ᠬᠡᠰᠢᠭᠪᠡᠲᠤ
ᠨᠡᠶᠢᠲᠡᠯᠡᠭᠰᠡᠨ ᠴᠠᠭ᠄
2019/12/13
ᠬᠡᠰᠢᠭᠪᠡᠲᠤ (1849 —- 1916 ) ᠮᠤᠩᠭᠤᠯ ᠦᠨᠲᠦᠰᠦᠲᠡᠨ ᠤ ᠤᠷᠴᠢᠨ ᠦᠶ᠎ᠡ ᠶᠢᠨ ᠠᠯᠲᠠᠷᠲᠤ ᠰᠢᠯᠦᠭᠴᠢ᠃ ᠤᠷᠲᠤᠰ ᠤᠨ ᠦᠤᠰᠢᠨ ᠬᠤᠰᠢᠭᠤᠨ ᠤ ᠬᠦᠮᠦᠨ᠃ ᠲᠡᠷᠡ ᠠᠷᠪᠠᠨ ᠬᠡᠲᠦᠨ ᠨᠠᠰᠤᠨ ᠠᠴᠠ ᠪᠠᠨ ᠮᠤᠩᠭᠤᠯ ᠪᠢᠴᠢᠭ ᠰᠤᠷᠴᠤ᠂ ᠬᠤᠵᠢᠮ ᠨᠢ ᠲᠦᠪᠡᠳ᠂ ᠬᠢᠲᠠᠳ ᠪᠢᠴᠢᠭ ᠰᠤᠷᠴᠤ ᠡᠵᠡᠮᠰᠢᠭᠰᠡᠨ ᠪᠦᠬᠡᠳ ᠮᠤᠩᠭᠤᠯ ᠰᠢᠯᠦᠭ ᠵᠤᠬᠢᠶᠠᠯ ᠢ ᠮᠠᠰᠢ ᠰᠤᠨᠢᠷᠬᠠᠨ ᠤᠩᠰᠢᠵᠤ᠂ ᠵᠠᠯᠠᠭᠤ ᠪᠠᠭ᠎ᠠ ᠠᠴᠠ ᠪᠠᠨ ᠡᠬᠢᠯᠡᠭᠡᠳ ᠲᠠᠭᠤᠤ ᠰᠢᠯᠦᠭ ᠤᠯᠠᠨ ᠵᠤᠬᠢᠶᠠᠵᠠᠢ᠃ ᠬᠡᠰᠢᠭᠪᠡᠲᠤ ᠪᠣᠯ ᠠᠷᠠᠳᠴᠢᠯᠠᠭᠰᠠᠨ ᠦᠵᠡᠯ ᠲᠠᠢ ᠠᠬᠤᠶᠢᠴᠢ ᠦᠵᠡᠯ ᠤᠨ ᠰᠢᠯᠦᠭᠴᠢ ᠶᠤᠮ᠃ ᠲᠡᠷᠡ ᠴᠢᠩ ᠤᠯᠤᠰ  ᠤᠨ ᠨᠤᠶᠠᠷᠬᠠᠯ ᠲᠤᠤᠷᠠᠬᠢ ᠮᠤᠩᠭᠤᠯ ᠤᠨ ᠨᠡᠶᠢᠬᠡᠮ ᠢ ᠵᠢᠭᠰᠢᠨ ᠰᠢᠬᠦᠮᠵᠢᠯᠡᠵᠦ ᠪᠠᠶᠢᠬᠰᠠᠨ ᠪᠦᠬᠡᠳ ᠠᠷᠠᠳ ᠤᠨ ᠪᠤᠰᠤᠯᠭ᠎ᠠ ᠲᠤᠭᠤᠶᠢᠯᠠᠩ ᠤᠨ ᠬᠦᠲᠡᠯᠬᠡᠬᠡᠨ ᠢ ᠲᠡᠮᠵᠢᠵᠦ ᠪᠠᠶᠢᠪᠠ᠃ ᠬᠡᠰᠢᠭᠪᠡᠲᠤ ᠶᠢᠨ ᠰᠢᠯᠦᠭ ᠨᠢ ᠦᠵᠡᠯ ᠰᠠᠨᠠᠭ᠎ᠠ ᠠᠭᠤᠯᠭ᠎ᠠ ᠶᠢᠨ ᠲᠠᠯ᠎ᠠ ᠪᠠᠷ ᠨᠡᠯᠢᠶᠡᠳ ᠲᠠᠪᠰᠢᠩᠭᠤᠢ ᠪᠤᠯᠤᠭᠰᠠᠨ ᠢᠶᠠᠷ ᠦᠯᠦ ᠪᠠᠷᠠᠮ ᠤᠷᠠᠯᠢᠭ ᠤᠨ ᠲᠠᠯ᠎ᠠ ᠪᠠᠷ ᠴᠦ ᠦᠪᠡᠷᠮᠢᠴᠡ ᠤᠨᠴᠠᠯᠢᠭ ᠲᠠᠢ ᠪᠢᠯᠡ᠃ ᠲᠡᠬᠦᠨ ᠤ ᠰᠢᠯᠦᠭ ᠨᠢ ᠤᠷᠲᠤᠰ ᠠᠷᠠᠳ ᠤᠨ ᠲᠠᠭᠤᠤ ᠶᠢᠨ ᠭᠤᠶᠢᠲᠠ ᠰᠠᠶᠢᠬᠠᠨ ᠤᠷᠠᠯᠢᠭ ᠢ ᠰᠢᠩᠭᠡᠭᠡᠭᠰᠡᠨ ᠪᠦᠬᠡᠳ ᠢᠯᠠᠩᠭᠤᠶ᠎ᠠ ᠢᠷᠦᠬᠡᠯ ᠬᠤᠯᠪᠤᠭ᠎ᠠ ᠮᠡᠲᠦ ᠶᠢᠨ ᠬᠡᠯᠪᠡᠷᠢ ᠶᠢ ᠲᠠᠳᠮᠠᠭᠠᠢ ᠬᠡᠷᠡᠭᠯᠡᠵᠦ ᠰᠢᠯᠦᠭ ᠤᠨ ᠢᠶᠠᠨ ᠦᠪᠡᠷᠮᠢᠴᠡ ᠰᠢᠨᠵᠢ ᠶᠢ ᠪᠦᠲᠦᠬᠡᠭᠰᠡᠨ ᠪᠠᠶᠢᠨ᠎ᠠ᠃ ᠲᠡᠷᠡ ᠰᠢᠯᠦᠭ ᠪᠢᠴᠢᠬᠦ ᠠᠴᠠ ᠭᠠᠲᠠᠨ᠎ᠠ ᠪᠠᠰᠠ ︽ᠡᠷᠲᠡᠨᠢ ᠶᠢᠨ ᠲᠤᠪᠴᠢ︾᠃ ︽ᠭᠤᠷᠪᠠᠨ ᠤᠯᠤᠰ ᠤᠨ ᠦᠯᠢᠬᠡᠷ ᠶᠢᠨ ᠲᠤᠪᠴᠢ︾᠂ ︽ᠲᠠᠩᠰᠤᠭ ᠯᠠᠮᠠ ᠶᠢᠨ ᠡᠯᠲᠡᠪ ᠨᠠᠮᠲᠠᠷ ᠤᠨ ᠬᠤᠷᠢᠶᠠᠩᠭᠤᠢ︾᠂ ︽ᠬᠦᠢᠬᠡᠨ ᠤᠳᠬ᠎ᠠ ᠶᠢᠨ ᠲᠤᠯᠢ︾ ︵ᠪᠠᠶᠢᠭᠠᠯᠢ ᠪᠠ ᠨᠡᠶᠢᠬᠡᠮ ᠤᠨ ᠮᠡᠲᠡᠯᠬᠡ ᠶᠢᠨ ᠰᠢᠨᠵᠢ ᠲᠠᠢ︶ ᠬᠡᠬᠦ ᠮᠡᠲᠦ ᠶᠢᠨ ᠡᠯᠲᠡᠪ ᠵᠤᠶᠢᠯ ᠤᠨ ᠲᠡᠤᠬᠡ ᠤᠷᠠᠨ ᠵᠤᠬᠢᠶᠠᠯ ᠤᠨ ᠬᠤᠷᠢᠶᠠᠩᠭᠤᠢ ᠨᠠᠶᠢᠷᠠᠭᠤᠯᠤᠯ ᠪᠠ ᠬᠡᠦᠬᠡᠳ ᠤᠨ ᠤᠩᠰᠢᠬᠤ ᠪᠢᠴᠢᠭ ᠵᠡᠷᠬᠡ ᠶᠢ ᠨᠠᠶᠢᠷᠠᠭᠤᠯᠵᠤ ᠪᠠᠶᠢᠪᠠ᠃ ᠬᠡᠦᠬᠡᠳ  ᠤᠨ ᠤᠩᠰᠢᠬᠤ ᠪᠢᠴᠢᠭ ᠢ ᠲᠤᠯᠤᠭᠠᠢ ᠬᠤᠯᠪᠤᠨ ᠨᠠᠶᠢᠷᠠᠭᠤᠯᠤᠭᠰᠠᠨ ᠢᠶᠠᠷ ᠬᠦᠮᠦᠰ ᠤᠨ ᠰᠤᠷᠴᠤ ᠡᠵᠡᠮᠰᠢᠬᠦ ᠳᠤ ᠲᠦᠬᠦᠮ ᠦᠵᠡᠬᠦᠯᠵᠦ᠂ ᠲᠤᠬᠠᠢ ᠶᠢᠨ ᠦᠶ᠎ᠡ ᠶᠢᠨ ᠰᠤᠷᠭᠠᠨ ᠬᠦᠮᠦᠵᠢᠯ ᠪᠤᠯᠤᠨ ᠰᠤᠶᠤᠯ ᠬᠦᠮᠦᠵᠢᠯ ᠤᠨ ᠬᠦᠭᠵᠢᠯ  ᠳᠤ ᠶᠡᠬᠡᠬᠡᠨ ᠦᠢᠯᠡᠲᠦᠯ ᠦᠵᠡᠬᠦᠯᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号