ᠪᠠᠶᠠᠨᠮᠦ᠋ᠷᠡᠨ ᠰᠤᠮᠤ
ᠨᠡᠶᠢᠲᠡᠯᠡᠭᠰᠡᠨ ᠴᠠᠭ᠄
2019/12/13
ᠪᠠᠶᠠᠨᠮᠦ᠋ᠷᠡᠨ ᠰᠤᠮᠤ ᠨᠢ ᠠᠯᠠᠱᠠ ᠵᠡᠬᠦᠨ ᠬᠤᠰᠢᠭᠤᠨ ᠤ ᠵᠡᠬᠦᠨ ᠬᠤᠶᠢᠳᠤ ᠪᠡᠶ᠎ᠡ ᠳᠤ ᠪᠠᠶᠢᠷᠢᠰᠢᠵᠤ᠂ ᠤᠯᠠᠭᠠᠨᠪᠤᠬ᠎ᠠ  ᠶᠢᠨ ᠡᠯᠡᠰᠤᠨ ᠴᠦᠯ ᠤᠨ ᠦᠷᠦᠴᠡᠨ ᠳᠤ ᠬᠠᠳᠤᠨ ᠭᠤᠤᠯ ᠢ ᠡᠷᠬᠢᠳᠡᠵᠤ ᠪᠠᠶᠢᠳᠠᠭ᠃ ᠬᠤᠶᠢᠳᠤ ᠭᠡᠰᠡᠭ ᠢᠶᠠᠷ ᠢᠶᠠᠨ ᠤᠯᠠᠨᠪᠤᠯᠠᠭ ᠪᠠᠯᠭᠠᠰᠤ᠂ ᠪᠠᠶᠠᠨᠨᠠᠭᠤᠷ ᠬᠤᠳᠠ ᠶᠢᠨ ᠳ᠋ᠧᠨᠬ᠋ᠺᠸᠤ ᠰᠢᠶᠠᠨ ᠲᠠᠢ ᠬᠦᠷᠰᠢᠯᠡᠨ᠂ ᠵᠡᠬᠦᠨ ᠳᠠᠯ᠎ᠠ ᠪᠠᠷ ᠢᠶᠠᠨ ᠦᠬᠠᠢ ᠬᠤᠳᠠ ᠪᠡ ᠤᠷᠳᠤᠰ ᠬᠤᠳᠠ ᠶᠢᠨ ᠤᠳᠤᠭ ᠬᠤᠰᠢᠭᠤ ᠲᠠᠢ ᠬᠠᠳᠤᠨ ᠭᠤᠤᠯ ᠠᠯᠤᠰᠯᠠᠨ ᠪᠠᠷᠠᠳᠠᠵᠤ᠂ ᠡᠮᠦᠨ᠎ᠡ ᠳᠠᠯ᠎ᠠ ᠪᠠᠷ ᠢᠶᠠᠨ ᠤᠰᠤᠳᠡᠢ ᠪᠠᠯᠭᠠᠰᠤ ᠲᠠᠢ ᠵᠠᠯᠭᠠᠯᠳᠤᠨ᠂ ᠪᠠᠷᠠᠭᠤᠨ ᠳᠠᠯ᠎ᠠ ᠪᠠᠷ ᠢᠶᠠᠨ ᠵᠢᠷᠡᠳᠡᠢ ᠪᠠᠯᠭᠠᠰᠤᠨ ᠳᠤ ᠳᠤᠯᠵᠤ ᠪᠤᠢ᠃ ᠶᠡᠷᠦᠩᠬᠡᠢ ᠳᠠᠯᠠᠪᠡᠢ ᠨᠢ 2634 ᠬᠠᠪᠳᠠᠭᠠᠢ ᠳᠦᠷᠪᠡᠯᠵᠢᠨ ᠺᠢᠯᠤᠮᠧᠲᠷ ᠪᠠᠶᠢᠵᠤ᠂ ᠰᠤᠮᠤᠨ ᠤ ᠵᠠᠰᠠᠭ ᠤᠨ ᠤᠷᠳᠤᠨ ᠤ ᠰᠠᠭᠤᠭ᠎ᠠ ᠭᠠᠵᠠᠷ ᠢ ᠬᠠᠭᠤᠴᠢᠨ ᠳ᠋ᠧᠨᠬ᠋ᠺᠸᠤ ᠭᠡᠳᠡᠭ ᠪᠦᠭᠡᠳ ᠪᠠᠶᠠᠨᠬᠤᠳᠠ ᠠᠴᠠ 153 ᠺᠢᠯᠤᠮᠧᠲᠷ ᠵᠠᠶᠢᠳᠡᠢ᠂ ᠪᠦᠬᠦ ᠰᠤᠮᠤᠨ ᠳᠤ ᠨᠡᠶᠢᠳᠡ 6 ᠭᠠᠴᠠᠭ᠎ᠠ ᠲᠠᠢ ᠶᠤᠮ᠃ ᠮᠠᠨᠵᠤ ᠴᠢᠩ ᠤᠨ ᠰᠠᠶᠢᠰᠢᠶᠠᠯᠳᠤ ᠢᠷᠦᠭᠡᠯᠳᠤ ᠶᠢᠨ ᠬᠤᠷᠢᠨ ᠤᠨ ︵1815 ᠤᠨ︶ ᠳᠤ ᠠᠳᠡ ᠳ᠋ᠧᠨᠬ᠋ᠺᠸᠤ ᠶᠢᠨ ᠪᠠᠭ ᠪᠤᠯᠤᠨ ᠳᠤᠯᠤᠭᠠᠨᠰᠤᠬᠠᠢ ᠶᠢᠨ ᠪᠠᠭ ᠬᠡᠬᠦ ᠬᠤᠶᠠᠷ ᠪᠠᠭ ᠪᠠᠶᠢᠭᠤᠯᠤᠭᠰᠠᠨ ᠪᠠᠶᠢᠨ᠎ᠠ᠃ 1926 ᠤᠨ ᠤ ᠡᠪᠦᠯ᠂ ᠢᠷᠭᠡᠨ ᠤᠯᠤᠰ ᠤᠨ ᠤᠯᠤᠰ ᠠᠷᠠᠳ ᠤᠨ ᠬᠤᠪᠢᠰᠬᠠᠯᠳᠤ ᠴᠡᠷᠢᠭ ᠤᠨ ᠵᠠᠩᠵᠤᠨ ᠹᠧᠩ ᠢᠤᠢ ᠰᠢᠶᠠᠩ ᠳ᠋ᠧᠨᠬ᠋ᠺᠸᠤ  ᠶᠢᠨ ᠪᠠᠭ ᠲᠤ ᠴᠡᠷᠢᠭ ᠤᠨ ᠦᠷᠳᠡᠭᠡ ᠪᠠᠶᠢᠭᠤᠯᠤᠭᠰᠠᠨ ᠪᠡ ᠵᠠᠯᠭᠠᠭᠠᠳ ᠳ᠋ᠧᠨᠬ᠋ᠺᠸᠤ ᠰᠢᠶᠠᠨ ᠪᠠᠶᠢᠭᠤᠯᠤᠭᠰᠠᠨ ᠠᠴᠠ ᠨᠢᠭᠡ ᠭᠠᠵᠠᠷ ᠬᠤᠶᠡᠷ ᠪᠠᠶᠢᠭᠤᠯᠤᠮᠵᠢ ᠶᠢᠨ ᠵᠠᠬᠢᠷᠦᠯ ᠲᠠᠢ ᠪᠠᠶᠢᠳᠠᠯ ᠢᠯᠡᠷᠡᠭᠰᠡᠨ ᠪᠠᠶᠢᠨ᠎ᠠ᠃ 1958 ᠤᠨ ᠤ 3 ᠰᠠᠷ᠎ᠠ ᠳᠤ᠂ ᠤᠤᠯ ᠤᠨ ᠳᠧᠩᠺᠸᠤ ᠶᠢᠨ ᠪᠠᠭ ᠪᠤᠯᠤᠨ ᠳᠤᠯᠤᠭᠠᠨᠰᠤᠬᠠᠢ ᠶᠢᠨ ᠪᠠᠭ ᠢ ᠨᠠᠶᠢᠯᠡᠬᠦᠯᠦᠭᠡᠳ ᠪᠠᠶᠠᠨᠮᠦ᠋ᠷᠡᠨ ᠰᠤᠮᠤ ︵ᠬᠠᠳᠤᠨ ᠭᠤᠤᠯ ᠤᠨ ᠬᠦᠪᠡᠭᠡᠨ ᠳᠤ ᠪᠠᠶᠢᠭ᠎ᠠ ᠪᠤᠯᠬᠤᠷ ᠢᠩᠬᠢᠵᠤ ᠨᠡᠷᠡᠯᠡᠵᠡᠢ︶ ᠭᠡᠵᠤ ᠪᠠᠶᠢᠭᠤᠯᠤᠭᠰᠠᠨ ᠪᠡ ᠮᠦᠨ ᠵᠢᠯ ᠤᠨ 9 ᠰᠠᠷ᠎ᠠ ᠳᠤ ᠰᠤᠮᠤ ᠶᠢ ᠦᠭᠡᠷᠡᠴᠢᠯᠡᠨ ᠭᠦᠡᠭᠱᠧ ᠪᠤᠯᠭᠠᠵᠡᠢ᠃ 1959 ᠪᠤᠯᠬᠤ ᠳᠤ ᠳ᠋ᠧᠨᠬ᠋ᠺᠸᠤ ᠰᠢᠶᠠᠨ ᠤ ᠨᠦᠬᠦᠷᠯᠡᠯ ᠭᠦᠡᠭᠱᠧ ᠲᠠᠢ ᠬᠠᠮᠳᠤᠷᠠᠭᠤᠯᠤᠭᠠᠳ ᠮᠦᠨ ᠬᠦ ᠪᠠᠶᠠᠨᠮᠦ᠋ᠷᠡᠨ ᠭᠦᠡᠭᠱᠧ ᠭᠡᠬᠦ ᠨᠡᠷᠡᠶᠢᠳᠤᠯ ᠢᠶᠠᠷ ᠳᠠᠭᠤᠳᠠᠵᠤ ᠪᠠᠶᠢᠰᠠᠨ ᠢ 1960 ᠤᠨ ᠤ 6 ᠰᠠᠷ᠎ᠠ ᠳᠤ ᠤᠳᠠ ᠪᠠᠯᠭᠠᠰᠤᠨ ︵ᠰᠡᠬᠦᠯᠡᠷ ᠨᠢ ᠤᠳᠠ ᠬᠤᠳᠠ ᠪᠤᠯᠭᠠᠵᠡᠢ᠂ ᠳᠠᠷᠤᠢ ᠤᠳᠤ ᠶᠢᠨ ᠦᠬᠠᠢ ᠬᠤᠳᠠ ᠶᠢᠨ ᠤᠳᠠ ᠳᠤᠭᠤᠷᠢᠭ︶ ᠳᠤ ᠵᠢᠷᠤᠭᠯᠠᠨ ᠬᠠᠷᠢᠶᠠᠯᠠᠭᠤᠯᠵᠡᠢ᠃ 1964 ᠤᠨ ᠤ 2 ᠰᠠᠷ᠎ᠠ ᠳᠤ᠂ ᠤᠰᠤᠳᠤ᠂ ᠵᠡᠬᠦᠨ ᠪᠡᠯ ᠰᠤᠮᠤ ᠲᠠᠢ ᠬᠠᠮᠳᠤ ᠳᠠᠬᠢᠨ ᠠᠯᠠᠱᠠ ᠵᠡᠬᠦᠨ ᠬᠤᠰᠢᠭᠤᠨ ᠳᠤ ᠬᠠᠷᠢᠶᠠᠯᠠᠭᠳᠠᠭᠰᠠᠨ ᠪᠠ 1983 ᠤᠨ ᠤ 11 ᠰᠠᠷ᠎ᠠ ᠳᠤ ᠭᠦᠡᠭᠱᠧ ᠶᠢ ᠰᠤᠮᠤ ᠬᠡᠵᠤ ᠰᠡᠷᠬᠦᠬᠡᠨ ᠨᠡᠷᠡᠶᠢᠳᠦᠭᠰᠡᠨ ᠪᠠᠶᠢᠨ᠎ᠠ᠃ ᠪᠠᠶᠠᠨᠮᠦ᠋ᠷᠡᠨ ᠰᠤᠮᠤᠨ ᠤ ᠭᠠᠵᠠᠷ ᠤᠨ ᠪᠠᠶᠢᠴᠠ ᠨᠢ ᠡᠮᠦᠨ᠎ᠡ ᠭᠡᠰᠡᠭ ᠢᠶᠠᠷ ᠢᠶᠠᠨ ᠦᠨᠳᠦᠷ᠂ ᠬᠤᠶᠢᠳᠤ ᠭᠡᠰᠡᠭ ᠢᠶᠠᠷ  ᠢᠶᠠᠨ ᠨᠠᠮᠬᠠᠨ᠂ ᠶᠡᠬᠡᠨᠭᠬᠢ ᠨᠤᠳᠤᠭ ᠳᠡᠪᠢᠰᠭᠡᠷ ᠨᠢ ᠤᠯᠠᠭᠠᠨᠪᠤᠬ᠎ᠠ ᠶᠢᠨ ᠡᠯᠡᠰᠤᠨ ᠴᠦᠯ ᠤᠨ ᠤᠷᠤᠨ ᠳᠤ ᠪᠠᠶᠢᠵᠤ᠂ ᠪᠦᠬᠦ ᠳᠠᠯᠠᠪᠡᠢ ᠶᠢᠨ 70% ᠶᠢ ᠡᠵᠡᠯᠡᠭᠰᠡᠨ ᠪᠠᠶᠢᠨ᠎ᠠ᠃ ᠬᠠᠳᠤᠨ ᠭᠤᠤᠯ ᠰᠤᠮᠤᠨ ᠤ ᠵᠡᠬᠦᠨ ᠪᠡᠶ᠎ᠡ ᠪᠠᠷ ᠤᠷᠤᠰᠤᠨ ᠦᠡᠭᠭᠡᠷᠡᠵᠤ᠂ ᠤᠷᠤᠰᠬᠠᠯ ᠤᠨ ᠤᠷᠤᠨ ᠨᠢ 67 ᠺᠢᠯᠤᠮᠧᠲᠷ ᠪᠠᠶᠢᠳᠠᠭ ᠪᠤᠯᠬᠤᠷ ᠭᠤᠤᠯ ᠤᠨ ᠬᠦᠪᠡᠭᠡ ᠳᠠᠭᠤ ᠦᠩ ᠰᠢᠮᠡᠯᠢᠭ ᠲᠠᠷᠢᠶᠠᠨ ᠪᠡ ᠭᠤᠤᠯ ᠤᠨ ᠳᠡᠨᠵᠢᠨ ᠤ ᠪᠡᠯᠴᠢᠭᠡᠷ ᠲᠠᠢ ᠶᠤᠮ᠃ 11 ᠲᠦᠮᠡᠨ ᠮᠤ᠋ ᠶᠢᠨ ᠭᠤᠤᠯ ᠤᠨ ᠳᠡᠨᠵᠢᠨ ᠪᠡᠯᠴᠢᠭᠡᠷ ᠠᠴᠠ ᠵᠢᠯ ᠳᠤ 250 ᠲᠦᠮᠡᠨ ᠺᠢᠯᠦᠭᠷᠡᠮ ᠳᠡᠵᠢᠭᠡᠯ ᠡᠪᠡᠰᠤᠨ ᠤ ᠤᠨᠠᠯᠳᠠ ᠲᠠᠢ ᠪᠡ ᠴᠠᠭᠠᠨ ᠡᠷᠬᠢ ︵ᠯᠤᠤ ᠶᠠ ᠳᠠᠨ︶ ᠶᠢᠨ ᠬᠠᠳᠤᠨ ᠭᠤᠤᠯ ᠤᠨ ᠤᠰᠤᠯᠠᠯᠳᠠ ᠶᠢᠨ ᠤᠷᠤᠨ ᠢ ᠪᠠᠶᠢᠭᠤᠯᠵᠤ᠂ ᠳᠠᠷᠢᠶᠠᠯᠠᠩ ᠤᠨ ᠰᠠᠭᠤᠷᠢ ᠲᠦᠬᠦᠭᠡᠷᠦᠮᠵᠢ᠂ ᠢᠵᠢ ᠪᠦᠷᠢᠳᠦᠭᠰᠡᠨ ᠤᠰᠤᠯᠠᠯᠳᠠ ᠶᠢᠨ ᠰᠤᠪᠠᠭ᠂ ᠴᠠᠬᠢᠯᠭᠠᠨ ᠳᠤᠤᠷ ᠤᠨ ᠲᠦᠯᠦᠪᠵᠢᠬᠦᠯᠬᠡ ᠵᠡᠷᠭᠡ ᠨᠢ ᠪᠦᠷ ᠲᠡᠬᠦᠯᠳᠡᠷᠵᠢᠭᠰᠡᠨ ᠠᠴᠠ ᠨᠡᠶᠢᠳᠡ 20000 ᠭᠠᠷᠦᠢ ᠮᠤ᠋ ᠶᠢᠨ ᠳᠠᠷᠢᠶᠠᠨ ᠭᠠᠵᠡᠷ  ᠲᠠᠢ ᠪᠠᠶᠢᠵᠤ᠂ ᠭᠤᠤᠯᠳᠠᠭᠤ ᠪᠤᠭᠤᠳᠡᠢ᠂ ᠡᠷᠳᠡᠨᠢ ᠰᠢᠰᠢ᠂ ᠪᠤᠷᠴᠠᠭ ᠤᠨ ᠲᠦᠷᠦᠯ᠂ ᠳᠤᠰᠤᠯᠢᠭ ᠨᠡᠷᠡᠨ ᠬᠤᠸᠠᠷ᠂ ᠦᠷ᠎ᠠ ᠶᠢᠨ ᠭᠤᠸᠠ ᠵᠡᠷᠭᠡ ᠲᠠᠷᠢᠮᠡᠯ ᠲᠠᠷᠢᠳᠠᠭ᠃ ᠰᠤᠮᠤᠨ ᠤ ᠬᠢᠵᠠᠭᠠᠷ ᠲᠠᠬᠢ ᠠᠭᠤᠷᠬᠠᠢ ᠪᠤᠯᠠᠭᠳᠠᠴᠠ ᠶᠢᠨ ᠳᠠᠷᠬᠠᠯᠳᠠ ᠦᠷᠭᠡᠨ ᠪᠠᠶᠢᠵᠤ᠂ ᠳᠠᠪᠤᠰᠤ᠂ ᠳᠡᠮᠦᠷ᠂ ᠳᠡᠮᠦᠷᠯᠢᠭ ᠨᠢᠤᠪᠢ᠂ ᠬᠢᠯᠳᠠᠭᠠᠨᠠᠭᠤᠷ ᠵᠡᠷᠭᠡ ᠡᠯᠪᠡᠭ ᠪᠠᠶᠢᠳᠠᠭ᠃ ᠤᠯᠠᠭᠠᠨᠪᠤᠬ᠎ᠠ ᠶᠢᠨ ᠡᠯᠡᠰᠤᠨ ᠴᠦᠯ ᠤᠨ ᠤᠷᠤᠨ ᠪᠤᠯ ᠴᠠᠭᠠᠨ ᠭᠤᠶᠤᠤ᠂ ᠤᠯᠠᠭᠠᠨ ᠭᠤᠶᠤᠤ᠂ ᠰᠢᠬᠢᠷ ᠪᠤᠶᠠ᠂ ᠵᠡᠭᠡᠷᠭᠡᠨ᠎ᠠ ᠵᠡᠷᠭᠡ ᠪᠠᠶᠢᠭᠠᠯᠢᠯᠢᠬ ᠡᠪᠡᠰᠤᠨ ᠡᠮ ᠤᠨ ᠴᠢᠬᠤᠯᠠ ᠭᠠᠷᠤᠯᠳᠠ ᠶᠢᠨ ᠤᠷᠤᠨ ᠪᠤᠯᠵᠤ᠂ ᠵᠢᠯ ᠤᠨ ᠴᠠᠭᠠᠨ ᠭᠤᠶᠤᠤ ᠶᠢᠨ ᠭᠠᠷᠤᠯᠳᠠ 5000 ᠭᠠᠷᠤᠢ ᠺᠢᠯᠦᠭᠷᠡᠮ ᠳᠤ ᠬᠦᠷᠳᠡᠭ ᠪᠠᠶᠢᠨ᠎ᠠ᠃ ᠡᠬᠦᠨ ᠠᠴᠠ ᠭᠠᠳᠠᠨ᠎ᠠ᠂ ᠪᠠᠶᠠᠨᠮᠦ᠋ᠷᠡᠨ ᠰᠤᠮᠤᠨ ᠤ ᠬᠠᠳᠤᠨ ᠭᠤᠤᠯ ᠤᠨ ᠮᠦᠷᠬᠦ ᠵᠢᠭᠠᠰᠤ᠂ ᠴᠤᠯᠪᠤᠷᠳᠤ ᠵᠢᠭᠠᠰᠤ᠂ ᠰᠠᠮ ᠬᠤᠷᠤᠬᠠᠢ ᠵᠡᠷᠭᠡ ᠤᠰᠤᠨ ᠭᠠᠷᠤᠯᠳᠠ ᠨᠢ ᠴᠤ ᠬᠤᠯᠠ ᠦᠢᠷ᠎ᠠ ᠳᠠᠭᠠᠨ ᠠᠯᠳᠠᠷᠳᠡᠢ ᠪᠢᠯᠡ᠃ ᠪᠠᠶᠠᠨᠮᠦ᠋ᠷᠡᠨ ᠰᠤᠮᠤ ᠪᠤᠯ ᠠᠯᠠᠱᠠ ᠵᠡᠬᠦᠨ ᠬᠤᠰᠢᠭᠤᠨ ᠤ ᠬᠤᠳᠤᠩ ᠦᠨᠳᠦᠰᠦᠳᠡᠨ ᠭᠤᠤᠯᠯᠠᠨ ᠳᠦᠯᠦᠪᠰᠢᠷᠡᠵᠤ ᠰᠠᠭᠤᠷᠢᠰᠢᠭᠰᠠᠨ ᠰᠤᠮᠤ ᠪᠦᠭᠡᠳ ᠢᠰᠯᠠᠮ ᠤᠨ ᠰᠢᠳᠦᠬᠡᠨᠳᠤ ᠮᠤᠩᠭᠤᠯᠴᠤᠳ ᠴᠤ ᠨᠡᠯᠢᠶᠡᠳ ᠪᠠᠶᠢᠳᠠᠭ᠃ ᠤᠯᠠᠭᠠᠨᠪᠤᠬ᠎ᠠ ᠶᠢᠨ ᠡᠯᠡᠰᠤᠨ ᠴᠦᠯ ᠪᠠ ᠬᠠᠳᠤᠨ ᠭᠤᠤᠯ ᠤᠨ ᠦᠪᠡᠷᠮᠢᠴᠠ ᠦᠡᠭᠭᠡ ᠦᠵᠡᠮᠵᠢ ᠶᠢ ᠪᠦᠷᠢᠳᠦᠬᠦᠯᠦᠭᠰᠡᠨ ᠠᠴᠠ ᠪᠠᠶᠠᠨᠮᠦ᠋ᠷᠡᠨ ᠰᠤᠮᠤᠨ ᠤ ᠵᠤᠭᠠᠴᠠᠯ ᠤᠨ ᠦᠢᠯᠡᠰ ᠬᠦᠭᠵᠢᠯᠳᠡ ᠶᠢᠨ ᠳᠠᠯᠳᠠ ᠬᠦᠴᠦᠨ ᠲᠠᠢ ᠪᠠᠶᠢᠵᠤ᠂ ᠤᠳᠤᠬᠠᠨ ᠳᠤ ᠳᠤᠰ ᠰᠤᠮᠤᠨ ᠤ ᠬᠤᠯᠪᠤᠭ᠎ᠠ ᠭᠠᠴᠠᠭᠠᠨ ᠳᠤ ᠨᠢᠭᠡᠨ ᠬᠠᠳᠤᠨ ᠭᠤᠤᠯ ᠤᠨ ᠠᠮᠢ ᠠᠬᠤᠢ ᠶᠢᠨ ᠵᠤᠭᠠᠴᠠᠯ ᠤᠨ ᠤᠷᠤᠨ ᠢ ᠪᠠᠶᠢᠭᠤᠯᠤᠭᠠᠳ ᠪᠤᠢ᠃ ᠠᠯᠠᠱᠠ ᠶᠢᠨ ᠳᠡᠤᠬᠡᠨ ᠳᠠᠬᠢ ᠠᠯᠳᠠᠷᠳᠤ ᠬᠦᠮᠦᠨ ᠪᠤᠯᠬᠤ ᠠᠮᠤᠷᠵᠢᠷᠭᠠᠯ ︵ᠠᠨᠵᠤ ᠳ᠋ᠠ ᠷᠧᠨ︶ ᠭᠤᠸᠠᠢ ᠮᠠᠨᠵᠤ ᠴᠢᠩ ᠤᠨ ᠪᠠᠳᠠᠷᠠᠭᠤᠯᠳᠤ ᠳᠦᠷᠦ ᠶᠢᠨ ᠠᠷᠪᠠᠨ ᠳᠠᠪᠤᠨ ᠤᠨ ︵1889 ᠤᠨ︶ ᠳᠤ ᠪᠠᠶᠢᠭᠤᠯᠤᠭᠰᠠᠨ ᠵᠡᠬᠦᠨ ᠭᠡᠶᠢᠳ ᠤᠨ ᠬᠠᠷᠢᠶᠠᠳᠤ ᠰᠦᠮ᠎ᠡ ᠪᠤᠯᠬᠤ ︽ᠫᠦᠨᠼᠤᠭᠳᠠᠷᠵᠢᠯᠢᠩ ᠰᠦᠮ᠎ᠡ︾ — ᠨᠤᠳᠤᠭ ᠤᠨ ᠬᠦᠮᠦᠰ ᠤᠨ ᠭᠡᠯᠡᠳᠡᠭ ︽ᠰᠡᠭᠡᠷ ᠤᠨ ᠰᠦᠮ᠎ᠡ︾ ᠪᠤᠶᠤ ︽ᠠᠨᠵᠤ ᠶᠢᠨ ᠰᠦᠮ᠎ᠠ︾ ᠪᠤᠯ ᠳᠠᠷᠤᠢ ᠳᠤᠰ ᠰᠤᠮᠤᠨ ᠤ ᠪᠠᠶᠠᠨᠰᠢᠭᠤᠢ ᠭᠠᠴᠠᠭᠠᠨ ᠳᠤ ᠪᠠᠶᠢᠳᠠᠭ ᠶᠤᠮ᠃ ᠰᠤᠮᠤᠨ ᠤ ᠰᠠᠭᠤᠭ᠎ᠠ ᠭᠠᠵᠡᠷ ᠪᠤᠯᠬᠤ ᠬᠠᠭᠤᠴᠢᠨ ᠳ᠋ᠧᠨᠬ᠋ᠺᠸᠤ ᠨᠢ ᠦᠬᠠᠢ ᠬᠤᠳᠠ ᠠᠴᠠ 30 ᠺᠢᠯᠤᠮᠧᠲᠷ ᠵᠠᠶᠢᠳᠡᠢ᠂ ᠪᠤᠭᠤᠳᠤ — ᠯᠠᠨᠵᠸᠤ ᠳᠡᠮᠦᠷ ᠵᠠᠮ ᠪᠡ 110 ᠤᠯᠤᠰ ᠤᠨ ᠵᠠᠰᠠᠮᠠᠯ ᠵᠠᠮ ᠤᠨ ᠱᠤᠭᠤᠮ ᠠᠴᠠ 2 ᠺᠢᠯᠤᠮᠧᠲᠷ ᠵᠠᠶᠢᠳᠡᠢ ᠪᠠᠶᠢᠳᠠᠭ᠃ ᠳᠤᠰ ᠰᠤᠮᠤᠨ ᠤ ᠬᠠᠷᠢᠶᠠᠨ ᠳᠠᠬᠢ 6 ᠭᠠᠴᠠᠭ᠎ᠠ ᠪᠤᠯ ᠳᠤᠰᠪᠦᠷᠢ ᠬᠤᠯᠪᠤᠭ᠎ᠠ ᠭᠠᠴᠠᠭ᠎ᠠ᠂ ᠤᠯᠠᠭᠠᠨᠪᠤᠬ᠎ᠠ ᠭᠠᠴᠠᠭ᠎ᠠ᠂ ᠱᠠᠩ ᠳᠠᠨ ᠭᠠᠴᠠᠭ᠎ᠠ᠂ ᠪᠠᠶᠠᠨᠳᠤᠬᠤᠢ ᠭᠠᠴᠠᠭ᠎ᠠ᠂ ᠪᠠᠶᠠᠨᠰᠢᠭᠤᠢ ᠭᠠᠴᠠᠭ᠎ᠠ᠂ ᠤᠯᠠᠭᠠᠨᠰᠤᠬᠠᠢ ᠭᠠᠴᠠᠭ᠎ᠠ ᠵᠡᠷᠭᠡ ᠪᠤᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号