ᠠᠯᠠᠱᠠ ᠬᠤᠱᠤᠳ ᠤᠨ ᠭᠡᠷ ᠤᠨ ᠡᠳ᠋ᠯᠡᠯ ᠬᠡᠷᠡᠭᠰᠡᠯ ᠮᠤᠩᠭᠤᠯ ᠰᠤᠶᠤᠯ ᠤᠨ ᠦᠨᠡᠳᠦ ᠦᠪ ᠬᠦᠷᠦᠩᠭᠡ
ᠨᠡᠶᠢᠲᠡᠯᠡᠭᠰᠡᠨ ᠴᠠᠭ᠄
2019/12/11
ᠠᠯᠠᠱᠠ ᠬᠤᠱᠤᠳ ᠤᠨ ᠭᠡᠷ ᠤᠨ ᠮᠤᠳᠤᠨ ᠡᠳ᠋ᠯᠡᠯ ᠬᠡᠷᠡᠭᠰᠡᠯ ᠨᠢ ᠬᠦᠷᠡᠩ ᠤᠯᠠᠭᠠᠨ᠂ ᠬᠦᠬᠡ ᠴᠡᠩᠭᠡᠷ᠂ ᠰᠢᠷ᠎ᠠ ᠦᠡᠭᠭᠡ ᠪᠠᠷ ᠭᠤᠤᠯᠳᠠᠵᠦ᠂ ᠡᠨᠡ ᠨᠢ ᠡᠷᠬᠢᠮ ᠲᠡᠭᠡᠳᠦ᠂ ᠡᠭᠡᠯ ᠬᠠᠷᠠᠴᠤ ᠶᠢᠨ ᠢᠯᠭᠠᠭ᠎ᠠ ᠲᠠᠢ ᠪᠠᠷ ᠪᠠᠷᠠᠬᠤ ᠦᠭᠡᠢ ᠪᠠᠰᠠ ᠮᠤᠩᠭᠤᠯᠴᠤᠳ ᠤᠨ ᠱᠠᠰᠢᠨ ᠰᠢᠳᠦᠯᠭᠡ᠂ ᠡᠬᠡ ᠪᠠᠶᠢᠭᠠᠯᠢ ᠪᠠᠨ ᠬᠠᠶᠢᠷᠠᠯᠠᠬᠤ ᠰᠠᠨᠠᠭ᠎ᠠ ᠲᠦᠷᠬᠦ ᠶᠢ ᠢᠯᠡᠷᠡᠬᠦᠯᠦᠨ ᠵᠢᠷᠤᠬ ᠲᠦᠷᠰᠦ ᠲᠠᠢ ᠪᠠᠨ ᠵᠤᠬᠢᠴᠠᠨ ᠰᠠᠨᠠᠭ᠎ᠠ ᠠᠬᠤᠢ ᠨᠡᠩ ᠬᠦᠨ ᠬᠦᠨᠵᠡᠭᠡᠢ ᠪᠤᠯᠳᠠᠬ ᠪᠠᠶᠢᠨ᠎ᠠ᠃ ᠬᠡᠯᠪᠡᠷᠢ ᠲᠦᠷᠰᠦ ᠶᠢᠨ ᠲᠠᠯ᠎ᠠ ᠪᠠᠷ ᠨᠡᠬᠦᠳᠡᠯ ᠮᠠᠯᠵᠢᠯ ᠦᠢᠯᠡᠳᠪᠦᠷᠢᠯᠡᠯ ᠪᠠ ᠮᠤᠩᠭᠤᠯ ᠭᠡᠷ ᠤᠨ ᠤᠨᠴᠠᠯᠢᠬ ᠲᠤ ᠵᠤᠬᠢᠴᠠᠭᠤᠯᠵᠦ᠂ ᠨᠡᠬᠦᠳᠡᠯᠯᠡᠵᠦ ᠠᠴᠢᠶᠠᠯᠠᠬᠤ ᠳᠤ ᠲᠦᠭᠦᠮ᠂ ᠰᠠᠯᠭᠠᠵᠦ ᠤᠬᠰᠠᠷᠠᠬᠤ ᠳᠤ ᠠᠮᠠᠷᠬᠠᠨ ᠪᠤᠶᠤ ᠪᠠᠭ᠎ᠠ ᠬᠡᠯᠪᠡᠷᠢ ᠶᠢᠨ ᠭᠡᠷ ᠤᠨ ᠬᠡᠷᠡᠭᠰᠡᠯ ᠤᠯᠠᠩᠬᠢ ᠶᠢ ᠡᠵᠡᠯᠡᠵᠦ᠂ ᠪᠠᠰᠠ ᠵᠠᠷᠢᠮ ᠨᠢ ᠵᠦᠭᠡᠭᠡᠵᠦ ᠰᠢᠯᠵᠢᠬᠦᠯᠬᠦ ᠳᠤ ᠪᠠᠯᠪᠠᠷᠠᠬᠤ  ᠠᠴᠠ ᠰᠡᠷᠭᠡᠶᠢᠯᠡᠵᠦ ᠠᠷᠠᠰᠤ ᠰᠢᠷᠢ ᠪᠠᠷ ᠭᠠᠳᠠᠷᠯᠠᠬᠤ ᠪᠤᠶᠤ ᠦᠳᠡᠭᠰᠡᠨ ᠪᠠᠶᠢᠳᠠᠬ᠃ ᠵᠢᠷᠤᠬ ᠲᠦᠷᠰᠦ ᠶᠢᠨ ᠲᠠᠯ᠎ᠠ  ᠪᠠᠷ ᠢᠮᠠᠭ᠎ᠠ ᠬᠤᠨᠢ᠂ ᠠᠳᠤᠭᠤ ᠦᠭᠡᠷ ᠵᠡᠷᠭᠡ ᠲᠠᠪᠤᠨ ᠬᠤᠰᠢᠭᠤ ᠮᠠᠯ ᠵᠢᠴᠢ ᠪᠤᠭᠤ᠂ ᠯᠤᠤ᠂ ᠭᠠᠷᠤᠳᠢ᠂ ᠵᠠᠭᠠᠨ᠂ ᠲᠤᠭᠤᠷᠤᠤ ᠵᠡᠷᠭᠡ ᠮᠤᠩᠭᠤᠯᠴᠤᠳ ᠤᠨ ᠠᠮᠢᠳᠤᠷᠠᠯ ᠦᠢᠯᠡᠳᠪᠦᠷᠢᠯᠡᠯ ᠪᠠ ᠱᠠᠰᠢᠨ ᠰᠢᠳᠤᠯᠭᠡ ᠳᠤ ᠬᠤᠯᠪᠤᠬᠳᠠᠳᠠᠬ ᠠᠮᠢᠳᠠᠨ ᠤ ᠵᠢᠷᠤᠬ ᠢᠶᠠᠷ ᠭᠤᠤᠯᠳᠠᠵᠦ᠂ ᠮᠤᠭᠠᠢ᠂ ᠬᠤᠯᠤᠭᠠᠨ᠎ᠠ ᠵᠡᠷᠭᠡ ᠠᠷᠪᠠᠨ ᠬᠤᠶᠠᠷ ᠵᠢᠯ ᠤᠨ ᠠᠮᠢᠳᠠᠨ ᠤ ᠵᠢᠷᠤᠬ ᠲᠦᠷᠰᠦ ᠴᠦ ᠨᠡᠯᠢᠶᠡᠳ ᠬᠡᠷᠡᠭᠯᠡᠭᠳᠡᠳᠡᠭ ᠠᠵᠢ᠃ ᠬᠡ ᠤᠭᠠᠯᠵᠠ ᠶᠢᠨ ᠲᠠᠯ᠎ᠠ ᠪᠠᠷ ᠪᠠᠳᠮ᠎ᠠ ᠬᠡ᠂ ᠡᠪᠡᠰᠤᠨ ᠬᠡ᠂ ᠠᠯᠤᠬᠠᠨ ᠬᠡ᠂ ᠲᠦᠮᠡᠨ ᠬᠡ᠂ ᠡᠬᠦᠯᠡᠨ ᠬᠡ᠂ ᠤᠰᠤᠨ ᠭᠡ᠂ ᠬᠠᠮᠠᠷ ᠬᠡ᠂ ᠡᠷᠪᠡᠬᠡᠢ ᠬᠡ᠂ ᠡᠪᠡᠷ ᠬᠡ ᠵᠡᠷᠭᠡ ᠪᠠᠷ ᠭᠤᠤᠯᠯᠠᠵᠦ᠂ ᠤᠷᠳᠤ ᠨᠠᠰᠤᠯᠠᠵᠦ ᠤᠳᠠᠭᠠᠨ ᠵᠢᠷᠭᠠᠬᠤ ᠶᠢ ᠵᠦᠡᠭᠨᠡᠡ ᠪᠡᠯᠭᠡᠳᠡᠭᠰᠡᠨ ᠪᠠ ᠱᠠᠰᠢᠨ ᠰᠢᠳᠤᠭᠡᠨ ᠤ ᠤᠳᠬ᠎ᠠ ᠠᠭᠤᠯᠭ᠎ᠠ ᠶᠢ ᠢᠯᠡᠷᠡᠬᠦᠯᠳᠡᠭ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号