ᠵᠡᠬᠦᠨ ᠪᠡᠯ ᠪᠠᠯᠭᠠᠰᠤ ᠠᠯᠠᠱᠠ ᠵᠡᠬᠦᠨ ᠬᠤᠰᠢᠭᠤᠨ ᠤ ᠵᠡᠬᠦᠨ ᠬᠡᠰᠡᠭ᠂ ᠤᠯᠠᠭᠠᠨᠪᠤᠬ᠎ᠠ ᠡᠯᠡᠰᠦ ᠶᠢᠨ | ᠡᠮᠤᠨ᠎ᠠ ᠵᠠᠭ᠎ᠠ᠂ ᠠᠯᠠᠱᠠ ᠠᠭᠤᠯᠠ ᠶᠢᠨ ᠠᠷᠤ ᠬᠤᠷᠮᠤᠢ ᠳᠤ ᠪᠠᠶᠢᠷᠢᠯᠠᠵᠤ ᠪᠤᠢ᠃ ᠤᠮᠠᠷᠠᠰᠢ ᠣᠰᠣᠲᠠᠢ ᠪᠠᠯᠭᠠᠰᠣ | ᠲᠠᠢ ᠬᠤᠯᠪᠤᠯᠳᠤᠵᠤ᠂ ᠵᠡᠬᠦᠨᠰᠢ ᠨᠢᠩᠰᠢᠶᠠ ᠶᠢᠨ ᠥᠪᠡᠷᠳᠡᠭᠡᠨ ᠵᠠᠰᠠᠬᠤ ᠤᠷᠤᠨ ᠤ ᠱᠢ ᠽᠦᠢ ᠱᠠᠨ ᠬᠤᠳᠠ᠂ ᠫᠢᠩ | ᠯᠦᠸᠧ ᠰᠢᠶᠠᠨ ᠲᠠᠢ ᠬᠢᠯᠢ ᠵᠠᠯᠭᠠᠯᠳᠣᠨ᠂ ᠡᠮᠤᠨᠡᠰᠢ ᠪᠠᠶᠠᠨᠬᠤᠳᠠ ᠪᠠᠯᠭᠠᠰᠣ ᠲᠠᠢ ᠨᠡᠶᠢᠯᠡᠵᠤ᠂ ᠪᠠᠷᠠᠭᠤᠨᠰᠢ ᠵᠢᠷᠠᠳᠠᠢ | ᠪᠠᠯᠭᠠᠰᠤ ᠲᠠᠢ ᠵᠡᠷᠭᠡᠯᠳᠡᠵᠣ ᠪᠣᠢ᠃ ᠶᠡᠷᠥᠩᠭᠡᠢ ᠲᠠᠯᠠᠪᠠᠢ 202 ᠲᠡᠭᠰᠢ ᠳᠥᠷᠪᠡᠯᠵᠢᠨ ᠺᠢᠯᠤᠮᠧᠲᠷ᠂ 6 ᠬᠠᠷᠢᠶᠠᠳᠤ | ᠭᠠᠴᠠᠭ᠎ᠠ᠂ 6 ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠵᠥᠪᠯᠡᠯ ᠲᠠᠢ᠂ ᠨᠡᠶᠢᠳᠠ 4858 ᠡᠷᠤᠬᠡ | 10552 ᠬᠥᠮᠤᠨ ᠪᠠᠶᠢᠵᠤ᠂ ᠡᠬᠦᠨ ᠳᠤ ᠮᠤᠩᠭᠤᠯ ᠥᠨᠳᠤᠰᠤᠳᠡᠨ 1477 ᠬᠥᠮᠤᠨ ᠪᠤᠢ᠃ ᠮᠠᠯᠵᠢᠯ ᠤᠨ | ᠥᠢᠯᠡᠰ ᠢᠶᠠᠷ ᠭᠤᠤᠯᠯᠠᠵᠤ᠂ ᠨᠡᠭᠦᠷᠡᠰᠣ᠂ ᠬᠢᠮᠢ ᠶᠢᠨ ᠠᠵᠤ ᠥᠢᠯᠡᠳᠪᠤᠷᠢ᠂ ᠪᠠᠷᠢᠯᠭ᠎ᠠ ᠶᠢᠨ ᠮᠠᠲ᠋ᠧᠷᠢᠶᠠᠯ ᠵᠡᠷᠭᠡ | ᠤᠯᠠᠨ ᠠᠵᠤ ᠥᠢᠯᠡᠰ ᠢ ᠵᠡᠷᠭᠡᠪᠠᠷ ᠬᠥᠭᠵᠢᠬᠦᠯᠵᠡᠢ᠃ ᠮᠠᠯ ᠤᠨ ᠲᠤᠩᠭ᠎ᠠ 69009 ᠲᠤᠯᠤᠭᠠᠢ᠂ ᠡᠬᠦᠨ ᠳᠤ ᠲᠡᠮᠡᠭᠡ | 139 ᠪᠥᠬᠦ ᠪᠣᠢ᠃ ᠲᠠᠷᠢᠶᠠᠨ ᠭᠠᠵᠠᠷ 2315 ᠮᠣ᠋᠂ ᠭᠤᠤᠯᠳᠠᠭᠤ ᠪᠤᠷᠳᠤᠭ᠎ᠠ ᠡᠪᠡᠰᠣ ᠲᠠᠷᠢᠵᠤ᠂ ᠪᠠᠶᠢᠭᠠᠯᠢᠭ | ᠣᠢ ᠶᠢᠨ ᠲᠠᠯᠠᠪᠠᠢ 77 ᠲᠥᠮᠡᠨ ᠮᠣ᠋ ᠪᠣᠢ᠃ 2005 ᠣᠨ ᠤ ᠡᠳ᠋ ᠤᠨ ᠵᠠᠰᠠᠭ ᠤᠨ ᠤᠷᠤᠯᠭ᠎ᠠ ᠨᠢ 9788 | ᠲᠥᠮᠡᠨ ᠲᠥᠭᠦᠷᠢᠭ᠂ ᠮᠠᠯᠴᠢᠨ ᠲᠠᠷᠢᠶᠠᠴᠢᠳ ᠤᠨ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ | 3763 ᠲᠥᠭᠦᠷᠢᠭ ᠲᠤ ᠬᠥᠷᠴᠡᠢ᠃ ᠬᠢᠯᠢ ᠳᠤᠲᠤᠷ᠎ᠠ ᠠᠭᠤᠯᠠᠨ ᠭᠠᠵᠠᠷ ᠪᠠ ᠳᠤᠪᠤ ᠭᠠᠵᠠᠷ ᠣᠯᠠᠨ᠂ ᠪᠥᠬᠦᠯᠢ | ᠭᠠᠵᠠᠷ ᠤᠨ ᠪᠠᠶᠢᠴᠠ ᠨᠢ ᠵᠡᠬᠦᠨ ᠡᠮᠤᠨ᠎ᠠ ᠲᠠᠯ᠎ᠠ ᠪᠠᠷ ᠥᠨᠳᠤᠷ᠂ ᠪᠠᠷᠠᠭᠤᠨ ᠬᠤᠶᠢᠳᠣ ᠲᠠᠯ᠎ᠠ ᠪᠠᠷ ᠪᠤᠭᠤᠨᠢ᠂ | ᠠᠭᠤᠷᠬᠠᠢ ᠶᠢᠨ ᠡᠬᠢ ᠪᠠᠶᠠᠯᠢᠭ ᠡᠯᠪᠡᠭ ᠳᠡᠯᠪᠡᠭ᠂ ᠢᠯᠠᠩᠭᠤᠶ᠎ᠠ ᠨᠡᠭᠦᠷᠡᠰᠣ ᠪᠠᠷ ᠭᠤᠤᠯᠯᠠᠳᠠᠭ᠃ ᠬᠢᠯᠢ ᠲᠤᠳᠤᠷᠠᠬᠢ | ᠨᠡᠬᠦᠷᠡᠰᠤᠨ ᠤ ᠬᠠᠳᠠᠭᠠᠯᠠᠭᠳᠠᠴᠠ ᠪᠠᠷᠤᠢ 10 ᠳ᠋ᠥᠩᠰᠢᠭᠤᠷ ᠲᠤᠨ᠂ ᠸᠠᠭᠠᠷ ᠤᠨ ᠬᠠᠳᠠᠭᠠᠯᠠᠭᠳᠠᠴᠠ 60 ᠲᠥᠮᠡᠨ | ᠲᠤᠨ᠂ ᠴᠣᠬᠤᠢ ᠶᠢᠨ ᠴᠢᠯᠠᠭᠤ ᠶᠢᠨ ᠬᠠᠳᠠᠭᠠᠯᠠᠭᠳᠠᠴᠠ1 ᠳ᠋ᠥᠩᠰᠢᠭᠤᠷ ᠲᠤᠨ ᠪᠠᠶᠢᠵᠤ᠂ ᠪᠠᠰᠠ ᠪᠠᠭ᠎ᠠ ᠬᠡᠮᠵᠢᠶᠡᠨ ᠤ | ᠭᠢᠯᠳᠠᠭᠠᠨᠠᠭᠤᠷ᠂ ᠠᠯᠳᠠ ᠵᠡᠷᠭᠡ ᠶᠢᠨ ᠠᠭᠤᠷᠬᠠᠢ ᠲᠠᠢ᠃ | ᠣᠳᠣᠨᠭᠡᠷᠡᠯ ᠭᠠᠴᠠᠭ᠎ᠠ ᠲᠤᠰ ᠭᠠᠴᠠᠭ᠎ᠠ ᠨᠢ ᠵᠡᠬᠦᠨ ᠪᠡᠯ ᠪᠠᠯᠭᠠᠰᠤ ᠠᠴᠠ ᠵᠡᠬᠦᠨ ᠬᠤᠶᠢᠰᠢ 22 ᠺᠢᠯᠤᠮᠧᠲᠷ | ᠵᠠᠶᠢᠲᠠᠢ ᠳᠤ ᠪᠠᠶᠢᠷᠢᠯᠠᠵᠤ᠂ ᠶᠡᠷᠥᠩᠭᠡᠢ ᠲᠠᠯᠠᠪᠠᠢ 397.3 ᠲᠡᠭᠰᠢ ᠳᠥᠷᠪᠡᠯᠵᠢᠨ ᠺᠢᠯᠣᠮᠧᠲᠷ ᠪᠣᠢ᠃ ᠮᠤᠩᠭᠤᠯ᠂ | ᠬᠢᠲᠠᠳ᠂ ᠬᠤᠳᠤᠩ ᠵᠡᠷᠭᠡ ᠥᠨᠳᠤᠰᠤᠳᠡᠨ ᠢᠶᠠᠷ ᠪᠥᠷᠢᠯᠳᠤᠵᠤ᠂ ᠮᠠᠯᠴᠢᠨ ᠲᠠᠷᠢᠶᠠᠴᠢᠨ ᠨᠡᠶᠢᠳᠠ 202 ᠡᠷᠤᠬᠡ | 587 ᠬᠥᠮᠤᠨ ᠲᠠᠢ᠃ ᠴᠤᠯ ᠮᠠᠯᠵᠢᠯ ᠤᠨ ᠭᠠᠴᠠᠭ᠎ᠠ᠂ 744.7 ᠮᠣ᠋ ᠲᠠᠷᠢᠶᠠᠨ ᠭᠠᠵᠠᠷ ᠲᠠᠢ᠂ ᠠᠰᠢᠭᠯᠠᠵᠤ | ᠪᠤᠯᠬᠤᠶᠢᠴᠠ ᠭᠠᠵᠠᠷ ᠰᠢᠷᠤᠢ 276 ᠮᠣ᠋ ᠪᠠᠶᠢᠵᠤ᠂ ᠡᠷᠳᠡᠨᠢ ᠰᠢᠰᠢ ᠲᠠᠷᠢᠬᠤ ᠪᠠᠷ ᠭᠤᠤᠯᠯᠠᠳᠠᠭ᠃ ᠣᠳᠣᠨᠭᠡᠷᠡᠯ | ᠭᠠᠴᠠᠭ᠎ᠠ ᠨᠢ ᠨᠣᠳᠤᠭ ᠳᠡᠪᠢᠰᠭᠡᠷ ᠥᠷᠭᠡᠨ ᠠᠭᠤᠳᠠᠮ᠂ ᠭᠠᠵᠠᠷ ᠤᠨ ᠪᠠᠶᠢᠴᠠ ᠳᠠᠪᠠᠭᠤᠯᠢᠭ᠂ ᠡᠷᠬᠢᠨ ᠲᠤᠭᠤᠷᠢᠨ | ᠳᠠᠭᠠᠨ ᠠᠵᠤ ᠥᠢᠯᠡᠳᠪᠤᠷᠢ ᠶᠢᠨ ᠤᠷᠤᠨ ᠲᠠᠢ᠃ | ᠭᠡᠷᠡᠯᠳᠤ ᠭᠠᠴᠠᠭ᠎ᠠ ᠠᠯᠠᠱᠠ ᠠᠭᠤᠯᠠ ᠶᠢᠨ ᠵᠡᠬᠦᠨ ᠵᠠᠬ᠎ᠠ ᠳᠤ ᠪᠠᠶᠢᠷᠢᠯᠠᠵᠤ᠂ ᠪᠠᠷᠠᠭᠤᠨᠰᠢ ᠲᠠ ᠡᠯ ᠯᠢᠩ ᠲᠠᠢ | ᠵᠡᠷᠭᠡᠯᠡᠳᠡᠵᠤ᠂ ᠡᠮᠤᠨᠡᠰᠢ ᠨᠢᠩᠰᠢᠶᠠ ᠲᠠᠢ ᠬᠢᠯᠢ ᠵᠠᠯᠭᠠᠯᠳᠤᠵᠤ ᠪᠤᠢ᠃ ᠶᠡᠷᠥᠩᠭᠡᠢ ᠲᠠᠯᠠᠪᠠᠢ ᠨᠢ 171ᠲᠡᠭᠰᠢ | ᠳᠦᠷᠪᠡᠯᠵᠢᠨ ᠺᠢᠯᠤᠮᠧᠲᠷ᠂ ᠨᠡᠶᠢᠳᠠ 283 ᠡᠷᠤᠬᠡ 689 ᠬᠥᠮᠤᠨ ᠲᠠᠢ᠃ ᠴᠤᠯ ᠮᠠᠯᠵᠢᠯ ᠤᠨ ᠭᠠᠴᠠᠭ᠎ᠠ ᠪᠣᠯᠣᠨ᠎ᠠ | ᠃ ᠥᠢᠷ᠎ᠠ ᠶᠢᠨ ᠵᠢᠯ ᠳᠤ᠂ ᠮᠠᠯᠵᠢᠬᠤ ᠶᠢ ᠵᠤᠭᠰᠤᠭᠠᠵᠤ ᠡᠪᠡᠰᠤ ᠪᠡᠯᠴᠢᠭᠡᠷ ᠢ ᠰᠡᠷᠬᠦᠬᠡᠬᠦ ᠲᠥᠷᠤ ᠶᠢᠨ ᠪᠣᠳᠣᠯᠭ᠎ᠠ ᠶᠢ | ᠭᠡᠷᠡᠭᠵᠢᠬᠦᠯᠤᠭ᠍ᠰᠡᠨ ᠠᠴᠠ ᠪᠤᠯᠵᠤ᠂ ᠭᠠᠴᠠᠭᠠᠨ ᠤ ᠪᠥᠬᠦ ᠮᠠᠯᠴᠢᠨ ᠮᠠᠯᠵᠢᠬᠤ ᠶᠢ ᠵᠤᠭᠰᠤᠭᠠᠵᠤ᠂ ᠨᠣᠳᠤᠭ | ᠪᠡᠯᠴᠢᠭᠡᠷ ᠤᠨ ᠨᠥᠬᠦᠪᠥᠷᠢᠯᠡᠨ ᠱᠠᠩᠨᠠᠬᠤ ᠲᠥᠷᠤ ᠶᠢᠨ ᠪᠣᠳᠣᠯᠭ᠎ᠠ ᠶᠢ ᠬᠥᠷᠳᠡᠪᠡ᠃ | ᠮᠠᠩᠯᠠᠢ ᠭᠠᠴᠠᠭ᠎ᠠ ᠵᠡᠬᠦᠨ ᠪᠡᠯ ᠪᠠᠯᠭᠠᠰᠤᠨ ᠤ ᠵᠡᠬᠦᠨ ᠬᠤᠶᠢᠳᠤ ᠭᠡᠰᠡᠭ᠂ ᠣᠯᠠᠨᠪᠤᠬᠠ ᠡᠯᠡᠰᠣ ᠪᠠ ᠠᠯᠠᠱᠠ | ᠠᠭᠤᠯᠠ ᠶᠢᠨ ᠠᠭᠤᠯᠵᠠᠷ ᠬᠡᠰᠡᠭ ᠲᠤ ᠪᠠᠶᠢᠷᠢᠯᠠᠳᠠᠭ᠃ ᠶᠡᠷᠤᠩᠭᠡᠢ ᠲᠠᠯᠠᠪᠠᠢ 420 ᠲᠡᠭᠰᠢ ᠳᠦᠷᠪᠡᠯᠵᠢᠨ ᠺᠢᠯᠤᠮᠧᠲᠷ | ᠂ ᠠᠰᠢᠭᠯᠠᠵᠤ ᠪᠤᠯᠬᠤᠶᠢᠴᠠ ᠪᠡᠯᠴᠢᠭᠡᠷ ᠤᠨ ᠲᠠᠯᠠᠪᠠᠢ 558000 ᠮᠣ᠋᠂ ᠲᠠᠷᠢᠶᠠᠨ ᠭᠠᠵᠠᠷ 1941 ᠮᠣ᠋ ᠪᠣᠢ᠃ | ᠨᠡᠶᠢᠳᠠ 169 ᠡᠷᠤᠬᠡ 490 ᠬᠥᠮᠤᠨ ᠠᠮᠠ ᠲᠠᠢ᠃ ᠥᠢᠷ᠎ᠠ ᠶᠢᠨ ᠵᠢᠯ ᠳᠤ ᠮᠠᠩᠯᠠᠢ ᠭᠠᠴᠠᠭ᠎ᠠ《 ᠬᠤᠶᠠᠷ ᠲᠠᠯ᠎ᠠ | ᠪᠠᠷ ᠠᠳᠬᠠᠵᠤ᠂ ᠬᠤᠶᠠᠷ ᠲᠠᠯ᠎ᠠ ᠨᠢ ᠪᠦᠷ ᠴᠢᠩᠭ᠎ᠠ ᠪᠠᠶᠢᠬᠤ》 ᠴᠢᠭᠯᠡᠯᠲᠡ ᠶᠢ ᠪᠠᠷᠢᠮᠳᠠᠯᠠᠵᠤ᠂ ᠤᠶᠤᠨ ᠤ | ᠪᠤᠯᠪᠠᠰᠤᠨ ᠤ ᠪᠠᠶᠢᠭᠤᠯᠤᠯᠳᠠ ᠪᠠ ᠪᠤᠳᠠᠰ ᠤᠨ ᠪᠤᠯᠪᠠᠰᠤᠨ ᠤ ᠪᠠᠶᠢᠭᠤᠯᠤᠯᠳᠠ ᠶᠢ ᠴᠢᠬᠤᠯᠠ ᠪᠠᠶᠢᠷᠢᠨ ᠳᠤ ᠲᠠᠯᠪᠢᠵᠤ᠂ | ᠭᠠᠴᠠᠭᠠᠨ ᠤ ᠠᠵᠤ ᠠᠬᠤᠢ ᠶᠢᠨ ᠬᠥᠭᠵᠢᠯᠳᠡ ᠳᠤ ᠥᠵᠡᠯ ᠰᠠᠨᠠᠭᠠᠨ ᠤ ᠪᠠᠳᠤᠯᠠᠭ᠎ᠠ ᠪᠠ ᠤᠶᠤᠨ ᠤ ᠬᠥᠳᠡᠯᠬᠡᠬᠦ | ᠬᠥᠴᠤᠨ ᠢ ᠬᠠᠩᠭᠠᠵᠤ᠂ ᠪᠥᠬᠦ ᠭᠠᠴᠠᠭᠠᠨ ᠤ ᠡᠯ᠎ᠡ ᠲᠥᠷᠤᠯ ᠤᠨ ᠠᠵᠢᠯ ᠥᠢᠯᠡᠰ ᠡᠶ᠎ᠡ ᠨᠠᠶᠢᠷᠠᠮᠳᠠᠭᠤ᠂ ᠲᠥᠷᠭᠡᠨ | ᠬᠥᠭᠵᠢᠬᠦ ᠶᠢ ᠠᠬᠢᠭᠤᠯᠵᠡᠢ᠃ | ᠭᠠᠯᠪᠠᠷᠠᠰᠣᠳᠠᠢ ᠭᠠᠴᠠᠭ᠎ᠠ ᠵᠡᠬᠦᠨ ᠪᠡᠯ ᠪᠠᠯᠭᠠᠰᠤᠨ ᠤ ᠪᠠᠷᠠᠭᠤᠨ ᠬᠤᠶᠢᠳᠦ ᠬᠡᠰᠡᠭ ᠲᠤ ᠪᠠᠶᠢᠷᠢᠯᠠᠵᠤ᠂ ᠶᠡᠷᠥᠩᠭᠡᠢ | ᠲᠠᠯᠠᠪᠠᠢ 397 ᠲᠡᠭᠰᠢ ᠳᠦᠷᠪᠡᠯᠵᠢᠨ ᠺᠢᠯᠤᠮᠧᠲᠷ᠂ 104 ᠮᠣ᠋ ᠲᠠᠷᠢᠶᠠᠨ ᠭᠠᠵᠠᠷ ᠲᠠᠢ᠂ ᠥᠢᠳᠦ ᠭᠠᠵᠠᠷ 28 ᠮᠣ᠋ | ᠂ ᠠᠰᠢᠭᠯᠠᠵᠤ ᠪᠤᠯᠬᠤᠶᠢᠴᠠ ᠭᠠᠵᠠᠷ ᠰᠢᠷᠤᠢ 260 ᠮᠣ᠋ ᠪᠣᠢ᠃ ᠮᠠᠯᠵᠢᠯ ᠢᠶᠠᠷ ᠭᠤᠤᠯᠯᠠᠵᠤ᠂ ᠮᠠᠯ ᠤᠨ | ᠲᠤᠭ᠎ᠠ10078 ᠲᠤᠯᠤᠭᠠᠢ᠂ ᠨᠡᠶᠢᠳᠠ 70 