂ ᠬᠤᠳᠡ ᠶᠢ ᠳᠠᠭᠠᠷᠢᠨ ᠴᠠᠶᠢᠵᠠ ᠶᠢ ᠡᠵᠡᠯᠡᠬᠦ ᠲᠡᠮᠡᠴᠡᠯ ᠤᠨ ᠵᠤᠷᠢᠭ ᠲᠠᠢ ᠪᠠᠶᠢᠪᠠᠯ ᠰᠠᠶᠢ ᠡᠨᠡᠭᠦ ᠪᠤᠭᠤᠮᠳᠡ ᠰᠢᠪᠳᠤᠯᠬᠤ ᠲᠠᠶᠢᠯᠠᠯᠳᠤᠭᠠᠨ ᠳᠤ ᠢᠯᠡᠯᠳᠡ ᠤᠯᠵᠤ᠂ ᠰᠠᠶ᠋ᠢ ᠴᠢᠨᠡᠭᠡᠯᠢᠭ ᠨᠡᠶᠢᠭᠡᠮ ᠢ ᠪᠦᠭᠦ ᠲᠠᠯ᠎ᠡ ᠪᠠᠷ ᠪᠡᠶᠡᠯᠡᠬᠦᠯᠬᠦ ᠶᠢ ᠠᠷᠠᠳ ᠲᠦᠮᠡᠨ ᠳᠤ ᠮᠡᠳᠡᠷᠡᠬᠦᠯᠤᠨ ᠲᠡᠤᠭᠡ ᠶᠢᠨ ᠰᠢᠯᠭᠠᠯᠳᠡ ᠶᠢ ᠲᠠᠭᠠᠭᠠᠵᠤ᠂ ᠨᠡᠶᠢᠭᠡᠮ ᠵᠢᠷᠤᠮ ᠤᠨ ᠠᠮᠢ ᠠᠬᠤᠢ ᠶᠢᠨ ᠪᠤᠯᠪᠠᠰᠤᠨ ᠤ ᠰᠢᠨ᠎ᠡ ᠴᠠᠭ ᠦᠶ᠎ᠡ ᠶᠢ ᠴᠢᠷᠮᠠᠶᠢᠨ ᠡᠭᠦᠳᠴᠦ ᠴᠢᠳᠠᠨ᠎ᠠ᠃ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠪᠤᠯ ᠤᠳᠤ ᠦᠶ᠎ᠠ ᠳᠤ ᠭᠠᠪᠢᠶ᠎ᠠ ᠪᠠᠶᠢᠭᠤᠯᠵᠤ ᠮᠢᠩᠭᠠᠨ ᠦᠶ᠎ᠠ ᠳᠤ ᠠᠰᠢᠭ ᠬᠦᠷᠲᠡᠭᠡᠬᠦ ᠦᠢᠯᠡᠰ ᠮᠦᠨ᠃ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠢᠬᠲᠠᠷᠠᠨ ᠪᠦᠯᠬᠦᠮᠳᠡᠵᠦ᠂ ᠨᠠᠮ ᠤᠨ ᠤᠳᠤᠷᠢᠳᠤᠯᠭ᠎ᠠ ᠪᠤᠯᠤᠨ ᠮᠠᠨ ᠤ ᠤᠯᠤᠰ ᠤᠨ ᠨᠡᠶᠢᠭᠡᠮ ᠵᠢᠷᠦᠮᠳᠤ ᠪᠠᠶᠢᠭᠤᠯᠤᠯ ᠤᠨ ᠬᠦᠴᠦ ᠪᠠᠨ ᠲᠦᠪᠯᠡᠷᠡᠭᠦᠯᠪᠡᠯ ᠶᠡᠭᠡ ᠶᠠᠪᠤᠳᠠᠯ ᠢ ᠪᠦᠲᠦᠭᠡᠵᠤ ᠳᠡᠶᠢᠯᠬᠦ ᠤᠯᠤᠰ ᠲᠦᠷᠦ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠠᠬᠢᠭᠤᠯᠬᠤ᠂ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠰᠢᠢᠳᠪᠦᠷᠢᠯᠡᠬᠦ ᠡᠷᠴᠢᠮ ᠢᠶᠠᠨ ᠴᠢᠩᠭᠠᠳᠬᠠᠪᠠᠯ᠂ ᠪᠢᠳᠡ ᠯᠠᠪᠲᠠᠶ᠎ᠠ ᠬᠦᠮᠦᠨ ᠬᠢᠬᠡᠳ ᠪᠠᠶᠢᠭᠠᠯᠢ ᠡᠶ᠎ᠡ ᠵᠤᠬᠢᠴᠠᠩᠭᠤᠢ ᠪᠠᠷ ᠬᠦᠭᠵᠢᠭᠦ ᠤᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠠ ᠪᠠᠶᠢᠷᠢᠰᠢᠯ ᠢ ᠠᠬᠢᠭᠤᠯᠤᠨ ᠪᠦᠷᠢᠯᠳᠦᠬᠦᠯᠵᠦ᠂ ᠳᠤᠮᠳᠠᠳᠤ ᠶᠢᠨ ᠡᠬᠡ ᠭᠠᠵᠠᠷ ᠢ ᠲᠡᠭᠷᠢ ᠨᠢ ᠨᠡᠩ ᠴᠡᠯᠮᠡᠭ᠂ ᠠᠭᠤᠯᠠ ᠨᠢ ᠨᠡᠩ ᠬᠦᠭᠡᠮᠳᠦᠭ᠂ ᠤᠰᠤ ᠨᠢ ᠨᠡᠩ ᠲᠤᠩᠭᠠᠯᠠᠭ᠂ ᠤᠷᠴᠢᠨ ᠲᠤᠭᠤᠷᠢᠨ ᠨᠢ ᠨᠡᠩ ᠦᠵᠡᠰᠭᠦᠯᠡᠩᠲᠦ ᠰᠠᠶᠢᠬᠠᠨ ᠪᠤᠯᠭᠠᠵᠤ ᠴᠢᠳᠠᠬᠤ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号