| ᠤᠢᠢᠷ᠎ᠠ ᠶᠢᠨ ᠵᠢᠯ ᠠᠴᠠ ᠨᠠᠰᠢ᠂ ᠮᠠᠨ ᠤ | ᠤᠷᠤᠨ ᠮᠠᠯ ᠠᠵᠦ ᠠᠬᠤᠢ ᠲᠠᠷᠢᠶᠠᠯᠠᠩ ᠤᠨ | ᠲᠤᠮᠤ ᠳ᠋ᠠᠶᠢᠲ᠋ᠠ ᠶᠢᠨ ᠬᠦᠭᠵᠢᠯᠳᠡ ᠶᠢ | ᠲᠡᠭᠡᠳᠤ ᠬᠡᠮᠵᠢᠶ᠎ᠠ ᠪᠠᠷ | ᠴᠢᠬᠤᠯᠠᠴᠢᠯᠠᠵᠦ᠂ ᠦᠵᠦ ᠲᠦᠯᠦᠪᠯᠡᠭᠡ ᠪᠠᠨ | ᠴᠢᠩᠭᠠᠳᠬᠠᠨ᠂ ᠮᠠᠯ ᠠᠵᠦ ᠠᠬᠤᠢ | ᠲᠠᠷᠢᠶᠠᠯᠠᠩ ᠤᠨ ᠮᠡᠳᠡᠭᠡ | ᠵᠠᠩᠬᠢᠵᠢᠯᠳᠠ ᠶᠢᠨ ᠪᠦᠲᠦᠬᠡᠨ | ᠪᠠᠶᠢᠭᠤᠯᠤᠯᠳᠠ ᠶᠢ ᠦᠷᠬᠦᠯᠵᠢᠯᠡᠨ | ᠠᠬᠢᠭᠤᠯᠵᠦ᠂ ᠤᠳᠤ ᠦᠶ᠎ᠠ ᠶᠢᠨ ᠮᠡᠳᠡᠭᠡ | ᠵᠠᠩᠬᠢ ᠶᠢᠨ ᠮᠡᠷᠬᠡᠵᠢᠯ ᠬᠢᠬᠡᠳ ᠮᠠᠯ ᠠᠵᠦ | ᠠᠬᠤᠢ ᠲᠠᠷᠢᠶᠠᠯᠠᠩ ᠤᠨ ᠪᠦᠬᠦ ᠲᠠᠯ᠎ᠠ ᠶᠢᠨ | ᠬᠦᠨᠵᠡᠬᠡᠢ ᠠᠭᠤᠰᠤᠯᠴᠠᠭ᠎ᠠ ᠶᠢ | ᠲᠦᠷᠭᠡᠳᠭᠡᠵᠦ᠂ ᠮᠠᠯ ᠠᠵᠦ ᠠᠬᠤᠢ | ᠲᠠᠷᠢᠶᠠᠯᠠᠩ ᠤᠨ ᠦᠢᠯᠡᠳᠪᠦᠷᠢᠯᠡᠯ ᠢ | ᠤᠶᠤᠨᠴᠢᠯᠠᠬᠤ᠂ ᠡᠵᠡᠩᠨᠡᠯᠳᠡ ᠶᠢ | ᠰᠦᠯᠵᠢᠶᠡᠴᠢᠯᠡᠬᠦ ᠪᠠ ᠬᠠᠮᠢᠶᠠᠷᠤᠯᠳᠠ | ᠦᠢᠯᠡᠴᠢᠯᠡᠭᠡ ᠶᠢ ᠤᠨᠢᠨ ᠲᠡᠭᠡᠷ᠎ᠠ ᠨᠢ | ᠪᠠᠶᠢᠯᠭᠠᠬᠤ ᠶᠢ ᠲᠠᠰᠤᠷᠠᠯᠳᠠ ᠦᠬᠡᠢ | ᠠᠬᠢᠭᠤᠯᠤᠬᠰᠠᠨ ᠠᠴᠠ ᠮᠠᠨ ᠤ ᠤᠷᠤᠨ ᠤ ᠮᠠᠯ | ᠠᠵᠦ ᠠᠬᠤᠢ ᠲᠠᠷᠢᠶᠠᠯᠠᠩ ᠤᠨ ᠲᠤᠮᠤ | ᠳ᠋ᠠᠶᠢᠲ᠋ᠠ ᠶᠢᠨ ᠬᠦᠭᠵᠢᠯᠳᠡ ᠢᠳᠡᠪᠬᠢᠳᠡᠢ | ᠠᠬᠢᠵᠦ᠂ ᠲᠤᠮᠤ ᠳ᠋ᠠᠶᠢᠲ᠋ᠠ ᠨᠢ ᠮᠠᠨ ᠤ | ᠤᠷᠤᠨ ᠤ ᠮᠠᠯ ᠠᠵᠦ ᠠᠬᠤᠢ ᠲᠠᠷᠢᠶᠠᠯᠠᠩ ᠤᠨ | ᠬᠦᠭᠵᠢᠯᠳᠡ ᠳᠤ ᠬᠦᠴᠦᠳᠤ ᠵᠢᠬᠦᠷ | ᠤᠷᠭᠤᠭᠤᠯᠤᠬᠰᠠᠨ ᠪᠠᠶᠢᠨ᠎ᠠ᠃ | ᠤᠢᠢᠷ᠎ᠠ ᠶᠢᠨ ᠵᠢᠯ ᠳᠤ᠂ ᠮᠠᠨ ᠤ ᠤᠷᠤᠨ ᠤ | ᠰᠢᠨᠵᠢᠯᠡᠬᠦ ᠤᠬᠠᠭᠠᠨᠴᠢ ᠪᠠᠷ ᠲᠠᠷᠢᠵᠦ | ᠲᠡᠵᠢᠬᠡᠬᠦ ᠵᠠᠬᠪᠤᠷ ᠤᠨ ᠬᠦᠭᠵᠢᠯᠳᠡ ᠶᠢᠨ | ᠲᠠᠰᠤᠷᠠᠯᠳᠠ ᠦᠬᠡᠢ ᠲᠦᠷᠬᠡᠳᠬᠦ ᠶᠢ | ᠲᠠᠭᠠᠯᠳᠤᠵᠦ᠂ ᠰᠢᠨ᠎ᠠ ᠴᠠᠬ ᠦᠶ᠎ᠠ ᠶᠢᠨ | ᠮᠠᠯᠴᠢᠨ ᠲᠠᠷᠢᠶᠠᠴᠢᠨ ᠤ ᠰᠢᠨ᠎ᠠ | ᠪᠠᠶᠢᠳᠠᠯ ᠳᠤ ᠲᠤᠯᠭᠠᠷᠠᠵᠦ ᠪᠠᠶᠢᠭ᠎ᠠ | ᠰᠢᠨᠵᠢᠯᠡᠬᠦ ᠤᠬᠠᠭᠠᠨ ᠮᠡᠷᠬᠡᠵᠢᠯ ᠤᠨ | ᠠᠰᠠᠭᠤᠳᠠᠯ ᠢ ᠰᠢᠢᠳᠪᠦᠷᠢᠯᠡᠬᠦ ᠶᠢᠨ | ᠲᠦᠯᠦᠬᠡ᠂ ᠪᠦᠬᠦ ᠤᠷᠤᠨ ᠤ ᠡᠯ᠎ᠠ ᠭᠠᠵᠠᠷ | ᠤᠷᠤᠨ ᠤ ᠬᠢᠨ ᠨᠢ ᠦᠪᠡᠷᠳᠡᠬᠡᠨ ᠵᠠᠰᠠᠬᠤ | ᠤᠷᠤᠨ ᠤ ᠲᠤᠮᠤ ᠳ᠋ᠠᠶᠢᠲ᠋ᠠ ᠶᠢ | ᠬᠦᠭᠵᠢᠬᠦᠯᠬᠦ ᠪᠠᠶᠢᠯᠳᠤᠬᠤ | ᠪᠤᠳᠤᠯᠭ᠎ᠠ ᠲᠠᠢ ᠤᠶᠠᠯᠳᠤᠭᠤᠯᠤᠨ᠂ ᠦᠪᠡᠷ | ᠦᠪᠡᠷ ᠤᠨ ᠤᠨᠴᠠᠯᠢᠬ ᠲᠠᠢ ᠮᠠᠯ ᠠᠵᠦ ᠠᠬᠤᠢ | ᠲᠠᠷᠢᠶᠠᠯᠠᠩ ᠤᠨ ᠲᠤᠮᠤ ᠳ᠋ᠠᠶᠢᠲ᠋ᠠ ᠶᠢᠨ | ᠲᠠᠪᠴᠠᠩ ᠢ ᠪᠠᠶᠢᠭᠤᠯᠵᠠᠭᠠᠵᠦ᠂ ᠢᠯᠡᠷᠬᠡᠢ | ᠦᠷ᠎ᠠ ᠪᠦᠲᠦᠮᠵᠢ ᠤᠯᠵᠦ ᠡᠬᠢᠯᠡᠭᠰᠠᠨ | ᠪᠠᠶᠢᠨ᠎ᠠ᠃ | ︽ᠲᠤᠮᠤ ᠳ᠋ᠠᠶᠢᠲ᠋ᠠ ᠶᠢᠨ ᠲᠠᠪᠴᠠᠩ ᠨᠢ | ᠲᠦᠮᠦᠰᠦᠨ ᠤ ᠦᠷ᠎ᠠ ᠶᠢ ᠰᠤᠩᠭᠤᠨ ᠠᠪᠴᠤ | ᠲᠠᠷᠢᠬᠤ ᠠᠴᠠ ᠬᠠᠮᠤᠬ ᠤᠨ ᠡᠴᠦᠰ ᠤᠨ | ᠵᠢᠵᠢᠭᠯᠡᠨ ᠪᠤᠷᠤᠯᠠᠭᠤᠯᠬᠤ ᠬᠦᠷᠳᠡᠯᠡᠬᠢ | ᠪᠦᠬᠦᠲᠤᠭᠠ ᠪᠠᠷᠢᠮᠲᠠ ᠶᠢ ᠬᠠᠮᠳᠤᠪᠡᠷ | ᠡᠳ᠋ᠯᠡᠬᠦ᠂ ᠴᠤᠬᠯᠠᠭᠤᠯᠬᠤ᠂ ᠵᠠᠳᠠᠯᠬᠤ ᠪᠠᠷ | ᠲᠠᠮᠵᠢᠵᠦ᠂ ᠭᠤᠤᠯ ᠢᠳᠡᠬᠡᠨ ᠤ | ᠪᠦᠲᠦᠭᠡᠭᠳᠡᠬᠦᠨ ᠤ ᠲᠦᠬᠦᠬᠡᠢ | ᠮᠠᠲ᠋ᠧᠷᠢᠶᠠᠯ ᠤᠨ ᠪᠠᠶᠢᠷᠢᠰᠢᠭᠤᠯᠤᠯᠳᠠ ᠶᠢ | ᠰᠢᠯᠢᠳᠡᠭᠵᠢᠬᠦᠯᠬᠦ᠂ ᠭᠤᠤᠯ ᠢᠳᠡᠬᠡᠨ ᠤ | ᠪᠦᠲᠦᠭᠡᠭᠳᠡᠬᠦᠨ ᠤ ᠲᠦᠬᠦᠬᠡᠢ | ᠮᠠᠲ᠋ᠧᠷᠢᠶᠠᠯ ᠤᠨ ᠦᠢᠯᠡᠳᠪᠦᠷᠢᠯᠡᠯ ᠤᠨ | ᠮᠡᠷᠬᠡᠵᠢᠯ ᠤᠨ ᠲᠤᠯᠭᠠᠭᠤᠷᠢᠯᠠᠯ ᠢ | ᠴᠢᠩᠭᠠᠳᠬᠠᠬᠤ᠂ ᠪᠠᠷᠢᠮᠵᠢᠶ᠎ᠠ ᠰᠢᠰᠲ᠋ᠧᠮ ᠢ | ᠪᠦᠷᠢᠨᠰᠢᠬᠦᠯᠤᠨᠲ᠋ᠤᠭᠠ ᠪᠠᠷᠢᠮᠲᠠ ᠶᠢ | ᠵᠠᠳᠠᠯᠵᠦ ᠰᠢᠢᠳᠪᠦᠷᠢᠳᠤ ᠪᠤᠳᠤᠯᠭ᠎ᠠ ᠶᠢᠨ | ᠲᠡᠮᠵᠢᠯᠬᠡ ᠬᠠᠩᠭᠠᠬᠤ ᠶᠢᠨ ᠬᠠᠮᠳᠤ᠂ ᠴᠠᠬ | ᠵᠠᠢ ᠶᠢᠨ ᠲᠠᠯ᠎ᠠ ᠪᠠᠷ ᠲᠦᠮᠦᠰᠦᠨ ᠤ | ᠬᠠᠩᠭᠠᠯᠭ᠎ᠠ ᠬᠡᠷᠡᠭᠴᠡᠭᠡ ᠶᠢᠨ | ᠲᠡᠩᠴᠡᠬᠦᠷᠢᠳᠡᠢ ᠪᠠᠶᠢᠬᠤ ᠶᠢ | ᠪᠦᠲᠦᠮᠵᠢᠳᠡᠢ ᠪᠡᠶᠡᠯᠡᠬᠦᠯᠵᠦ᠂ ᠭᠠᠵᠠᠷ | ᠵᠦᠢ ᠶᠢᠨ ᠢᠯᠡᠷᠬᠡᠶᠢᠯᠡᠯᠲᠦ ᠲᠡᠮᠳᠡᠭ | ᠪᠦᠬᠦᠢ ᠰᠢᠯᠢᠳᠡᠭ ᠴᠢᠨᠠᠷ ᠤᠨ ᠲᠦᠮᠦᠰᠦ ᠵᠢᠴᠢ | ᠲᠦᠮᠦᠰᠦᠨ ᠤ ᠲᠤᠰᠠᠯᠠᠬᠤ | ᠪᠦᠲᠦᠭᠡᠭᠳᠡᠬᠦᠨ ᠢ ᠬᠠᠩᠭᠠᠬᠤ ᠶᠢ | ᠪᠡᠶᠡᠯᠡᠬᠦᠯᠦᠭᠰᠡᠨ︾ ᠬᠡᠵᠦ ᠦᠪᠡᠷᠳᠡᠬᠡᠨ | ᠵᠠᠰᠠᠬᠤ ᠤᠷᠤᠨ ᠤ ᠲᠠᠷᠢᠶᠠᠯᠠᠩ ᠮᠠᠯ ᠠᠵᠦ | ᠠᠬᠤᠢ ᠶᠢᠨ ᠲᠢᠩᠬᠢᠮ ᠤᠨ ᠬᠠᠮᠢᠶ᠎ᠠ ᠪᠦᠬᠦᠢ | ᠬᠠᠷᠢᠭᠤᠴᠠᠯᠭᠠᠳᠠᠨ ᠠᠴᠠ ᠶᠠᠷᠢᠨ᠎ᠠ᠃ | ᠨᠢᠬᠡᠳᠦᠬᠡᠷ ᠬᠤᠭᠤᠴᠠᠭᠠᠨ ᠤ ᠪᠦᠲᠦᠬᠡᠨ | ᠪᠠᠶᠢᠭᠤᠯᠤᠯᠳᠠ ᠪᠠᠨ ᠬᠢᠵᠦ ᠲᠠᠭᠤᠰᠬᠠᠬᠰᠠᠨ | ᠦᠪᠦᠷ ᠮᠤᠩᠭᠤᠯ ᠤᠨ ᠲᠦᠮᠦᠰᠦᠨ ᠤ ᠪᠦᠬᠦ ᠠᠵᠦ | ᠦᠢᠯᠡᠰ ᠤᠨ ᠬᠡᠯᠬᠢᠶ᠎ᠠ ᠶᠢᠨ ᠲᠤᠮᠤ | ᠳ᠋ᠠᠶᠢᠲ᠋ᠠ ᠶᠢᠨ ᠲᠠᠪᠴᠠᠩ ᠨᠢ 6 ᠴᠡᠬᠡᠨ | ᠬᠦᠰᠢᠬᠡ ᠬᠤᠷᠰᠢᠯᠴᠠᠨ ᠬᠦᠳᠡᠯᠬᠦ | ᠬᠡᠯᠪᠡᠷᠢ ᠪᠠᠷ ᠬᠦᠮᠦᠰ ᠲᠤ ᠲᠦᠮᠦᠰᠦ | ᠦᠢᠯᠡᠳᠪᠦᠷᠢᠯᠡᠬᠦ᠂ ᠡᠵᠡᠩᠨᠡᠬᠦ᠂ | ᠬᠠᠮᠢᠶᠠᠷᠬᠤ ᠪᠠ ᠦᠢᠯᠡᠴᠢᠯᠡᠬᠦ 4 ᠲᠤᠮᠤ | ᠶᠠᠪᠤᠴᠠ ᠶᠢ ᠲᠤᠪ ᠲᠤᠳᠤᠷᠬᠠᠢ ᠦᠵᠡᠬᠦᠯᠵᠦ | ᠲᠡᠶᠢᠯᠬᠦ ᠪᠤᠯᠪᠠ᠃ ᠭᠤᠤᠯ ᠡᠵᠡᠮᠳᠡᠯᠳᠡ ᠶᠢᠨ | ᠴᠡᠬᠡᠨ ᠬᠦᠰᠢᠬᠡ ᠶᠢᠨ ᠦᠢᠯᠡᠳᠪᠦᠷᠢᠯᠡᠯ ᠤᠨ | ᠬᠦᠳᠡᠯᠦᠩᠬᠦᠢ ᠴᠡᠬᠡᠨ ᠬᠦᠰᠢᠬᠡ ᠶᠢ | ᠲᠤᠪᠴᠢᠳᠠᠵᠦ᠂ ᠴᠡᠬᠡᠨ ᠬᠦᠰᠢᠬᠡ ᠶᠢᠨ | ᠭᠠᠵᠠᠷ ᠤᠨ ᠵᠢᠷᠤᠬ ᠲᠡᠭᠡᠷᠡᠬᠢ ᠴᠢᠬ ᠢ | ᠰᠤᠩᠭᠤᠨ ᠡᠵᠡᠮᠳᠡᠬᠦ ᠪᠠᠷ ᠲᠠᠮᠵᠢᠵᠦ᠂ | ᠪᠤᠰᠤᠳ 5 ᠴᠡᠬᠡᠨ ᠬᠦᠰᠢᠬᠡ ᠨᠢ | ᠬᠠᠷᠠᠭᠠᠯᠵᠠᠬᠰᠠᠨ ᠦᠵᠡᠬᠦᠯᠦᠯᠬᠡ ᠶᠢᠨ | ᠤᠷᠤᠨ ᠪᠦᠰᠡ ᠶᠢᠨ ᠬᠠᠮᠢᠶ᠎ᠠ ᠪᠦᠬᠦᠢ ᠲᠤᠭ᠎ᠠ | ᠪᠠᠷᠢᠮᠲᠠ ᠲᠠᠢ ᠦᠳᠳᠡᠷ ᠬᠤᠯᠪᠤᠯᠳᠤᠵᠦ | ᠪᠠᠶᠢᠬᠤ ᠶᠢ ᠰᠤᠷᠪᠤᠯᠵᠢᠯᠠᠬᠴᠢ ᠤᠯᠵᠦ | ᠬᠠᠷᠠᠯ᠎ᠠ᠃ | ᠮᠠᠨ ᠤ ᠤᠷᠤᠨ ᠤ ᠲᠦᠮᠦᠰᠦ ᠲᠠᠷᠢᠬᠤ | ᠲᠠᠯᠠᠪᠠᠢ ᠪᠠ ᠦᠢᠯᠡᠳᠪᠦᠷᠢᠯᠡᠯ ᠤᠨ | ᠶᠡᠷᠦᠩᠬᠡᠢ ᠬᠡᠮᠵᠢᠶ᠎ᠠ ᠨᠢ ᠪᠦᠷ ᠪᠦᠬᠦ | ᠤᠯᠤᠰ ᠤᠨ ᠡᠮᠦᠨᠡᠬᠦᠷ ᠵᠢᠬᠰᠠᠵᠦ᠂ ᠲᠦᠮᠦᠰᠦ | ᠲᠠᠷᠢᠬᠤ ᠪᠠᠶᠢᠭᠠᠯᠢ ᠶᠢᠨ ᠨᠦᠬᠦᠴᠡᠯ ᠪᠠ ᠠᠵᠦ | ᠠᠬᠤᠢ ᠶᠢᠨ ᠨᠦᠬᠦᠴᠡᠯ ᠨᠢ ᠮᠠᠰᠢ ᠰᠠᠶᠢᠨ | ᠪᠠᠶᠢᠬᠤ ᠶᠢᠨ ᠬᠠᠮᠳᠤ᠂ ᠪᠠᠰᠠ ᠡᠪᠡᠳᠴᠢᠨ | ᠬᠤᠷᠤᠬᠠᠢᠢᠳᠤᠯ ᠤᠨ ᠭᠠᠮᠰᠢᠬ ᠤᠨ | ᠲᠦᠭᠰᠢᠬᠦᠷᠢ ᠨᠡᠮᠡᠭᠳᠡᠬᠦ ᠬᠠᠨᠳᠤᠰᠢ ᠨᠢ | ᠢᠯᠡᠷᠬᠡᠢ᠂ ᠵᠤᠭᠤᠷᠢᠯᠠᠵᠦ ᠨᠦᠬᠡᠴᠡᠯᠡᠬᠦ | ᠰᠦᠢᠳᠦᠯ ᠶᠡᠷᠦᠨᠢ ᠦᠨᠳᠦᠷ᠂ ᠡᠳ᠋ᠰᠢᠬᠦᠯᠦᠨ | ᠪᠤᠯᠪᠠᠰᠤᠷᠠᠭᠤᠯᠬᠤ ᠨᠤᠷᠮ᠎ᠠ ᠨᠢ ᠲᠤᠤᠷ᠎ᠠ᠂ | ᠡᠳ᠋ᠰᠢᠬᠦᠯᠦᠨ ᠪᠤᠯᠪᠠᠰᠤᠷᠠᠭᠤᠯᠬᠤ | ᠪᠦᠲᠦᠭᠡᠭᠳᠡᠬᠦᠨ ᠤ ᠲᠦᠷᠦᠯ ᠵᠦᠢᠯ ᠨᠢ | ᠴᠦᠬᠡᠨ᠂ ᠡᠳ᠋ᠰᠢᠬᠦᠯᠦᠨ ᠪᠤᠯᠪᠠᠰᠤᠷᠠᠭᠤᠯᠬᠤ | ᠲᠦᠪᠰᠢᠨ ᠨᠢ ᠨᠡᠯᠢᠶᠡᠳ ᠲᠤᠤᠷ᠎ᠠ᠂ ᠠᠵᠦ | ᠦᠢᠯᠡᠰ ᠤᠨ ᠬᠡᠯᠬᠢᠶ᠎ᠠ ᠨᠢ ᠤᠬᠤᠷ᠂ ᠤᠯᠠᠷᠢᠯ | ᠵᠦᠷᠢᠭᠦᠯᠡᠨ ᠪᠤᠷᠤᠯᠠᠭᠤᠯᠬᠤ ᠨᠦᠬᠦᠴᠡᠯ | ᠪᠠᠷᠤᠬᠲᠠᠢ ᠵᠡᠷᠬᠡ ᠲᠦᠮᠦᠰᠦᠨ ᠤ ᠠᠵᠦ | ᠦᠢᠯᠡᠰ ᠤᠨ ᠬᠦᠭᠵᠢᠯᠳᠡ ᠶᠢ | ᠬᠦᠯᠢᠶᠡᠰᠦᠯᠡᠵᠦ ᠪᠠᠶᠢᠭ᠎ᠠ ᠠᠰᠠᠭᠤᠳᠠᠯ | ᠲᠤᠪᠤᠶᠢᠮ᠎ᠠ ᠤᠷᠤᠰᠢᠵᠦ ᠪᠠᠶᠢᠨ᠎ᠠ᠃ | ᠲᠤᠮᠤ ᠳ᠋ᠠᠶᠢᠲ᠋ᠠ ᠶᠢᠨ ᠲᠠᠪᠴᠠᠩ ᠨᠢ | ᠪᠤᠳᠠᠰ ᠤᠨ ᠰᠦᠯᠵᠢᠶ᠎ᠠ ᠶᠢ ᠠᠰᠢᠬᠯᠠᠵᠦ᠂ | ᠲᠤᠭᠠᠴᠢᠯᠠᠬᠰᠠᠨ ᠲᠠᠷᠢᠶᠠᠯᠠᠩ ᠤᠨ ᠰᠠᠭᠤᠷᠢ | ᠰᠢᠰᠲ᠋ᠧᠮ ᠢ ᠪᠠᠶᠢᠭᠤᠯᠵᠦ᠂ | ᠲᠠᠷᠢᠶᠠᠯᠠᠩ ᠤᠨ ᠲᠤᠭ᠎ᠠ ᠪᠠᠷᠢᠮᠲᠠ ᠶᠢᠨ | ᠪᠠᠷᠢᠮᠵᠢᠶ᠎ᠠ ᠶᠢ ᠲᠦᠷᠢᠮᠵᠢᠬᠦᠯᠬᠦ ᠪᠠᠷ | ᠲᠠᠮᠵᠢᠵᠦ᠂ ᠮᠡᠳᠡᠭᠡ ᠵᠠᠩᠬᠢ ᠶᠢᠨ ︽ᠦᠨᠦᠴᠢᠨ | ᠠᠷᠠᠯ︾ ᠢ ᠠᠷᠢᠯᠭᠠᠵᠦ᠂ ᠲᠦᠮᠦᠰᠦᠨ ᠤ ᠠᠵᠦ | ᠦᠢᠯᠡᠰ ᠤᠨ ᠠᠵᠦ ᠦᠢᠯᠡᠰᠵᠢᠯᠳᠠ᠂ | ᠰᠦᠯᠵᠢᠶᠡᠵᠢᠯᠳᠠ᠂ ᠲᠤᠭᠠᠴᠢᠯᠠᠯᠳᠠ ᠪᠠ | ᠤᠶᠤᠨᠴᠢᠯᠠᠯᠳᠠ ᠶᠢ ᠲᠦᠷᠢᠮᠵᠢᠬᠦᠯᠦᠭᠰᠡᠨ | ᠪᠠᠶᠢᠨ᠎ᠠ᠃ ᠬᠠᠮᠳᠤ ᠳᠤᠨᠢ᠂ ᠮᠠᠨ ᠤ ᠤᠷᠤᠨ | ᠪᠠᠰᠠ ᠲᠦᠮᠦᠰᠦᠨ ᠤ ᠠᠵᠦ ᠦᠢᠯᠡᠰ ᠵᠢᠴᠢ | ᠲᠠᠷᠢᠶᠠᠯᠠᠩ ᠤᠨ ᠪᠦᠲᠦᠴᠡ ᠶᠢᠨ | ᠤᠨᠴᠠᠯᠢᠬ ᠲᠠᠢ ᠤᠶᠠᠯᠳᠤᠭᠤᠯᠤᠨ᠂ | ᠴᠢᠭᠯᠡᠬᠦᠯᠦᠯᠳᠤ ᠴᠢᠨᠠᠷᠳᠠᠢ ᠪᠠᠷ | ᠬᠡᠷᠡᠭᠴᠡᠭᠡ ᠱᠠᠭᠠᠷᠳᠠᠯᠭ᠎ᠠ ᠳᠠᠭᠠᠨ | ᠦᠨᠳᠦᠰᠦᠯᠡᠵᠦ ᠪᠦᠲᠦᠬᠡᠨ ᠪᠠᠶᠢᠭᠤᠯᠵᠦ᠂ | ᠲᠦᠮᠦᠰᠦᠨ ᠤ ᠠᠵᠦ ᠦᠢᠯᠡᠰ ᠤᠨ ᠨᠠᠷᠢᠨ | ᠪᠠᠶᠢᠳᠠᠯ ᠢ ᠪᠦᠬᠦ ᠲᠠᠯ᠎ᠠ ᠪᠠᠷ ᠤᠢᠢᠯᠠᠭᠠᠨ | ᠡᠵᠡᠮᠰᠢᠵᠦ᠂ ᠭᠤᠤᠯᠳᠠᠯᠭ᠎ᠠ ᠲᠠᠢ ᠠᠵᠢᠯ ᠤᠨ | ᠵᠠᠩᠬᠢᠯᠠᠭ᠎ᠠ ᠶᠢᠨ ᠬᠦᠢᠴᠡᠳᠬᠡᠬᠦ | ᠲᠤᠭ᠎ᠠ ᠳᠤ ᠲᠦᠪᠯᠡᠷᠡᠬᠦᠯᠦᠨ᠂ ︽ᠲᠤᠭ᠎ᠠ | ᠪᠠᠷᠢᠮᠲᠠ ᠪᠠᠷ ᠪᠠᠷᠢᠮᠳᠠ ᠪᠤᠯᠭᠠᠬᠤ᠂ | ᠲᠤᠭ᠎ᠠ ᠪᠠᠷᠢᠮᠲᠠ ᠪᠠᠷ ᠬᠠᠮᠢᠶᠠᠷᠬᠤ᠂ | ᠲᠤᠭ᠎ᠠ ᠪᠠᠷᠢᠮᠲᠠ ᠪᠠᠷ ᠰᠢᠢᠳᠪᠦᠷᠢᠳᠤ | ᠪᠤᠳᠤᠯᠭ᠎ᠠ ᠲᠤᠬᠳᠠᠭᠠᠬᠤ᠂ ᠲᠤᠭ᠎ᠠ | ᠪᠠᠷᠢᠮᠲᠠ ᠪᠠᠷ ᠰᠢᠨ᠎ᠠ ᠶᠢ ᠡᠬᠦᠳᠬᠦ︾ ᠲᠤᠮᠤ | ᠳ᠋ᠠᠶᠢᠲ᠋ᠠ ᠶᠢᠨ ᠬᠠᠮᠢᠶᠠᠷᠤᠯᠳᠠ ᠶᠢᠨ | ᠬᠠᠷᠠᠯᠳᠠ ᠶᠢ ᠪᠡᠶᠡᠯᠡᠬᠦᠯᠬᠦ ᠪᠠᠷ | ᠬᠦᠴᠦᠯᠡᠨ ᠴᠢᠷᠮᠠᠶᠢᠵᠦ ᠪᠠᠶᠢᠭ᠎ᠠ ᠠᠵᠢ᠃ | ︽ᠡᠨᠡ ᠨᠢ ᠶᠠᠬ ᠰᠢᠢᠳᠪᠦᠷᠢᠳᠤ | ᠪᠤᠳᠤᠯᠭ᠎ᠠ ᠶᠢ ᠲᠤᠭᠳᠠᠭᠠᠵᠦ ᠵᠢᠯᠤᠭᠤᠳᠬᠤ | ᠶᠡᠭᠡ ᠲᠠᠷᠢᠬᠢ ᠰᠢᠬ ᠪᠠᠶᠢᠵᠦ᠂ ᠭᠤᠤᠯ | ᠴᠤᠬᠴᠠ ᠶᠢᠨ ᠲᠤᠭ᠎ᠠ ᠪᠠᠷᠢᠮᠲᠠ ᠳᠤ | ᠬᠦᠨᠵᠡᠬᠡᠢ ᠠᠭᠤᠳᠠᠯᠤᠯᠳᠠ ᠪᠠ | ᠬᠤᠯᠪᠤᠭᠠᠯᠠᠬᠰᠠᠨ ᠵᠠᠳᠠᠯᠤᠯᠳᠠ ᠬᠢᠬᠦ ᠪᠠᠷ | ᠲᠠᠮᠵᠢᠵᠦ᠂ ᠲᠠᠷᠢᠶᠠᠯᠠᠬᠤ ᠡᠷᠦᠬᠡ᠂ | ᠲᠠᠷᠢᠶᠠᠯᠠᠩ ᠤᠨ ᠠᠵᠦ ᠠᠬᠤᠢᠢᠯᠠᠯ ᠪᠠ | ᠬᠦᠳᠡᠭᠡ ᠲᠤᠰᠬᠤᠨ ᠤ ᠵᠢᠷᠤᠭ ᠲᠦᠷᠰᠤ ᠶᠢ | ᠦᠢᠯᠡᠳᠴᠤ᠂ ᠮᠠᠯᠴᠢᠨ ᠲᠠᠷᠢᠶᠠᠴᠢᠨ ᠤ | ᠦᠢᠯᠡᠳᠪᠦᠷᠢᠯᠡᠯ᠂ ᠤᠷᠤᠯᠭ᠎ᠠ ᠶᠢᠨ | ᠨᠡᠮᠡᠭᠳᠡᠯ ᠪᠠ ᠮᠠᠯ ᠠᠵᠦ ᠠᠬᠤᠢ | ᠲᠠᠷᠢᠶᠠᠯᠠᠩ ᠤᠨ ᠦᠷᠬᠦᠯᠵᠢᠯᠡᠨ | ᠬᠦᠭᠵᠢᠬᠦ ᠳᠤ ᠵᠢᠷᠤᠮᠯᠠᠬᠤ ᠦᠨᠳᠦᠰᠦᠯᠡᠯ | ᠬᠠᠩᠭᠠᠬᠰᠠᠨ ᠪᠠᠶᠢᠨ᠎ᠠ᠃ ᠬᠠᠮᠳᠤ ᠳᠤᠨᠢ᠂ | ᠵᠠᠰᠠᠬ ᠤᠨ ᠤᠷᠳᠤᠨ ᠤ ᠤᠨᠢᠨ ᠲᠡᠭᠡᠷ᠎ᠠ ᠨᠢ | ᠬᠠᠮᠢᠶᠠᠷᠬᠤ ᠪᠠ ᠰᠢᠨᠵᠢᠯᠡᠬᠦ | ᠤᠬᠠᠭᠠᠨᠴᠢ ᠪᠠᠷ ᠰᠢᠢᠳᠪᠦᠷᠢᠳᠤ ᠪᠤᠳᠤᠯᠭ᠎ᠠ | ᠲᠤᠭᠳᠠᠭᠠᠬᠤ ᠳᠤ ᠲᠤᠰᠠᠯᠠᠵᠦ᠂ | ᠶᠠᠪᠤᠳᠠᠯ ᠠᠴᠠ ᠡᠮᠦᠨ᠎ᠠ ᠤᠷᠢᠳᠴᠢᠯᠠᠨ | ᠰᠡᠷᠡᠮᠵᠢᠯᠡᠬᠦᠯᠬᠦ᠂ ᠶᠠᠪᠤᠳᠠᠯ ᠤᠨ ᠲᠤᠮᠳᠠ | ᠬᠢᠨᠠᠨ ᠡᠵᠡᠮᠳᠡᠬᠦ᠂ ᠶᠠᠪᠤᠳᠠᠯ ᠤᠨ | ᠲᠠᠷᠠᠭ᠎ᠠ ᠰᠢᠢᠳᠪᠦᠷᠢᠳᠤ ᠪᠤᠳᠤᠯᠭ᠎ᠠ | ᠲᠤᠭᠳᠠᠭᠠᠬᠤ ᠴᠢᠳᠠᠮᠵᠢ ᠶᠢ ᠬᠠᠩᠭᠠᠵᠦ᠂ | ᠱᠠᠳᠤ ᠠᠯᠤᠰᠯᠠᠨ᠂ ᠰᠠᠯᠠᠭ᠎ᠠ ᠮᠦᠴᠢᠷ | ᠠᠯᠤᠰᠯᠠᠨ ᠵᠤᠬᠢᠴᠠᠭᠤᠯᠬᠤ ᠶᠢ | ᠪᠡᠶᠡᠯᠡᠬᠦᠯᠦᠭᠰᠡᠨ︾ ᠬᠡᠵᠦ ᠲᠤᠰ ᠲᠤᠮᠤ | ᠳ᠋ᠠᠶᠢᠲ᠋ᠠ ᠶᠢᠨ ᠲᠠᠪᠴᠠᠩ ᠤᠨ ᠪᠦᠲᠦᠬᠡᠨ | ᠪᠠᠶᠢᠭᠤᠯᠤᠯᠳᠠ ᠶᠢ ᠬᠠᠷᠢᠭᠤᠴᠠᠵᠦ | ᠪᠠᠶᠢᠭ᠎ᠠ ᠬᠠᠢ ᠰᠢᠨ ᠬᠤᠸᠠ ᠰᠢᠶᠠ | ᠰᠢᠨᠵᠢᠯᠡᠬᠦ ᠤᠬᠠᠭᠠᠨ ᠮᠡᠷᠬᠡᠵᠢᠯ ᠤᠨ | ᠺᠤᠮᠫᠠᠨᠢ ᠶᠢᠨ ᠶᠡᠷᠦᠩᠬᠡᠢ ᠲᠠᠭᠠᠭᠠᠮᠠᠯ | ᠸᠠᠩ ᠬᠠᠢ ᠯᠦᠩ ᠶᠠᠷᠢᠨ᠎ᠠ᠃ ︽ᠲᠠᠪᠴᠠᠩ ᠤᠨ | ᠬᠠᠮᠤᠬ ᠡᠴᠦᠰ ᠤᠨ ᠴᠢᠳᠠᠮᠵᠢ ᠨᠢ | ᠰᠢᠢᠳᠪᠦᠷᠢᠳᠤ ᠪᠤᠳᠤᠯᠭ᠎ᠠ ᠳᠤ ᠵᠠᠳᠠᠯᠤᠯᠳᠠ | ᠬᠢᠬᠦ ᠰᠢᠰᠲ᠋ᠧᠮ᠂ ᠲᠦᠭᠰᠢᠬᠦᠷᠢ ᠶᠢ | ᠤᠷᠢᠳᠴᠢᠯᠠᠨ ᠰᠡᠷᠡᠮᠵᠢᠯᠡᠬᠦᠯᠬᠦ | ᠰᠢᠰᠲ᠋ᠧᠮ᠂ ᠶᠡᠷᠦᠩᠬᠡᠶᠢᠯᠡᠭᠰᠡᠨ | ᠪᠠᠶᠢᠴᠠᠭᠠᠨ ᠯᠠᠪᠯᠠᠬᠤ ᠰᠢᠰᠲ᠋ᠧᠮ ᠢ | ᠴᠤᠬᠯᠠᠭᠤᠯᠤᠨ ᠲᠦᠪᠯᠡᠷᠡᠬᠦᠯᠵᠦ᠂ | ᠬᠠᠮᠤᠬ ᠤᠨ ᠡᠴᠦᠰ ᠲᠤᠨᠢ ᠪᠤᠰᠤᠭᠠᠯᠵᠢᠨ | ᠦᠵᠡᠬᠦᠯᠦᠯᠬᠡ ᠶᠢᠨ ᠦᠷ᠎ᠠ ᠪᠦᠲᠦᠮᠵᠢ ᠶᠢ | ᠪᠦᠷᠢᠯᠳᠦᠬᠦᠯᠬᠦ ᠪᠤᠯᠤᠨ᠎ᠠ︾ ᠬᠡᠵᠦ ᠲᠡᠷᠡ | ᠶᠠᠷᠢᠨ᠎ᠠ᠃ | ᠨᠢᠳᠤᠨᠤᠨ ᠤ 3 ᠰᠠᠷ᠎ᠠ ᠳᠤ᠂ ᠦᠶᠤᠸᠠᠨ | ᠰᠢᠶᠠᠨ ᠤ ᠮᠠᠯ ᠠᠵᠦ ᠠᠬᠤᠢ ᠲᠠᠷᠢᠶᠠᠯᠠᠩ ᠤᠨ | ᠲᠤᠮᠤ ᠳ᠋ᠠᠶᠢᠲ᠋ᠠ ᠨᠢ ᠪᠦᠬᠦ ᠲᠠᠯ᠎ᠠ ᠪᠠᠷ | ᠲᠡᠰ ᠲᠡᠪᠰᠢᠵᠦ᠂ ᠲᠤᠰ ᠲᠠᠪᠴᠠᠩ ᠨᠢ | ᠤᠳᠤᠬᠠᠨ ᠳᠤ ᠨᠢᠬᠡᠨᠳᠡ ᠦᠶᠤᠸᠠᠨ ᠰᠢᠶᠠᠨ ᠤ | ᠮᠠᠯ ᠠᠵᠦ ᠠᠬᠤᠢ ᠲᠠᠷᠢᠶᠠᠯᠠᠩ ᠤᠨ | ᠦᠢᠯᠡᠳᠪᠦᠷᠢᠯᠡᠯ ᠤᠨ ᠡᠯ᠎ᠠ ᠭᠤᠬᠴᠤᠭ᠎ᠠ ᠳᠤ | ᠬᠡᠷᠡᠭᠯᠡᠭᠳᠡᠵᠦ᠂ ᠲᠠᠷᠢᠶᠠᠯᠠᠩ ᠮᠠᠯ ᠠᠵᠦ | ᠠᠬᠤᠢ ᠶᠢᠨ ᠰᠠᠯᠠᠭ᠎ᠠ ᠮᠦᠴᠢᠷ᠂ ᠡᠩ ᠤᠨ | ᠮᠠᠯᠴᠢᠨ ᠲᠠᠷᠢᠶᠠᠴᠢᠨ ᠪᠠ ᠵᠠᠰᠠᠬ ᠤᠨ | ᠤᠷᠳᠤᠨ ᠳᠤ ᠮᠠᠯ ᠠᠵᠦ ᠠᠬᠤᠢ ᠲᠠᠷᠢᠶᠠᠯᠠᠩ ᠤᠨ | ᠡᠬᠢ ᠪᠠᠶᠠᠯᠢᠬ ᠤᠨ ᠬᠠᠮᠢᠶᠠᠷᠤᠯᠳᠠ ᠬᠢᠬᠡᠳ | ᠰᠢᠢᠳᠪᠦᠷᠢᠳᠤ ᠪᠤᠳᠤᠯᠭ᠎ᠠ ᠶᠢᠨ | ᠲᠡᠮᠵᠢᠯᠬᠡ ᠶᠢᠨ ᠠᠷᠭ᠎ᠠ ᠠᠪᠴᠠᠯ | ᠬᠠᠩᠭᠠᠬᠤ ᠶᠢᠨ ᠬᠠᠮᠳᠤ ᠳᠤᠨᠢ᠂ ᠪᠠᠰᠠ | ᠨᠡᠶᠢᠬᠡᠮ ᠳᠤ ᠪᠦᠬᠦ ᠲᠠᠯ᠎ᠠ ᠶᠢᠨ ᠮᠠᠯ ᠠᠵᠦ | ᠠᠬᠤᠢ ᠲᠠᠷᠢᠶᠠᠯᠠᠩ ᠤᠨ ᠮᠡᠷᠬᠡᠵᠢᠯ ᠤᠨ | ᠦᠢᠯᠡᠴᠢᠯᠡᠭᠡ ᠬᠠᠩᠭᠠᠵᠦ᠂ ᠮᠠᠯ ᠠᠵᠦ ᠠᠬᠤᠢ | ᠲᠠᠷᠢᠶᠠᠯᠠᠩ ᠤᠨ ᠠᠵᠢᠯ ᠤᠨ ᠰᠢᠨᠵᠢᠯᠡᠬᠦ | ᠤᠬᠠᠭᠠᠨᠴᠢ᠂ ᠲᠦᠷᠢᠮᠵᠢᠯ ᠤᠨ ᠲᠦᠪᠰᠢᠨ ᠢ | ᠪᠦᠬᠦᠯᠢ ᠴᠤᠬᠴᠠ ᠳᠤᠨᠢ | ᠲᠡᠭᠡᠭᠰᠢᠯᠡᠬᠦᠯᠦᠭᠰᠡᠨ ᠪᠠᠶᠢᠨ᠎ᠠ᠃ | ︽ᠲᠠᠪᠴᠠᠩ ᠢᠶᠠᠷ ᠬᠦᠲᠦᠯᠦᠨ | ᠲᠠᠭᠠᠭᠤᠯᠬᠤ ᠪᠠᠷ ᠲᠠᠮᠵᠢᠵᠦ᠂ ᠮᠠᠯ ᠠᠵᠦ | ᠠᠬᠤᠢ ᠲᠠᠷᠢᠶᠠᠯᠠᠩ ᠤᠨ ᠦᠢᠯᠡᠳᠪᠦᠷᠢᠯᠡᠯ᠂ | ᠬᠡᠷᠡᠭᠵᠢᠬᠦᠯᠦᠯᠳᠡ ᠪᠠ ᠬᠦᠭᠵᠢᠯᠳᠡ ᠳᠤ | ᠰᠢᠨᠵᠢᠯᠡᠬᠦ ᠤᠬᠠᠭᠠᠨᠴᠢ ᠵᠢᠯᠤᠭᠤᠳᠤᠯᠭ᠎ᠠ | ᠬᠠᠩᠭᠠᠨ᠂ ᠬᠠᠮᠤᠬ ᠤᠨ ᠡᠴᠦᠰ ᠲᠡᠭᠡᠨ ᠪᠦᠬᠦ | ᠰᠢᠶᠠᠨ ᠤ ᠲᠠᠷᠢᠮᠠᠯ ᠤᠨ | ᠦᠢᠯᠡᠳᠪᠦᠷᠢᠯᠡᠯ ᠤᠨ ᠨᠠᠷᠢᠯᠢᠬᠵᠢᠬᠰᠠᠨ | ᠬᠠᠮᠢᠶᠠᠷᠤᠯᠳᠠ ᠶᠢ ᠪᠡᠶᠡᠯᠡᠬᠦᠯᠵᠦ᠂ ᠮᠠᠯ | ᠠᠵᠦ ᠠᠬᠤᠢ ᠲᠠᠷᠢᠶᠠᠯᠠᠩ ᠳᠤ | ᠬᠤᠯᠪᠤᠬᠳᠠᠬᠰᠠᠨ ᠮᠡᠳᠡᠭᠡ ᠵᠠᠩᠬᠢ ᠶᠢ | ᠬᠠᠮᠳᠤᠪᠡᠷ ᠡᠳ᠋ᠯᠡᠬᠦ ᠬᠡᠮᠵᠢᠶ᠎ᠠ ᠶᠢ | ᠶᠡᠬᠡᠪᠡᠷ ᠲᠡᠭᠡᠭᠰᠢᠯᠡᠬᠦᠯᠦᠨ᠂ ᠤᠳᠤ | ᠦᠶ᠎ᠠ ᠶᠢᠨ ᠮᠠᠯ ᠠᠵᠦ ᠠᠬᠤᠢ ᠲᠠᠷᠢᠶᠠᠯᠠᠩ ᠤᠨ | ᠮᠡᠷᠬᠡᠵᠢᠯ ᠤᠨ ᠮᠡᠳᠡᠭᠡ | ᠵᠠᠩᠬᠢᠵᠢᠯᠳᠠ ᠶᠢᠨ ᠬᠡᠮᠵᠢᠶ᠎ᠠ ᠶᠢ | ᠲᠦᠷᠬᠡᠨ ᠢᠶᠠᠷ ᠠᠬᠢᠭᠤᠯᠵᠦ᠂ ᠮᠠᠯ ᠠᠵᠦ ᠠᠬᠤᠢ | ᠲᠠᠷᠢᠶᠠᠯᠠᠩ ᠤᠨ ᠮᠡᠳᠡᠭᠡ | ᠵᠠᠩᠬᠢᠵᠢᠯᠳᠠ ᠶᠢᠨ ᠪᠦᠲᠦᠬᠡᠨ | ᠪᠠᠶᠢᠭᠤᠯᠤᠯᠳᠠ ᠶᠢᠨ ᠠᠬᠢᠴᠠ ᠶᠢ | ᠲᠦᠷᠬᠡᠳᠬᠡᠬᠦ ᠵᠤᠷᠢᠯᠭ᠎ᠠ ᠲᠠᠢ︾ ᠬᠡᠵᠦ | ᠦᠶᠤᠸᠠᠨ ᠰᠢᠶᠠᠨ ᠤ ᠨᠠᠮ ᠤᠨ ᠬᠤᠷᠢᠶ᠎ᠠ ᠶᠢᠨ | ᠤᠬᠠᠭᠤᠯᠬᠤ ᠬᠡᠯᠳᠡᠰ ᠤᠨ ᠲᠡᠳ᠋ ᠲᠠᠷᠤᠭ᠎ᠠ | ᠪᠠᠢ ᠶᠦᠩ ᠭᠤᠸᠠᠩ ᠶᠠᠷᠢᠨ᠎ᠠ᠃ | ᠲᠦᠩᠯᠢᠶᠤᠤ ᠬᠤᠳᠠ ᠨᠢ ︽ᠲᠤᠮᠳᠠᠳᠤ ᠤᠯᠤᠰ ᠤᠨ | ᠤᠯᠠᠭᠠᠨ ᠦᠬᠡᠷ ᠤᠨ ᠨᠤᠲᠤᠬ︾ ᠬᠡᠮᠡᠨ | ᠠᠯᠳᠠᠷᠰᠢᠵᠦ᠂ ᠬᠤᠷᠴᠢᠨ ᠤ ᠲᠠᠷᠭᠤᠨ | ᠦᠬᠡᠷ ᠤᠨ ᠮᠢᠬ᠎ᠠ ᠨᠢ ᠲᠤᠮᠳᠠᠳᠤ ᠤᠯᠤᠰ ᠤᠨ | ᠭᠠᠵᠠᠷ ᠵᠦᠢ ᠶᠢᠨ ᠢᠯᠡᠷᠬᠡᠶᠢᠯᠡᠯᠳᠤ | ᠲᠡᠮᠳᠡᠭ ᠪᠦᠬᠦᠢ ᠦᠢᠯᠡᠳᠬᠦᠨ ᠢᠶᠠᠷ | ᠲᠤᠭᠳᠠᠭᠠᠬᠳᠠᠬᠰᠠᠨ ᠪᠢᠯᠡ᠃ ᠤᠢᠢᠷ᠎ᠠ ᠶᠢᠨ | ᠵᠢᠯ ᠳᠤ᠂ ᠲᠤᠰ ᠬᠤᠳᠠ ᠨᠢ ᠢᠨᠲ᠋ᠧᠷ | ᠰᠦᠯᠵᠢᠶ᠎ᠠ ᠶᠢᠨ ᠤᠳᠤ ᠦᠶ᠎ᠠ ᠶᠢᠨ ᠮᠡᠳᠡᠭᠡ | ᠵᠠᠩᠬᠢ ᠶᠢᠨ ᠮᠡᠷᠬᠡᠵᠢᠯ ᠢ ᠠᠰᠢᠬᠯᠠᠨ᠂ | ᠪᠦᠬᠦ ᠬᠤᠳᠠ ᠶᠢᠨ ᠭᠤᠤᠯ ᠪᠤᠯᠬᠤ ᠲᠤᠮᠤ | ᠬᠡᠯᠪᠡᠷᠢ ᠶᠢᠨ ᠲᠤᠷᠰᠢᠯᠳᠠ ᠶᠢᠨ ᠴᠢᠬ ᠤᠨ | ᠠᠵᠦ ᠠᠬᠤᠢᠢᠯᠠᠯ ᠤᠨ ᠮᠢᠬᠠᠨ ᠤ ᠦᠬᠡᠷ ᠤᠨ | ᠦᠢᠯᠡᠳᠬᠦᠨ ᠢ ᠪᠦᠷᠬᠦᠭᠰᠡᠨ ᠬᠢᠨᠠᠨ | ᠬᠠᠮᠢᠶᠠᠷᠤᠯᠳᠠ ᠶᠢᠨ ᠰᠢᠰᠲ᠋ᠧᠮ ᠢ | ᠪᠠᠶᠢᠭᠤᠯᠵᠦ᠂ ᠲᠡᠵᠢᠬᠡᠨ ᠦᠷᠡᠵᠢᠬᠦᠯᠬᠦ᠂ | ᠠᠯᠠᠵᠦ ᠨᠢᠳᠤᠯᠬᠤ ᠡᠳ᠋ᠰᠢᠬᠦᠯᠦᠨ | ᠪᠤᠯᠪᠠᠰᠤᠷᠠᠭᠤᠯᠬᠤ᠂ ᠨᠦᠬᠡᠴᠡᠯᠡᠵᠦ | ᠲᠡᠬᠡᠬᠡᠪᠦᠷᠢᠯᠡᠬᠦ ᠵᠡᠷᠬᠡ ᠭᠤᠬᠴᠤᠭ᠎ᠠ ᠳᠤ | ᠰᠦᠯᠵᠢᠶᠡᠨ ᠬᠠᠮᠢᠶᠠᠷᠤᠯᠳᠠ ᠶᠢ | ᠬᠡᠷᠡᠭᠵᠢᠬᠦᠯᠵᠦ᠂ ᠦᠬᠡᠷ ᠤᠨ ᠮᠢᠬ᠎ᠠ ᠶᠢᠨ | ᠦᠢᠯᠡᠳᠬᠦᠨ ᠤ ᠪᠦᠬᠦ ᠠᠵᠦ ᠦᠢᠯᠡᠰ ᠤᠨ | ᠬᠡᠯᠬᠢᠶᠡᠵᠢᠯ ᠤᠨ ᠶᠠᠰᠤ ᠴᠢᠨᠠᠷ ᠲᠤ | ᠮᠦᠷᠳᠡᠯᠳᠡ ᠬᠢᠬᠦ ᠶᠢ ᠦᠨᠳᠦᠰᠦᠨ ᠳᠡᠭᠡᠨ | ᠪᠡᠶᠡᠯᠡᠬᠦᠯᠵᠦ᠂ ᠢᠷᠡᠯᠳᠡ ᠶᠢ ᠮᠦᠷᠳᠡᠵᠦ | ᠲᠡᠶᠢᠯᠬᠦ᠂ ᠶᠠᠪᠤᠴᠠ ᠶᠢ ᠪᠠᠶᠢᠴᠠᠭᠠᠵᠦ | ᠲᠡᠶᠢᠯᠬᠦ᠂ ᠬᠠᠷᠢᠭᠤᠴᠠᠯᠭ᠎ᠠ ᠶᠢ | ᠨᠡᠬᠡᠮᠵᠢᠯᠡᠵᠦ ᠲᠡᠶᠢᠯᠬᠦ ᠶᠢ | ᠪᠡᠶᠡᠯᠡᠬᠦᠯᠦᠭᠰᠡᠨ ᠪᠠᠶᠢᠨ᠎ᠠ᠃ ᠦᠨᠦ᠂ | ᠬᠡᠷᠡᠭᠯᠡᠭᠴᠢᠳ ᠦᠬᠡᠷ ᠤᠨ ᠮᠢᠬ᠎ᠠ ᠶᠢᠨ | ᠦᠢᠯᠡᠳᠬᠦᠨ ᠤ ᠬᠤᠶᠠᠷ ᠬᠡᠮᠵᠢᠯᠳᠤ ᠺᠤᠳ᠋ ᠢ | ᠰᠢᠷᠪᠢᠬᠦ ᠳᠤ ᠬᠦᠷᠪᠡᠯ᠂ ᠦᠬᠡᠷ ᠤᠨ | ᠮᠢᠬ᠎ᠠ ᠶᠢᠨ ᠮᠠᠯᠵᠢᠯ ᠤᠨ ᠲᠠᠯᠠᠪᠠᠢ ᠠᠴᠠ | ᠬᠤᠭᠤᠯᠠᠨ ᠰᠢᠷᠡᠬᠡᠨ ᠲᠡᠭᠡᠷᠡᠭᠢ ᠪᠦᠬᠦ | ᠶᠠᠪᠤᠴᠠ ᠶᠢᠨ ᠮᠡᠳᠡᠭᠡ ᠵᠠᠩᠬᠢ ᠶᠢ | ᠤᠢᠢᠯᠠᠭᠠᠵᠦ᠂ ᠢᠳᠡᠬᠡᠨ ᠤ ᠶᠠᠰᠤ ᠴᠢᠨᠠᠷ ᠤᠨ | ᠠᠮᠤᠷ ᠲᠦᠪᠰᠢᠨ ᠢ ᠡᠵᠡᠮᠳᠡᠵᠦ ᠲᠡᠶᠢᠯᠬᠦ ᠶᠢ | ᠪᠠᠲᠤᠯᠠᠬᠰᠠᠨ ᠪᠠᠶᠢᠨ᠎ᠠ᠃ ᠤᠢᠢᠷ᠎ᠠ ᠶᠢᠨ | ᠵᠢᠯ ᠳᠤ᠂ ᠦᠪᠡᠷᠳᠡᠬᠡᠨ ᠵᠠᠰᠠᠬᠤ ᠤᠷᠤᠨ ᠠᠴᠠ | ᠪᠡᠯᠴᠢᠬᠡᠷ ᠤᠨ ᠬᠤᠨᠢ ᠦᠬᠡᠷ ᠤᠨ | ᠮᠢᠬ᠎ᠠ ᠶᠢᠨ ᠪᠦᠬᠦ ᠠᠵᠦ ᠦᠢᠯᠡᠰ ᠤᠨ | ᠬᠡᠯᠬᠢᠶ᠎ᠠ ᠶᠢᠨ ᠤᠬ ᠡᠬᠢ ᠶᠢ ᠮᠦᠷᠳᠡᠬᠦ | ᠰᠢᠰᠲ᠋ᠧᠮ ᠢ ᠪᠠᠶᠢᠭᠤᠯᠬᠤ ᠠᠯᠬᠤᠴᠠ ᠶᠢ | ᠲᠦᠷᠭᠡᠳᠬᠡᠵᠦ᠂ ᠮᠡᠳᠡᠭᠡ | ᠵᠠᠩᠬᠢᠵᠢᠯᠳᠠ ᠪᠠᠷ ᠬᠤᠨᠢ ᠦᠬᠡᠷ ᠤᠨ | ᠮᠢᠬ᠎ᠠ ᠶᠢᠨ ︽ᠢᠷᠡᠯᠳᠡ ᠶᠢ ᠮᠦᠷᠳᠡᠵᠦ | ᠲᠡᠶᠢᠯᠬᠦ᠂ ᠶᠠᠪᠤᠴᠠ ᠶᠢ ᠪᠠᠶᠢᠴᠠᠭᠠᠵᠦ | ᠲᠡᠶᠢᠯᠬᠦ᠂ ᠬᠠᠷᠢᠭᠤᠴᠠᠯᠭ᠎ᠠ ᠶᠢ | ᠨᠡᠬᠡᠮᠵᠢᠯᠡᠵᠦ ᠲᠡᠶᠢᠯᠬᠦ︾ ᠪᠦᠬᠦ | ᠶᠠᠪᠤᠴᠠ ᠶᠢ ᠮᠦᠷᠳᠡᠬᠦ ᠰᠢᠰᠲ᠋ᠧᠮ ᠤᠨ | ᠬᠠᠮᠢᠶᠠᠷᠤᠯᠳᠠ ᠶᠢ ᠪᠡᠶᠡᠯᠡᠬᠦᠯᠵᠦ᠂ | ᠬᠡᠷᠡᠭᠯᠡᠭᠴᠢᠳ ᠤᠨ ᠰᠢᠯᠢᠳᠡᠭ ᠴᠢᠨᠠᠷ ᠤᠨ | ᠪᠡᠯᠴᠢᠬᠡᠷ ᠤᠨ ᠬᠤᠨᠢ ᠦᠬᠡᠷ ᠤᠨ ᠮᠢᠬ᠎ᠠ | ᠬᠡᠷᠡᠭᠯᠡᠬᠦ ᠶᠢ ᠪᠠᠲᠤᠯᠠᠬᠰᠠᠨ ᠪᠠᠶᠢᠨ᠎ᠠ᠃ | ᠪᠤᠭᠤᠳᠤ ᠬᠤᠳᠡ ᠶᠢᠨ ᠭᠤᠶᠤᠴᠢᠯᠠᠬᠰᠠᠨ | ︽ᠪᠡᠯᠴᠢᠬᠡᠷ ᠤᠨ ᠮᠠᠯ ᠠᠵᠦ ᠠᠬᠤᠢ ᠶᠢᠨ ᠤᠬ | ᠡᠬᠢ ᠶᠢ ᠮᠦᠷᠳᠡᠬᠦ ᠦᠪᠦᠷ ᠮᠤᠩᠭᠤᠯ ᠤᠨ ᠲᠤᠮᠤ | ᠳ᠋ᠠᠶᠢᠲ᠋ᠠ ᠶᠢᠨ ᠢᠨᠵᠧᠨᠧᠷᠢᠩ ᠤᠨ | ᠲᠤᠷᠰᠢᠯᠳᠠ ᠶᠢᠨ ᠲᠠᠰᠤᠬ︾ ᠨᠢ ᠤᠢᠢᠷ᠎ᠠ ᠳᠤ | ᠵᠦᠪᠰᠢᠶᠡᠷᠡᠭᠳᠡᠵᠡᠢ᠃ ᠡᠨᠡ ᠪᠤᠯ ᠪᠤᠭᠤᠳᠤ | ᠬᠤᠳᠠ ᠶᠢᠨ ᠲᠦᠷᠦᠬᠦᠦ ᠨᠢᠬᠡ ᠦᠪᠡᠷᠳᠡᠬᠡᠨ | ᠵᠠᠰᠠᠬᠤ ᠤᠷᠤᠨ ᠤ ᠲᠡᠰ ᠤᠨ ᠲᠤᠮᠤ | ᠳ᠋ᠠᠶᠢᠲ᠋ᠠ ᠶᠢᠨ ᠢᠨᠵᠧᠨᠧᠷᠢᠩ ᠤᠨ | ᠲᠤᠷᠰᠢᠯᠳᠠ ᠶᠢᠨ ᠲᠠᠰᠤᠬ ᠪᠤᠯᠤᠨ᠎ᠠ᠃ ᠲᠤᠰ | ᠲᠤᠷᠰᠢᠯᠳᠠ ᠶᠢᠨ ᠲᠠᠰᠤᠬ ᠨᠢ ︽ᠢᠨᠲ᠋ᠧᠷ | ᠰᠦᠯᠵᠢᠶ᠎ᠠ + ᠪᠡᠯᠴᠢᠬᠡᠷ ᠤᠨ ᠮᠠᠯ ᠠᠵᠦ | ᠠᠬᠤᠢ︾ ᠶᠢᠨ ᠪᠠᠶᠢᠯᠳᠤᠬᠤ ᠪᠤᠳᠤᠯᠭ᠎ᠠ ᠶᠢ | ᠬᠡᠷᠡᠭᠵᠢᠬᠦᠯᠵᠦ᠂ ︽ᠲᠡᠵᠢᠬᠡᠨ | ᠦᠷᠡᠵᠢᠬᠦᠯᠬᠦ ᠦᠢᠯᠡᠳᠪᠦᠷᠢᠯᠡᠯ — ᠠᠯᠠᠵᠦ | ᠨᠢᠳᠤᠯᠬᠤ ᠡᠳ᠋ᠰᠢᠬᠦᠯᠦᠨ | ᠪᠤᠯᠪᠠᠰᠤᠷᠠᠭᠤᠯᠬᠤ — ᠨᠦᠬᠡᠴᠡᠯᠡᠬᠦ | ᠪᠠᠷᠠᠭᠠᠨ ᠤ ᠬᠦᠢᠯᠬᠡᠬᠡ — | ᠪᠤᠷᠤᠯᠠᠭᠤᠯᠭ᠎ᠠ︾ ᠡᠯ᠎ᠠ ᠭᠤᠬᠴᠤᠭ᠎ᠠ ᠶᠢᠨ | ᠤᠬ ᠡᠬᠢ ᠶᠢ ᠮᠦᠷᠳᠡᠬᠦ ᠲᠤᠮᠤ ᠳ᠋ᠠᠶᠢᠲ᠋ᠠ ᠶᠢ | ᠴᠤᠬᠯᠠᠭᠤᠯᠬᠤ᠂ ᠬᠠᠮᠳᠤᠪᠡᠷ ᠡᠳ᠋ᠯᠡᠬᠦ | ᠬᠢᠬᠡᠳ ᠵᠠᠳᠠᠯᠬᠤ ᠪᠠᠷ ᠲᠠᠮᠵᠢᠵᠦ᠂ | ᠵᠠᠰᠠᠬ ᠤᠨ ᠤᠷᠳᠤᠨ ᠤ ᠬᠠᠮᠢᠶ᠎ᠠ ᠪᠦᠬᠦᠢ | ᠰᠠᠯᠠᠭ᠎ᠠ ᠮᠦᠴᠢᠷ ᠲᠤ ᠲᠤᠭ᠎ᠠ ᠪᠠᠷᠢᠮᠲᠠ ᠶᠢ | ᠬᠠᠮᠳᠤᠪᠡᠷ ᠡᠳ᠋ᠯᠡᠬᠦ᠂ ᠬᠠᠮᠵᠢᠯᠴᠠᠵᠦ | ᠬᠢᠨᠠᠨ ᠬᠠᠮᠢᠶᠠᠷᠬᠤ ᠬᠢᠬᠡᠳ ᠰᠢᠢᠳᠪᠦᠷᠢᠳᠤ | ᠪᠤᠳᠤᠯᠭ᠎ᠠ ᠶᠢ ᠵᠠᠳᠠᠯᠬᠤ ᠵᠡᠷᠬᠡ | ᠦᠢᠯᠡᠴᠢᠯᠡᠭᠡ ᠬᠠᠩᠭᠠᠵᠦ᠂ ᠮᠠᠯᠵᠢᠬᠤ | ᠡᠷᠦᠬᠡ ᠳᠤ ᠰᠢᠨᠵᠢᠯᠡᠬᠦ ᠤᠬᠠᠭᠠᠨᠴᠢ | ᠮᠠᠯᠵᠢᠬᠤ ᠦᠢᠯᠡᠳᠪᠦᠷᠢᠯᠡᠯ ᠤᠨ | ᠵᠢᠯᠤᠭᠤᠳᠤᠯᠭ᠎ᠠ ᠬᠠᠩᠭᠠᠵᠦ᠂ | ᠬᠡᠷᠡᠭᠯᠡᠭᠴᠢᠳ ᠲᠤ ᠦᠨᠡᠨ ᠪᠤᠳᠠᠳᠤ | ᠢᠳᠡᠬᠡᠮᠵᠢᠳᠡᠢ ᠪᠦᠬᠦ ᠶᠠᠪᠤᠴᠠ ᠶᠢ | ᠮᠦᠷᠳᠡᠭᠰᠡᠨ ᠪᠠᠶᠢᠴᠠᠭᠠᠨ ᠯᠠᠪᠯᠠᠬᠤ | ᠦᠢᠯᠡᠴᠢᠯᠡᠭᠡ ᠬᠠᠩᠭᠠᠬᠤ ᠪᠤᠯᠤᠨ᠎ᠠ᠃ ᠲᠤᠰ | ᠲᠤᠷᠰᠢᠯᠳᠠ ᠶᠢᠨ ᠲᠠᠰᠤᠬ ᠨᠢ | ᠪᠡᠯᠴᠢᠬᠡᠷ ᠤᠨ ᠮᠠᠯ ᠠᠵᠦ ᠠᠬᠤᠢ ᠶᠢᠨ ᠠᠰᠢᠬ | ᠰᠢᠮ᠎ᠠ ᠶᠢᠨ ᠭᠠᠵᠠᠷ ᠵᠦᠢ ᠶᠢᠨ | ᠢᠯᠡᠷᠬᠡᠶᠢᠯᠡᠯᠳᠤ ᠲᠦᠷᠦᠯ ᠲᠡᠮᠳᠡᠭ ᠢ | ᠡᠬᠦᠳᠬᠦ᠂ ᠴᠢᠨᠠᠷ ᠰᠢᠯᠢᠳᠡᠭ ᠦᠨ᠎ᠠ ᠬᠠᠩᠰᠢ | ᠦᠨᠳᠦᠷ ᠪᠠᠶᠢᠬᠤ᠂ ᠮᠠᠯᠴᠢᠳ ᠤᠨ | ᠤᠷᠤᠯᠭ᠎ᠠ ᠶᠢ ᠨᠡᠮᠡᠭᠳᠡᠬᠦᠯᠬᠦ ᠶᠢ | ᠪᠡᠶᠡᠯᠡᠬᠦᠯᠵᠦ᠂ ᠪᠡᠯᠴᠢᠬᠡᠷ ᠤᠨ ᠮᠠᠯ ᠠᠵᠦ | ᠠᠬᠤᠢ ᠶᠢᠨ ᠰᠢᠨ᠎ᠠ ᠶᠢ ᠡᠬᠦᠳᠬᠦ᠂ | ᠵᠤᠬᠢᠴᠠᠩᠭᠤᠢ᠂ ᠪᠤᠬᠢᠷᠳᠤᠯ ᠦᠬᠡᠢ᠂ | ᠨᠡᠬᠡᠬᠡᠯᠳᠡᠳᠤ᠂ ᠬᠠᠮᠳᠤᠪᠡᠷ ᠡᠳ᠋ᠯᠡᠬᠦ | ᠬᠦᠭᠵᠢᠯᠳᠡ ᠳᠤ ᠢᠳᠡᠪᠬᠢᠳᠡᠢ ᠦᠢᠯᠡᠳᠦᠯ | ᠦᠵᠡᠬᠦᠯᠬᠦ ᠪᠤᠯᠤᠨ᠎ᠠ᠃ | ᠨᠠᠮ ᠤᠨ ᠠᠷᠪᠠ ᠶᠢᠰᠦᠳᠦᠬᠡᠷ ᠶᠡᠭᠡ | ᠬᠤᠷᠠᠯ ᠠᠴᠠ ᠤᠳᠤᠬᠢᠴᠢᠯᠠᠬᠰᠠᠨ ᠠᠵᠦ | ᠠᠬᠤᠢ ᠶᠢᠨ ᠰᠢᠰᠲ᠋ᠧᠮ ᠢ ᠪᠦᠲᠦᠬᠡᠨ | ᠪᠠᠶᠢᠭᠤᠯᠬᠤ ᠲᠤᠬᠠᠢ ᠴᠢᠬᠤᠯᠠ | ᠪᠠᠶᠢᠷᠢᠯᠠᠭᠤᠯᠤᠯᠳᠠ ᠬᠢᠵᠦ᠂ ᠰᠦᠯᠵᠢᠶᠡᠨ ᠤ | ᠬᠦᠴᠦᠷᠭᠡᠭ ᠤᠯᠤᠰ᠂ ᠲᠤᠭᠠᠴᠢᠯᠠᠬᠰᠠᠨ | ᠲᠤᠮᠳᠠᠳᠤ ᠤᠯᠤᠰ᠂ ᠤᠶᠤᠨᠴᠢ ᠨᠡᠶᠢᠬᠡᠮ ᠢ | ᠪᠦᠲᠦᠬᠡᠨ ᠪᠠᠶᠢᠭᠤᠯᠬᠤ ᠶᠢ ᠲᠤᠷᠠᠳᠴᠤ᠂ | ᠰᠦᠯᠵᠢᠶ᠎ᠠ᠂ ᠲᠤᠮᠤ ᠳ᠋ᠠᠶᠢᠲ᠋ᠠ᠂ | ᠵᠤᠬᠢᠶᠠᠮᠠᠯ ᠤᠶᠤᠨ ᠴᠢᠳᠠᠪᠤᠷᠢ ᠪᠠ ᠪᠤᠳᠠᠳᠤ | ᠴᠤᠬᠴᠠ ᠶᠢᠨ ᠠᠵᠦ ᠠᠬᠤᠢ ᠶᠢ ᠬᠦᠨᠵᠡᠬᠡᠢ | ᠠᠭᠤᠰᠤᠯᠴᠠᠭᠤᠯᠬᠤ ᠶᠢ ᠠᠬᠢᠭᠤᠯᠤᠨ᠎ᠠ ᠬᠡᠵᠦ | ᠲᠤᠷᠠᠳᠤᠬᠰᠠᠨ ᠨᠢ ᠮᠠᠨ ᠤ ᠤᠷᠤᠨ ᠤ ᠮᠠᠯ ᠠᠵᠦ | ᠠᠬᠤᠢ ᠲᠠᠷᠢᠶᠠᠯᠠᠩ ᠤᠨ ᠲᠤᠮᠤ | ᠳ᠋ᠠᠶᠢᠲ᠋ᠠ ᠶᠢᠨ ᠲᠠᠪᠴᠠᠩ ᠤᠨ ᠪᠦᠲᠦᠬᠡᠨ | ᠪᠠᠶᠢᠭᠤᠯᠤᠯᠳᠠ ᠪᠠ ᠬᠦᠭᠵᠢᠯᠳᠡ ᠳᠤ | ᠲᠦᠷᠦ ᠶᠢᠨ ᠪᠤᠳᠤᠯᠭ᠎ᠠ ᠶᠢᠨ ᠲᠡᠮᠵᠢᠯᠬᠡ | ᠬᠠᠩᠭᠠᠬᠰᠠᠨ ᠪᠠᠶᠢᠨ᠎ᠠ᠃ | ᠦᠪᠡᠷᠳᠡᠬᠡᠨ ᠵᠠᠰᠠᠬᠤ ᠤᠷᠤᠨ ᠤ ᠲᠠᠷᠢᠶᠠᠯᠠᠩ | ᠮᠠᠯ ᠠᠵᠦ ᠠᠬᠤᠢ ᠶᠢᠨ ᠲᠢᠩᠬᠢᠮ ᠤᠨ ᠬᠠᠮᠢᠶ᠎ᠠ | ᠪᠦᠬᠦᠢ ᠬᠠᠷᠢᠭᠤᠴᠠᠯᠭᠠᠳᠠᠨ ᠤ | ᠲᠠᠨᠢᠯᠴᠠᠭᠤᠯᠤᠬᠰᠠᠨ ᠢᠶᠠᠷ᠂ ᠮᠠᠨ ᠤ ᠤᠷᠤᠨ | ᠨᠢᠬᠡᠨᠳᠡ ᠮᠠᠯ ᠠᠵᠦ ᠠᠬᠤᠢ ᠲᠠᠷᠢᠶᠠᠯᠠᠩ ᠤᠨ | ᠮᠡᠳᠡᠭᠡ ᠵᠠᠩᠬᠢ᠂ ︽12316︾ ︽ᠮᠠᠯ ᠠᠵᠦ ᠠᠬᠤᠢ | ᠲᠠᠷᠢᠶᠠᠯᠠᠩ᠂ ᠮᠠᠯᠵᠢᠬᠤ ᠲᠠᠷᠢᠶᠠᠯᠠᠬᠤ | ᠤᠷᠤᠨ᠂ ᠮᠠᠯᠴᠢᠨ ᠲᠠᠷᠢᠶᠠᠴᠢᠨ᠂︾ ᠳᠤ | ᠦᠢᠯᠡᠴᠢᠯᠡᠬᠦ ᠬᠠᠯᠠᠮᠰᠢᠯ ᠤᠳᠠᠰᠤ᠂ ᠮᠠᠯ ᠠᠵᠦ | ᠠᠬᠤᠢ ᠲᠠᠷᠢᠶᠠᠯᠠᠩ ᠤᠨ ︽ᠬᠤᠶᠠᠷ ᠵᠢᠷᠬᠢᠶ᠎ᠠ | ᠨᠢᠬᠡ ᠰᠢᠯᠵᠢᠶ᠎ᠠ︾᠂ ᠮᠠᠯ ᠤᠨ ᠠᠰᠢᠬ ᠰᠢᠮ᠎ᠠ | ᠲᠠᠷᠢᠶᠠᠯᠠᠩ ᠤᠨ ᠪᠦᠲᠦᠭᠡᠭᠳᠡᠬᠦᠨ ᠤ | ᠬᠢᠨᠠᠨ ᠬᠠᠮᠢᠶᠠᠷᠤᠯᠳᠠ ᠶᠢᠨ ᠢᠷᠡᠯᠲᠡ ᠶᠢ | ᠮᠦᠷᠳᠡᠬᠦ ᠲᠠᠪᠴᠠᠩ ᠢ ᠪᠦᠲᠦᠬᠡᠨ | ᠪᠠᠶᠢᠭᠤᠯᠤᠬᠰᠠᠨ ᠰᠠᠭᠤᠷᠢᠨ ᠲᠡᠭᠡᠷ᠎ᠠ᠂ | ᠮᠠᠨ ᠤ ᠤᠷᠤᠨ ᠪᠠᠰᠠ ᠤᠷᠤᠨ ᠤ ᠲᠤᠳᠤᠨᠠᠬᠢ | ᠲᠠᠷᠢᠶᠠᠯᠠᠩ ᠳᠤ ᠬᠤᠯᠪᠤᠬᠳᠠᠬᠰᠠᠨ IT ᠠᠵᠦ | ᠠᠬᠤᠢᠢᠯᠠᠯ ᠢ ᠢᠳᠡᠪᠬᠢᠳᠡᠢ ᠬᠦᠲᠦᠯᠦᠨ | ᠵᠢᠯᠤᠭᠤᠳᠴᠤ ᠪᠤᠶᠢᠵᠢᠭᠤᠯᠵᠦ᠂ ᠤᠶᠤᠨᠴᠢ | ᠲᠠᠷᠢᠶᠠᠯᠠᠩ ᠤᠨ ᠲᠤᠷᠰᠢᠯᠳᠠ ᠶᠢᠨ ᠴᠢᠬ ᠤᠨ | ᠵᠢᠱᠢᠶ᠎ᠠ ᠦᠵᠡᠬᠦᠯᠬᠦ ᠠᠵᠢᠯ ᠢ | ᠦᠷᠨᠢᠬᠦᠯᠵᠦ᠂ ᠮᠡᠳᠡᠭᠡ ᠵᠠᠩᠬᠢ ᠶᠢᠨ ᠡᠬᠢ | ᠪᠠᠶᠠᠯᠢᠬ ᠤᠨ ᠭᠠᠷᠴᠠᠬ ᠢ ᠡᠮᠬᠢᠯᠡᠬᠦ | ᠠᠵᠢᠯ ᠢ ᠴᠢᠩᠭᠠᠳᠬᠠᠵᠦ᠂ ︽ᠦᠪᠦᠷ | ᠮᠤᠩᠭᠤᠯ ᠤᠨ ᠮᠠᠯ ᠠᠵᠦ ᠠᠬᠤᠢ | ᠲᠠᠷᠢᠶᠠᠯᠠᠩ ᠤᠨ ᠮᠡᠳᠡᠭᠡ | ᠵᠠᠩᠬᠢᠵᠢᠯᠳᠠ ᠶᠢᠨ ᠬᠦᠭᠵᠢᠬᠦᠯᠦᠯᠳᠡ ᠶᠢᠨ | ︿ᠠᠷᠪᠠᠨ ᠭᠤᠷᠪᠠᠳᠤᠭᠠᠷ ᠲᠠᠪᠤᠨ ᠵᠢᠯ﹀ ᠤᠨ | ᠲᠦᠯᠦᠪᠵᠢᠬᠦᠯᠬᠡ︾᠂ ︽ᠦᠪᠦᠷ ᠮᠤᠩᠭᠤᠯ ᠤᠨ | ᠮᠠᠯ ᠠᠵᠦ ᠠᠬᠤᠢ ᠲᠠᠷᠢᠶᠠᠯᠠᠩ ᠤᠨ ᠲᠤᠮᠤ | ᠳ᠋ᠠᠶᠢᠲ᠋ᠠ ᠶᠢ ᠰᠤᠯᠢᠯᠴᠠᠭᠤᠯᠵᠦ | ᠬᠠᠮᠳᠤᠪᠡᠷ ᠡᠳ᠋ᠯᠡᠬᠦ ᠲᠠᠪᠴᠠᠩ ᠢ ᠪᠦᠲᠦᠬᠡᠨ | ᠪᠠᠶᠢᠭᠤᠯᠬᠤ ᠲᠦᠰᠦᠯ︾ ᠪᠠ ︽ᠦᠪᠦᠷ | ᠮᠤᠩᠭᠤᠯ ᠤᠨ ᠲᠦᠮᠦᠰᠦᠨ ᠤ ᠪᠦᠬᠦ ᠠᠵᠦ | ᠦᠢᠯᠡᠰ ᠤᠨ ᠬᠡᠯᠬᠢᠶᠡᠵᠢᠯ ᠤᠨ ᠲᠤᠮᠤ | ᠳ᠋ᠠᠶᠢᠲ᠋ᠠ ᠶᠢᠨ ᠲᠠᠪᠴᠠᠩ ᠢ ᠪᠦᠲᠦᠬᠡᠨ | ᠪᠠᠶᠢᠭᠤᠯᠬᠤ ᠲᠦᠰᠦᠯ︾ ᠵᠡᠷᠬᠡ ᠪᠦᠲᠦᠬᠡᠨ | ᠪᠠᠶᠢᠭᠤᠯᠤᠯᠳᠠ ᠶᠢᠨ ᠲᠦᠰᠦᠯ ᠢ ᠵᠤᠬᠢᠶᠠᠨ | ᠪᠠᠶᠢᠭᠤᠯᠵᠦ ᠲᠤᠭᠳᠠᠭᠠᠬᠰᠠᠨ ᠪᠠᠶᠢᠨ᠎ᠠ᠃ | ᠡᠬᠦᠨ ᠳᠤ᠂ ᠲᠠᠯ᠎ᠠ ᠨᠤᠲᠤᠬ ᠤᠨ ᠲᠤᠮᠤ | ᠳ᠋ᠠᠶᠢᠲ᠋ᠠ ᠪᠠ ᠲᠦᠮᠦᠰᠦᠨ ᠤ ᠲᠤᠮᠤ | ᠳ᠋ᠠᠶᠢᠲ᠋ᠠ ᠶᠢᠨ ᠪᠦᠲᠦᠬᠡᠨ | ᠪᠠᠶᠢᠭᠤᠯᠤᠯᠳᠠ ᠶᠢᠨ ᠲᠦᠷᠦᠯ ᠵᠦᠢᠯ ᠢ | ᠨᠢᠬᠡᠨᠳᠡ ᠡᠬᠢᠯᠡᠬᠦᠯᠵᠦ᠂ ᠲᠦᠷᠦᠯ ᠵᠦᠢᠯ ᠢ | ᠪᠤᠳᠠᠳᠠᠢ ᠬᠡᠷᠡᠭᠵᠢᠬᠦᠯᠬᠦ ᠱᠠᠳᠤᠨ ᠳᠤ | ᠤᠷᠤᠵᠦ᠂ ᠡᠨᠡ ᠵᠢᠯ ᠤᠨ ᠰᠡᠬᠦᠯᠴᠢ ᠪᠠᠷ | ᠪᠦᠲᠦᠬᠡᠨ ᠪᠠᠶᠢᠭᠤᠯᠵᠦ ᠲᠠᠭᠤᠰᠬᠠᠬᠤ ᠪᠠᠷ | ᠲᠦᠯᠦᠪᠯᠡᠵᠦ ᠪᠠᠶᠢᠨ᠎ᠠ᠃ | ᠮᠠᠨ ᠤ ᠤᠯᠤᠰ ᠤᠨ ︽ᠢᠨᠲ᠋ᠧᠷ ᠰᠦᠯᠵᠢᠶ᠎ᠡ + | ᠲᠠᠷᠢᠶᠠᠯᠠᠩ︾ ᠤᠨ ᠬᠦᠭᠵᠢᠯᠲᠡ | ᠤᠢᠢᠷ᠎ᠡ ᠶᠢᠨ ᠵᠢᠯ ᠳᠤ ᠢᠨᠲ᠋ᠧᠷ | ᠰᠦᠯᠵᠢᠶ᠎ᠡ ᠶᠢᠨ ᠮᠡᠷᠭᠡᠵᠢᠯ ᠤᠨ | ᠬᠦᠭᠵᠢᠯᠲᠡ ᠶᠢ ᠳᠠᠭᠠᠯᠳᠤᠨ᠂ ︽ᠢᠨᠲ᠋ᠧᠷ | ᠰᠦᠯᠵᠢᠶ᠎ᠡ +︾ ᠵᠠᠬᠪᠤᠷ ᠬᠦᠮᠦᠰ ᠤᠨ ᠡᠳᠦᠷ | ᠲᠤᠳᠤᠮ ᠤᠨ ᠠᠮᠢᠳᠤᠷᠠᠯ ᠤᠨ ᠤᠯᠠᠨ | ᠲᠠᠯ᠎ᠡ ᠳᠤ ᠠᠭᠤᠰᠴᠤ᠂ ᠪᠦᠮᠪᠦᠷᠴᠡᠭ ᠤᠨ | ᠦᠨᠴᠦᠭ ᠪᠤᠯᠦᠩ ᠦᠯᠡᠳᠡᠭᠡᠯ ᠦᠭᠡᠢ ᠦᠷᠭᠡᠨ | ᠬᠡᠪᠴᠢᠶ᠎ᠡ ᠪᠠᠷ ᠬᠡᠷᠡᠭᠯᠡᠭᠳᠡᠭᠰᠡᠨ | ᠪᠠᠶᠢᠨ᠎ᠡ᠃ ᠭᠡᠲᠡᠯ᠎ᠡ ︽ ᠢᠨᠲ᠋ᠧᠷ ᠰᠦᠯᠵᠢᠶ᠎ᠡ | +︾ ᠪᠠ ᠲᠤᠮᠦ ᠳ᠋ᠠᠶᠢᠲ᠋ᠠ ᠪᠤᠯ ᠵᠦᠪᠬᠡᠨ ᠨᠢᠭᠡ | ᠵᠦᠢᠯ ᠤᠨ ᠪᠠᠭᠠᠵᠢ ᠮᠦᠨ᠂ ᠤᠨᠴᠠᠭᠠᠢ ᠤᠳᠬ᠎ᠠ | ᠠᠭᠤᠯᠭ᠎ᠠ ᠦᠭᠡᠢ ᠪᠠᠶᠢᠳᠠᠭ᠂ ᠵᠦᠪᠬᠡᠨ ᠬᠦᠮᠦᠨ | ᠲᠦᠷᠦᠯᠬᠢᠲᠡᠨ ᠲᠡᠭᠦᠨ ᠢ ᠦᠢᠯᠡᠳᠪᠦᠷᠢᠯᠡᠯ | ᠠᠮᠢᠳᠤᠷᠠᠯ ᠲᠤᠮᠳᠠ ᠪᠠᠨ ᠵᠦᠪ | ᠤᠨᠤᠪᠴᠢᠲᠠᠢ ᠪᠠᠷ ᠠᠰᠢᠬᠯᠠᠵᠦ ᠴᠢᠳᠠᠪᠠᠯ | ᠰᠠᠶᠢ ᠲᠠᠭᠦᠨ ᠤ ᠦᠨ᠎ᠡ ᠦᠷᠳᠡᠭ ᠢ | ᠪᠦᠷᠢᠮᠦᠰᠦᠨ ᠢᠯᠡᠷᠡᠭᠦᠯᠵᠦ ᠴᠢᠳᠠᠳᠠᠭ᠃ | ᠲᠠᠷᠢᠶᠠᠴᠢᠳ ᠲᠤ ᠠᠪᠴᠤ ᠬᠡᠯᠡᠪᠡᠯ᠂ | ︽ᠢᠨᠲ᠋ᠧᠷ ᠰᠦᠯᠵᠢᠶ᠎ᠡ +︾ ᠮᠡᠷᠭᠡᠵᠢᠯ ᠢ | ᠲᠠᠷᠢᠶᠠᠯᠠᠩ ᠦᠢᠯᠡᠳᠪᠦᠷᠢᠯᠡᠯ ᠲᠤᠮᠳᠠ | ᠵᠦᠪ ᠢᠶᠠᠷ ᠠᠰᠢᠬᠯᠠᠵᠦ ᠴᠢᠳᠠᠮᠠᠨᠵᠢᠨ ᠰᠠᠶᠢ | ᠲᠡᠭᠦᠨ ᠤ ᠦᠨ᠎ᠡ ᠦᠷᠳᠡᠭ ᠢ ᠦᠨᠡᠨᠬᠦ | ᠢᠯᠡᠷᠡᠭᠦᠯᠵᠦ ᠴᠢᠳᠠᠳᠠᠭ᠃ | ᠮᠠᠨ ᠤ ᠤᠯᠤᠰ ᠪᠤᠯ ᠲᠠᠷᠢᠶᠠᠯᠠᠩ ᠤᠨ ᠲᠤᠮᠦ | ᠤᠯᠤᠰ ᠮᠦᠨ᠂ ᠲᠤᠰᠬᠠᠢ ᠮᠡᠷᠭᠡᠵᠢᠯᠲᠡᠨ ᠤ | ᠵᠠᠳᠠᠯᠤᠬᠰᠡᠨ ᠢᠶᠠᠷ᠂ ︽ ᠢᠨᠲ᠋ᠧᠷ | ᠰᠦᠯᠵᠢᠶ᠎ᠡ + ᠲᠠᠷᠢᠶᠠᠯᠠᠩ︾ ᠢᠷᠡᠭᠡᠳᠦᠢ ᠳᠤ | ᠠᠷᠪᠠᠨ ᠲᠦᠮᠡᠨ ᠳ᠋ᠦᠡᠭᠰᠢᠭᠤᠷ ᠲᠦᠭᠦᠷᠢᠭ ᠤᠨ | ᠵᠠᠬ᠎ᠠ ᠳᠡᠯᠭᠡᠭᠦᠷ ᠲᠠᠢ᠃ ︽ᠢᠨᠲ᠋ᠧᠷ | ᠰᠦᠯᠵᠢᠶ᠎ᠡ + ᠲᠠᠷᠢᠶᠠᠯᠠᠩ︾ ᠨᠢ ᠵᠦᠪᠬᠡᠨ | ᠬᠦᠳᠡᠭᠡ ᠲᠤᠰᠬᠤᠨ ᠤ ᠪᠠᠷᠠᠭ᠎ᠠ ᠲᠠᠸᠠᠷ ᠢ | ᠭᠠᠳᠠᠬᠰᠢ ᠪᠠᠨ ᠪᠤᠷᠤᠯᠠᠭᠤᠯᠬᠤ ᠪᠤᠶᠤ | ᠭᠠᠳᠠᠨᠠᠬᠢ ᠪᠠᠷᠠᠭ᠎ᠠ ᠲᠠᠸᠠᠷ ᠢ ᠬᠦᠳᠡᠭᠡ | ᠲᠤᠰᠬᠤᠨ ᠳᠤ ᠤᠷᠤᠭᠤᠯᠬᠤ ᠳᠠᠩ ᠴᠤᠯᠭᠤᠢ | ᠤᠢᠢᠯᠠᠭᠠᠬᠲᠠᠬᠤᠨ ᠪᠢᠰᠢ᠂ ᠬᠠᠷᠢᠨ ᠨᠢᠭᠡ | ᠵᠦᠢᠯ ᠤᠨ ᠦᠢᠯᠡᠰ ᠪᠤᠰᠬᠠᠬᠤ ᠪᠠᠷ ᠳᠠᠮᠵᠢᠵᠦ | ᠠᠵᠢᠯ ᠤᠯᠭᠤᠯᠲᠠ ᠶᠢ ᠳᠠᠶᠢᠴᠢᠯᠠᠬᠤ ᠴᠢᠬᠤᠯᠠ | ᠶᠡᠭᠡ ᠲᠠᠪᠴᠠᠩ ᠮᠦᠨ᠃ ︽ᠢᠨᠲ᠋ᠧᠷ ᠰᠦᠯᠵᠢᠶ᠎ᠡ | +︾ ᠪᠠᠶᠢᠯᠳᠤᠬᠤ ᠪᠤᠳᠤᠯᠭ᠎ᠠ ᠶᠢ | ᠬᠡᠷᠡᠭᠵᠢᠭᠦᠯᠦᠭᠰᠡᠨ ᠠᠴᠠ ᠨᠠᠰᠢ᠂ | ᠲᠠᠷᠢᠶᠠᠯᠠᠩ ᠤᠨ ᠪᠦᠲᠦᠭᠡᠭᠳᠡᠭᠦᠨ ᠤ | ᠡᠯᠧᠺᠲᠷᠤᠨ ᠬᠤᠳᠠᠯᠳᠤᠭ᠎ᠠ᠂ ᠬᠦᠳᠡᠭᠡ | ᠲᠤᠰᠬᠤᠨ ᠤ ᠪᠠᠷᠠᠭᠠᠨ ᠤ ᠭᠦᠢᠯᠭᠡᠭᠡ᠂ | ᠲᠠᠷᠢᠶᠠᠯᠠᠩ ᠤᠨ ᠨᠡᠶᠢᠭᠡᠮ ᠤᠨ | ᠬᠠᠷᠢᠯᠴᠠᠭᠠᠨ ᠤ ᠲᠠᠪᠴᠠᠩ ᠵᠡᠷᠭᠡ ᠨᠢ ᠴᠦᠮ | ᠨᠢᠭᠡ ᠪᠦᠯᠦᠭ ᠦᠢᠯᠡᠰ ᠪᠤᠰᠬᠠᠬᠤ | ᠬᠤᠳᠠᠯᠳᠤᠭᠠᠨ ᠤ ᠰᠢᠨ᠎ᠡ ᠠᠵᠠ ᠲᠤᠬᠢᠶᠠᠯ ᠢ | ᠤᠬᠲᠤᠨ ᠠᠪᠤᠬᠰᠡᠨ ᠪᠠᠶᠢᠨ᠎ᠡ᠃ | 2016 ᠤᠨ ᠤ ᠲᠦᠪ ᠤᠨ ᠨᠢᠭᠡᠳᠦᠭᠡᠷ ᠲᠤᠭᠠᠳᠤ | ᠪᠢᠴᠢᠭ ᠮᠠᠲ᠋ᠧᠷᠢᠶᠠᠯ ᠳᠤ᠂ ︽︿ᠢᠨᠲ᠋ᠧᠷ | ᠰᠦᠯᠵᠢᠶ᠎ᠡ + ᠤᠲᠤ ᠦᠶ᠎ᠡ ᠶᠢᠨ | ᠲᠠᠷᠢᠶᠠᠯᠠᠩ﹀᠂ ᠬᠡᠷᠡᠭᠯᠡᠭᠡᠨ ᠤ | ᠪᠤᠳᠠᠰ ᠤᠨ ᠭᠦᠢᠯᠭᠡᠭᠡ᠂ ᠡᠭᠦᠯᠡᠨ | ᠪᠤᠳᠤᠯᠲᠠ᠂ ᠲᠤᠮᠦ ᠳ᠋ᠠᠶᠢᠲ᠋ᠠ᠂ ᠰᠢᠯᠵᠢᠮᠡᠯ | ᠢᠨᠲ᠋ᠧᠷ ᠰᠦᠯᠵᠢᠶ᠎ᠡ ᠵᠡᠷᠭᠡ ᠤᠲᠦ ᠦᠶ᠎ᠡ ᠶᠢᠨ | ᠮᠡᠳᠡᠭᠡ ᠵᠠᠩᠭᠢ ᠶᠢᠨ ᠮᠡᠷᠭᠡᠵᠢᠯ ᠢ | ᠶᠡᠬᠡᠪᠡᠷ ᠠᠬᠢᠭᠤᠯᠵᠦ᠂ ᠲᠠᠷᠢᠶᠠᠯᠠᠩ ᠤᠨ | ᠪᠦᠬᠦ ᠠᠵᠦ ᠦᠢᠯᠡᠰ ᠤᠨ ᠬᠡᠯᠭᠢᠶᠡᠵᠢᠯ ᠤᠨ | ᠦᠭᠡᠷᠡᠴᠢᠯᠡᠯᠲᠡ ᠲᠡᠰ ᠲᠠᠪᠰᠢᠯᠲᠠ ᠶᠢ | ᠠᠬᠢᠭᠤᠯᠤᠨ᠎ᠡ︾ ᠭᠡᠮᠡᠨ ᠲᠤᠷᠠᠳᠴᠠᠢ᠃ | ᠮᠡᠳᠡᠭᠡ ᠵᠠᠩᠭᠢ ᠶᠢᠨ ᠢᠨᠲ᠋ᠧᠷ | ᠰᠦᠯᠵᠢᠶ᠎ᠡ ᠨᠢ ᠦᠢᠯᠡᠳᠪᠦᠷᠢᠯᠡᠯ ᠤᠨ | ᠠᠷᠭ᠎ᠠ ᠬᠡᠯᠪᠡᠷᠢ ᠶᠢᠨ ᠶᠡᠭᠡ | ᠬᠤᠪᠢᠰᠤᠯᠲᠠ ᠶᠢ ᠠᠪᠴᠢᠷᠠᠵᠦ᠂ ︽ᠢᠨᠲ᠋ᠧᠷ | ᠰᠦᠯᠵᠢᠶ᠎ᠡ + ᠲᠠᠷᠢᠶᠠᠯᠠᠩ︾ ᠨᠢ ᠡᠯᠧᠺᠲᠷᠤᠨ | ᠬᠤᠳᠠᠯᠳᠤᠭ᠎ᠠ ᠶᠢᠨ ᠬᠤᠪᠢ ᠳᠤ ᠠᠪᠴᠦ | ᠬᠡᠯᠡᠪᠡᠯ ᠬᠦᠭᠵᠢᠯᠲᠡ ᠶᠢᠨ ᠤᠷᠤᠨ ᠵᠠᠢ ᠶᠢ | ᠦᠷᠭᠡᠳᠭᠡᠭᠰᠡᠨ ᠪᠠᠶᠢᠨ᠎ᠡ᠃ | ︽ᠢᠨᠲ᠋ᠧᠷ ᠰᠦᠯᠵᠢᠶ᠎ᠡ + ᠲᠠᠷᠢᠶᠠᠯᠠᠩ ︾ ᠨᠢ | ᠲᠠᠷᠢᠶᠠᠯᠠᠩ ᠤᠨ ᠠᠵᠦ ᠠᠬᠤᠢᠢᠯᠠᠯ ᠳᠤ ᠠᠪᠴᠦ | ᠬᠡᠯᠡᠪᠡᠯ᠂ ᠨᠢᠭᠡ ᠤᠳᠠᠭᠠᠨ ᠤ ᠴᠢᠬᠤᠯᠠ ᠶᠡᠭᠡ | ᠬᠦᠭᠵᠢᠯᠲᠡ ᠶᠢᠨ ᠠᠵᠠ ᠲᠤᠬᠢᠶᠠᠯ ᠮᠦᠨ᠃ | ᠢᠨᠲ᠋ᠧᠷ ᠰᠦᠯᠵᠢᠶ᠎ᠡ ᠶᠢᠨ ᠪᠤᠢ | ᠪᠤᠯᠤᠬᠰᠡᠨ ᠨᠢ ᠲᠠᠷᠢᠶᠠᠯᠠᠩ ᠤᠨ ᠠᠵᠦ | ᠠᠬᠤᠢᠢᠯᠠᠯ ᠢ ᠪᠤᠷᠤᠯᠠᠭᠤᠯᠭ᠎ᠠ ᠶᠢᠨ | ᠪᠠᠶᠢᠳᠠᠯ ᠢᠶᠠᠨ ᠦᠨᠳᠦᠰᠦᠯᠡᠵᠦ | ᠦᠢᠯᠡᠳᠪᠦᠷᠢᠯᠡᠯ ᠢᠶᠠᠨ ᠵᠤᠬᠢᠶᠠᠨ | ᠪᠠᠶᠢᠭᠤᠯᠬᠤ ᠪᠤᠯᠭᠠᠵᠦ᠂ ᠲᠠᠷᠤᠢ ᠠᠵᠦ | ᠦᠢᠯᠡᠰ ᠤᠨ ᠬᠡᠯᠬᠢᠶᠡᠵᠢᠯ ᠤᠨ ᠪᠦᠬᠦ | ᠡᠯᠧᠮᠧᠨ᠋ᠲ ᠳᠤ ᠲᠠᠬᠢᠨ ᠵᠤᠬᠢᠶᠠᠨ | ᠪᠠᠶᠢᠭᠤᠯᠤᠯᠲᠠ ᠬᠢᠭᠰᠡᠨ ᠲᠠᠢ ᠠᠳᠠᠯᠢ | ᠪᠤᠯᠵᠠᠢ᠂ ᠡᠨᠡ ᠨᠢ ᠲᠠᠷᠢᠶᠠᠯᠠᠩ ᠤᠨ ᠠᠵᠦ | ᠠᠬᠤᠢᠢᠯᠠᠯ ᠤᠨ ᠪᠦᠲᠦᠭᠡᠭᠳᠡᠭᠦᠨ ᠢᠶᠠᠨ | ᠪᠤᠷᠤᠯᠠᠭᠤᠯᠬᠤ ᠠᠶᠤᠯ ᠲᠦᠭᠰᠢᠭᠦᠷᠢ ᠶᠢ | ᠬᠠᠮᠤᠭ ᠲᠤᠤᠷ᠎ᠠ ᠭᠡᠮᠵᠢᠶ᠎ᠠ ᠬᠦᠷᠳᠡᠯ᠎ᠠ | ᠪᠠᠭᠤᠷᠠᠭᠤᠯᠤᠬᠰᠡᠨ ᠪᠠᠶᠢᠨ᠎ᠡ᠃ ᠢᠨᠲ᠋ᠧᠷ | ᠰᠦᠯᠵᠢᠶ᠎ᠡ ᠶᠢᠨ ᠨᠡᠬᠡᠭᠡᠯᠲᠡᠲᠦ᠂ | ᠲᠦᠷᠭᠡᠨ᠂ ᠲᠠᠷᠬᠠᠭᠠᠯᠲᠠ ᠰᠠᠶᠢᠨ ᠪᠠᠶᠢᠳᠠᠭ | ᠤᠨᠴᠠᠯᠢᠭ ᠨᠢ ᠲᠠᠷᠢᠶᠠᠯᠠᠩ ᠤᠨ ᠠᠵᠦ | ᠠᠬᠤᠢᠢᠯᠠᠯ ᠢ ᠲᠦᠷᠦᠯ ᠲᠡᠮᠳᠡᠭ᠂ ᠤᠨᠴᠠᠯᠢᠭ | ᠵᠡᠷᠭᠡ ᠳᠤ ᠨᠡᠩ ᠢᠯᠡᠭᠦᠤ ᠠᠩᠬᠠᠷᠤᠯ | ᠲᠦᠪᠯᠡᠷᠡᠭᠦᠯᠬᠦ ᠪᠤᠯᠭᠠᠵᠠᠢ᠃ | ︽ᠢᠨᠲ᠋ᠧᠷ ᠰᠦᠯᠵᠢᠶ᠎ᠡ + ᠲᠠᠷᠢᠶᠠᠯᠠᠩ︾ ᠤᠨ | ᠠᠷᠪᠠᠨ ᠶᠡᠭᠡ ᠬᠦᠭᠵᠢᠯᠲᠡ ᠶᠢᠨ ᠬᠠᠨᠲᠤᠰᠢ | ᠵᠠᠰᠠᠭ ᠤᠨ ᠤᠷᠤᠨ ᠠᠴᠠ ᠬᠦᠳᠡᠭᠡ ᠲᠤᠰᠬᠤᠨ | ︵ᠬᠦᠳᠡᠭᠡ ᠠᠵᠦ ᠠᠬᠤᠢ︶ ᠤ ᠡᠯᠧᠺᠲᠷᠤᠨ | ᠬᠤᠳᠠᠯᠳᠤᠭ᠎ᠠ ᠳᠠᠬᠢ ᠳᠡᠮᠵᠢᠯᠭᠡ ᠪᠠᠨ | ᠦᠷᠭᠦᠯᠵᠢᠯᠡᠨ ᠴᠢᠩᠭᠠᠳᠬᠠᠨ᠎ᠡ︔ | ᠵᠠᠰᠠᠭ ᠤᠨ ᠤᠷᠤᠨ ᠠᠴᠠ ᠬᠦᠳᠡᠭᠡ ᠲᠤᠰᠬᠤᠨ | ︵ᠬᠦᠳᠡᠭᠡ ᠠᠵᠦ ᠠᠬᠤᠢ︶ ᠤ ᠡᠯᠧᠺᠲᠷᠤᠨ | ᠬᠤᠳᠠᠯᠳᠤᠭ᠎ᠠ ᠳᠠᠬᠢ ᠳᠡᠮᠵᠢᠯᠭᠡ ᠪᠠᠨ | ᠦᠷᠭᠦᠯᠵᠢᠯᠡᠨ ᠴᠢᠩᠭᠠᠳᠬᠠᠨ᠎ᠡ︔ | ᠤᠷᠤᠨ ᠪᠦᠰᠡ ᠶᠢᠨ ᠴᠢᠨᠠᠷᠲᠠᠢ | ᠨᠡᠶᠢᠭᠡᠮᠯᠢᠭ ᠨᠢ ᠲᠠᠷᠢᠶᠠᠯᠠᠩ ᠤᠨ | ᠡᠯᠧᠺᠲᠷᠤᠨ ᠬᠤᠳᠠᠯᠳᠤᠭᠠᠨ ᠤ ᠲᠤᠮᠳᠠ ᠨᠡᠩ | ᠴᠢᠬᠤᠯᠠ ᠶᠡᠭᠡ ᠦᠢᠯᠡᠳᠦᠯ ᠢᠶᠠᠨ | ᠪᠠᠳᠠᠷᠠᠭᠤᠯᠤᠨ᠎ᠡ︔ | ᠲᠠᠷᠢᠶᠠᠯᠠᠩ ᠤᠨ ᠨᠡᠶᠢᠯᠡᠮᠡᠯ | ᠬᠡᠯᠪᠡᠷᠢ ᠨᠢ ᠰᠢᠨ᠎ᠡ ᠬᠡᠪ ᠪᠠᠶᠢᠳᠠᠯ ᠪᠠ | ᠰᠢᠨ᠎ᠡ ᠵᠠᠬᠪᠤᠷ ᠪᠤᠯᠵᠦ ᠬᠦᠭᠵᠢᠨ᠎ᠡ︔ | ᠤᠯᠠᠨ ᠢᠶᠠᠷ ᠢᠶᠠᠨ ᠪᠡᠯᠡ ᠬᠤᠷᠠᠮᠳᠤᠭᠤᠯᠬᠤ | ᠪᠠ ᠤᠷᠢᠳᠴᠢᠯᠠᠨ ᠪᠤᠷᠤᠯᠠᠭᠤᠯᠬᠤ ᠨᠢ | ᠲᠠᠷᠢᠶᠠᠯᠠᠩ ᠤᠨ ᠪᠦᠲᠦᠭᠡᠭᠳᠡᠭᠦᠨ ᠤ | ᠡᠯᠧᠺᠲᠷᠤᠨ ᠬᠤᠳᠠᠯᠳᠤᠭ᠎ᠠ ᠶᠢᠨ ᠴᠢᠬᠤᠯᠠ | ᠡᠵᠡᠩᠨᠡᠯᠲᠡ ᠶᠢᠨ ᠬᠡᠯᠪᠡᠷᠢ ᠪᠤᠯᠬᠤ ᠨᠢ | ᠯᠠᠪᠲᠠᠢ︔ | ᠰᠢᠯᠵᠢᠮᠡᠯ ᠦᠵᠦᠭᠦᠷᠯᠢᠭ ᠦᠷᠭᠦᠯᠵᠢᠯᠡᠨ | ᠦᠢᠯᠡᠳᠦᠯ ᠢᠶᠠᠨ ᠪᠠᠳᠠᠷᠠᠭᠤᠯᠵᠦ᠂ | ᠲᠦᠪᠯᠡᠷᠡᠯ ᠴᠡᠭ ᠠᠴᠠ ᠰᠠᠯᠦᠩᠬᠢᠷᠠᠬᠤ | ᠬᠠᠨᠲᠤᠰᠢ ᠢᠯᠡᠷᠬᠡᠢ︔ | ᠭᠤᠷᠪᠠᠳᠡᠬᠢ ᠡᠳᠡᠭᠡᠳ ᠤᠨ ᠡᠯᠧᠺᠲᠷᠤᠨ | ᠬᠤᠳᠠᠯᠳᠤᠭᠠᠨ ᠤ ᠲᠠᠪᠴᠠᠩ ᠤᠨ ᠪᠦᠲᠦᠴᠡ | ᠤᠯᠠᠮ ᠨᠢᠭᠡ ᠠᠯᠬᠤᠮ ᠲᠤᠬᠲᠠᠪᠤᠷᠢᠵᠢᠵᠡᠢ︔ | ᠲᠠᠷᠢᠶᠠᠯᠠᠩ ᠤᠨ ᠪᠦᠲᠦᠭᠡᠭᠳᠡᠭᠦᠨ ᠤ | ᠡᠯᠧᠺᠲᠷᠤᠨ ᠬᠤᠳᠠᠯᠳᠤᠭ᠎ᠠ ᠶᠢᠨ ᠤᠷᠤᠨ | ᠨᠤᠲᠤᠭ ᠤᠨ ᠨᠡᠶᠢᠭᠡᠮ ᠤᠨ ᠪᠦᠯᠬᠦᠮ | ᠠᠭᠠᠵᠢᠮ ᠢᠶᠠᠷ ᠰᠡᠷᠭᠦᠨ ᠪᠤᠰᠴᠠᠢ︔ | ᠲᠠᠷᠢᠶᠠᠯᠠᠩ ᠤᠨ ᠪᠦᠲᠦᠭᠡᠭᠳᠡᠭᠦᠨ ᠤ | ᠲᠦᠷᠦᠯ ᠲᠡᠮᠳᠡᠭ ᠤᠨ ᠪᠦᠲᠦᠭᠡᠨ | ᠪᠠᠶᠢᠭᠤᠯᠤᠯᠲᠠ ᠨᠢ ᠡᠯᠧᠺᠲᠷᠤᠨ | ᠬᠤᠳᠠᠯᠳᠤᠭ᠎ᠠ ᠶᠢᠨ ᠲᠦᠷᠦᠯ ᠲᠡᠮᠳᠡᠭ ᠤᠨ | ᠰᠢᠨ᠎ᠡ ᠬᠦᠷᠢᠶ᠎ᠡ ᠬᠡᠪᠴᠢᠶ᠎ᠡ ᠪᠤᠯᠵᠦ | ᠬᠦᠭᠵᠢᠨ᠎ᠡ︔ | ᠲᠠᠷᠢᠶᠠᠯᠠᠩ ᠤᠨ ᠪᠦᠲᠦᠭᠡᠭᠳᠡᠭᠦᠨ ᠤ | ᠡᠯᠧᠺᠲᠷᠤᠨ ᠬᠤᠳᠠᠯᠳᠤᠭ᠎ᠠ ᠨᠡᠩ | ᠬᠦᠭᠵᠢᠶᠡᠨᠲᠠᠢ ᠪᠤᠯᠤᠨ᠎ᠡ︔ | ᠢᠷᠡᠯᠲᠡ᠄ᠲᠤᠮᠳᠠᠳᠤ ᠤᠯᠤᠰ ᠤᠨ ᠮᠤᠩᠭᠤᠯ | ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ | ᠮᠠᠨᠳᠠᠷᠸ᠎ᠠ ᠬᠠᠩᠭᠠᠪᠠ | |