ᠰᠢᠯᠢᠭᠤᠤᠯ ᠰᠤᠮᠤ
ᠨᠡᠶᠢᠲᠡᠯᠡᠭᠰᠡᠨ ᠴᠠᠭ᠄
2019/12/13
︵ᠰᠢᠯᠢᠭᠤᠤᠯ ᠪᠠᠯᠭᠠᠰᠤ︶ ᠰᠢᠯᠢᠭᠤᠤᠯ ᠰᠤᠮᠤ ᠨᠢ ᠠᠯᠠᠱᠠ ᠵᠡᠬᠦᠨ ᠬᠤᠰᠢᠭᠤᠨ ᠤ ᠳᠤᠮᠳᠠ ᠭᠡᠰᠡᠭ ᠲᠤ ᠪᠠᠶᠢᠷᠢᠰᠢᠵᠤ᠂ ᠳᠤᠬᠠᠢ ᠶᠢᠨ ᠦᠶ᠎ᠡ ᠳᠡᠭᠡᠨ ᠵᠡᠬᠦᠨ ᠳᠠᠯ᠎ᠠ ᠪᠠᠷ ᠢᠶᠠᠨ ᠮᠦᠷᠡᠨᠭᠤᠤᠯ ᠰᠤᠮᠤ ᠲᠠᠢ ᠵᠠᠯᠭᠠᠯᠳᠤᠨ᠂ ᠤᠷᠢᠳᠤᠭᠤᠷ ᠢᠶᠠᠨ ᠪᠤᠭᠤᠳᠤ ᠰᠤᠮᠤ ᠪᠤᠯᠤᠨ ᠳᠤᠩᠭᠠᠯᠠᠭ ᠨᠠᠭᠤᠷ ᠰᠤᠮᠤᠨ ᠳᠤ ᠳᠤᠯᠵᠤ᠂ ᠪᠠᠷᠠᠭᠤᠨ ᠳᠠᠯ᠎ᠠ ᠪᠠᠷ ᠢᠶᠠᠨ ᠬᠤᠤᠰᠪᠦ᠋ᠷᠢᠳᠤ ᠰᠤᠮᠤ ᠲᠠᠢ ᠬᠦᠷᠰᠢᠯᠡᠨ᠂ ᠬᠤᠶᠢᠭᠤᠷ ᠢᠶᠠᠨ ᠵᠢᠷᠡᠳᠡᠢ ᠪᠠᠯᠭᠠᠰᠤ ᠲᠠᠢ ᠨᠡᠶᠢᠯᠠᠵᠤ᠂ ᠶᠡᠷᠦᠩᠬᠡᠢ ᠳᠠᠯᠠᠪᠡᠢ ᠨᠢ 1906 ᠬᠠᠪᠳᠠᠭᠠᠢ ᠲᠦᠷᠪᠡᠯᠵᠢᠨ ᠺᠢᠯᠤᠮᠧᠲᠷ ᠲᠤ ᠬᠦᠷᠴᠤ ᠪᠠᠶᠢᠵᠡᠢ᠃ ᠰᠢᠯᠢᠭᠤᠤᠯ ᠰᠤᠮᠤ ᠪᠤᠯ ᠠᠯᠠᠱᠠ ᠶᠢᠨ ᠳᠡᠤᠭᠡ ᠲᠠᠢ ᠮᠠᠰᠢ ᠨᠢᠭᠳᠠ ᠬᠤᠯᠪᠤᠭᠳᠠᠯ ᠭᠠᠵᠡᠷ ᠪᠤᠯᠬᠤ ᠶᠤᠮ᠃ ᠠᠯᠠᠱᠠᠴᠤᠳ ᠠᠩᠬ᠎ᠠ ᠬᠤᠷᠤᠯᠠᠢ ᠶᠢᠨ ᠳᠠᠭᠠᠭᠤᠯᠭ᠎ᠠ ᠳᠤᠤᠷ᠎ᠠ ᠠᠯᠠᠱᠠ ᠨᠤᠳᠤᠭ ᠲᠤ ᠢᠷᠡᠵᠤ ᠰᠠᠭᠤᠷᠢᠰᠢᠬᠤ ᠳᠠᠭᠠᠨ ᠬᠤᠰᠢᠭᠤ ᠶᠠᠮᠦᠨ ᠢᠶᠠᠨ ᠰᠢᠯᠢᠭᠤᠤᠯ ᠰᠤᠮᠤᠨ ᠤ ᠬᠢᠵᠠᠭᠠᠷ ᠲᠤ ᠪᠠᠶᠢᠳᠠᠭ ᠰᠢᠷᠠᠪᠦ᠋ᠷᠢᠳᠤ ᠶᠢᠨ ᠭᠤᠤᠯ ᠤᠨ ᠡᠬᠢᠨ ᠳᠤ ᠬᠤᠰᠢᠭᠤ ᠶᠠᠮᠦᠨ ᠢᠶᠠᠨ ᠪᠠᠶᠢᠭᠤᠯᠵᠤ᠂ 1697 ᠤᠨ ᠠᠴᠠ 1732 ᠤᠨ ᠪᠤᠯᠳᠠᠯ᠎ᠠ ᠠᠳᠠ ᠶᠠᠮᠦᠨᠯᠠᠵᠤ ᠪᠠᠶᠢᠭᠰᠠᠨ  ᠠᠴᠠ ︽ᠡᠬᠢᠨ ᠶᠠᠮᠦᠨ︾ ᠭᠡᠬᠦ ᠨᠡᠷ᠎ᠡ ᠲᠠᠢ ᠪᠤᠯᠤᠭᠰᠠᠨ ᠪᠠᠶᠢᠨ᠎ᠠ᠃ ᠡᠳᠦᠭᠡ ᠴᠤ ᠭᠡᠰᠡᠨ ᠶᠠᠮᠦᠨ ᠤ ᠪᠠᠭᠤᠷᠢ ᠳᠠᠬᠢ ᠪᠠᠷᠠᠯᠠᠬᠤ ᠳᠠᠶᠢᠰᠠ᠂ ᠮᠤᠷᠢᠨ ᠤᠷᠤᠯᠳᠤᠭᠠᠨ ᠤ ᠳᠠᠯᠠᠪᠡᠢ ᠵᠡᠷᠭᠡ ᠦᠯᠡᠳᠡᠭᠳᠡᠯ ᠨᠢ ᠪᠠᠶᠢᠭᠰᠠᠭᠠᠷ ᠪᠤᠢ᠃ ᠮᠠᠨᠵᠤ ᠴᠢᠩ ᠤᠨ ᠰᠠᠶᠢᠰᠢᠶᠠᠯᠳᠤ ᠢᠷᠦᠭᠡᠯᠳᠤ ᠶᠢᠨ ᠬᠤᠷᠢᠨ ᠤᠨ ︵1815 ᠤᠨ︶ ᠳᠤ᠂ ᠠᠯᠠᠱᠠ ᠬᠤᠱᠤᠳ ᠬᠤᠰᠢᠭᠤᠨ ᠠᠴᠠ ᠳᠤᠰ ᠭᠠᠵᠡᠷ ᠲᠤ ᠰᠢᠷᠠᠪᠦᠷᠢᠳᠤ ᠶᠢᠨ ᠪᠠᠭ ᠪᠤᠯᠤᠨ ᠰᠦᠮᠡᠳᠤ ᠶᠢᠨ ᠪᠠᠬ ᠭᠡᠬᠦ ᠬᠤᠶᠠᠷ ᠪᠠᠬ ᠢ ᠪᠠᠶᠢᠭᠤᠯᠵᠡᠢ᠃ ᠡᠨᠡᠬᠦ ᠵᠠᠰᠠᠭ ᠵᠠᠬᠢᠷᠭᠠᠨ ᠤ ᠪᠠᠶᠢᠭᠤᠯᠤᠮᠵᠢ ᠨᠢ ᠴᠢᠯᠦᠭᠡᠯᠡᠭᠳᠡᠭᠰᠡᠨ ᠤ ᠳᠠᠷᠠᠭ᠎ᠠ ᠪᠤᠯᠳᠠᠯ᠎ᠠ ᠭᠡᠷᠡᠭᠵᠢᠬᠦᠯᠦᠭᠳᠡᠵᠤ ᠪᠠᠶᠢᠭᠰᠠᠨ ᠢᠶᠠᠨ 1958 ᠤᠨ ᠤ 3 ᠰᠠᠷ᠎ᠠ ᠳᠤ ᠪᠠᠭ ᠤᠨ ᠪᠠᠶᠢᠭᠤᠯᠤᠮᠵᠢ ᠶᠢ ᠬᠠᠰᠤᠵᠤ ᠰᠤᠮᠤ ᠪᠤᠯᠭᠠᠬᠤ ᠳᠤ ᠳᠤᠰ ᠬᠤᠶᠡᠷ ᠪᠠᠭ ᠢ ᠨᠡᠶᠢᠯᠡᠬᠦᠯᠦᠭᠡᠳ ᠰᠢᠯᠢᠭᠤᠤᠯ ᠰᠤᠮᠤ ᠭᠡᠵᠤ ᠪᠠᠶᠢᠭᠤᠯᠤᠭᠰᠠᠨ ᠪᠡ ᠡᠨᠡ ᠨᠢ ᠳᠡᠰᠭᠡᠳᠤ ᠶᠢᠨ ᠰᠢᠯᠢ ᠭᠡᠬᠦ ᠨᠡᠷᠡᠶᠢᠳᠤᠯ ᠤᠨ ︽ᠰᠢᠯᠢ︾ ᠭᠡᠳᠡᠭ ᠢ ᠠᠪᠴᠤ᠂ ᠰᠢᠷᠠᠪᠦ᠋ᠷᠢᠳᠤ ᠶᠢᠨ ᠭᠤᠤᠯ ᠤᠨ ︽ᠭᠤᠤᠯ︾ ᠭᠡᠳᠡᠭ ᠢ ᠠᠪᠴᠤ᠂ ︽ᠰᠢᠯᠢᠭᠤᠤᠯ︾ ᠭᠡᠵᠤ ᠨᠡᠷᠡᠯᠡᠭᠰᠡᠨ ᠪᠢᠯᠡ᠃ ᠳᠤᠰ ᠵᠢᠯ ᠤᠨ 9 ᠰᠠᠷ᠎ᠠ ᠳᠤ ᠰᠤᠮᠤ  ᠶᠢ ᠭᠦᠡᠭᠱᠧ ᠪᠤᠯᠭᠠᠭᠰᠠᠨ ᠪᠡ 1983 ᠤᠨ ᠤ 11 ᠰᠠᠷ᠎ᠠ ᠳᠤ ᠰᠤᠮᠤ ᠭᠡᠬᠦ ᠨᠡᠷᠡᠶᠢᠳᠤᠯ ᠢ ᠳᠠᠬᠢᠨ ᠰᠡᠷᠬᠦᠬᠡᠵᠡᠢ᠃ ᠳᠤᠬᠠᠢ ᠶᠢᠨ ᠦᠶ᠎ᠡ ᠳᠤ ᠰᠢᠯᠢᠭᠤᠤᠯ ᠰᠤᠮᠤᠨ ᠤ ᠬᠠᠷᠢᠶᠠᠨ ᠳᠤ 5 ᠭᠠᠴᠠᠭ᠎ᠠ ᠲᠠᠢ ᠪᠠᠶᠢᠵᠤ᠂ ᠰᠤᠮᠤᠨ ᠤ ᠵᠠᠰᠠᠭ ᠤᠨ ᠤᠷᠳᠤᠨ ᠨᠢ ᠰᠢᠷᠠᠪᠦ᠋ᠷᠢᠳᠤ ᠶᠢᠨ ᠭᠤᠤᠯ ᠳᠤ ᠰᠠᠭᠤᠷᠢᠰᠢᠵᠤ ᠪᠠᠶᠢᠵᠡᠢ᠃ ᠳᠤᠰ 5 ᠭᠠᠴᠠᠭ᠎ᠠ ᠪᠤᠯ ᠳᠤᠰᠪᠤᠷᠢ ᠨᠤᠭᠤᠭᠠᠨ ᠳᠤᠯᠢ ᠭᠠᠴᠠᠭ᠎ᠠ᠂ ᠵᠠᠬᠠᠪᠤᠯᠠᠭ ᠭᠠᠴᠠᠭ᠎ᠠ᠂ ᠰᠢᠷᠠᠪᠦ᠋ᠷᠢᠳᠤ ᠭᠠᠴᠠᠭ᠎ᠠ᠂ ᠰᠢᠨᠡᠬᠤᠳᠳᠤᠭ ᠭᠠᠴᠠᠭ᠎ᠠ᠂ ᠪᠠᠶᠠᠨᠮᠠᠨᠳᠤᠯ᠎ᠠ ᠭᠠᠴᠠᠭ᠎ᠠ ᠵᠡᠷᠭᠡ ᠪᠤᠯᠤᠨ᠎ᠠ᠃ ᠰᠢᠯᠢᠭᠤᠤᠯ ᠰᠤᠮᠤ ᠪᠤᠯ ᠮᠠᠯᠵᠢᠯ ᠦᠢᠯᠡᠳᠪᠦᠷᠢᠯᠡᠯ ᠢᠶᠠᠷ ᠭᠤᠤᠯᠯᠠᠭᠰᠠᠨ ᠰᠤᠮᠤ ᠪᠠᠶᠢᠵᠤ᠂ ᠳᠤᠬᠠᠢ ᠶᠢᠨ ᠦᠶ᠎ᠡ ᠳᠤ ᠳᠡᠮᠡᠭᠡᠨ ᠤ ᠳᠤᠭ᠎ᠠ ᠨᠢ 2916 ᠳᠤᠯᠤᠭᠠᠢ ᠳᠤ ᠬᠦᠷᠴᠤ᠂ ᠪᠦᠬᠦ ᠬᠤᠰᠢᠭᠤᠨ ᠳᠠᠭᠠᠨ ᠬᠠᠮᠤᠭ ᠤᠯᠠᠨ ᠳᠡᠮᠡᠭᠡ ᠲᠠᠢ ᠭᠠᠵᠡᠷ ᠤᠨ ᠨᠢᠭᠡ ᠨᠢ ᠪᠤᠯᠵᠤ ᠪᠠᠶᠢᠵᠡᠢ᠃ ᠰᠢᠷᠠᠪᠦ᠋ᠷᠢᠳᠤ ᠶᠢᠨ ᠭᠤᠤᠯ ᠪᠤᠯᠤᠨ 115 ᠲᠦᠮᠡᠨ ᠮᠤ᠋ ᠶᠢᠨ ᠪᠠᠶᠢᠭᠠᠯᠢ  ᠶᠢᠨ ᠪᠠᠯᠴᠢᠭᠡᠷ ᠨᠢ ᠮᠠᠯ ᠮᠠᠯᠵᠢᠯ ᠤᠨ ᠳᠠᠪᠠᠭᠤᠯᠢᠭ ᠨᠦᠬᠦᠴᠡᠯ ᠢ ᠪᠦᠷᠢᠯᠳᠦᠬᠦᠯᠵᠤ ᠪᠠᠶᠢᠭᠰᠠᠨ ᠢᠶᠠᠷ ᠪᠠᠷᠠᠬᠤ ᠦᠬᠡᠢ᠂ ᠪᠠᠰᠠ 20 ᠭᠠᠷᠤᠢ ᠭᠡᠷ ᠪᠦᠯᠢ ᠶᠢᠨ ᠡᠪᠡᠰᠤᠨ ᠬᠦᠷᠢᠶ᠎ᠠ ᠪᠠᠶᠢᠭᠤᠯᠤᠭᠰᠠᠨ ᠪᠠ 7000 ᠭᠠᠷᠦᠢ ᠮᠤ᠋ ᠶᠢᠨ ᠡᠪᠡᠰᠤ ᠪᠤᠷᠳᠤᠭᠠᠨ ᠤ ᠰᠠᠭᠤᠷᠢᠨ ᠭᠠᠵᠡᠷ ᠲᠠᠢ ᠪᠠᠶᠢᠵᠤ᠂ ᠨᠢᠰᠭᠡᠯ ᠢᠶᠠᠷ ᠦᠢᠵᠢᠭᠤᠯᠤᠭᠰᠠᠨ ᠳᠠᠯᠠᠪᠡᠢ ᠨᠢ 24.5 ᠲᠦᠮᠡᠨ ᠮᠤ᠋ ᠳᠤ ᠬᠦᠷᠴᠤ ᠪᠠᠶᠢᠵᠡᠢ᠃ 2001 ᠤᠨ ᠤ 5 ᠰᠠᠷ᠎ᠠ ᠳᠤ᠂ ᠤᠤᠯ ᠤᠨ ᠴᠠᠬᠠᠷ ᠰᠤᠮᠤ ᠶᠢᠨ ᠪᠠᠶᠢᠭᠤᠯᠤᠮᠵᠢ ᠶᠢ ᠴᠤᠮᠬᠠᠳᠬᠠᠨ᠂ ᠰᠢᠯᠢᠭᠤᠤᠯ ᠰᠤᠮᠤ ᠲᠠᠢ ᠨᠡᠶᠢᠯᠡᠬᠦᠯᠦᠭᠡᠳ ᠰᠢᠯᠢᠭᠤᠤᠯ ᠪᠠᠯᠭᠠᠰᠤ ᠶᠢ ᠪᠠᠶᠢᠭᠤᠯᠵᠤ᠂ ᠪᠠᠯᠭᠠᠰᠤᠨ ᠤ ᠵᠠᠰᠠᠭ ᠤᠨ ᠤᠷᠳᠤᠨ ᠨᠢ ᠴᠠᠬᠠᠷ ᠤᠨ ᠬᠦᠳᠡᠭᠡ ᠳᠤ ᠰᠠᠭᠤᠷᠢᠰᠢᠬᠰᠠᠨ ᠠᠴᠠ ᠮᠠᠯᠵᠢᠬᠤ ᠳᠠᠷᠢᠶᠠᠯᠠᠬᠤ ᠶᠢ ᠤᠶᠠᠯᠳᠤᠭᠤᠯᠤᠭᠰᠠᠨ ᠪᠠᠯᠭᠠᠰᠤ ᠪᠤᠯᠵᠤ ᠂ ᠨᠤᠭᠤᠭᠠᠨ ᠳᠤᠯᠢ ᠭᠠᠴᠠᠭ᠎ᠠ᠂ ᠵᠠᠬᠠᠪᠤᠯᠠᠭ ᠭᠠᠴᠠᠭ᠎ᠠ᠂ ᠰᠢᠷᠠᠪᠦ᠋ᠷᠢᠳᠤ ᠭᠠᠴᠠᠭ᠎ᠠ᠂ ᠰᠢᠨᠡᠬᠤᠳᠳᠤᠭ ᠭᠠᠴᠠᠭ᠎ᠠ᠂ ᠨᠤᠭᠤᠭᠠᠨ ᠪᠦᠭᠡᠷᠡᠭ ᠭᠠᠴᠠᠭ᠎ᠠ᠂ ᠴᠠᠬᠠᠷ ᠱᠠᠯᠠ ᠭᠠᠴᠠᠭ᠎ᠠ᠂ ᠬᠦᠭᠡᠳᠤᠯᠤᠭᠠᠢ ᠭᠠᠴᠠᠭ᠎ᠠ᠂ ᠠᠭᠤᠳᠠᠮ ᠳᠠᠯ᠎ᠠ ᠭᠠᠴᠠᠭ᠎ᠠ ᠵᠡᠷᠭᠡ ᠨᠡᠢᠮᠠᠨ ᠭᠠᠴᠠᠭ᠎ᠠ ᠲᠠᠢ ᠪᠤᠯᠤᠭᠰᠠᠨ ᠪᠠᠶᠢᠨ᠎ᠠ᠃ 2006 ᠤᠨ ᠤ 6 ᠰᠠᠷ᠎ᠠ ᠪᠤᠯᠬᠤ ᠳᠤ᠂ ᠰᠤᠮᠤ ᠪᠠᠯᠭᠠᠰᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠪᠠᠷ ᠳᠠᠮᠵᠢᠨ ᠰᠢᠯᠢᠭᠤᠤᠯ ᠪᠠᠯᠭᠠᠰᠤᠨ ᠤ ᠪᠠᠶᠢᠭᠤᠯᠦᠮᠵᠢ ᠶᠢ ᠬᠦᠴᠦᠨ ᠦᠬᠡᠢ ᠪᠤᠯᠭᠠᠭᠠᠳ᠂ ᠪᠦᠬᠦᠨ ᠢᠶᠠᠷ ᠨᠢ ᠵᠢᠷᠡᠳᠡᠢ ᠪᠠᠯᠭᠠᠰᠤᠨ ᠳᠤ ᠬᠠᠷᠢᠶᠠᠯᠠᠭᠤᠯᠤᠨ ᠪᠠᠭᠳᠠᠭᠠᠭᠰᠠᠨ ᠠᠴᠠ ᠤᠳᠤ ᠶᠢᠨ ᠪᠠᠶᠢᠳᠠᠯ ᠳᠤ ᠲᠦᠯᠦᠪᠰᠢᠷᠡᠭᠰᠡᠨ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号