| ᠪᠤᠭᠤᠳᠤ ᠰᠤᠮᠤ ᠨᠢ ᠠᠯᠠᠱᠠ ᠵᠡᠬᠦᠨ ᠬᠤᠰᠢᠭᠤᠨ ᠤ ᠵᠡᠬᠦᠨ ᠡᠮᠦᠨᠡᠳᠤ ᠭᠡᠰᠡᠭ ᠲᠤ ᠪᠠᠶᠢᠷᠢᠰᠢᠵᠤ ᠪᠠᠶᠢᠵᠡᠢ᠃ ᠳᠤᠬᠠᠢ | ᠶᠢᠨ ᠦᠶ᠎ᠡ ᠶᠢᠨ ᠪᠤᠭᠤᠳᠤ ᠰᠤᠮᠤ ᠨᠢ ᠵᠡᠬᠦᠨ ᠳᠠᠯ᠎ᠠ ᠪᠠᠷ ᠢᠶᠠᠨ ᠠᠯᠠᠱᠠ ᠠᠭᠤᠯᠠ ᠶᠢ ᠲᠦᠰᠢᠵᠤ᠂ ᠡᠮᠦᠨ᠎ᠡ ᠳᠠᠯ᠎ᠠ | ᠪᠠᠷ ᠢᠶᠠᠨ ᠪᠠᠷᠠᠭᠤᠨ ᠪᠡᠯ ᠪᠠᠯᠭᠠᠰᠤ ᠲᠠᠢ ᠵᠠᠯᠭᠠᠯᠳᠤᠨ᠂ ᠪᠠᠷᠠᠭᠤᠨ ᠳᠠᠯ᠎ᠠ ᠪᠠᠷ ᠢᠶᠠᠨ ᠳᠤᠩᠭᠠᠯᠠᠭ ᠨᠠᠭᠤᠷ ᠰᠤᠮᠤ᠂ | ᠰᠢᠯᠢᠭᠤᠤᠯ ᠰᠤᠮᠤ ᠲᠠᠢ ᠨᠡᠶᠢᠯᠡᠵᠤ᠂ ᠬᠤᠶᠢᠳᠤ ᠳᠠᠯ᠎ᠠ ᠪᠠᠷ ᠢᠶᠠᠨ ᠮᠦᠷᠡᠨᠭᠤᠤᠯ ᠰᠤᠮᠤᠨ ᠳᠤ ᠳᠤᠯᠵᠤ᠂ ᠭᠠᠵᠡᠷ ᠤᠨ | ᠪᠠᠶᠢᠴᠠ ᠨᠢ ᠵᠡᠬᠦᠨ ᠭᠡᠰᠡᠭ ᠢᠶᠠᠷ ᠢᠶᠠᠨ ᠦᠨᠳᠤᠷ᠂ ᠪᠠᠷᠠᠭᠤᠨ ᠭᠡᠰᠡᠭ ᠢᠶᠠᠷ ᠢᠶᠠᠨ ᠨᠠᠮᠬᠠᠨ ᠪᠠᠶᠢᠵᠤ᠂ ᠡᠮᠦᠨ᠎ᠡ ᠪᠡᠶ᠎ᠡ | ᠪᠠᠷ ᠢᠶᠠᠨ ᠭᠤᠪᠢ ᠬᠦᠳᠡᠭᠡ᠂ ᠬᠤᠶᠢᠳᠤ ᠪᠡᠶ᠎ᠡ ᠪᠠᠷ ᠢᠶᠠᠨ ᠡᠯᠡᠰᠤ ᠳᠤᠯᠤᠭᠠᠳ ᠭᠤᠤᠯᠯᠠᠨ᠂ ᠶᠡᠷᠦᠩᠬᠡᠢ ᠳᠠᠯᠠᠪᠡᠢ ᠨᠢ | 690 ᠬᠠᠪᠳᠠᠭᠠᠢ ᠳᠦᠷᠪᠡᠯᠵᠢᠨ ᠺᠢᠯᠤᠮᠧᠲᠷ ᠬᠦᠷᠴᠤ ᠪᠠᠶᠢᠵᠡᠢ᠃ | ᠪᠤᠭᠤᠳᠤ ᠰᠤᠮᠤ ᠪᠤᠯ ᠪᠠᠶᠠᠨᠬᠤᠳᠠ ᠪᠠᠯᠭᠠᠰᠤᠨ ᠠᠴᠠ ᠰᠠᠯᠪᠦᠷᠢᠯᠡᠨ ᠭᠠᠷᠭᠠᠵᠤ ᠪᠠᠶᠢᠭᠤᠯᠤᠭᠰᠠᠨ ᠶᠤᠮ᠃ | ᠦᠡᠭᠬᠡᠷᠡᠭᠰᠡᠨ ᠳᠤ ᠪᠤᠭᠤᠳᠤ ᠶᠢᠨ ᠪᠠᠭ ᠭᠡᠵᠤ ᠪᠠᠶᠢᠭᠰᠠᠨ ᠪᠦᠭᠡᠳ 1958 ᠤᠨ ᠤ 3 ᠰᠠᠷ᠎ᠠ ᠳᠤ ᠪᠤᠭᠤᠳᠤ ᠶᠢᠨ | ᠪᠠᠭ ᠢ ᠤᠷᠳᠤ ︵ᠤᠳᠤ︶ ᠶᠢᠨ ᠪᠠᠭ᠂ ᠪᠠᠷᠠᠭᠤᠨ ᠪᠡᠯ ᠶᠢᠨ ᠪᠠᠭ ᠲᠠᠢ ᠬᠠᠮᠳᠤ ᠳᠤᠨᠢ ᠪᠠᠶᠠᠨᠰᠢᠭᠤᠢ ᠰᠤᠮᠤ ᠬᠡᠵᠤ | ᠪᠠᠶᠢᠭᠤᠯᠤᠭᠰᠠᠨ ᠪᠠᠶᠢᠨ᠎ᠠ᠃ ᠮᠦᠨ ᠵᠢᠯ ᠤᠨ 9 ᠰᠠᠷ᠎ᠠ ᠶᠢᠨ 24 ᠤ ᠡᠳᠦᠷ᠂ ᠪᠠᠶᠠᠨᠰᠢᠭᠤᠢ ᠰᠤᠮᠤ ᠶᠢ ᠪᠠᠶᠠᠨᠬᠤᠳᠠ | ᠪᠠᠯᠭᠠᠰᠤᠨ ᠳᠤ ᠨᠡᠶᠢᠯᠡᠬᠦᠯᠦᠨ ᠤᠷᠤᠭᠤᠯᠵᠡᠢ᠃ ᠢᠡᠭᠬᠢᠬᠡᠳ 1982 ᠤᠨ ᠤ 8 ᠰᠠᠷ ᠳᠤ ᠪᠤᠭᠤᠳᠤ ᠰᠤᠮᠤ ᠶᠢ | ᠪᠠᠶᠢᠭᠤᠯᠬᠤ ᠪᠡᠯᠡᠳᠭᠡᠯ ᠠᠵᠢᠯ ᠢ ᠡᠬᠢᠯᠡᠨ ᠬᠢᠵᠤ᠂ 1983 ᠤᠨ ᠤ 11 ᠰᠠᠷ᠎ᠠ ᠪᠤᠯᠬᠤ ᠳᠤ ᠪᠠᠶᠠᠨᠬᠤᠳᠠ | ᠪᠠᠯᠭᠠᠰᠤᠨ ᠠᠴᠠ 8 ᠪᠠᠷᠢᠭᠠᠳᠠ ᠬᠤᠪᠢᠶᠠᠷᠢᠯᠠᠨ ᠭᠠᠷᠭᠠᠵᠤ ᠪᠤᠭᠤᠳᠤ ᠬᠦᠡᠭᠱᠧ ᠶᠢ ᠵᠢᠩᠬᠢᠨᠢ ᠪᠠᠷ ᠪᠠᠶᠢᠭᠤᠯᠤᠭᠰᠠᠨ | ᠪᠡ ᠮᠦᠨ ᠵᠢᠯ ᠳᠡᠭᠡᠨ ᠬᠦᠡᠭᠱᠧ ᠬᠡᠬᠦ ᠨᠡᠷᠡᠶᠢᠳᠤᠯ ᠢ ᠰᠤᠮᠤ ᠬᠡᠮᠡᠨ ᠰᠡᠷᠬᠦᠭᠡᠵᠤ᠂ 8 ᠭᠠᠴᠠᠭ᠎ᠠ ᠬᠠᠷᠢᠶᠠᠯᠠᠭᠤᠯᠤᠨ | ᠰᠤᠮᠤᠨ ᠤ ᠵᠠᠰᠠᠭ ᠤᠨ ᠤᠷᠳᠤᠨ ᠨᠢ ᠪᠠᠶᠠᠨᠬᠤᠳᠠ ᠪᠠᠯᠭᠠᠰᠤᠨ ᠤ ᠠᠷᠪᠠᠨ ᠶᠢᠰᠤᠳᠦᠭᠡᠷ ᠰᠠᠭᠤᠭᠠᠯᠢ ᠠᠷᠠᠳ ᠤᠨ | ᠵᠦᠪᠯᠡᠯ ᠳᠤ ᠰᠠᠭᠤᠷᠢᠰᠢᠵᠤ ᠪᠠᠶᠢᠵᠡᠢ᠃ 2001 ᠤᠨ ᠤ 5 ᠰᠠᠷ᠎ᠠ ᠳᠤ᠂ ᠪᠤᠭᠤᠳᠤ ᠰᠤᠮᠤ ᠶᠢᠨ ᠪᠠᠶᠢᠭᠤᠯᠦᠮᠵᠢ ᠶᠢ | ᠬᠠᠰᠤᠵᠤ ᠪᠠᠶᠠᠨᠬᠤᠳᠠ ᠪᠠᠯᠭᠠᠰᠤᠨ ᠳᠤ ᠳᠠᠬᠢᠨ ᠨᠡᠶᠢᠯᠡᠬᠦᠯᠦᠭᠰᠡᠨ ᠠᠴᠠ ᠤᠳᠤ ᠶᠢᠨ ᠪᠠᠶᠢᠳᠠᠯ ᠳᠤ ᠲᠦᠯᠦᠪᠰᠢᠷᠡᠭᠰᠡᠨ | ᠪᠠᠶᠢᠨ᠎ᠠ᠃ | ᠳᠤᠬᠠᠢ ᠶᠢᠨ ᠦᠶ᠎ᠡ ᠶᠢᠨ ᠪᠤᠭᠤᠳᠤ ᠰᠤᠮᠤᠨ ᠤ 8 ᠭᠠᠴᠠᠭᠠᠨ ᠤ 3 ᠨᠢ ᠳᠠᠷᠢᠶᠠᠯᠠᠬᠤ ᠭᠠᠴᠠᠭ᠎ᠠ᠂ 5 ᠨᠢ ᠮᠠᠯᠵᠢᠬᠤ | ᠭᠠᠴᠠᠭ᠎ᠠ ᠪᠠᠶᠢᠵᠡᠢ᠃ ᠳᠤᠬᠠᠢᠢᠯᠠᠪᠠᠯ᠂ ᠴᠦᠨ ᠹᠠ ᠬᠤᠤ ᠭᠠᠴᠠᠭ᠎ᠠ᠂ ᠤᠯᠠᠭᠠᠨ ᠴᠢᠯᠠᠭᠤᠳᠤ ︵ᠬᠤᠩ ᠱᠢ ᠲᠸᠤ︶ | ᠭᠠᠴᠠᠭ᠎ᠠ᠂ ᠪᠠᠶᠠᠨᠬᠦ᠋ᠳᠡᠭᠡ ᠭᠠᠴᠠᠭ᠎ᠠ᠂ ᠯᠢᠤ ᠱᠤ᠋ ᠭᠸᠤ ᠭᠠᠴᠠᠭ᠎ᠠ᠂ ᠵᠠᠬ᠎ᠠ ᠤᠰᠤ ᠭᠠᠴᠠᠭ᠎ᠠ᠂ ᠪᠤᠭᠤᠳᠤ ᠭᠠᠴᠠᠭ᠎ᠠ᠂ | ᠤᠪᠤᠭᠠᠳᠤ ᠭᠠᠴᠠᠭ᠎ᠠ᠂ ᠪᠠᠶᠠᠨᠰᠦ᠋ᠮᠪᠦᠷ ᠭᠠᠴᠠᠭ᠎ᠠ ᠵᠡᠷᠬᠡ ᠪᠤᠯᠤᠨ᠎ᠠ᠃ | ᠪᠤᠭᠤᠳᠤ ᠭᠠᠴᠠᠭ᠎ᠠ ᠪᠤᠯ ᠮᠠᠯᠵᠢᠬᠤ ᠳᠠᠷᠢᠶᠠᠯᠠᠬᠤ ᠶᠢ ᠤᠶᠠᠯᠳᠤᠭᠤᠯᠤᠭᠰᠠᠨ᠂ ᠮᠠᠯ ᠠᠵᠤ ᠠᠬᠤᠢ ᠢᠶᠠᠷ | ᠭᠤᠤᠯᠯᠠᠭᠤᠯᠤᠭᠰᠠᠨ ᠰᠤᠮᠤ ᠪᠠᠶᠢᠵᠡᠢ᠃ 1977 ᠤᠨ ᠳᠤ ᠭᠡᠷ ᠤᠨ ᠪᠤᠯᠤᠩ ᠤᠨ ᠬᠦᠳᠡᠭᠡ ᠶᠢ ᠨᠡᠬᠡᠬᠡᠨ ᠠᠰᠢᠭᠯᠠᠵᠤ | ᠂ ᠳᠡᠵᠢᠬᠡᠯ ᠪᠤᠷᠳᠤᠭᠠᠨ ᠤ ᠰᠠᠭᠤᠷᠢᠨ ᠭᠠᠵᠠᠷ ᠭᠠᠷᠭᠠᠭᠰᠠᠨ ᠪᠠᠶᠢᠨ᠎ᠠ᠃ 1999 ᠤᠨ ᠳᠤ᠂ ᠪᠤᠭᠤᠳᠤ ᠰᠤᠮᠤᠨ ᠤ | ᠡᠳ᠋ ᠤᠨ ᠵᠠᠰᠠᠭ ᠤᠨ ᠤᠷᠤᠯᠭ᠎ᠠ ᠨᠢ 108 ᠲᠦᠮᠡᠨ ᠲᠦᠬᠦᠷᠢᠭ ᠲᠤ ᠬᠦᠷᠴᠤ᠂ ᠪᠦᠬᠦ ᠬᠤᠰᠢᠭᠤᠨ ᠤ ᠪᠠᠨ ᠡᠳ᠋ ᠤᠨ | ᠵᠠᠰᠠᠭ ᠤᠨ ᠤᠷᠤᠯᠭ᠎ᠠ ᠨᠢ 100 ᠲᠦᠮᠡᠨ ᠳᠦᠬᠦᠷᠢᠭ ᠢ ᠳᠠᠪᠠᠭᠰᠠᠨ ᠰᠤᠮᠤᠨ ᠤ ᠡᠩᠨᠡᠬᠡᠨ ᠳᠤ ᠤᠷᠤᠵᠡᠢ᠃ | ᠪᠤᠭᠤᠳᠤ ᠰᠤᠮᠤ ᠨᠢ ᠪᠠᠶᠠᠨᠬᠤᠳᠠ ᠪᠠᠯᠭᠠᠰᠤᠨ ᠠᠴᠠ ᠦᠢᠷᠠᠬᠠᠨ ᠪᠠᠶᠢᠭᠰᠠᠨ ᠪᠤᠯᠬᠤᠷ ᠤᠰᠤ᠂ ᠴᠠᠬᠢᠯᠭᠠᠨ᠂ ᠴᠢᠮᠡᠭᠡ | ᠨᠡᠪᠳᠡᠷᠡᠬᠦᠯᠭᠡ᠂ ᠵᠠᠮ ᠨᠡᠪᠳᠡᠷᠡᠯᠭᠡ ᠵᠡᠷᠭᠡ ᠨᠦᠬᠦᠴᠡᠯ ᠨᠢ ᠪᠦᠷ ᠲᠦᠢᠯ ᠤᠨ ᠳᠦᠬᠦᠮ ᠳᠦᠳᠡ ᠪᠠᠶᠢᠵᠤ᠂ ᠰᠤᠷᠠᠭ | ᠵᠠᠩᠬᠢ ᠰᠢᠯᠤᠭᠤᠨ ᠨᠡᠪᠳᠡᠷᠡᠬᠡᠢ ᠪᠤᠯᠬᠤᠷ ᠠᠵᠤ ᠠᠬᠤᠢ ᠬᠦᠭᠵᠢᠯᠳᠡ ᠲᠠᠢ ᠪᠠᠶᠢᠵᠤ᠂ ᠳᠤᠭᠤᠰᠬᠠᠨ ᠤ ᠦᠢᠯᠡᠳᠪᠦᠷᠢ᠂ | ᠡᠯᠡᠰᠤ ᠬᠠᠶᠢᠷ ᠤᠨ ᠳᠠᠯᠠᠪᠠᠢ᠂ ᠨᠡᠬᠦᠷᠡᠰᠤᠨ ᠠᠭᠤᠷᠬᠠᠢ᠂ ᠴᠢᠯᠠᠭᠤᠨ ᠮᠠᠲ᠋ᠧᠷᠢᠶᠠᠯ ᠤᠨ ᠦᠢᠯᠡᠳᠪᠦᠷᠢ᠂ ᠨᠤᠤᠰᠤ | ᠨᠤᠯᠤᠤᠷ ᠰᠠᠮᠨᠠᠬᠤ ᠦᠢᠯᠡᠳᠪᠦᠷᠢ᠂ ᠳᠡᠵᠢᠬᠡᠨ ᠦᠷᠡᠵᠢᠬᠦᠯᠬᠦ ᠳᠠᠯᠠᠪᠠᠢ ᠵᠡᠷᠭᠡ ᠠᠵᠤ ᠠᠬᠤᠢᠢᠯᠠᠯ ᠲᠠᠢ ᠪᠠᠶᠢᠭᠰᠠᠨ ᠢᠶᠠᠷ | ᠪᠠᠷᠠᠬᠤ ᠦᠬᠡᠢ ᠮᠠᠯᠴᠢᠨ ᠳᠠᠷᠢᠶᠠᠴᠢᠳ ᠤᠨ ᠬᠤᠷᠰᠢᠶ᠎ᠠ ᠳᠡᠯᠬᠡᠬᠦᠷ᠂ ᠬᠤᠭᠤᠯᠠᠨ ᠭᠡᠷ ᠡᠷᠬᠢᠯᠡᠭᠰᠡᠳ ᠮᠠᠰᠢ ᠠᠷᠪᠢᠨ | ᠪᠠᠶᠢᠵᠡᠢ᠃ |