ᠥᠯᠵᠡᠢ ᠰᠣᠮᠣ ᠠᠯᠠᠱᠠ ᠵᠡᠬᠦᠨ ᠬᠤᠰᠢᠭᠤᠨ ᠤ ᠬᠤᠶᠢᠳᠤ ᠬᠡᠰᠡᠭ ᠲᠤ ᠪᠠᠶᠢᠷᠢᠯᠠᠵᠤ᠂ ᠬᠤᠶᠢᠰᠢ ᠪᠠᠨ ᠮᠤᠩᠭᠤᠯ | ᠤᠯᠤᠰ ᠲᠠᠢ ᠬᠢᠯᠢᠯᠡᠵᠤ᠂ ᠬᠢᠯᠢ ᠶᠢᠨ ᠱᠣᠭᠤᠮ ᠤᠨ ᠤᠷᠳᠤ ᠨᠢ 188.678 ᠺᠢᠯᠣᠮᠧᠲᠷ᠂ ᠵᠡᠬᠦᠨᠰᠢ ᠪᠠᠨ | ᠪᠠᠶᠠᠨᠨᠠᠭᠤᠷ ᠬᠤᠳᠠ ᠶᠢᠨ ᠤᠷᠠᠳ ᠤᠨ ᠬᠤᠶᠢᠳᠤ ᠬᠤᠰᠢᠭᠤ ᠲᠠᠢ᠂ ᠤᠷᠤᠭᠰᠢ ᠪᠠᠨ ᠪᠠᠶᠠᠨᠨᠢᠷᠤᠭᠤᠨ ᠰᠤᠮᠤ ᠲᠠᠢ | ᠵᠠᠯᠭᠠᠯᠳᠤᠨ᠂ ᠪᠠᠷᠠᠭᠤᠨᠰᠢ ᠠᠯᠠᠱᠠ ᠪᠠᠷᠠᠭᠤᠨ ᠬᠤᠰᠢᠭᠤ ᠲᠠᠢ ᠬᠦᠷᠰᠢᠯᠡᠵᠤ ᠪᠤᠢ᠃ ᠭᠠᠵᠠᠷ ᠨᠤᠲᠤᠭ ᠤᠨ ᠶᠡᠷᠤᠩᠭᠡᠢ | ᠲᠠᠯᠠᠪᠠᠢ 7707 ᠲᠡᠭᠰᠢ ᠳᠦᠷᠪᠡᠯᠵᠢᠨ ᠺᠢᠯᠤᠮᠧᠲᠷ᠂ ᠨᠡᠶᠢᠳᠠ 258 ᠡᠷᠤᠬᠡ 771 ᠬᠥᠮᠤᠨ ᠠᠮᠠ ᠲᠠᠢ᠃ | ᠮᠤᠩᠭᠤᠯ ᠥᠨᠳᠣᠰᠣᠳᠡᠨ ᠨᠢ ᠶᠡᠷᠤᠩᠭᠡᠢ ᠬᠥᠮᠤᠨ ᠠᠮᠠ ᠶᠢᠨ ᠲᠤᠭᠠᠨ ᠤ 86% ᠶᠢ ᠡᠵᠡᠯᠡᠵᠤ᠂ ᠮᠠᠯ ᠠᠵᠤ | ᠠᠬᠤᠢ ᠶᠢ ᠡᠷᠬᠢᠯᠡᠵᠤ ᠪᠠᠶᠢᠭ᠎ᠠ ᠬᠥᠮᠤᠨ ᠠᠮᠠ ᠶᠢᠨ ᠲᠤᠭ᠎ᠠ 219 ᠡᠷᠤᠬᠡ 645 ᠬᠥᠮᠤᠨ ᠪᠠᠶᠢᠵᠤ᠂ ᠲᠤᠰᠪᠤᠷᠢ | ᠶᠡᠷᠤᠩᠭᠡᠢ ᠲᠤᠭᠠᠨ ᠤ 85% ᠪᠠ 84% ᠶᠢ ᠡᠵᠡᠯᠡᠨ᠂ ᠪᠤᠲᠠᠲᠠᠢ ᠮᠠᠯ ᠠᠵᠤ ᠠᠬᠤᠢ ᠳᠤ ᠤᠷᠤᠯᠴᠠᠵᠤ ᠪᠠᠶᠢᠭ᠎ᠠ | ᠬᠥᠮᠤᠨ ᠠᠮᠠ ᠶᠢᠨ ᠲᠤᠭ᠎ᠠ 158 ᠡᠷᠤᠭᠡ 511 ᠬᠥᠮᠤᠨ ᠪᠤᠢ᠃ ᠦᠯᠵᠡᠢ ᠰᠤᠮᠤ ᠪᠣᠯ ᠴᠤᠯ ᠮᠠᠯᠵᠢᠬᠤ ᠰᠤᠮᠤ | ᠶᠤᠮ᠂ ᠬᠠᠷᠢᠶᠠᠨ ᠳᠠᠭᠠᠨ ᠦᠨᠳᠦᠷᠮᠤᠳᠤ᠂ ᠱᠠᠷᠽᠠ᠂ ᠦᠯᠵᠡᠶᠢᠰᠠᠶᠢᠬᠠᠨ ᠵᠡᠷᠬᠡ ᠭᠤᠷᠪᠠᠨ ᠭᠠᠴᠠᠭ᠎ᠠ ᠲᠠᠢ᠃ | ᠱᠠᠷᠽᠠ ᠭᠠᠴᠠᠭ᠎ᠠ ᠱᠠᠷᠽᠠ ᠭᠡᠳᠡᠭ ᠨᠢ ᠲᠥᠪᠡᠳ ᠦᠭᠡ᠂ ᠮᠠᠨᠤᠨ ᠴᠢᠯᠠᠭᠤ ᠭᠡᠬᠦ ᠤᠳᠬ᠎ᠠ ᠲᠠᠢ᠃ ᠥᠯᠵᠡᠢ | ᠰᠣᠮᠣᠨ ᠤ ᠪᠠᠷᠠᠭᠤᠨ ᠡᠮᠤᠨ᠎ᠠ ᠬᠡᠰᠡᠭ ᠲᠤ ᠪᠠᠶᠢᠷᠢᠯᠠᠵᠤ᠂ ᠪᠠᠷᠠᠭᠤᠨᠰᠢ ᠪᠠᠨ ᠠᠯᠠᠱᠠ ᠪᠠᠷᠠᠭᠤᠨ ᠬᠤᠰᠢᠭᠤᠨ ᠤ | ᠠᠯᠳ᠋ᠬᠠᠤᠪᠤᠭ᠎ᠠ ᠪᠠᠯᠭᠠᠰᠤ ᠲᠠᠢ ᠬᠦᠷᠰᠢᠯᠡᠵᠤ᠂ ᠶᠡᠷᠤᠩᠭᠡᠢ ᠲᠠᠯᠠᠪᠠᠢ ᠨᠢ 713 ᠲᠡᠭᠰᠢ ᠳᠦᠷᠪᠡᠯᠵᠢᠨ ᠺᠢᠯᠤᠮᠧᠲᠷ᠂ | ᠠᠰᠢᠭᠯᠠᠵᠤ ᠪᠤᠯᠬᠤᠶᠢᠴᠠ ᠨᠣᠳᠤᠭ ᠳᠡᠪᠢᠰᠭᠡᠷ ᠤᠨ ᠲᠠᠯᠠᠪᠠᠢ 700 ᠲᠡᠭᠰᠢ ᠳᠦᠷᠪᠡᠯᠵᠢᠨ ᠺᠢᠯᠤᠮᠧᠲᠷ᠂ ᠡᠬᠦᠨ ᠳᠤ | ᠨᠡᠶᠢᠳᠠ ᠶᠢᠨ ᠠᠰᠠᠷᠠᠮᠵᠢ ᠶᠢᠨ ᠤᠢ ᠶᠢᠨ ᠶᠡᠷᠤᠩᠭᠡᠢ ᠲᠠᠯᠠᠪᠠᠢ 144326 ᠮᠣ᠋ ᠶᠢ ᠡᠵᠡᠯᠡᠵᠤ ᠪᠣᠢ᠃ ᠨᠠᠶᠢᠳᠠ 49 | ᠡᠷᠤᠭᠡ 153 ᠬᠥᠮᠤᠨ ᠠᠮᠠ ᠲᠠᠢ᠂ ᠮᠤᠩᠭᠤᠯ ᠥᠨᠳᠤᠰᠤᠳᠡᠨ ᠨᠢ ᠶᠡᠷᠤᠩᠭᠡᠢ ᠬᠥᠮᠤᠨ ᠠᠮᠠ ᠶᠢᠨ 69.5% ᠶᠢ | ᠡᠵᠡᠯᠡᠵᠤ᠂ 2014 ᠣᠨ ᠤ ᠭᠠᠴᠠᠭᠠᠨ ᠤ ᠮᠠᠯ ᠠᠵᠤ ᠠᠬᠤᠢ ᠶᠢᠨ ᠥᠢᠯᠡᠳᠪᠤᠷᠢᠯᠡᠯ ᠤᠨ ᠪᠥᠬᠦ ᠥᠷᠳᠡᠭ ᠨᠢ | 384 ᠲᠥᠮᠡᠨ ᠲᠥᠭᠦᠷᠢᠭ ᠪᠠᠶᠢᠵᠤ᠂ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 11340 | ᠲᠥᠭᠦᠷᠢᠭ ᠲᠤ ᠬᠥᠷᠴᠡᠢ᠂ 2016 ᠣᠨ ᠤ 6 ᠰᠠᠷ᠎ᠠ ᠶᠢᠨ ᠮᠠᠯ ᠤᠨ ᠶᠡᠷᠥᠩᠭᠡᠢ ᠲᠤᠭ᠎ᠠ ᠨᠢ 8194 | ᠲᠤᠯᠤᠭᠠᠢ ᠳᠤ ᠬᠦᠷᠴᠤ᠂ ᠬᠤᠤᠰ ᠪᠥᠬᠦᠳᠤ ᠲᠡᠮᠡᠭᠡ 855 ᠶᠢ ᠡᠵᠡᠯᠡᠪᠡ᠃ | ᠥᠯᠵᠡᠶᠢᠰᠠᠶᠢᠬᠠᠨ ᠭᠠᠴᠠᠭ᠎ᠠ ᠥᠯᠵᠡᠢ ᠰᠤᠮᠤᠨ ᠤ ᠵᠡᠭᠦᠨ ᠡᠮᠦᠨ᠎ᠡ ᠬᠡᠰᠡᠭ ᠲᠤ ᠪᠠᠶᠢᠷᠢᠯᠠᠵᠤ᠂ ᠤᠷᠤᠭᠰᠢ ᠪᠠᠨ | ᠪᠠᠶᠠᠨᠨᠢᠷᠤᠭᠤᠨ ᠰᠤᠮᠤ ᠲᠠᠢ ᠬᠦᠷᠰᠢᠯᠡᠵᠤ᠂ ᠶᠡᠷᠤᠩᠭᠡᠢ ᠲᠠᠯᠠᠪᠠᠢ ᠨᠢ 807 ᠲᠡᠭᠰᠢ ᠳᠦᠷᠪᠡᠯᠵᠢᠨ ᠺᠢᠯᠤᠮᠧᠲᠷ᠂ | ᠨᠡᠶᠢᠳᠠ ᠶᠢᠨ ᠠᠰᠠᠷᠠᠮᠵᠢ ᠶᠢᠨ ᠤᠢ ᠶᠢᠨ ᠶᠡᠷᠤᠩᠭᠡᠢ ᠲᠠᠯᠠᠪᠠᠢ 68648 ᠮᠣ᠋᠂ ᠨᠠᠶᠢᠳᠠ 41 ᠡᠷᠤᠬᠡ 130 | ