ᠡᠮᠡᠭᠲᠡᠢ ᠪᠠᠭᠠᠲᠤᠷ ᠮᠠᠨᠳᠤᠬᠠᠢ ᠬᠠᠲᠤᠨ
ᠨᠡᠶᠢᠲᠡᠯᠡᠭᠰᠡᠨ ᠴᠠᠭ᠄
2019/11/25
             ᠮᠠᠨᠳᠤᠬᠠᠢ ᠬᠠᠳᠤᠨ ᠪᠤᠯ ᠴᠠᠬᠠᠷ ᠤᠨ ᠴᠠᠭᠠᠨ ᠲᠠᠲ᠋ᠠᠷ ᠤᠳᠤᠭ ︵ᠤᠩᠭᠤᠳ ᠠᠶᠢᠮᠠᠭ︶ ᠤᠨ ᠴᠤᠷᠤᠰᠪᠠᠢ ᠲᠡᠮᠤᠷ ᠴᠧᠩᠰᠢᠶᠠᠩ ᠤᠨ ᠬᠡᠤᠬᠡᠨ ᠪᠠᠶᠢᠵᠤ᠂ ᠮᠠᠨᠳᠤᠭᠤᠯ ᠬᠠᠭᠠᠨ ᠤ ᠪᠠᠯᠪᠠᠰᠤᠨ ᠬᠠᠳᠤᠨ ᠪᠤᠯᠤᠨ᠎ᠠ᠃ 1479 ᠤᠨ ᠳᠤ᠂ ᠮᠠᠨᠳᠤᠬᠠᠢ ᠬᠠᠳᠤᠨ ᠴᠢᠩᠭᠢᠰ ᠤᠨ ᠠᠯᠲᠠᠨ ᠤᠷᠤᠭ ᠤᠨ ᠨᠤᠶᠠᠷᠬᠠᠯ ᠢ ᠰᠡᠷᠭᠦᠭᠡᠬᠦ ᠶᠢᠨ ᠲᠦᠯᠤᠭᠡ᠂ ᠲᠤᠯᠤᠭᠠᠨ ᠨᠠᠰᠤᠲᠠᠢ ᠪᠠᠲᠤᠮᠥ᠋ᠩᠬᠡ ᠳᠤ ᠮᠤᠷᠳᠠᠨ ᠲᠡᠭᠦᠨ ᠢ ᠬᠠᠭᠠᠨ ᠰᠠᠭᠤᠷᠢᠨ ᠳᠤ ᠳᠦᠰᠢᠨ ᠭᠠᠷᠭᠠᠵᠡᠢ ᠃ 1480 ᠤᠨ ᠠᠴᠠ ᠡᠬᠢᠯᠡᠨ᠂ ᠮᠠᠨᠲᠤᠬᠠᠢ ᠬᠠᠲᠤᠨ ᠴᠡᠷᠢᠭ ᠢᠶᠠᠨ ᠪᠤᠯᠪᠠᠰᠤᠷᠠᠨ᠂ ᠮᠤᠷᠢ ᠪᠠᠨ ᠰᠦᠢᠵᠤ᠂ ᠬᠤᠶᠠᠭ ᠢᠶᠠᠨ ᠡᠮᠤᠰᠴᠤ ᠳᠠᠶᠢᠨ ᠳᠤ ᠮᠤᠷᠳᠡᠨ᠂ ᠨᠢᠯᠬ᠎ᠠ ᠬᠠᠭᠠᠨ ᠢ ᠳᠤᠰᠠᠯᠠᠵᠤ ᠦᠰᠤᠲᠡᠨ ᠳᠠᠶᠢᠰᠤᠨ ᠢ ᠳᠦᠪᠰᠢᠳᠬᠡᠨ᠂ ᠪᠠᠷᠠᠭᠤᠨ ᠭᠠᠷ ᠢ ᠬᠤᠷᠢᠶᠠᠮᠵᠢᠯᠠᠵᠤ᠂ ᠵᠡᠭᠦᠨ ᠮᠤᠩᠭᠤᠯ ᠢ ᠨᠢᠭᠡᠳᠬᠡᠨ᠂ ᠳᠠᠶᠠᠨ ᠬᠠᠭᠠᠨ ᠤ ᠵᠠᠰᠠᠭᠴᠢᠯᠠᠨ ᠨᠤᠶᠠᠷᠬᠠᠬᠤ ᠳᠤ ᠪᠠᠲᠤ ᠪᠠᠬᠢ ᠰᠠᠭᠤᠷᠢ ᠲᠠᠯᠪᠢᠵᠤ ᠦᠭᠭᠦᠭᠰᠡᠨ ᠪᠠᠶᠢᠨ᠎ᠠ᠃ ᠮᠠᠨᠳᠤᠬᠠᠢ ᠬᠠᠳᠤᠨ ᠪᠤᠯ ᠮᠤᠩᠭᠤᠯ ᠤᠨ ᠡᠷᠲᠡᠨ ᠤ ᠲᠡᠤᠬᠡᠨ ᠳᠠᠬᠢ ᠭᠠᠷᠮᠠᠭᠠᠢ ᠤᠯᠤᠰ ᠲᠦᠷᠤᠴᠢᠨ᠂ ᠴᠡᠷᠢᠭ ᠤᠨ ᠡᠷᠳᠡᠮᠲᠡᠨ᠂ ᠡᠮᠡᠭᠲᠡᠢ ᠪᠠᠭᠠᠳᠤᠷ ᠪᠤᠯᠤᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号