ᠬᠤᠪᠢᠯᠠᠢ ᠬᠠᠭᠠᠨ ᠤ ᠦᠶ᠎ᠡ ᠶᠢᠨ ᠰᠢᠨᠵᠢᠯᠡᠬᠦ ᠤᠬᠠᠭᠠᠨᠴᠢ ᠬᠠᠤᠯᠢ
ᠨᠡᠶᠢᠲᠡᠯᠡᠭᠰᠡᠨ ᠴᠠᠭ᠄
2019/12/13
ᠨᠠᠰᠤ ᠪᠠᠷᠠᠭᠰᠠᠨ ᠬᠥᠮᠥᠨ ᠳᠤ ᠵᠠᠳᠠᠯᠤᠨ ᠰᠢᠨᠵᠢᠯᠡᠭᠡ ᠬᠢᠵᠦ᠂ ᠬᠦᠮᠦᠨ ᠶᠡᠷᠦ ᠬᠡᠳᠦᠨ ᠶᠠᠰᠤ ᠲᠠᠢ ᠶᠤᠮ ᠪᠤᠢ ᠭᠡᠳᠡᠭ ᠢ ᠬᠦᠷᠲᠡᠯ᠎ᠡ ᠮᠣᠩᠭᠤᠯᠴᠤᠳ ᠲᠣᠭᠠᠯᠠᠵᠤ ᠪᠠᠶᠢᠭᠰᠠᠨ ᠪᠠᠷᠢᠮᠲᠠ ᠪᠠᠶᠢᠳᠠᠭ᠃ ᠬᠤᠪᠢᠯᠠᠢ ᠬᠠᠭᠠᠨ ᠣᠯᠠᠨ ᠬᠠᠤᠯᠢ ᠴᠠᠭᠠᠵᠠ ᠭᠠᠷᠭᠠᠭᠰᠠᠨ ᠤ ᠳᠣᠲᠣᠷ᠎ᠠ ᠠᠨᠠᠭᠠᠬᠤ ᠶᠢᠨ ᠬᠠᠤᠯᠢ ᠭᠡᠵᠦ ᠪᠠᠶᠢᠵᠤ᠂ ᠲᠡᠷᠡ ᠬᠠᠤᠯᠢ ᠳᠤ ᠬᠦᠮᠦᠨ ᠠᠨᠠᠭᠠᠬᠤ 13 ᠲᠥᠷᠥᠯ ᠤᠨ ᠡᠷᠳᠡᠮ ᠤᠨ ᠨᠢᠭᠡ ᠶᠢ ᠨᠢ ᠯᠠ ᠰᠤᠷᠤᠭ᠎ᠠ ᠦᠭᠡᠢ ᠪᠣᠯ ᠲᠡᠷᠡ ᠬᠥᠮᠥᠨ ᠳᠤ ᠡᠪᠡᠳᠴᠢᠲᠡᠨ ᠡᠮᠴᠢᠯᠡᠬᠦ ᠡᠷᠬᠡ ᠣᠯᠭᠤᠵᠤ ᠪᠣᠯᠬᠤ ᠦᠭᠡᠢ ᠭᠡᠵᠦ ᠵᠢᠭᠠᠵᠡᠢ᠂ ᠡᠨᠡ ᠬᠠᠤᠯᠢ ᠳᠤ ᠨᠠᠰᠤ ᠪᠠᠷᠠᠭᠰᠠᠨ ᠬᠦᠮᠦᠨ ᠤ ᠦᠬᠦᠯ ᠤᠨ ᠰᠢᠯᠲᠠᠭᠠᠨ ᠢ ᠲᠣᠭᠲᠠᠭᠠᠬᠤ 307 ᠴᠡᠭ ᠢ ᠵᠢᠭᠠᠵᠤ ᠥᠭᠭᠦᠭᠰᠡᠨ᠂ ᠡᠨᠡ ᠪᠦᠬᠦ ᠴᠡᠭ ᠢ ᠨᠢᠭᠡᠪᠦᠷᠢᠴᠢᠯᠡᠨ ᠨᠢᠭᠲᠠᠯᠠᠵᠤ ᠪᠠᠶᠢᠵᠤ ᠲᠡᠷᠡ ᠬᠦᠮᠦᠨ ᠶᠠᠮᠠᠷ ᠰᠢᠯᠲᠠᠭᠠᠨ ᠢᠶᠠᠷ ᠨᠠᠰᠤ ᠪᠠᠷᠠᠪᠠ ᠭᠡᠳᠡᠭ ᠢ ᠲᠣᠭᠲᠠᠭᠠᠵᠤ ᠪᠠᠶᠢᠬᠤ ᠪᠠᠷ ᠬᠠᠤᠯᠢᠴᠢᠯᠠᠭᠰᠠᠨ ᠪᠠᠷ ᠶᠡᠭᠡ ᠰᠢᠨᠵᠢᠯᠡᠬᠦ ᠤᠬᠠᠭᠠᠨᠴᠢ ᠪᠠᠷ ᠬᠠᠨᠳᠤᠳᠠᠭ ᠪᠠᠶᠢᠭᠰᠠᠨ᠂ ᠲᠡᠭᠡᠬᠦ ᠪᠠᠷ ᠰᠢᠨᠵᠢᠯᠡᠨ ᠮᠠᠭᠠᠳᠯᠠᠬᠤ ᠭᠡᠳᠡᠭ ᠤᠬᠠᠭᠠᠨ ᠮᠣᠩᠭᠤᠯᠴᠤᠳ ᠤᠨ ᠶᠡᠭᠡ ᠡᠷᠲᠡᠨ ᠠᠴᠠ ᠤᠯᠪᠠᠭ᠎ᠠ ᠲᠠᠢ ᠪᠠᠶᠢᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号