ᠭᠤᠷᠪᠠᠭ᠋ᠤᠪᠤᠭ᠎ᠠ ᠪᠠᠯᠭᠠᠰᠤ
ᠨᠡᠶᠢᠲᠡᠯᠡᠭᠰᠡᠨ ᠴᠠᠭ᠄
2019/12/13
︵2006 ᠤᠨ ᠳᠤ ᠬᠠᠰᠤᠨ ᠴᠤᠮᠬᠠᠳᠬᠠᠪᠠ︶ 1986 ᠤᠨ ᠠᠴᠠ ᠤᠷᠢᠳ ᠭᠤᠷᠪᠠᠭ᠋ᠤᠪᠤᠭ᠎ᠠ ᠨᠡᠬᠦᠷᠡᠰᠤᠨ ᠠᠭᠤᠷᠬᠠᠢ ᠶᠢᠨ ᠳᠤᠭᠤᠷᠢᠭ ᠬᠡᠵᠤ ᠪᠠᠶᠢᠭᠰᠠᠨ ᠪᠦᠭᠡᠳ ᠤᠤᠯ ᠤᠨ ᠮᠦᠷᠡᠨᠭᠤᠤᠯ ᠰᠤᠮᠤᠨ ᠳᠤ ᠬᠠᠷᠢᠶᠠᠯᠠᠭᠳᠠᠵᠤ ᠪᠠᠶᠢᠪᠠ᠃ 1986 ᠤᠨ ᠤ 2 ᠰᠠᠷ᠎ᠠ ᠳᠤ᠂ ᠤᠤᠯ ᠤᠨ ᠮᠦᠷᠡᠨᠭᠤᠤᠯ ᠰᠤᠮᠤ ᠪᠤᠯᠤᠨ ᠵᠡᠬᠦᠨ ᠪᠡᠯ ᠰᠤᠮᠤᠨ ᠠᠴᠠ ᠳᠤᠰᠪᠤᠷᠢ ᠭᠡᠰᠡᠭ ᠭᠠᠵᠡᠷ ᠬᠤᠪᠢᠶᠠᠷᠢᠯᠠᠨ ᠭᠠᠷᠭᠠᠵᠤ ᠭᠤᠷᠪᠠᠭ᠋ᠤᠪᠤᠭ᠎ᠠ ᠪᠠᠯᠭᠠᠰᠤ ᠶᠢ ᠪᠠᠶᠢᠭᠤᠯᠵᠤ᠂ 2 ᠰᠠᠭᠤᠭᠠᠯᠢ ᠠᠷᠠᠳ ᠤᠨ ᠵᠦᠪᠯᠡᠯ᠂ 2 ᠭᠠᠴᠠᠭ᠎ᠠ ᠲᠠᠢ᠂ ᠵᠠᠰᠠᠭ ᠤᠨ ᠤᠷᠳᠤᠨ ᠨᠢ ᠭᠤᠷᠪᠠᠭ᠋ᠤᠪᠤᠭ᠎ᠠ ︵ᠡᠷᠳᠡ ᠳᠡᠭᠡᠨ ᠠᠳᠡ ᠭᠤᠷᠪᠠᠨ ᠰᠠᠭᠤᠷᠢ ᠤᠪᠤᠭ᠎ᠠ ᠪᠤᠰᠬᠠᠭᠠᠳᠡᠢ ᠪᠠᠶᠢᠭᠰᠠᠨ ᠠᠴᠠ ᠡᠶᠢᠮᠤ ᠨᠡᠷᠡᠶᠢᠳᠤᠯ ᠲᠠᠢ ᠪᠤᠯᠵᠡᠢ︶ ᠳᠤ ᠰᠠᠭᠤᠷᠢᠰᠢᠵᠤ᠂ ᠪᠠᠶᠠᠨᠬᠤᠳᠠ ᠠᠴᠠ 50 ᠺᠢᠯᠤᠮᠧᠲᠷ ᠵᠠᠶᠢᠳᠡᠢ᠂ ᠤᠳᠠ — ᠵᠢᠷᠡᠳᠡᠢ ᠳᠡᠮᠦᠷ ᠵᠡᠮ ᠤᠨ ᠪᠤᠩᠬᠤᠨ ᠳᠠᠬᠢ ᠭᠠᠯᠳᠤ ᠳᠡᠷᠭᠡᠨ ᠦᠷᠳᠡᠭᠡᠨ ᠠᠴᠠ 45 ᠺᠢᠯᠤᠮᠧᠲᠷ ᠵᠠᠶᠢᠳᠡᠢ ᠪᠦᠭᠡᠳ ᠢᠷᠭᠠᠢ — ᠿᠦ᠋ ᠵᠢᠢ ᠭᠸᠤ ᠵᠠᠰᠠᠮᠠᠯ ᠵᠠᠮ ᠢᠶᠠᠷ ᠳᠠᠮᠵᠢᠨ ᠨᠢᠩᠰᠢᠶᠠ ᠶᠢᠨ ᠬᠤᠳᠤᠩ ᠦᠨᠳᠤᠰᠤᠳᠡᠨ ᠤ ᠦᠪᠡᠷᠳᠡᠭᠡᠨ ᠵᠠᠰᠠᠬᠤ ᠤᠷᠤᠨ ᠤ ᠱᠢ ᠽᠦᠢ ᠱᠠᠨ ᠬᠤᠳᠠ᠂ ᠢᠷᠭᠠᠢ ᠬᠤᠳᠠ ᠲᠠᠢ ᠨᠡᠪᠳᠡᠷᠡᠵᠤ ᠪᠤᠯᠳᠠᠭ᠃ ᠳᠤᠬᠠᠢ ᠶᠢᠨ ᠦᠶ᠎ᠡ ᠶᠢᠨ ᠭᠤᠷᠪᠠᠭ᠋ᠤᠪᠤᠭ᠎ᠠ ᠪᠠᠯᠭᠠᠰᠤ ᠨᠢ ᠤᠳᠠ ᠶᠢᠨ ᠠᠭᠤᠷᠬᠠᠢ ᠶᠢᠨ ᠶᠠᠪᠤᠳᠠᠯ ᠤᠨ ᠳᠤᠪᠴᠢᠶᠠᠨ ᠤ ᠡᠤ ᠬᠤ᠋ ᠱᠠᠨ ᠵᠡᠷᠬᠡ ᠨᠠᠬᠦᠷᠡᠰᠤᠨ ᠠᠭᠤᠷᠬᠠᠢ ᠲᠠᠢ ᠵᠠᠯᠭᠠᠯᠳᠤᠵᠤ᠂ ᠠᠯᠠᠱᠠ ᠠᠭᠤᠯᠠ ᠳᠠᠭᠠᠤ ᠭᠡᠰᠡᠭ ᠲᠤᠨᠢ ᠡᠯᠪᠡᠭ ᠳᠡᠯᠪᠡᠭ ᠤᠳᠤᠭ᠎ᠠ ᠦᠬᠡᠢ ᠨᠡᠬᠦᠷᠡᠰᠤ ᠬᠢᠭᠡᠳ ᠤᠳᠤᠭᠠᠳᠤ ᠨᠡᠬᠦᠷᠡᠰᠤᠨ ᠤ ᠡᠬᠢ ᠪᠡᠶᠡᠯᠢᠬ ᠲᠠᠢ ᠪᠦᠭᠡᠳ ᠤᠳᠤᠭ᠎ᠠ ᠦᠬᠡᠢ ᠨᠡᠬᠦᠷᠡᠰᠤᠨ ᠤ ᠡᠯ᠎ᠡ ᠳᠡᠯ᠎ᠡ ᠶᠢᠨ ᠵᠢᠭᠠᠯᠳᠠ ᠳᠤᠭ᠎ᠠ ᠨᠢ ᠪᠦᠬᠦ ᠤᠯᠤᠰ ᠤᠨ ᠤᠳᠤᠭ᠎ᠠ ᠦᠬᠡᠢ ᠨᠡᠬᠦᠷᠡᠰᠤᠨ ᠳᠤᠳᠤᠷ᠎ᠠ ᠪᠠᠨ ᠤᠷᠦ᠋ᠢᠯᠠᠵᠤ᠂ ᠭᠠᠳᠠᠭᠠᠳᠤ ᠳᠤᠳᠤᠭᠠᠳᠤ ᠳᠠᠭᠠᠨ ᠠᠯᠳᠠᠷᠰᠢᠨ᠂ ᠮᠠᠨ ᠤ ᠠᠶᠢᠮᠠᠭ ᠤᠨ ᠤᠳᠤᠭ᠎ᠠ ᠦᠬᠡᠢ ᠨᠡᠬᠦᠷᠡᠰᠤ ᠶᠢ ᠦᠢᠯᠡᠳᠪᠦᠷᠢᠯᠡᠵᠤ ᠭᠠᠳᠠᠭᠠᠳᠤ ᠳᠤ ᠭᠠᠷᠭᠠᠬᠤ ᠰᠠᠭᠤᠷᠢᠨ ᠭᠠᠵᠠᠷ ᠪᠤᠯᠵᠤ ᠪᠠᠶᠢᠵᠡᠢ᠃ ᠡᠬᠦᠨ  ᠠᠴᠠ ᠭᠠᠳᠠᠨ᠎ᠠ ᠪᠠᠰᠠ ᠳᠠᠪᠤᠰᠤ᠂ ᠮᠠᠩᠰᠢᠶᠤᠤ᠂ ᠬᠦᠨᠳᠤ ᠳᠠᠯᠠᠰᠳᠤ ᠴᠢᠯᠠᠭᠤ᠂ ᠴᠤᠬᠤᠢ ᠶᠢᠨ ᠴᠢᠯᠠᠭᠤ ᠵᠡᠷᠭᠡ ᠠᠭᠤᠷᠬᠠᠢ ᠪᠤᠯᠠᠭᠳᠠᠴᠠ ᠲᠠᠢ ᠪᠡ 13 ᠲᠦᠮᠡᠨ ᠮᠤ᠋ ᠳᠠᠷᠢᠶᠠᠨ ᠭᠠᠵᠡᠷ᠂ 40 ᠲᠦᠮᠡᠨ ᠮᠤ᠋ ᠶᠢᠨ ᠠᠰᠢᠭᠯᠠᠵᠤ ᠪᠤᠯᠬᠤ ᠤᠢᠢᠳᠤ ᠪᠡᠯᠴᠢᠬᠡᠷ ᠲᠠᠢ᠃ 1999 ᠤᠨ ᠤ ᠪᠦᠷᠢᠳᠭᠡᠯ ᠢ ᠦᠨᠳᠤᠰᠤᠯᠡᠪᠡᠯ᠂ ᠪᠠᠯᠭᠠᠰᠤᠨ ᠤ ᠡᠳ᠋ ᠤᠨ ᠵᠠᠰᠠᠭ ᠤᠨ ᠤᠷᠤᠯᠭ᠎ᠠ ᠨᠢ 208 ᠲᠦᠮᠡᠨ ᠲᠦᠬᠦᠷᠢᠭ ᠲᠤ ᠬᠦᠷᠴᠤ᠂ ᠪᠦᠬᠦ ᠬᠤᠰᠢᠭᠤᠨ ᠳᠠᠭᠠᠨ ᠡᠳ᠋ ᠤᠨ ᠵᠠᠰᠠᠭ ᠤᠨ ᠤᠷᠤᠯᠭ᠎ᠠ ᠨᠢ 200 ᠲᠦᠮᠡᠨ ᠲᠦᠬᠦᠷᠢᠭ ᠢ ᠳᠠᠪᠠᠭᠰᠠᠨ ᠴᠦᠬᠡᠨ ᠭᠡᠳᠤᠨ ᠰᠤᠮᠤ ᠪᠠᠯᠭᠠᠰᠤᠨ ᠤ ᠨᠢᠬᠡ ᠨᠢ ᠪᠤᠯᠵᠤ᠂ ᠮᠠᠯᠴᠢᠨ ᠳᠠᠷᠢᠶᠠᠴᠢᠳ ᠤᠨ ᠳᠡᠭᠰᠢᠳᠭᠡᠭᠰᠡᠨ ᠴᠡᠪᠡᠷ ᠤᠷᠤᠯᠭ᠎ᠠ ᠨᠢ 2826 ᠲᠦᠬᠦᠷᠢᠭ ᠲᠤ ᠬᠦᠷᠴᠤ᠂ ᠪᠦᠬᠦ ᠬᠤᠰᠢᠭᠤᠨ ᠤ 9 ᠪᠠᠯᠭᠠᠰᠤᠨ ᠤ 3 ᠳ᠋ᠤᠭᠠᠷ ᠲᠤ ᠪᠠᠶᠢᠷᠢᠯᠠᠵᠤ ᠪᠠᠶᠢᠵᠡᠢ᠃ 2006 ᠤᠨ ᠤ 6 ᠰᠠᠷ᠎ᠠ ᠳᠤ᠂ ᠭᠤᠷᠪᠠᠭ᠋ᠤᠪᠤᠭ᠎ᠠ ᠪᠠᠯᠭᠠᠰᠤᠨ ᠤ ᠵᠠᠰᠠᠭ ᠵᠠᠬᠢᠷᠭᠠᠨ ᠤ ᠪᠠᠶᠢᠭᠤᠯᠤᠮᠵᠢ ᠶᠢ ᠬᠠᠰᠤᠵᠤ ᠂ ᠤᠳᠤ ᠶᠢᠨ ᠵᠡᠬᠦᠨ ᠪᠡᠯ ᠪᠠᠯᠭᠠᠰᠤᠨ ᠳᠤ ᠨᠡᠶᠢᠯᠡᠬᠦᠯᠦᠨ ᠤᠷᠤᠭᠤᠯᠵᠡᠢ᠃ ᠡᠳᠦᠬᠡ ᠭᠤᠷᠪᠠᠭ᠋ᠤᠪᠤᠭ᠎ᠠ ᠳᠤ ᠳᠠᠶᠢᠰᠢ ᠪᠦᠯᠦᠭᠯᠡᠯ ᠤᠨ ᠬᠠᠷᠢᠶᠠᠨ ᠳᠠᠬᠢ ᠨᠡᠬᠦᠷᠡᠰᠤᠨ ᠠᠭᠤᠷᠬᠠᠢ ᠵᠢᠴᠢ ᠡᠮᠨᠡᠯᠭᠡ ᠶᠢᠨ ᠬᠤᠷᠢᠶ᠎ᠠ᠂ ᠰᠢᠤᠳᠠᠨ᠂ ᠴᠢᠮᠡᠭᠡ ᠬᠤᠯᠪᠤᠭ᠎ᠠ᠂ ᠢᠳᠡᠬᠡᠮᠵᠢ ᠶᠢᠨ ᠬᠤᠷᠰᠢᠶ᠎ᠠ᠂ ᠤᠢ ᠰᠢᠭᠤᠢ ᠶᠢᠨ ᠳᠤᠳᠤᠭᠠᠳᠤ ᠶᠢ ᠬᠠᠮᠠᠭᠠᠯᠠᠬᠤ ᠳᠤᠮᠢᠯᠠᠭᠰᠠᠨ ᠰᠠᠯᠪᠦᠷᠢ ᠵᠩᠡ ᠪᠠᠶᠢᠭᠤᠯᠤᠯᠭ᠎ᠠ ᠨᠢᠬᠡᠴᠡ ᠰᠠᠭᠤᠷᠢᠰᠢᠵᠤ ᠪᠤᠢ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号