ᠳᠤᠩᠭᠠᠯᠠᠭ ᠨᠠᠭᠤᠷ ᠰᠤᠮᠤ
ᠨᠡᠶᠢᠲᠡᠯᠡᠭᠰᠡᠨ ᠴᠠᠭ᠄
2019/12/13
ᠳᠤᠩᠭᠠᠯᠠᠭ ᠨᠠᠭᠤᠷ ᠰᠤᠮᠤ ᠨᠢ ᠠᠯᠠᠱᠠ ᠵᠡᠬᠦᠨ ᠬᠤᠰᠢᠭᠤᠨ ᠤ ᠳᠤᠮᠳᠠᠳᠤ ᠭᠡᠰᠡᠭ ᠲᠤ ᠪᠠᠶᠢᠷᠢᠰᠢᠵᠤ᠂ ᠬᠤᠰᠢᠭᠤᠨ ᠳᠦᠪ ᠪᠠᠶᠠᠨᠬᠤᠳᠠ ᠠᠴᠠ 27 ᠺᠢᠯᠤᠮᠧᠲᠷ ᠵᠠᠶᠢᠳᠡᠢ ᠪᠠᠶᠢᠵᠡᠢ᠃ ᠳᠤᠬᠠᠢ ᠶᠢᠨ ᠦᠶ ᠳᠡᠭᠡᠨ ᠵᠡᠬᠦᠨ ᠳᠠᠯ᠎ᠠ ᠪᠠᠷ ᠢᠶᠠᠨ ᠪᠤᠭᠤᠳᠤ ᠰᠤᠮᠤ ᠬᠢᠬᠡᠳ ᠪᠠᠷᠠᠭᠤᠨ ᠪᠡᠯ ᠪᠠᠯᠭᠠᠰᠤ ᠲᠠᠢ ᠨᠡᠶᠢᠯᠡᠵᠤ᠂ ᠡᠮᠦᠨ᠎ᠡ ᠳᠠᠯ᠎ᠠ ᠪᠠᠷ ᠢᠶᠠᠨ ᠱᠠᠩ ᠤᠨ ᠳᠠᠯᠠᠢ ᠰᠤᠮᠤ ᠪᠤᠯᠤᠨ ᠴᠤᠭᠳᠤᠬᠦ᠋ᠷᠢᠶ᠎ᠡ ᠰᠤᠮᠤᠨ ᠳᠤ ᠳᠤᠯᠵᠤ᠂ ᠪᠠᠷᠠᠭᠤᠨ ᠳᠠᠯ᠎ᠠ ᠪᠠᠷ ᠢᠶᠠᠨ ᠴᠠᠭᠠᠨᠪᠤᠯᠠᠭ ᠰᠤᠮᠤ ᠲᠠᠢ ᠵᠠᠭᠠᠭᠯᠠᠨ᠂ ᠬᠤᠶᠢᠳᠤ ᠳᠠᠯ᠎ᠠ ᠪᠠᠷ ᠢᠶᠠᠨ ᠬᠤᠤᠰᠪᠦ᠋ᠷᠢᠳᠤ ᠰᠤᠮᠤ᠂ ᠰᠢᠯᠢᠭᠤᠤᠯ ᠰᠤᠮᠤ ᠲᠠᠢ ᠵᠠᠯᠭᠠᠯᠳᠤᠵᠤ ᠪᠠᠶᠢᠵᠡᠢ᠃ ᠰᠤᠮᠤᠨ ᠤ ᠭᠠᠵᠡᠷ ᠤᠨ ᠪᠠᠶᠢᠴᠠ ᠨᠢ ᠵᠡᠬᠦᠨ ᠳᠠᠯ᠎ᠠ ᠪᠠᠷ ᠢᠶᠠᠨ ᠦᠨᠳᠤᠷ᠂ ᠪᠠᠷᠠᠭᠤᠨ ᠪᠡᠶ᠎ᠡ ᠪᠠᠷ ᠢᠶᠠᠨ ᠨᠠᠮᠬᠠᠨ ᠪᠠᠶᠢᠵᠤ᠂ ᠶᠡᠷᠦᠩᠬᠡᠢ ᠳᠠᠯᠠᠪᠡᠢ ᠨᠢ 3390 ᠬᠠᠪᠳᠠᠭᠠᠢ ᠲᠦᠷᠪᠡᠯᠵᠢᠨ ᠺᠢᠯᠤᠮᠧᠲᠷ ᠳᠤ ᠬᠦᠷᠴᠤ ᠪᠠᠶᠢᠵᠡᠢ᠃ ᠳᠤᠩᠭᠠᠯᠠᠭ ᠨᠠᠭᠤᠷ ᠰᠤᠮᠤ ᠪᠤᠯ ᠦᠡᠭᠭᠡᠷᠡᠭᠰᠡᠨ ᠤ ᠬᠦᠪᠡᠭᠡᠨᠠᠮᠤᠭ ᠪᠠᠭ ᠤᠨ ᠬᠠᠷᠢᠶᠠᠨ ᠭᠠᠵᠡᠷ ᠪᠠᠶᠢᠭᠰᠠᠨ ᠶᠤᠮ᠃ 1958 ᠤᠨ ᠤ 3 ᠰᠠᠷ᠎ᠠ ᠳᠤ ᠪᠠᠭ ᠤᠨ ᠪᠠᠶᠢᠭᠤᠯᠤᠮᠵᠢ ᠶᠢ ᠬᠦᠴᠦᠨ ᠦᠬᠡᠢ ᠪᠤᠯᠭᠠᠵᠤ ᠰᠤᠮᠤ ᠪᠠᠶᠢᠭᠤᠯᠬᠤ ᠦᠶᠡᠰ ᠳᠤᠰ ᠭᠠᠵᠡᠷ ᠨᠢ ᠳᠤᠬᠠᠢ ᠶᠢᠨ ᠦᠶ᠎ᠡ ᠶᠢᠨ ᠬᠦᠪᠡᠬᠡᠨᠠᠮᠤᠭ ᠰᠤᠮᠤᠨ ᠳᠤ ᠬᠠᠷᠢᠶᠠᠯᠠᠭᠳᠠᠬᠤ ᠪᠤᠯᠵᠡᠢ᠃ 1961 ᠤᠨ ᠤ 10 ᠰᠠᠷ᠎ᠠ ᠳᠤ᠂ ᠤᠤᠯ ᠤᠨ ᠬᠦᠪᠡᠬᠡᠨᠠᠮᠤᠭ ᠬᠦᠡᠭᠱᠧ ᠶᠢᠨ ᠪᠠᠶᠢᠭᠤᠯᠤᠮᠵᠢ ᠶᠢ ᠬᠠᠰᠤᠨ ᠴᠤᠮᠬᠠᠳᠬᠠᠬᠤ ᠦᠶᠡᠰ ᠭᠡᠰᠡᠭ ᠭᠠᠵᠡᠷ ᠢ ᠨᠢ ᠬᠤᠪᠢᠶᠠᠷᠢᠯᠠᠨ ᠭᠠᠷᠭᠠᠭᠠᠳ ᠳᠤᠩᠭᠠᠯᠠᠭ ᠨᠠᠭᠤᠷ ᠬᠦᠡᠭᠱᠧ ᠶᠢ ᠪᠠᠶᠢᠭᠤᠯᠤᠭᠰᠠᠨ ᠪᠠᠶᠢᠨ᠎ᠠ᠃ 1983 ᠤᠨ ᠤ 11 ᠰᠠᠷ᠎ᠠ ᠳᠤ ᠬᠦᠡᠭᠱᠧ ᠬᠡᠬᠦ ᠨᠡᠷᠡᠶᠢᠳᠤᠯ ᠢ ᠰᠤᠮᠤ ᠬᠡᠵᠤ ᠰᠡᠷᠬᠦᠭᠡᠭᠰᠡᠨ ᠪᠡ 2006 ᠤᠨ ᠤ 6 ᠰᠠᠷ᠎ᠠ ᠪᠤᠯᠬᠤ ᠳᠤ ᠳᠤᠩᠭᠠᠯᠠᠭ ᠨᠠᠭᠤᠷ ᠰᠤᠮᠤᠨ ᠤ ᠪᠠᠶᠢᠭᠤᠯᠤᠮᠵᠢ ᠶᠢ ᠬᠠᠰᠤᠨ ᠴᠤᠮᠬᠠᠳᠬᠠᠭᠠᠳ ᠪᠠᠶᠠᠨᠬᠤᠳᠠ ᠪᠠᠯᠭᠠᠰᠤ ᠲᠠᠢ ᠨᠡᠶᠢᠯᠡᠬᠦᠯᠦᠭᠰᠡᠨ ᠠᠴᠠ ᠤᠳᠤ ᠶᠢᠨ ᠪᠠᠶᠢᠳᠠᠯ ᠳᠤ ᠳᠦᠯᠦᠪᠰᠢᠷᠡᠵᠡᠢ᠃ ᠳᠤᠬᠠᠢ ᠶᠢᠨ ᠦᠶ᠎ᠡ ᠳᠤ᠂ ᠳᠤᠩᠭᠠᠯᠠᠭ ᠨᠠᠭᠤᠷ ᠰᠤᠮᠤ ᠨᠢ ᠨᠠᠶᠢᠳᠠ 5 ᠭᠠᠴᠠᠭ᠎ᠠ ᠲᠠᠢ ᠪᠠᠶᠢᠭᠰᠠᠨ ᠪᠦᠭᠡᠳ ᠰᠤᠮᠤᠨ ᠤ ᠵᠠᠰᠠᠭ ᠤᠨ ᠤᠷᠳᠤᠨ ᠨᠢ ᠱᠠᠯᠠ ᠶᠢᠨ ᠬᠦᠨᠬᠤᠳᠳᠤᠭ ᠬᠡᠬᠦ ᠭᠠᠵᠡᠷ ᠪᠠᠶᠢᠷᠢᠰᠢᠵᠤ ᠪᠠᠶᠢᠵᠡᠢ᠃ ᠲᠡᠷᠡᠬᠦ ᠳᠠᠪᠤᠨ ᠭᠠᠴᠠᠭ᠎ᠠ ᠪᠤᠯ ᠳᠤᠰᠪᠤᠷᠢ ᠬᠦᠨᠬᠤᠳᠳᠤᠭ ᠭᠠᠴᠠᠭ᠎ᠠ᠂ ᠰᠢᠨ᠎ᠡ ᠳᠤᠬᠤᠢ ᠭᠠᠴᠠᠭ᠎ᠠ᠂ ᠳᠤᠩᠭᠠᠯᠠᠭ ᠨᠠᠭᠤᠷ ᠭᠠᠴᠠᠭ᠎ᠠ᠂ ᠢᠡᠭᠭᠡᠳᠤ ᠭᠠᠴᠠᠭ᠎ᠠ᠂ ᠳᠡᠮᠡᠭᠡᠳᠤ ᠭᠠᠴᠠᠭ᠎ᠠ ᠵᠡᠷᠭᠡ ᠪᠤᠯᠤᠨ᠎ᠠ᠃ ᠭᠡᠳᠦ᠋ᠢᠪᠡᠷ ᠳᠡᠭᠷᠢ ᠡᠯᠡᠰᠤᠨ ᠴᠦᠯ ᠨᠢ ᠳᠤᠩᠭᠠᠯᠠᠭ ᠨᠠᠭᠤᠷ ᠰᠤᠮᠤᠨ ᠤ ᠶᠡᠬᠡᠨᠭᠬᠢ ᠨᠤᠳᠤᠭ ᠳᠡᠪᠢᠰᠭᠡᠷ ᠢ ᠡᠵᠡᠯᠡᠭᠰᠡᠨ ᠪᠤᠯᠪᠠᠴᠤ ᠡᠯᠡᠰᠤᠨ ᠳᠤᠮᠳᠠᠬᠢ ᠭᠡᠳᠤᠨ ᠠᠷᠪᠠᠨ ᠳᠤᠮᠤ ᠵᠢᠵᠢᠭ ᠨᠠᠭᠤᠷ ᠪᠦᠷᠢᠳᠤ ᠲᠠᠢ ᠪᠠᠶᠢᠵᠤ᠂ ᠡᠷᠬᠢᠨ ᠳᠤᠭᠤᠷᠢᠨ  ᠢᠶᠠᠷ ᠨᠢ ᠬᠤᠯᠤᠰᠤ ᠵᠡᠭᠡᠰᠤ᠂ ᠲᠡᠷᠡᠰᠤ ᠲᠦᠡᠭᠬᠡ᠂ ᠰᠤᠯᠢ ᠰᠢᠪᠠᠭ᠂ ᠪᠦᠭᠡᠷᠡᠭ ᠵᠡᠷᠭᠡ ᠰᠢᠮ᠎ᠡ ᠳᠡᠵᠢᠬᠡᠯᠳᠤ ᠡᠪᠡᠰᠤᠨ ᠤ ᠤᠷᠭᠤᠴᠠ ᠰᠠᠶᠢᠳᠡᠢ ᠪᠤᠯᠬᠤᠷ ᠮᠠᠯ ᠳᠡᠮᠡᠬᠡᠨ ᠤ ᠰᠠᠶᠢᠬᠠᠨ ᠪᠡᠯᠴᠢᠬᠡᠷ ᠪᠤᠯᠬᠤ ᠪᠠᠷ ᠪᠠᠷᠠᠬᠤ ᠦᠬᠡᠢ ᠵᠤᠭᠠᠴᠠᠯ ᠤᠨ ᠦᠢᠯᠡᠰ ᠢ ᠬᠦᠭᠵᠢᠬᠦᠯᠬᠦ ᠳᠤ ᠮᠠᠰᠢ ᠰᠠᠶᠢᠨ ᠨᠦᠬᠦᠴᠡᠯ ᠪᠦᠷᠢᠯᠳᠦᠬᠦᠯᠦᠭᠰᠡᠨ ᠪᠠᠶᠢᠨ᠎ᠠ᠃ ᠵᠢᠱᠢᠶᠡᠯᠡᠪᠡᠯ᠂ ᠬᠤᠨᠳᠤ ᠨᠠᠭᠤᠷ ᠨᠢ ᠡᠳᠦᠬᠡ ᠨᠢᠬᠡᠨᠳᠡ ᠵᠤᠭᠠᠴᠠᠨ ᠰᠡᠯᠡᠬᠦᠴᠡᠭᠴᠢᠳ ᠪᠡ ᠭᠡᠷᠡᠯ ᠵᠢᠷᠤᠭ ᠤᠨ ᠪᠠᠭ᠋ᠠᠳᠠᠳ ᠤᠨ ᠳᠤᠷ᠎ᠡ ᠰᠤᠨᠢᠷᠬᠠᠯ ᠢ ᠳᠠᠳᠠᠭᠰᠠᠨ ᠤᠷᠤᠨ ᠪᠤᠯᠤᠭᠰᠠᠨ ᠶᠤᠮ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号