ᠢᠡᠭᠬᠡᠨ ᠰᠤᠮᠤ
ᠨᠡᠶᠢᠲᠡᠯᠡᠭᠰᠡᠨ ᠴᠠᠭ᠄
2019/12/13
ᠢᠡᠭᠬᠡᠨ ᠰᠤᠮᠤ ᠨᠢ ᠠᠯᠠᠱᠠ ᠵᠡᠬᠦᠨ ᠬᠤᠰᠢᠭᠤᠨ ᠤ ᠬᠤᠶᠢᠳᠤ ᠪᠡᠶ᠎ᠡ ᠳᠤ ᠪᠠᠶᠢᠷᠢᠰᠢᠵᠤ᠂ ᠳᠤᠬᠠᠢ ᠶᠢᠨ ᠦᠶ᠎ᠡ ᠳᠤ ᠵᠡᠬᠦᠨ ᠳᠠᠯ᠎ᠠ ᠪᠠᠷ ᠢᠶᠠᠨ ᠲᠦᠬᠦᠮ ᠰᠤᠮᠤ᠂ ᠪᠠᠶᠠᠨᠨᠠᠭᠤᠷ ᠠᠶᠢᠮᠠᠭ ᠤᠨ ᠤᠷᠡᠳ ᠤᠨ ᠬᠤᠶᠢᠳᠤ ᠬᠤᠰᠢᠭᠤ ᠲᠠᠢ ᠬᠦᠷᠰᠢᠯᠡᠨ᠂ ᠤᠷᠢᠳᠤᠭᠤᠷ ᠢᠶᠠᠨ ᠬᠤᠩᠭᠤᠷᠨ᠋ᠦ᠋ᠯᠦᠩ ᠰᠤᠮᠤᠨ ᠳᠤ ᠳᠤᠯᠵᠤ᠂ ᠪᠠᠷᠠᠭᠤᠨ ᠳᠡᠯ᠎ᠡ ᠪᠠᠷ ᠢᠶᠠᠨ ᠦᠯᠵᠡᠢ ᠰᠤᠮᠤ ᠲᠠᠢ ᠨᠡᠶᠢᠯᠡᠨ᠂ ᠬᠤᠶᠢᠭᠤᠷ ᠢᠶᠠᠨ ᠮᠤᠩᠭᠤᠯ ᠤᠯᠤᠰ ᠲᠠᠢ 94.2 ᠺᠢᠯᠤᠮᠧᠲᠷ ᠤᠨ ᠬᠢᠯᠢ ᠶᠢᠨ ᠱᠤᠭᠤᠮ ᠢᠶᠠᠷ ᠵᠠᠭᠠᠭᠯᠠᠵᠤ᠂ ᠠᠯᠠᠱᠠ ᠵᠡᠬᠦᠨ ᠬᠤᠰᠢᠭᠤᠨ ᠤ ᠳᠤᠬᠠᠢ ᠶᠢᠨ ᠦᠶ᠎ᠡ ᠳᠠᠬᠢ ᠬᠤᠶᠡᠷ ᠬᠢᠯᠢ ᠶᠢᠨ ᠰᠤᠮᠤᠨ ᠤ ᠨᠢᠬᠡ ᠨᠢ ᠪᠠᠶᠢᠵᠤ᠂ ᠶᠡᠷᠦᠩᠬᠡᠢ ᠳᠠᠯᠠᠪᠡᠢ ᠨᠢ 6573 ᠬᠠᠪᠳᠠᠭᠠᠢ ᠲᠦᠷᠪᠡᠯᠵᠢᠨ ᠺᠢᠯᠤᠮᠧᠲᠷ ᠲᠤ ᠬᠦᠷᠴᠤ᠂ ᠵᠠᠰᠠᠭ ᠤᠨ ᠤᠷᠳᠤᠨ ᠨᠢ ᠳᠠᠯᠠᠨᠳᠦ᠋ᠷᠦᠬᠦᠦ ᠬᠡᠬᠦ ᠭᠠᠵᠡᠷ ᠰᠠᠭᠤᠷᠢᠰᠢᠵᠤ ᠪᠠᠶᠢᠭᠰᠠᠨ ᠪᠡ ᠴᠠᠭᠠᠨᠵᠠᠳᠠᠭᠠᠢ᠂ ᠬᠦᠪᠡᠭᠡ᠂ ᠳᠠᠯᠠᠨᠳᠦ᠋ᠷᠦᠬᠦᠦ ᠵᠡᠷᠭᠡ 3 ᠭᠠᠴᠠᠭ᠎ᠠ ᠲᠠᠢ ᠴᠤᠯᠤ ᠮᠠᠯᠵᠢᠬᠤ ᠰᠤᠮᠤ ᠪᠠᠶᠢᠵᠡᠢ᠃ ᠢᠡᠭᠬᠡᠨ ᠰᠤᠮᠤᠨ ᠤ ᠭᠠᠵᠡᠷ ᠤ ᠪᠠᠶᠢᠴᠠ ᠨᠢ ᠡᠮᠦᠨ᠎ᠡ ᠭᠡᠰᠡᠭ ᠢᠶᠠᠷ ᠢᠶᠠᠨ ᠦᠨᠳᠤᠷ᠂ ᠬᠤᠶᠢᠳᠤ ᠭᠡᠰᠡᠭ ᠢᠶᠠᠷ ᠢᠶᠠᠨ ᠪᠤᠭᠤᠨᠢ ᠪᠠᠶᠢᠵᠤ᠂ ᠢᠡᠭᠬᠡᠨ ᠤ ᠬᠤᠳᠤᠭᠤᠷ ᠨᠢ ᠳᠠᠯᠠᠢ ᠶᠢᠨ ᠲᠦᠪᠰᠢᠨ ᠠᠴᠠ 742 ᠮᠧᠲᠷ ᠡᠷᠬᠦᠭᠳᠡᠨ᠂ ᠪᠦᠬᠦ ᠬᠤᠰᠢᠭᠤᠨ ᠤ ᠪᠠᠨ ᠬᠠᠮᠤᠭ ᠳᠤᠤᠷ᠎ᠠ ᠭᠠᠵᠡᠷ ᠪᠠᠶᠢᠵᠤ᠂ ᠡᠯᠡᠰᠤ ᠮᠠᠩᠬ᠎ᠠ᠂ ᠨᠠᠮᠬᠠᠨ ᠳᠤᠪᠤᠷᠴᠠᠭ᠂ ᠭᠤᠪᠢ ᠳᠠᠯ᠎ᠠ  ᠪᠠᠷ ᠬᠦᠷᠢᠶᠡᠯᠡᠭᠳᠡᠭᠰᠡᠨ ᠪᠠᠶᠢᠳᠠᠭ᠃ ᠢᠡᠭᠬᠡᠨ ᠰᠤᠮᠤᠨ ᠳᠤ ᠬᠠᠴᠢᠨ ᠴᠢᠯᠠᠭᠤ᠂ ᠴᠠᠭᠠᠨ ᠭᠤᠶᠤᠤ᠂ ᠤᠯᠠᠭᠠᠨ ᠭᠤᠶᠤᠤ ᠵᠡᠷᠭᠡ ᠨᠤᠳᠤᠭ ᠤᠨ ᠭᠠᠷᠤᠯᠳᠠ ᠡᠯᠪᠡᠭ ᠪᠠᠶᠢᠭᠰᠠᠨ ᠪᠦᠭᠡᠳ ᠢᠡᠭᠬᠡᠨ ᠤ ᠬᠤᠳᠤᠭᠤᠷ ᠤᠨ ᠪᠦᠰᠡ ᠳᠠᠭᠠᠤ ᠤᠷᠤᠨ ᠢᠶᠠᠷ ᠴᠢᠯᠠᠭᠤᠨ ᠳᠤᠰᠤᠨ ᠤ ᠠᠭᠤᠯᠤᠭᠳᠠᠴᠠ ᠲᠠᠢ ᠬᠡᠮᠡᠨ ᠭᠠᠵᠠᠷ ᠰᠢᠨᠵᠢᠯᠡᠬᠡᠨ ᠤ ᠨᠢᠭᠡᠴᠡ ᠶᠢᠨ ᠬᠢᠨ ᠤᠯᠠᠨ ᠵᠢᠯ ᠤᠨ ᠳᠤᠷᠰᠢ ᠬᠠᠶᠢᠨ ᠪᠠᠶᠢᠴᠠᠭᠠᠭᠰᠠᠭᠠᠷ ᠢᠡᠭᠰᠡᠨ ᠶᠤᠮ᠃ ᠵᠠᠰᠠᠭ ᠵᠠᠬᠢᠷᠭᠠᠨ ᠤ ᠬᠤᠪᠢᠶᠡᠷᠢᠯᠡᠯ ᠤᠨ ᠳᠠᠯ᠎ᠠ ᠳᠤ᠂ ᠳᠤᠰ ᠭᠠᠵᠡᠷ ᠨᠢ ᠠᠩᠬ᠎ᠠ ᠡᠬᠢᠯᠡᠭᠡᠳ ᠤᠤᠯ ᠤᠨ ᠲᠦᠬᠦᠮ ᠤᠨ ᠪᠠᠭ ᠤᠨ ᠭᠠᠵᠡᠷ ᠪᠠᠶᠢᠭᠰᠠᠨ ᠪᠦᠭᠡᠳ ᠴᠢᠯᠦᠭᠡᠯᠡᠭᠳᠡᠭᠰᠡᠨ ᠤ ᠳᠠᠷᠠᠭ᠎ᠠ ᠬᠤᠩᠭᠤᠷᠨ᠋ᠦ᠋ᠯᠦᠩ ᠤᠨ ᠪᠠᠭ ᠲᠤ ᠬᠠᠷᠢᠶᠠᠯᠠᠭᠳᠠᠭᠰᠠᠨ ᠪᠠᠶᠢᠨ᠎ᠠ᠃ 1958 ᠤᠨ ᠤ 3 ᠰᠠᠷ᠎ᠠ ᠳᠤ᠂ ᠤᠤᠯ ᠤᠨ ᠪᠠᠭ ᠤᠳ ᠤᠨ ᠪᠠᠶᠢᠭᠤᠯᠤᠮᠵᠢ ᠶᠢ ᠬᠦᠴᠦᠨ ᠦᠬᠡᠢ ᠪᠤᠯᠭᠠᠵᠤ ᠰᠤᠮᠤ ᠪᠠᠶᠢᠭᠤᠯᠬᠤ ᠦᠶᠡᠰ ᠲᠦᠬᠦᠮ ᠤᠨ ᠪᠠᠭ ᠪᠤᠯᠤᠨ ᠬᠤᠩᠭᠤᠷᠨ᠋ᠦ᠋ᠯᠦᠩ ᠤᠨ ᠪᠠᠭ ᠢ ᠨᠡᠶᠢᠯᠡᠬᠦᠯᠦᠭᠡᠳ ᠪᠠᠶᠠᠨᠬᠤᠩᠭᠤᠷ ᠰᠤᠮᠤ ᠪᠠᠶᠢᠭᠤᠯᠤᠭᠳᠠᠬᠤ ᠳᠤ ᠬᠠᠷᠢᠶᠠᠯᠠᠭᠳᠠᠨ ᠤᠷᠤᠵᠡᠢ᠃ 1961 ᠤᠨ ᠤ 10 ᠰᠠᠷ᠎ᠠ ᠳᠤ᠂ ᠪᠠᠶᠠᠨᠬᠤᠩᠭᠤᠷ ᠢ 3 ᠬᠦᠡᠭᠱᠧ ᠪᠤᠯᠭᠠᠨ ᠬᠤᠪᠢᠶᠠᠬᠤ ᠦᠶᠡᠰ ᠢᠡᠭᠬᠡᠨ ᠬᠦᠡᠭᠱᠧ ᠳᠡᠷᠦᠢ ᠳᠡᠬᠦᠨ ᠤ ᠨᠢᠬᠡ ᠨᠢ ᠪᠤᠯᠵᠤ ᠬᠤᠪᠢᠶᠠᠭᠳᠠᠨ ᠭᠠᠷᠤᠭᠰᠠᠨ ᠪᠡ 1983 ᠤᠨ ᠤ 11 ᠰᠠᠷ᠎ᠠ ᠳᠤ ᠬᠦᠡᠭᠱᠧ ᠬᠡᠬᠦ ᠨᠡᠷᠡᠶᠢᠳᠤᠯ ᠢ ᠰᠤᠮᠤ ᠪᠠᠷ ᠳᠡᠬᠢᠨ ᠰᠡᠷᠬᠦᠭᠡᠭᠰᠡᠨ ᠪᠠᠶᠢᠨ᠎ᠠ᠃ 2006 ᠤᠨ ᠤ 6 ᠰᠠᠷ᠎ᠠ ᠳᠤ᠂ ᠢᠡᠭᠬᠡᠨ ᠰᠤᠮᠤᠨ ᠤ ᠪᠠᠶᠢᠭᠤᠯᠦᠮᠵᠢ  ᠶᠢ ᠬᠠᠰᠤᠵᠤ ᠦᠯᠵᠡᠢ ᠰᠤᠮᠤᠨ ᠳᠤ ᠨᠡᠶᠢᠯᠡᠬᠦᠯᠦᠭᠡᠳ ᠤᠳᠤ ᠶᠢᠨ ᠦᠯᠵᠡᠢ ᠰᠤᠮᠤ ᠶᠢ ᠪᠦᠷᠢᠯᠳᠦᠬᠦᠯᠵᠡᠢ᠃ ᠤᠤᠯ ᠤᠨ ᠰᠤᠮᠤᠨ ᠤ ᠲᠦᠪ ᠨᠢ ᠤᠳᠤ ᠳᠠᠯᠠᠨᠲᠦ᠋ᠷᠦᠬᠦᠦ ᠭᠠᠴᠠᠭᠠᠨ ᠤ ᠰᠠᠭᠤᠭ᠎ᠠ ᠭᠠᠵᠡᠷ ᠪᠤᠯᠵᠤ᠂ ᠯᠢᠠᠾᠧ — ᠳᠠᠯᠠᠶᠢᠬᠦᠪ ᠤᠨ ᠵᠠᠰᠠᠮᠠᠯ ᠵᠠᠮ ᠡᠬᠦᠪᠡᠷ ᠦᠡᠭᠬᠡᠷᠡᠵᠤ ᠪᠤᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号