ᠬᠤᠤᠰᠪᠦ᠋ᠷᠢᠳᠤ ᠰᠤᠮᠤ
ᠨᠡᠶᠢᠲᠡᠯᠡᠭᠰᠡᠨ ᠴᠠᠭ᠄
2019/12/13
ᠬᠤᠤᠰᠪᠦ᠋ᠷᠢᠳᠤ ᠰᠤᠮᠤ ᠨᠢ ᠠᠯᠠᠱᠠ ᠵᠡᠬᠦᠨ ᠬᠤᠰᠢᠭᠤᠨ ᠤ ᠪᠠᠷᠠᠭᠤᠨ ᠪᠡᠶ᠎ᠡ ᠳᠤ ᠪᠠᠶᠢᠷᠢᠯᠠᠵᠦ᠂ ᠳᠤᠬᠠᠢ ᠶᠢᠨ ᠦᠶ᠎ᠡ ᠳᠡᠭᠡᠨ ᠵᠡᠬᠦᠨᠰᠢ ᠪᠠᠨ ᠵᠢᠷᠡᠳᠡᠢ ᠪᠠᠯᠭᠠᠰᠤ᠂ ᠰᠢᠯᠢᠭᠤᠤᠯ ᠰᠤᠮᠤ ᠲᠠᠢ ᠵᠠᠯᠭᠠᠯᠳᠤᠨ᠂ ᠤᠷᠢᠳᠤ ᠳᠠᠯ᠎ᠠ ᠪᠠᠷ ᠢᠶᠠᠨ ᠳᠤᠩᠭᠠᠯᠠᠭ ᠨᠠᠭᠤᠷ ᠰᠤᠮᠤ᠂ ᠴᠠᠭᠠᠨᠪᠤᠯᠠᠭ ᠰᠤᠮᠤᠨ ᠳᠤ ᠳᠤᠯᠵᠤ᠂ ᠪᠠᠷᠠᠭᠤᠨ ᠳᠠᠯ᠎ᠠ ᠪᠠᠷ ᠢᠶᠠᠨ ᠠᠯᠠᠱᠠ ᠪᠠᠷᠠᠭᠤᠨ ᠬᠤᠰᠢᠭᠤ᠂ ᠭᠠᠨᠰᠤ ᠮᠤᠵᠢ ᠶᠢᠨ ᠮᠢᠨᠴᠢᠨ ᠰᠢᠶᠠᠨ ᠲᠠᠢ ᠬᠦᠷᠰᠢᠯᠡᠨ᠂ ᠬᠤᠶᠢᠰᠢ ᠪᠠᠨ ᠪᠠᠶᠠᠨᠨᠢᠷᠤᠭᠤᠨ ᠰᠤᠮᠤ ᠲᠠᠢ ᠨᠡᠶᠢᠯᠡᠵᠤ᠂ ᠶᠡᠷᠦᠩᠬᠡᠢ ᠳᠠᠯᠠᠪᠡᠢ ᠨᠢ 7814 ᠬᠠᠪᠳᠠᠭᠠᠢ ᠲᠦᠷᠪᠡᠯᠵᠢᠨ ᠺᠢᠯᠦᠮᠧᠲᠷ ᠲᠤ ᠬᠦᠷᠴᠤ᠂ ᠰᠤᠮᠤᠨ ᠤ ᠵᠠᠰᠠᠭ ᠤᠨ ᠤᠷᠳᠤᠨ ᠨᠢ ᠠᠷᠤ ᠬᠤᠳᠳᠤᠭ ᠭᠡᠬᠦ ᠭᠠᠵᠠᠷ ᠰᠠᠭᠤᠷᠢᠰᠢᠵᠤ ᠪᠠᠶᠢᠭᠰᠠᠨ ᠪᠦᠭᠡᠳ ᠳᠤᠬᠠᠢ ᠶᠢᠨ ᠦᠶ᠎ᠡ ᠳᠡᠭᠡᠨ 7 ᠭᠠᠴᠠᠭ᠎ᠠ ᠲᠠᠢ ᠪᠠᠶᠢᠵᠡᠢ᠃ ᠬᠤᠤᠰᠪᠦ᠋ᠷᠢᠳᠤ ᠰᠤᠮᠤᠨ ᠤ ᠭᠠᠵᠡᠷ ᠤᠨ ᠪᠠᠶᠢᠴᠠ ᠨᠢ ᠪᠠᠷᠠᠭᠤᠨ ᠬᠤᠶᠢᠳᠤ ᠭᠡᠰᠡᠭ ᠢᠶᠠᠷ ᠢᠶᠠᠨ ᠦᠨᠳᠤᠷ᠂ ᠵᠡᠬᠦᠨ ᠡᠮᠦᠨ᠎ᠡ ᠭᠡᠰᠡᠭ ᠢᠶᠠᠷ ᠢᠶᠠᠨ ᠨᠠᠮᠬᠠᠨ ᠪᠠᠶᠢᠵᠤ᠂ ᠵᠡᠬᠦᠨ ᠬᠤᠶᠢᠳᠤ ᠳᠡᠯ᠎ᠡ ᠪᠠᠷ ᠨᠢ ᠪᠠᠶ᠋ᠬᠠᠭᠤᠯᠠ ᠬᠦᠨᠳᠡᠯᠢᠰᠴᠤ᠂ ᠪᠠᠷᠠᠭᠤᠨ ᠡᠮᠦᠨ᠎ᠡ ᠳᠠᠯ᠎ᠠ ᠪᠠᠷ ᠨᠢ ᠳᠡᠭᠷᠢ ᠡᠯᠡᠰᠤᠨ ᠴᠦᠯ ᠦᠷᠬᠦᠯᠵᠢᠯᠡᠨ᠂ ᠳᠡᠬᠦᠨ ᠤ ᠳᠤᠮᠳᠠ ᠨᠠᠭᠤᠷ ᠪᠦᠷᠢᠳᠤ᠂ ᠭᠤᠤᠯ ᠬᠤᠭᠤᠯᠠᠢ ᠮᠠᠰᠢ ᠠᠷᠪᠢᠨ ᠪᠠᠶᠢᠵᠤ᠂ ᠬᠤᠶᠢᠳᠤ ᠭᠡᠰᠡᠭ ᠲᠤᠨᠢ ᠪᠤᠭᠤᠨᠢ ᠰᠢᠯᠢ ᠠᠳᠠᠷᠭ᠎ᠠ ᠪᠤᠯᠤᠨ ᠡᠯᠡᠰᠤᠨ ᠴᠤᠬᠢᠶ᠎ᠠ ᠵᠠᠯᠭᠠᠯᠳᠤᠵᠤ ᠪᠠᠶᠢᠳᠠᠭ᠃ ᠳᠤᠬᠠᠢ ᠶᠢᠨ ᠦᠶ᠎ᠡ ᠳᠤ᠂ ᠮᠠᠯ ᠠᠵᠤ ᠠᠬᠤᠢ ᠨᠢ ᠪᠦᠬᠦ ᠰᠤᠮᠤᠨ ᠤ ᠭᠤᠤᠯᠯᠠᠬᠤ ᠠᠵᠤ ᠦᠢᠯᠡᠰ ᠪᠠᠶᠢᠵᠤ᠂ ᠳᠡᠮᠡᠭᠡᠨ ᠤ ᠳᠤᠭ᠎ᠠ ᠨᠢ 4294 ᠳᠤᠯᠤᠭᠠᠢ ᠳᠤ ᠭᠦᠷᠴᠤ᠂ ᠪᠦᠬᠦ ᠬᠤᠰᠢᠭᠤᠨ ᠳᠠᠭᠠᠨ ᠤᠷᠦ᠋ᠢᠯᠠᠵᠤ ᠪᠠᠶᠢᠵᠡᠢ᠃ 1999 ᠤᠨ ᠤ ᠪᠦᠷᠢᠳᠭᠡᠯ ᠢ ᠦᠨᠳᠤᠰᠤᠯᠡᠪᠡᠯ᠂ ᠨᠡᠶᠢᠳᠡ 156.75 ᠲᠦᠮᠡᠨ ᠳᠦᠭᠦᠷᠢᠭ ᠤᠨ ᠡᠳ᠋ ᠤᠨ ᠵᠠᠰᠠᠭ ᠤᠨ ᠤᠷᠤᠯᠭ᠎ᠠ ᠶᠢ ᠪᠡᠶᠡᠯᠡᠬᠦᠯᠦᠭᠡᠳ᠂ ᠪᠦᠬᠦ ᠬᠤᠰᠢᠭᠤᠨ ᠤ ᠪᠠᠨ ᠡᠳ᠋ ᠤᠨ ᠵᠠᠰᠠᠭ ᠤᠨ ᠤᠷᠤᠯᠭ᠎ᠠ ᠵᠠᠭᠤᠨ ᠳᠦᠮᠡᠨ ᠳᠦᠭᠦᠷᠢᠭ ᠢ ᠳᠠᠪᠠᠭᠰᠠᠨ ᠳᠦᠷᠪᠡᠨ ᠰᠤᠮᠤ ᠪᠠᠯᠭᠠᠰᠤᠨ ᠤ ᠨᠢᠭᠡ ᠨᠢ ᠪᠤᠯᠤᠭᠰᠠᠨ ᠪᠠᠶᠢᠨ᠎ᠠ᠃ ᠰᠤᠮᠤᠨ ᠤ ᠬᠢᠵᠠᠭᠠᠷ ᠲᠤ ᠳᠠᠪᠤᠰᠤ᠂ ᠱᠤᠤ᠂ ᠳᠡᠮᠦᠷ᠂ ᠪᠤᠷᠵᠢᠨ ᠴᠢᠯᠠᠭᠤ ᠵᠡᠷᠭᠡ ᠬᠢᠮᠢ ᠶᠢᠨ ᠠᠵᠤ ᠦᠢᠯᠡᠳᠪᠦᠷᠢ᠂ ᠠᠭᠤᠷᠬᠠᠢ ᠶᠢᠨ ᠡᠬᠢ ᠪᠠᠶᠠᠯᠢᠭ ᠡᠯᠪᠡᠭ ᠳᠡᠯᠪᠡᠭ ᠠᠭᠤᠯᠤᠭᠳᠠᠵᠤ ᠪᠠᠶᠢᠳᠠᠭ ᠠᠵᠢ᠃ ᠳᠤᠬᠠᠢ  ᠶᠢᠨ ᠦᠶ᠎ᠡ ᠶᠢᠨ ᠠᠯᠠᠱᠠ ᠵᠡᠬᠦᠨ ᠬᠤᠰᠢᠭᠤᠨ ᠤ ᠭᠤᠷᠪᠠᠨ ᠳᠤᠮᠤ ᠳᠤᠯᠭᠠᠭᠤᠷᠢᠯᠠᠭᠴᠢ ᠠᠵᠤ ᠠᠬᠤᠢᠢᠯᠠᠯ ᠤᠨ ᠨᠢᠬᠡ ᠪᠤᠯᠬᠤ ᠠᠯᠠᠱᠠ ᠵᠡᠬᠦᠨ ᠬᠤᠰᠢᠭᠤᠨ ᠤ ᠬᠤᠳᠤᠢ ᠶᠢᠨ ᠨᠠᠭᠤᠷ ᠤᠨ ᠳᠠᠪᠤᠰᠤᠨ ᠳᠠᠯᠠᠪᠡᠢ ᠨᠢ ᠰᠤᠮᠤᠨ ᠲᠦᠪ ᠠᠴᠠ ᠵᠡᠬᠦᠨ ᠡᠮᠦᠨᠡᠰᠢ 36 ᠺᠢᠯᠤᠮᠧᠲᠷ ᠵᠠᠶᠢᠳᠡᠢ ᠪᠠᠶᠢᠳᠠᠭ᠃ ᠳᠤᠰ ᠰᠤᠮᠤᠨ ᠤ ᠳᠤᠯᠢ ᠭᠠᠴᠠᠭᠠᠨ ᠤ ᠬᠦᠷᠡᠩ ᠪᠤᠯᠤᠷ ᠴᠢᠯᠠᠭᠤᠨ ᠤ ᠨᠢᠳᠤᠨ ᠰᠢᠯ ᠨᠢ ᠪᠦᠬᠦ ᠤᠯᠤᠰ ᠤᠨ ᠡᠯ᠎ᠡ ᠭᠠᠵᠡᠷ ᠪᠤᠷᠤᠯᠠᠭᠤᠯᠤᠭᠳᠠᠨ᠂ ᠨᠡᠷ᠎ᠠ ᠠᠯᠳᠠᠷᠰᠢᠵᠤ ᠪᠠᠶᠢᠵᠡᠢ᠃ ᠮᠠᠨᠵᠤ ᠴᠢᠩ ᠤᠨ ᠰᠠᠶᠢᠰᠢᠶᠠᠯᠳᠤ ᠢᠷᠦᠭᠡᠯᠳᠤ ᠶᠢᠨ ᠬᠤᠷᠢᠨ ᠳᠦᠷᠪᠡᠨ ᠤᠨ ︵1819 ᠤᠨ︶ ᠳᠤ ᠪᠠᠶᠢᠭᠤᠯᠤᠭᠳᠠᠭᠰᠠᠨ ᠪᠤᠶᠠᠨ ᠢ ᠦᠨᠳᠦᠰᠦᠯᠡᠭᠴᠢ ᠰᠦᠮ᠎ᠡ ︵ᠵᠡᠬᠦᠨ ᠭᠡᠶᠢᠳ︶ ᠶᠢᠨ ᠬᠠᠷᠢᠶᠠᠳᠤ ᠰᠦᠮ᠎ᠡ ᠪᠤᠯᠬᠤ ᠳ᠋ᠠᠷ᠎ᠠ ᠡᠬᠡ ᠶᠢᠨ ᠰᠦᠮ᠎ᠡ ᠳᠤᠰ ᠰᠤᠮᠤᠨ ᠤ ᠬᠢᠵᠠᠭᠠᠷ ᠲᠤ ᠪᠠᠶᠢᠭ᠎ᠠ ᠪᠦᠬᠡᠳ 2006 ᠤᠨ ᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠳᠡᠰ ᠤᠨ ᠳᠡᠤᠬᠡᠨ ᠳᠤᠷᠠᠰᠬᠠᠯᠳᠤ ᠬᠠᠮᠠᠭᠠᠯᠠᠯᠳᠠ ᠶᠢᠨ ᠨᠢᠭᠡᠴᠡ ᠪᠠᠷ ᠳᠤᠭᠳᠠᠭᠠᠭᠳᠠᠭᠰᠠᠨ ᠪᠠᠶᠢᠨ᠎ᠠ᠃ ᠮᠠᠨᠵᠤ ᠴᠢᠩ ᠤᠨ ᠰᠠᠶᠢᠰᠢᠶᠠᠯᠳᠤ ᠢᠷᠦᠭᠡᠯᠳᠤ ᠶᠢᠨ ᠬᠤᠷᠢᠨ ᠤᠨ ︵1815 ᠤᠨ︶ ᠳᠤ᠂ ᠠᠯᠠᠱᠠ ᠬᠤᠱᠤᠳ ᠬᠤᠰᠢᠭᠤᠨ ᠠᠴᠠ ᠳᠤᠰ ᠭᠠᠵᠡᠷ ᠲᠤ ᠪᠠᠶᠠᠨᠪᠦ᠋ᠷᠢᠳᠤ ᠶᠢᠨ ᠪᠠᠭ ᠪᠤᠯᠤᠨ ᠬᠦᠭᠡᠪᠦ᠋ᠷᠢᠳᠤ ᠶᠢᠨ ᠪᠠᠭ ᠭᠡᠵᠤ ᠪᠠᠶᠢᠭᠤᠯᠵᠡᠢ᠃ 1953 ᠤᠨ ᠤ 3 ᠰᠠᠷ᠎ᠠ ᠳᠤ᠂ ᠤᠤᠯ ᠤᠨ ᠪᠠᠶᠠᠨᠪᠦ᠋ᠷᠢᠳᠤ ᠶᠢᠨ ᠪᠠᠭ ᠪᠤᠯᠤᠨ ᠬᠦᠭᠡᠪᠦ᠋ᠷᠢᠳᠤ ᠶᠢᠨ ᠪᠠᠭ ᠢ ᠨᠡᠶᠢᠯᠡᠬᠦᠯᠦᠭᠡᠳ ᠬᠤᠤᠰᠪᠦ᠋ᠷᠢᠳᠤ ᠶᠢᠨ ᠪᠠᠭ ᠢ ᠪᠠᠶᠢᠭᠤᠯᠵᠤ᠂ ᠨᠡᠷᠡᠶᠢᠳᠦᠯ ᠨᠢ ᠮᠦᠨ ᠬᠦ ᠡᠬᠦᠨ ᠠᠴᠠ ᠢᠷᠡᠯᠳᠡ ᠲᠠᠢ᠃ ᠮᠦᠨ ᠵᠢᠯ ᠤᠨ 9 ᠰᠠᠷ᠎ᠠ ᠳᠤ ᠰᠤᠮᠤ ᠶᠢ ᠬᠦᠡᠭᠱᠧ ᠪᠤᠯᠭᠠᠭᠰᠠᠨ ᠪᠡ 1983 ᠤᠨ ᠤ 11 ᠰᠠᠷ᠎ᠠ ᠳᠤ ᠬᠦᠡᠭᠱᠧ ᠬᠡᠬᠦ ᠨᠡᠷᠡᠶᠢᠳᠤᠯ ᠢ ᠳᠠᠬᠢᠨ ᠰᠤᠮᠤ ᠬᠡᠵᠤ ᠰᠡᠷᠬᠦᠬᠡᠨ ᠭᠡᠷᠡᠭᠯᠡᠭᠰᠡᠨ ᠪᠠᠶᠢᠨ᠎ᠠ᠃ 2006 ᠤᠨ ᠤ 6 ᠰᠠᠷ᠎ᠠ ᠳᠤ᠂ ᠤᠤᠯ ᠤᠨ ᠬᠤᠤᠰᠪᠦ᠋ᠷᠢᠳᠤ ᠰᠤᠮᠤ ᠶᠢᠨ ᠪᠠᠶᠢᠭᠤᠯᠦᠮᠵᠢ ᠶᠢ ᠬᠦᠴᠦᠨ ᠦᠬᠡᠢ ᠪᠤᠯᠭᠠᠵᠤ᠂ ᠪᠠᠶᠠᠨᠨ᠋ᠷᠦᠭᠤᠨ ᠰᠤᠮᠤ ᠲᠠᠢ ᠨᠡᠶᠢᠯᠡᠬᠦᠯᠦᠭᠰᠡᠨ ᠠᠴᠠ ᠤᠳᠤ ᠶᠢᠨ ᠪᠠᠶᠢᠳᠠᠯ ᠳᠤ ᠲᠦᠯᠦᠪᠰᠢᠷᠡᠭᠰᠡᠨ ᠪᠠᠶᠢᠨ᠎ᠠ᠃ ᠤᠤᠯ ᠤᠨ ᠬᠤᠤᠰᠪᠦ᠋ᠷᠢᠳᠤ ᠰᠤᠮᠤᠨ ᠤ ᠬᠠᠷᠢᠶᠠᠳᠤ 7 ᠭᠠᠴᠠᠭ᠎ᠠ ᠪᠤᠯ ᠳᠤᠰᠪᠦᠷᠢ᠄ ᠰᠢᠷᠡᠪᠦ᠋ᠷᠢᠳᠤ ᠭᠠᠴᠠᠭ᠎ᠠ᠂ ᠰᠤᠬᠠᠢᠢᠳᠤ ᠭᠠᠴᠠᠭ᠎ᠠ᠂ ᠲᠤᠯᠢ ᠭᠠᠴᠠᠭ᠎ᠠ᠂ ᠪᠠᠶᠠᠨᠪᠦ᠋ᠷᠢᠳᠤ ᠭᠠᠴᠠᠭ᠎ᠠ᠂ ᠰᠢᠷ᠎ᠠ ᠪᠦᠷᠢᠳᠤ ᠭᠠᠴᠠᠭ᠎ᠠ᠂ ᠬᠤᠳᠤᠢ ᠨᠢᠭᠤᠷ ᠭᠠᠴᠠᠭ᠎ᠠ᠂ ᠵᠡᠷᠭᠡ ᠪᠠᠶᠢᠭᠰᠠᠨ ᠪᠠᠶᠢᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号