ᠡᠷᠤᠬᠡ 255 ᠬᠥᠮᠤᠨ ᠲᠠᠢ᠂ ᠡᠬᠦᠨ ᠳᠤ ᠮᠤᠩᠭᠤᠯ | ᠥᠨᠳᠤᠰᠤᠳᠡᠨ137 ᠬᠥᠮᠤᠨ ᠪᠤᠢ᠃ | ᠦᠷ ᠤᠨ ᠲᠤᠶᠠᠭ᠎ᠠ ᠭᠠᠴᠠᠭ᠎ᠠ ᠵᠡᠬᠦᠨ ᠪᠡᠯ ᠪᠠᠯᠭᠠᠰᠤᠨ ᠤ ᠳᠤᠮᠳᠠ ᠡᠮᠤᠨᠡᠳᠤ ᠭᠡᠰᠡᠭ ᠲᠤ ᠪᠠᠶᠢᠷᠢᠯᠠᠵᠤ ᠪᠣᠢ᠃ | ᠶᠡᠷᠥᠩᠭᠡᠢ ᠲᠠᠯᠠᠪᠠᠢ 266 ᠲᠡᠭᠰᠢ ᠳᠦᠷᠪᠡᠯᠵᠢᠨ ᠺᠢᠯᠤᠮᠧᠲᠷ᠂ ᠡᠬᠦᠨ ᠳᠤ ᠠᠰᠢᠭᠯᠠᠵᠤ ᠪᠤᠯᠬᠤᠶᠢᠴᠠ ᠲᠠᠷᠢᠶᠠᠨ | ᠭᠠᠵᠠᠷ 371.8 ᠮᠣ᠋᠂ ᠥᠢᠳᠤ ᠭᠠᠵᠠᠷ 400 ᠮᠣ᠋᠂ ᠴᠤᠯ ᠮᠠᠯᠵᠢᠯ ᠤᠨ ᠭᠠᠴᠠᠭ᠎ᠠ ᠪᠣᠯᠣᠨ᠎ᠠ᠃ ᠮᠤᠩᠭᠤᠯ᠂ | ᠬᠢᠲᠠᠳ᠂ ᠬᠤᠳᠤᠩ ᠵᠡᠷᠭᠡ ᠥᠨᠳᠤᠰᠤᠳᠡᠨ ᠢᠶᠠᠷ ᠪᠥᠷᠢᠯᠳᠤᠵᠤ᠂ ᠨᠡᠶᠢᠲᠠ 542 ᠡᠷᠤᠬᠡ 1341 ᠬᠥᠮᠤᠨ ᠲᠠᠢ᠃ | ᠷᠠᠰᠢᠶᠠᠨ ᠭᠠᠴᠠᠭ᠎ᠠ ᠵᠡᠬᠦᠨ ᠪᠠᠯᠭᠠᠰᠤᠨ ᠤ ᠪᠠᠷᠠᠭᠤᠨ ᠡᠮᠤᠨᠡᠳᠤ ᠭᠡᠰᠡᠭ ᠲᠤ ᠪᠠᠶᠢᠷᠢᠯᠠᠵᠤ᠂ ᠪᠠᠯᠭᠠᠰᠤᠨ ᠠᠴᠠ 32 | ᠺᠢᠯᠤᠮᠧᠲᠷ ᠵᠠᠶᠢᠲᠠᠢ᠃ ᠶᠡᠷᠥᠩᠭᠡᠢ ᠲᠠᠯᠠᠪᠠᠢ 312 ᠲᠡᠭᠰᠢ ᠳᠦᠷᠪᠡᠯᠵᠢᠨ ᠺᠢᠯᠤᠮᠧᠲᠷ᠂ ᠨᠡᠶᠢᠲᠠ158 ᠡᠷᠤᠬᠡ | 354 ᠬᠥᠮᠤᠨ ᠲᠠᠢ᠃ | |