︽ᠲᠦᠷᠪᠡᠨ ᠰᠤᠷᠳᠠᠯ ︾᠎ ᠢ ᠴᠦᠬᠦᠷᠡᠰᠢ ᠦᠭᠡᠢ ᠵᠠᠯᠠᠷᠠᠭᠤᠯᠰᠤᠭᠠᠢ
ᠨᠡᠶᠢᠲᠡᠯᠡᠭᠰᠡᠨ ᠴᠠᠭ᠄
2018/12/13
︽ᠲᠦᠷᠪᠡᠨ ᠰᠤᠷᠳᠠᠯ︾᠎ ᠢ ᠵᠠᠯᠠᠷᠠᠭᠤᠯᠬᠤ ᠶᠢ ᠵᠤᠭᠰᠤᠭᠠᠵᠥ ᠪᠤᠯᠬᠤ ᠦᠭᠡᠢ᠂ ᠰᠤᠷᠳᠠᠯ ᠤᠨ ᠪᠠᠶᠢᠭᠤᠯᠤᠯᠳᠠ ᠬᠡᠵᠢᠶᠡᠳᠡ ᠲᠠᠭᠤᠰᠤᠰᠢ ᠦᠭᠡᠢ᠃ ᠤᠢᠢᠷ᠎ᠠ ᠶᠢᠨ ᠡᠳᠤᠷ᠂ ᠶᠡᠷᠤᠩᠬᠡᠢ ᠱᠦᠵᠢ ᠰᠢ ᠶᠢᠨ ᠫᠢᠩ ᠰᠢᠨᠬᠤᠸᠠ ᠬᠤᠷᠢᠶᠠᠨ ᠤ ︽ᠬᠡᠯᠪᠡᠷᠢᠴᠢ ᠦᠵᠡᠯ ᠨᠤᠶᠠᠨᠴᠢ ᠰᠤᠷᠳᠠᠯ ᠤᠨ ᠰᠢᠨ᠎ᠡ ᠢᠯᠡᠷᠡᠯ ᠢ ᠰᠡᠷᠡᠮᠵᠢᠯᠡᠬᠦᠰᠢᠳᠠᠢ︾ ᠬᠡᠬᠦ ᠵᠤᠬᠢᠶᠠᠯ ᠳᠤ ᠴᠢᠭᠯᠡᠬᠦᠯᠥᠨ ᠴᠢᠬᠤᠯᠠ ᠵᠢᠭᠠᠪᠤᠷᠢ ᠦᠭᠴᠦ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠪᠤᠯᠤᠨ ᠡᠯ᠎ᠡ ᠱᠠᠳᠤᠨ ᠤ ᠤᠳᠤᠷᠢᠳᠬᠤ ᠺᠠᠳ᠋ᠷ ᠲᠤ ᠰᠤᠷᠳᠠᠯ ᠤᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠬᠤ ᠲᠤᠬᠠᠢ ᠲᠤᠳᠤᠷᠬᠠᠢ ᠱᠠᠭᠠᠷᠳᠠᠯᠭ᠎ᠠ ᠲᠤᠷᠠᠳᠪᠠ᠃ ᠡᠨᠡᠬᠦ ᠴᠢᠬᠤᠯᠠ ᠵᠢᠭᠠᠪᠤᠷᠢ ᠨᠢ ᠴᠢᠪ ᠬᠡᠮᠡᠨ ᠤᠨᠤᠭᠠᠵᠥ᠂ ᠴᠠᠭ ᠦᠶ᠎ᠡ ᠶᠢᠨ ᠬᠡᠮ ᠠᠷᠬᠠᠭ ᠢ ᠳᠤᠭᠰᠢᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠶᠢᠨ ᠡᠷᠡᠰ ᠭᠤᠶᠢᠪᠢᠰᠢ ᠦᠭᠡᠢ ᠪᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠤᠷᠳᠤ ᠬᠤᠭᠤᠴᠠᠭ᠎ᠠ ᠪᠠᠷ ᠰᠤᠷᠳᠠᠯ ᠢ ᠲᠦᠪ ᠪᠤᠯᠭᠠᠨ ᠰᠠᠬᠢᠯᠭ᠎ᠠ ᠪᠠᠳᠤ ᠶᠢ ᠴᠢᠩᠳᠠᠯᠠᠬᠤ ᠢᠯᠡ ᠲᠤᠳᠤ ᠤᠪᠤᠷ ᠪᠤᠯᠤᠨ ᠡᠷᠡᠰ ᠪᠠᠳᠤ ᠵᠤᠷᠢᠭ ᠢ ᠬᠦᠢᠴᠡᠳ ᠢᠯᠡᠷᠡᠬᠦᠯᠵᠥ᠂ ᠪᠦᠬᠦ ᠨᠠᠮ ᠳᠤ ᠴᠦᠬᠦᠷᠡᠰᠢ ᠦᠭᠡᠢ ᠪᠠᠷ ︽ᠲᠦᠷᠪᠡᠨ ᠰᠤᠷᠳᠠᠯ︾᠎ ᠢ ᠵᠠᠯᠠᠷᠠᠭᠤᠯᠬᠤ᠂ ᠰᠤᠷᠳᠠᠯ ᠢ ᠰᠠᠶᠢᠵᠢᠷᠠᠭᠤᠯᠬᠤ ᠠᠵᠢᠯᠯᠠᠭᠠᠨ ᠤ ᠵᠠᠷᠯᠢᠭ ᠪᠠᠭᠤᠯᠭᠠᠭᠰᠠᠠ ᠪᠠᠶᠢᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠰᠢ᠂ ᠲᠦᠪ ᠠᠴᠠ ᠨᠠᠢᠮᠠᠨ ᠲᠤᠭᠳᠠᠭᠠᠯ ᠭᠠᠷᠭᠠᠭᠰᠠᠠ ᠢᠶᠠᠷ ᠡᠬᠢᠯᠡᠯᠳᠡ ᠪᠤᠯᠭᠠᠵᠥ᠂ ᠪᠦᠬᠦ ᠨᠠᠮ ᠲᠠᠶᠠᠭᠠᠷ ︽ᠲᠦᠷᠪᠡᠨ ᠰᠤᠷᠳᠠᠯ︾᠎ ᠢ ᠵᠠᠯᠠᠷᠠᠭᠤᠯᠤᠭᠠᠳ ᠴᠢᠬᠤᠯᠠ ᠶᠡᠭᠡ ᠦᠷ᠎ᠡ ᠨᠦᠯᠦᠭᠡ ᠤᠯᠪᠠ᠃ ᠬᠡᠪᠡᠴᠦ ︽ᠲᠦᠷᠪᠡᠨ ᠰᠤᠷᠳᠠᠯ︾᠎ ᠤᠨ ᠦᠯᠡᠳᠡᠭᠳᠡᠯ ᠠᠰᠠᠭᠤᠳᠠᠯ ᠮᠦᠨᠬᠦ ᠤᠷᠤᠰᠢᠵᠥ᠂ ᠤᠨᠴᠠᠭᠠᠢᠢᠯᠠᠨ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠦᠵᠡᠭᠳᠡᠯ ᠢ ᠤᠮᠳᠤᠭᠠᠢᠢᠯᠠᠵᠥ ᠪᠤᠯᠬᠤ ᠦᠭᠡᠢ ᠭᠡᠳᠡᠭ ᠢ ᠰᠡᠷᠬᠡᠭ ᠢᠶᠠᠷ ᠤᠯᠵᠥ ᠦᠵᠡᠬᠦ ᠬᠡᠷᠡᠭᠳᠡᠢ᠃ ︽ᠪᠠᠶᠢᠴᠠᠭᠠᠨ ᠰᠤᠳᠤᠯᠤᠯᠳᠠ ᠶᠢᠨ ᠠᠬᠤᠢ ᠲᠠᠯᠠᠪᠠᠢ ᠨᠢ ᠦᠩᠬᠡᠨ ᠲᠡᠳᠤᠢ ᠪᠤᠯᠬᠤ︾᠂ ︽ᠨᠢᠭᠤᠷ ᠲᠡᠭᠡᠷ᠎ᠡ ᠨᠢ ᠰᠠᠶᠢᠬᠠᠨ ᠦᠬᠡ ᠶᠠᠷᠢᠪᠠᠴᠦ ᠶᠠᠪᠤᠳᠠᠯ ᠪᠦᠳᠦᠭᠡᠬᠦ ᠳᠤ ᠬᠦᠴᠢᠷ ᠪᠠᠶᠢᠬᠤ︾ ᠴᠦ ᠲᠡᠷᠡ᠂ ︽ᠬᠤᠷᠠᠯ ᠢᠶᠠᠷ ᠬᠤᠷᠠᠯ ᠢ ᠨᠠᠶᠢᠳᠠᠪᠤᠷᠢᠵᠢᠭᠤᠯᠬᠤ︾᠂ ︽ᠮᠠᠲ᠋ᠧᠷᠢᠶᠠᠯ ᠤᠨ ᠠᠵᠢᠯ ᠤᠨ ᠠᠮᠵᠢᠯᠳᠠ︾᠎ ᠶᠢ ᠶᠡᠬᠡᠪᠡᠷ ᠬᠢᠬᠦ ᠴᠦ ᠲᠡᠷᠡ᠂ ᠵᠦᠢᠯ ᠵᠦᠢᠯ ᠤᠨ ᠪᠠᠶᠢᠳᠠᠯ ᠨᠢ ᠦᠵᠡᠬᠦ ᠳᠤ ᠰᠢᠨ᠎ᠡ ᠢᠯᠡᠷᠡᠯ ᠰᠢᠭ ᠪᠤᠯᠪᠠᠴᠤ ᠦᠨᠡᠨᠳᠡᠬᠡᠨ ᠬᠠᠭᠤᠴᠢᠨ ᠠᠰᠠᠭᠤᠳᠠᠯ ᠪᠠᠶᠢᠵᠥ᠂ ︽ᠲᠦᠷᠪᠡᠨ ᠰᠤᠷᠳᠠᠯ︾᠎ ᠤᠨ ᠠᠰᠠᠭᠤᠳᠠᠯ ᠨᠢ ᠮᠤᠵᠢᠭᠤᠳᠠ ᠴᠢᠨᠠᠷᠳᠠᠢ ᠪᠦᠭᠡᠳ ᠳᠠᠬᠢᠵᠤ ᠲᠠᠪᠳᠠᠬᠤ ᠴᠢᠨᠠᠷᠳᠠᠢ ᠬᠡᠳᠡᠭ ᠢ ᠬᠦᠢᠴᠡᠳ ᠬᠠᠷᠠᠭᠤᠯᠪᠠ᠃ ᠵᠠᠭᠤᠴᠢᠯᠠᠭᠤᠷ ᠤᠨ ᠮᠡᠳᠡᠬᠡᠯᠡᠯ ᠠᠴᠠ ᠦᠵᠡᠪᠡᠯ᠂ ᠵᠠᠷᠢᠮ ᠠᠰᠠᠭᠤᠳᠠᠯ ᠨᠢ ᠮᠦᠨ ᠠᠩᠬᠠᠷᠤᠭᠤᠰᠢᠳᠠᠢ ᠪᠠᠶᠢᠨ᠎ᠠ᠃ ᠵᠠᠷᠢᠮ ᠭᠠᠵᠠᠷ ᠤᠨ ᠶᠠᠳᠠᠭᠤ ᠶᠢ ᠲᠡᠳᠬᠦᠬᠦ ᠰᠢᠯᠭᠠᠨ ᠪᠠᠶᠢᠴᠠᠭᠠᠯᠳᠡ ᠨᠢ ᠬᠡᠳᠤᠷᠬᠡᠢ ᠤᠯᠠᠨ ᠪᠠᠶᠢᠵᠤ᠂ ᠦᠨᠳᠦᠰᠦᠨ ᠱᠠᠳᠤᠨ ᠤ ᠺᠠᠳ᠋ᠷ ᠢ ᠬᠠᠰᠢᠷᠠᠭᠤᠯᠵᠤ ᠪᠠᠶᠢᠨ᠎ᠠ︔ ᠵᠠᠷᠢᠮ ᠭᠠᠵᠠᠷ ᠤᠨ ᠵᠢᠯ ᠤᠨ ᠡᠴᠤᠰ ᠤᠨ ᠪᠠᠶᠢᠴᠠᠭᠠᠯᠳᠡ ᠦᠨᠡᠯᠡᠯᠳᠡ ᠨᠢ ᠤᠯᠠᠳᠠᠭᠠᠳ᠂ ᠦᠨᠳᠦᠰᠦᠨ ᠱᠠᠳᠤᠨ ᠤ ᠡᠬᠦᠷᠬᠡᠯᠡᠯ ᠲᠠᠷᠤᠭᠠᠰᠤ ᠶᠢ ᠬᠦᠨᠳᠦᠷᠡᠬᠦᠯᠵᠥ ᠪᠠᠶᠢᠨ᠎ᠠ︔ ᠵᠠᠷᠢᠮ ᠺᠠᠳ᠋ᠷ ᠨᠢ ᠠᠵᠢᠯ ᠢ ᠠᠬᠢᠭᠤᠯᠬᠤ ᠳᠠᠭᠠᠨ ᠪᠦᠳᠦᠭᠦᠯᠢᠭ ᠬᠠᠭᠤᠳᠠᠮ ᠵᠠᠩ ᠰᠤᠷᠳᠠᠯ ᠲᠠᠢ᠂ ᠠᠰᠠᠭᠤᠳᠠᠯ ᠢ ᠰᠢᠢᠳᠪᠦᠷᠢᠯᠡᠬᠦ ᠳᠡᠭᠡᠨ ︽ᠨᠢᠭᠡ ᠯᠡ ᠬᠡᠪ ᠤᠨ︾᠂ ︽ᠨᠢᠭᠡ ᠯᠠ ᠬᠦᠭ ᠤᠨ︾ ᠪᠠᠶᠢᠵᠤ᠂ ᠠᠵᠢᠯ ᠢᠶᠠᠨ ᠦᠷᠨᠢᠭᠦᠯᠬᠦ ᠳᠤ ᠠᠰᠢᠭ ᠦᠭᠡᠢ ᠪᠠᠶᠢᠳᠠᠯ ᠳᠤ ᠬᠦᠷᠪᠡ︔ ᠵᠠᠷᠢᠮ ᠺᠠᠳ᠋ᠷ ᠨᠢ ᠤᠳᠤᠷᠢᠳᠤᠯᠭ᠎ᠠ ᠳᠠᠷᠤᠭ᠎ᠠ ᠨᠠᠷ ᠲᠤ ︽ᠠᠮᠠᠷᠬᠠᠨ ᠬᠠᠷᠠᠭᠳᠠᠬᠤ︾ ᠲᠦᠷᠦᠯ ᠵᠦᠢᠯ ᠢᠨᠵᠧᠨᠧᠷᠢᠩ ᠢ ᠪᠠᠶᠢᠭᠤᠯᠬᠤ ᠶᠢ ᠯᠡ ᠴᠢᠬᠤᠯᠠᠴᠢᠯᠠᠵᠤ᠂ ︽ᠦᠵᠡᠮᠦᠷᠢ ᠶᠢᠨ ᠵᠦᠢᠯ︾ ᠪᠠᠶᠢᠭᠤᠯᠵᠤ᠂ ᠶᠠᠩᠵᠤ ᠶᠢᠨ ᠲᠡᠳᠦᠢ ︽ᠶᠠᠭᠤᠮ᠎ᠠ︾ ᠪᠠᠶᠢᠭᠤᠯᠬᠤ ᠳᠤᠷᠠᠳᠠᠢ᠃ ᠪᠤᠳᠠᠳᠤ ᠪᠠᠶᠢᠳᠠᠯ ᠪᠢᠳᠡᠨ ᠳᠤ᠂ ︽ᠳᠦᠷᠪᠡᠨ ᠰᠤᠷᠳᠠᠯ︾᠎ ᠢ ᠵᠠᠯᠠᠷᠠᠭᠤᠯᠬᠤ ᠳᠤ ᠠᠮᠤᠰᠬᠢᠵᠤ ᠠᠮᠢᠰᠬᠤᠭ᠎ᠠ ᠠᠪᠬᠤ ᠪᠤᠳᠤᠯ ᠤᠷᠤᠵᠤ ᠪᠤᠯᠬᠤ ᠦᠭᠡᠢ᠂ ᠡᠷᠬᠡᠪᠰᠢ ᠬᠡᠵᠢᠶᠡᠳᠡ ᠵᠤᠭᠰᠤᠰᠢ ᠦᠭᠡᠢ ᠪᠠᠷ ᠰᠢᠨᠳᠡᠷᠡᠰᠢ ᠦᠭᠡᠢ ᠠᠳᠬᠤᠵᠤ᠂ ᠡᠴᠦᠰ ᠲᠤᠨᠢ ᠳᠤᠯᠳᠠᠯ᠎ᠠ ᠠᠳᠬᠤᠬᠤ ᠬᠡᠷᠡᠭᠲᠠᠢ ᠶᠢ ᠰᠡᠷᠡᠮᠵᠢᠯᠡᠭᠦᠯᠵᠦ ᠪᠤᠢ᠃ ᠰᠤᠷᠳᠠᠯ ᠤᠨ ᠪᠠᠶᠢᠭᠤᠯᠤᠯᠲᠠ ᠶᠢ ᠠᠬᠢᠭᠤᠯᠬᠤ ᠳᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠨᠢ ᠵᠠᠩᠭᠢᠯᠠᠭ᠎ᠠ ᠪᠤᠯᠤᠨ᠎ᠠ᠃ ᠰᠤᠷᠳᠠᠯ ᠢ ᠬᠤᠪᠢᠷᠠᠭᠤᠯᠬᠤ ᠳᠤ᠂ ᠬᠡᠴᠢᠨᠡᠨ ᠤᠳᠠᠭ᠎ᠠ ᠬᠤᠷᠠᠯ ᠬᠢᠵᠤ᠂ ᠬᠡᠴᠢᠨᠡᠨ ᠤᠳᠠᠭ᠎ᠠ ᠤᠪᠤᠷ ᠢᠶᠠᠨ ᠢᠯᠡᠳᠭᠡᠭᠰᠡᠨ ᠢ ᠦᠵᠡᠬᠦ ᠪᠢᠰᠢ ᠬᠠᠷᠢᠨ ᠬᠡᠴᠢᠨᠡᠨ ᠪᠤᠳᠠᠳᠠᠢ ᠠᠰᠠᠭᠤᠳᠠᠯ ᠢ ᠰᠢᠢᠳᠪᠦᠷᠢᠯᠡᠭᠰᠡᠨ ᠢ ᠦᠵᠡᠨ᠎ᠠ᠃ ᠲᠦᠪ ᠤᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠲᠠ ᠶᠢ ᠦᠨᠡᠨᠬᠦ ᠨᠠᠶᠢᠳᠠᠪᠤᠷᠢᠵᠢᠭᠤᠯᠤᠭᠰᠠᠨ ᠡᠰᠡᠬᠦ︖ ᠤᠯᠠᠨ ᠲᠦᠮᠡᠨ ᠤ ᠳᠤᠰᠬᠠᠯ ᠴᠢᠩᠭ᠎ᠠ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠭᠰᠡᠨ ᠡᠰᠡᠬᠦ︖ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠵᠢᠯᠯᠠᠭ᠎ᠠ ᠶᠢ ᠡᠷᠡᠰ ᠵᠠᠯᠠᠷᠠᠭᠤᠯᠤᠭᠰᠠᠨ ᠡᠰᠡᠬᠦ︖ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠴᠦᠮ ᠲᠤᠯᠢ ᠪᠠᠷᠢᠵᠤ ᠦᠪᠡᠷ ᠢ ᠪᠠᠨ ᠰᠢᠨᠵᠢᠵᠦ᠂ ᠤᠪᠤᠷ ᠢᠯᠡᠷᠡᠯ ᠢᠶᠠᠨ ᠪᠠᠶᠢᠴᠠᠭᠠᠨ ᠴᠡᠭᠴᠡᠯᠡᠵᠦ᠂ ᠵᠦᠷᠢᠶ᠎ᠠ ᠪᠠᠨ ᠡᠷᠢᠵᠤ᠂ ︽ᠳᠦᠷᠪᠡᠨ ᠰᠤᠷᠳᠠᠯ︾᠎ ᠤᠨ ᠳᠤᠪᠤᠶᠢᠮ᠎ᠠ ᠠᠰᠠᠭᠤᠳᠠᠯ ᠤᠨᠴᠠᠭᠠᠢᠢᠯᠠᠨ ᠬᠡᠯᠪᠡᠷᠢᠴᠢ ᠦᠵᠡᠯ᠂ ᠨᠤᠶᠠᠨᠴᠢ ᠰᠤᠷᠳᠠᠯ ᠤᠨ ᠰᠢᠨ᠎ᠠ ᠢᠯᠡᠷᠡᠯ ᠢ ᠨᠠᠷᠢᠨ ᠬᠢᠨᠠᠮᠠᠭᠠᠢ ᠪᠠᠶᠢᠴᠠᠭᠠᠵᠤ᠂ ᠭᠤᠤᠯ ᠵᠦᠷᠢᠴᠡᠯ ᠢ ᠠᠳᠬᠤᠵᠤ ᠡᠷᠡᠰ ᠴᠡᠭᠴᠡᠯᠡᠨ ᠵᠠᠰᠠᠬᠤ ᠬᠡᠷᠡᠭᠲᠠᠢ᠃ ᠤᠨᠴᠠᠭᠠᠢᠢᠯᠠᠨ ᠤᠪᠤᠷ ᠢᠯᠡᠳᠭᠡᠯ ᠤᠯᠠᠨ ᠬᠦᠭ ᠠᠶᠠᠰ ᠨᠢ ᠦᠨᠳᠦᠷ᠂ ᠠᠵᠢᠯᠯᠠᠭ᠎ᠠ ᠴᠦᠬᠡᠨ ᠨᠠᠶᠢᠳᠠᠪᠤᠷᠢᠵᠢᠭᠤᠯᠤᠯᠲᠠ ᠨᠢ ᠮᠠᠭᠤ ᠵᠡᠷᠭᠡ ᠳᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠬᠠᠳᠠᠭᠤ ᠴᠢᠩᠭ᠎ᠠ ᠠᠷᠭ᠎ᠠ ᠬᠡᠮᠵᠢᠶ᠎ᠠ ᠠᠪᠴᠤ᠂ ᠯᠠᠪᠳᠠᠭᠤᠨ ᠪᠠᠳᠤᠳᠠᠢ ᠪᠠᠷ ᠵᠠᠰᠠᠬᠤ ᠬᠡᠷᠡᠭᠲᠠᠢ᠃ ᠤᠨᠴᠠᠭᠠᠢ ᠬᠡᠷᠡᠭ ᠢ ᠢᠯᠡᠷᠡᠭᠦᠯᠵᠦ ᠪᠠᠶᠢᠴᠠᠭᠠᠨ ᠰᠢᠳᠬᠡᠬᠦ ᠬᠡᠷᠡᠭᠲᠡᠢ ᠮᠦᠷᠲᠡᠭᠡᠨ ᠪᠠᠰᠠ ᠰᠢᠨᠵᠢᠯᠡᠬᠦ ᠤᠬᠠᠭᠠᠨᠴᠢ ᠪᠦᠲᠦᠮᠵᠢᠲᠡᠢ ᠳᠦᠷᠢᠮ ᠢ ᠪᠦᠷᠢᠯᠳᠦᠭᠦᠯᠬᠦ ᠬᠡᠷᠡᠭᠲᠡᠢ᠂ ᠰᠢᠨ᠎ᠡ ᠵᠢᠯ᠂ ᠴᠠᠭᠠᠨ ᠰᠠᠷ᠎ᠠ ᠵᠡᠷᠭᠡ ᠵᠠᠩᠬᠢᠯᠠᠭ᠎ᠠ ᠶᠢᠨ ᠴᠠᠭ ᠮᠦᠴᠡ ᠶᠢ ᠴᠢᠩᠭ᠎ᠠ ᠠᠩᠬᠠᠷᠬᠤ ᠬᠡᠷᠡᠭᠲᠡᠢ ᠮᠦᠷᠲᠡᠭᠡᠨ ᠪᠠᠰᠠ ᠶᠡᠷᠦ ᠶᠢᠨ ᠴᠠᠬ ᠲᠤ ᠡᠷᠲᠡ ᠠᠴᠠ ᠠᠳᠬᠤᠵᠤ᠂ ᠪᠠᠭ᠎ᠠ ᠠᠴᠠ ᠠᠳᠬᠤᠵᠤ᠂ ᠨᠠᠷᠢᠨ ᠵᠦᠢᠯ ᠠᠴᠠ ᠠᠳᠬᠤᠵᠦ᠂ ᠮᠠᠭᠤ ᠮᠠᠭᠤᠬᠠᠢ ᠰᠤᠷᠲᠠᠯ ᠳᠠᠬᠢᠵᠦ ᠢᠯᠡᠷᠡᠬᠦ ᠶᠢ ᠡᠷᠡᠰ ᠰᠡᠷᠭᠡᠶᠢᠯᠡᠵᠦ᠂ ᠲᠦᠪ ᠤᠨ ᠨᠠᠢᠮᠠᠨ ᠲᠤᠬᠲᠠᠭᠠᠯ ᠤᠨ ᠵᠤᠷᠢᠬ ᠰᠠᠨᠠᠭ᠎ᠠ ᠶᠢ ᠨᠠᠶᠢᠳᠠᠪᠤᠷᠢᠵᠢᠭᠤᠯᠤᠭᠰᠠᠠ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠦᠷᠭᠡᠳᠬᠡᠵᠦ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢ ᠠᠬᠢᠭᠤᠯᠬᠤ ᠳᠤ ᠡᠷᠬᠡᠪᠰᠢ ᠠᠷᠠᠳ ᠲᠦᠮᠡᠨ ᠢᠶᠠᠷ ᠭᠤᠤᠯ ᠪᠤᠯᠭᠠᠬᠤ ᠶᠢ ᠢᠮᠠᠬᠳᠠ ᠪᠠᠷᠢᠮᠲᠠᠯᠠᠵᠤ᠂ ᠤᠯᠠᠨ ᠲᠦᠮᠡᠨ ᠤ ᠲᠦᠷᠦᠭᠳᠡᠯ ᠪᠠ ᠦᠨᠡᠯᠡᠯᠲᠡ ᠶᠢ ᠳᠡᠭᠡᠳᠦ ᠬᠡᠮᠵᠢᠶ᠎ᠡ ᠪᠠᠷ ᠭᠦᠨᠳᠤᠳᠬᠡᠵᠦ᠂ ᠤᠯᠠᠨ ᠲᠦᠮᠡᠨ ᠤ ᠦᠵᠡᠯᠳᠡ ᠲᠠᠨᠢᠯᠳᠠ ᠪᠤᠯᠤᠨ ᠤᠯᠠᠨ ᠲᠦᠮᠡᠨ ᠤ ᠪᠤᠳᠤᠯ ᠰᠡᠳᠬᠢᠯᠭᠡ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠪᠤᠲᠠᠲᠠᠢ ᠠᠮᠢᠳᠤᠷᠠᠯ ᠳᠤᠮᠳᠠ᠂ ᠵᠠᠷᠢᠮ ᠺᠠᠳ᠋ᠷ ︽ᠤᠯᠠᠨ ᠲᠦᠮᠡᠨ ᠰᠡᠳᠬᠢᠯ ᠬᠠᠨᠤᠮᠵᠢ ᠦᠭᠡᠢ ᠠᠴᠠ ᠠᠶᠤᠬᠤ ᠦᠭᠡᠢ᠂ ᠤᠳᠤᠷᠢᠳᠤᠯᠭ᠎ᠠ ᠠᠩᠬᠠᠷᠬᠤ ᠦᠭᠡᠢ ᠠᠴᠠ ᠯᠡ ᠠᠶᠤᠨ᠎ᠠ︾᠂ ᠤᠯᠠᠨ ᠲᠦᠮᠡᠨ ᠤ ᠬᠦᠴᠢᠷ ᠵᠤᠪᠠᠭᠤᠷᠢ ᠳᠤ ᠦᠯᠦ ᠬᠠᠶᠢᠬᠤᠷᠬᠤ ᠤᠪᠤᠷ ᠲᠠᠢ᠂ ᠰᠤᠨᠤᠰᠴᠤ ᠪᠠᠶᠢᠭᠠᠳ ᠦᠯᠦ ᠬᠠᠶᠢᠬᠤᠷᠴᠤ᠂ ︽ᠶᠠᠭᠤ ᠴᠤ ᠬᠠᠮᠢᠶᠠᠷᠬᠤ ᠦᠭᠡᠢ ᠳᠠᠷᠤᠭ᠎ᠠ︾ ᠪᠤᠯᠤᠭᠠᠳ ᠳᠠᠰᠤᠬᠰᠠᠨ ᠪᠠᠶᠢᠨ᠎ᠠ᠃ ︽ᠳᠦᠷᠪᠡᠨ ᠰᠤᠷᠲᠠᠯ︾᠎ ᠤᠨ ᠠᠰᠠᠭᠤᠳᠠᠯ ᠢ ᠡᠷᠬᠢᠴᠡᠭᠦᠯᠦᠨ ᠪᠤᠳᠤᠪᠠᠯ᠂ ᠵᠤᠷᠢᠯᠲᠠ ᠶᠢᠨ ᠤᠬᠠᠮᠰᠠᠷ ᠢᠶᠠᠷ ᠪᠠᠭᠤᠷᠠᠢ᠂ ᠰᠡᠳᠬᠢᠯ ᠳᠤᠨᠢ ᠠᠷᠠᠳ ᠲᠦᠮᠡᠨ ᠪᠠᠶᠢᠬᠤ ᠦᠭᠡᠢ ᠪᠤᠯ ᠴᠢᠬᠤᠯᠠ ᠦᠵᠡᠯ ᠰᠠᠨᠠᠭᠠᠨ ᠤ ᠦᠨᠳᠦᠰᠦ ᠰᠤᠷᠪᠤᠯᠵᠢ ᠪᠤᠯᠤᠨ᠎ᠠ᠃ ᠰᠤᠷᠲᠠᠯ ᠢ ᠬᠠᠯᠠᠨ ᠰᠠᠶᠢᠵᠢᠷᠠᠭᠤᠯᠬᠤ ᠳᠤ ᠠᠷᠠᠳ ᠲᠦᠮᠡᠨ ᠢ ᠰᠡᠳᠬᠢᠯ ᠤᠨ ᠬᠠᠮᠤᠬ ᠤᠨ ᠦᠨᠳᠦᠷ ᠪᠠᠶᠢᠷᠢᠨ ᠳᠠᠭᠠᠨ ᠲᠠᠯᠪᠢᠵᠤ᠂ ᠤᠯᠠᠨ ᠲᠦᠮᠡᠨ ᠤ ᠬᠠᠮᠤᠬ ᠤᠨ ᠰᠡᠳᠬᠢᠯ ᠬᠠᠨᠤᠮᠵᠢ ᠦᠭᠡᠢ ᠭᠠᠵᠠᠷ ᠠᠴᠠ ᠡᠬᠢᠯᠡᠨ ᠰᠠᠶᠢᠵᠢᠷᠠᠭᠤᠯᠵᠤ᠂ ᠤᠯᠠᠨ ᠲᠦᠮᠡᠨ ᠤ ᠬᠠᠮᠤᠬ ᠢᠯᠡᠬᠦᠤ ᠠᠩᠬᠠᠷᠴᠦ ᠪᠠᠶᠢᠭ᠎ᠠ ᠭᠠᠵᠠᠷ ᠠᠴᠠ ᠡᠬᠢᠯᠡᠨ ᠠᠳᠬᠤᠵᠤ᠂ ᠦᠨᠡᠨ ᠪᠤᠲᠠᠲᠠᠢ᠂ ᠰᠡᠳᠬᠢᠯ ᠵᠢᠷᠦᠬᠡ ᠪᠠᠨ ᠬᠤᠯᠪᠤᠬᠰᠠᠨ ᠠᠷᠭ᠎ᠠ ᠬᠡᠮᠵᠢᠶ᠎ᠡ ᠪᠠᠷ ᠠᠷᠠᠳ ᠲᠦᠮᠡᠨ ᠳᠤ ᠪᠤᠶᠠᠨ ᠦᠢᠯᠡᠳᠴᠤ᠂ ᠤᠯᠵᠤ ᠦᠵᠡᠬᠦ᠂ ᠤᠯᠵᠤ ᠪᠠᠷᠢᠬᠤ ᠬᠤᠪᠢᠷᠠᠯᠲᠠ ᠪᠠᠷ ᠠᠷᠠᠳ ᠤᠨ ᠢᠲᠡᠭᠡᠯ ᠢ ᠤᠯᠬᠤ ᠬᠡᠷᠡᠭᠲᠡᠢ᠃ ᠭᠠᠭᠴᠠᠬᠦ ᠤᠯᠠᠨ ᠲᠦᠮᠡᠨ ᠤ ᠬᠦᠷᠢᠶᠡᠯᠡᠯ ᠢ ᠤᠯᠵᠥ᠂ ᠠᠷᠠᠳ ᠲᠦᠮᠡᠨ ᠰᠡᠳᠬᠢᠯ ᠬᠠᠨᠤᠮᠵᠢᠲᠠᠢ ᠪᠠᠶᠢᠵᠤ᠂ ᠨᠠᠮ ᠤᠯᠠᠨ ᠲᠦᠮᠡᠨ᠂ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠤᠢᠢᠷᠠᠳᠤᠭᠤᠯᠪᠠᠯ ᠰᠤᠷᠲᠠᠯ ᠤᠨ ᠪᠠᠶᠢᠭᠤᠯᠤᠯᠲᠠ ᠰᠠᠢᠢ ᠵᠢᠩᠬᠢᠨᠢ ᠪᠠᠷ ᠦᠷ᠎ᠡ ᠪᠦᠲᠦᠮᠵᠢᠲᠡᠢ ᠪᠤᠯᠵᠤ᠂ ᠬᠦᠮᠦᠰ ᠤᠨ ᠰᠡᠳᠬᠢᠯ ᠢ ᠤᠯᠵᠤ ᠴᠢᠳᠠᠨ᠎ᠠ᠃ ᠬᠦᠮᠦᠨ ᠳᠤ ᠠᠬ᠎ᠠ ᠲᠠᠢ᠂ ᠭᠠᠯᠠᠭᠤᠨ ᠳᠤ ᠲᠦᠷᠦᠭᠦᠦ ᠲᠠᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠤᠷᠳᠠᠯ ᠤᠨ ᠪᠠᠶᠢᠭᠤᠯᠤᠯᠳᠠ ᠳᠤᠪᠤᠶᠢᠮ᠎ᠠ ᠦᠷ᠎ᠠ ᠪᠦᠳᠤᠮᠵᠢ ᠤᠯᠤᠭᠰᠠᠨ ᠤ ᠴᠢᠬᠤᠯᠠ ᠨᠢᠬᠡ ᠲᠤᠷᠰᠢᠯᠭ᠎ᠠ ᠪᠤᠯ ᠲᠠᠷᠤᠢ ᠳᠡᠭᠡᠳᠦ ᠱᠠᠳᠤ ᠨᠢ ᠳᠤᠤᠷᠠᠳᠦ ᠱᠠᠳᠤ ᠪᠠᠨ ᠲᠠᠭᠠᠭᠤᠯᠬᠤ ᠶᠢ ᠪᠠᠷᠢᠮᠳᠠᠯᠠᠵᠤ᠂ ᠤᠨᠴᠠᠭᠠᠢᠢᠯᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠬᠢᠨ ᠪᠡᠶ᠎ᠠ ᠪᠠᠷ ᠢᠶᠠᠨ ᠬᠡᠪ ᠳᠦᠷᠢᠮ ᠪᠤᠯᠵᠤ᠂ ᠪᠠᠶ᠎ᠠ ᠪᠠᠷ ᠢᠶᠠᠨ ᠦᠯᠢᠬᠡᠷ ᠲᠠᠭᠤᠷᠢᠶᠠᠯ ᠪᠤᠯᠵᠤ᠂ ᠪᠦᠬᠦ ᠨᠠᠮ ᠳᠤ ᠬᠡᠪ ᠲᠠᠭᠤᠷᠢᠶᠠᠯ ᠪᠤᠯᠤᠨ ᠦᠯᠢᠬᠡᠷ ᠵᠢᠱᠢᠶ᠎ᠠ ᠦᠵᠡᠭᠦᠯᠦᠭᠰᠡᠨ ᠳᠤ ᠪᠠᠶᠢᠨ᠎ᠠ᠃ ︽ᠬᠤᠷᠢᠭ᠎ᠠ ᠴᠡᠭᠡᠷ ᠲᠠᠢ ᠬᠦᠮᠦᠨ᠂ ᠤᠷᠢᠳᠠᠪᠡᠷ ᠪᠡᠶ᠎ᠡ ᠪᠠᠨ ᠴᠡᠭᠡᠷᠯᠡᠨ ᠲᠠᠷᠠᠭ᠎ᠠ ᠨᠢ ᠪᠤᠰᠤᠳ ᠢ ᠴᠡᠭᠡᠷᠯᠡᠭᠦᠯᠳᠡᠭ︾᠃ ᠰᠤᠷᠳᠠᠯ ᠤᠨ ᠪᠠᠶᠢᠭᠤᠯᠤᠯᠳᠠ ᠶᠢ ᠬᠦᠨᠵᠡᠬᠡᠢ ᠠᠬᠢᠭᠤᠯᠬᠤ ᠳᠤ᠂ ᠡᠯ᠎ᠠ ᠱᠠᠳᠤᠨ ᠤ ᠤᠳᠤᠷᠢᠳᠬᠤ ᠺᠠᠳ᠋ᠷ ᠲᠦᠷᠦᠭᠦᠯᠡᠨ ᠰᠤᠷᠳᠠᠯ ᠢᠶᠠᠨ ᠰᠠᠶᠢᠵᠢᠷᠠᠭᠤᠯᠵᠤ᠂ ᠪᠡᠶ᠎ᠠ ᠪᠠᠷ ᠢᠶᠠᠨ ᠲᠦᠷᠦᠭᠦᠯᠡᠨ ᠬᠢᠵᠦ᠂ ᠪᠠᠶ᠎ᠠ ᠪᠠᠷ ᠢᠶᠠᠨ ᠭᠡᠷᠡᠭᠵᠢᠬᠦᠯᠵᠤ᠂ ᠲᠦᠪ ᠪᠤᠰᠤ ᠭᠠᠵᠢᠭᠤ ᠰᠤᠷᠳᠠᠯ ᠢ ᠲᠦᠷᠦᠭᠦᠯᠡᠨ ᠡᠰᠡᠷᠬᠦᠴᠡᠵᠤ᠂ ᠲᠦᠪ ᠴᠢᠭᠡᠴᠢ ᠤᠪᠤᠷ ᠰᠤᠷᠳᠠᠯ ᠢ ᠲᠦᠷᠦᠭᠦᠯᠡᠨ ᠪᠠᠳᠠᠷᠠᠭᠤᠯᠵᠤ᠂ ︽ᠲᠦᠷᠦᠭᠦᠴᠢ ᠭᠠᠯᠠᠭᠤ ᠶᠢᠨ ᠨᠦᠯᠦᠭᠡ︾᠎ ᠶᠢ ᠪᠤᠢ ᠪᠤᠯᠭᠠᠵᠤ᠂ ᠰᠤᠷᠳᠠᠯ ᠲᠦᠪ ᠰᠠᠬᠢᠯᠭ᠎ᠠ ᠴᠢᠩᠭ᠎ᠠ ᠢᠳᠡᠪᠬᠢ ᠬᠦᠴᠤᠨ ᠢ ᠲᠠᠰᠤᠷᠠᠯᠳᠠ ᠦᠬᠡᠢ ᠪᠠᠳᠠᠷᠠᠭᠤᠯᠬᠤ ᠭᠡᠷᠡᠭᠳᠠᠢ᠃ ᠤᠳᠠᠯ ᠦᠬᠡᠢ ᠦᠷᠨᠢᠬᠦᠯᠬᠦ ᠪᠠᠷ ᠪᠠᠶᠢᠭ᠎ᠠ ︽ᠤᠬ ᠰᠠᠨᠠᠭ᠎ᠠ ᠪᠠᠨ ᠦᠯᠤ ᠮᠠᠷᠳᠠᠵᠤ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠶ᠎ᠡ︾ ᠬᠡᠬᠦ ᠭᠤᠤᠯ ᠰᠡᠳᠤᠪᠳᠤ ᠬᠦᠮᠤᠵᠢᠯ ᠳᠤ᠂ ᠤᠳᠤᠷᠢᠳᠬᠤ ᠺᠠᠳ᠋ᠷ ᠨᠡᠩ ᠢᠯᠠᠩᠭᠤᠶ᠎ᠠ ᠴᠢᠩᠭ᠎ᠠ ᠪᠠᠶᠢᠬᠤ ᠪᠤᠳᠠᠳᠠᠢ ᠪᠠᠶᠢᠬᠤ ᠵᠢᠯᠤᠭᠤᠳᠤᠮᠵᠢ ᠶᠢ ᠪᠤᠢ ᠪᠤᠯᠭᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠠᠵᠤ᠂ ᠰᠠᠶᠢᠨ ᠰᠤᠷᠳᠠᠯ ᠢᠶᠠᠷ ᠰᠠᠶᠢᠨ ᠨᠦᠯᠦᠭᠡ ᠶᠢ ᠪᠠᠳᠤᠯᠠᠬᠤ ᠭᠡᠷᠡᠭᠳᠠᠢ᠃ ᠰᠢᠨ᠎ᠠ ᠴᠠᠬ ᠦᠶ᠎ᠠ ᠳᠤ ᠰᠢᠨ᠎ᠠ ᠳᠦᠷᠰᠦ ᠪᠠᠶᠢᠳᠠᠯ ᠪᠠᠶᠢᠬᠤ ᠬᠡᠷᠡᠭᠳᠠᠢ᠂ ᠨᠡᠩ ᠴᠤ ᠰᠢᠨ᠎ᠠ ᠵᠢᠳᠭᠦᠯ ᠴᠢᠷᠮᠠᠶᠢᠯᠭ᠎ᠠ ᠭᠠᠷᠭᠠᠬᠤ ᠭᠡᠷᠡᠭᠳᠠᠢ᠃ ᠰᠤᠷᠳᠠᠯ ᠤᠨ ᠪᠠᠶᠢᠭᠤᠯᠤᠯᠳᠠ ᠶᠢ ᠴᠦᠬᠦᠷᠡᠰᠢ ᠦᠭᠡᠢ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠬᠡᠢ ᠠᠬᠢᠭᠤᠯᠬᠤ ᠪᠠᠷ᠂ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠯᠠᠪᠳᠠᠶ᠎ᠠ ᠰᠠᠶᠢᠨ ᠰᠠᠶᠢᠬᠠᠨ ᠬᠡᠪ ᠰᠤᠷᠳᠠᠯ ᠢᠶᠠᠷ ᠰᠡᠳᠬᠢᠯ ᠢᠶᠠᠨ ᠨᠢᠬᠳᠠᠷᠠᠭᠤᠯᠤᠨ ᠬᠦᠴᠤᠨ ᠢᠶᠠᠨ ᠬᠠᠮᠳᠤᠳᠬᠠᠵᠤ᠂ ᠲᠡᠮᠡᠴᠡᠯ ᠤᠨ ᠲᠦᠷᠢ ᠲᠦᠷᠬᠦ ᠪᠠᠷ ᠠᠵᠢᠯ ᠡᠷᠬᠢᠯᠡᠵᠦ ᠤᠢᠢᠯᠡᠰ ᠪᠤᠰᠬᠠᠵᠤ᠂ ᠰᠢᠨ᠎ᠠ ᠠᠶᠠᠨ ᠵᠠᠮ ᠳᠤ ᠲᠠᠰᠤᠷᠠᠯᠳᠠ ᠦᠭᠡᠢ ᠰᠢᠨ᠎ᠠ ᠢᠯᠠᠯᠳᠠ ᠶᠢ ᠲᠡᠮᠡᠴᠡᠨ ᠤᠯᠵᠤ᠂ ᠰᠢᠨ᠎ᠠ ᠬᠠᠭᠤᠳᠠᠰᠤ ᠶᠢ ᠪᠢᠴᠢᠭᠯᠡᠬᠦ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号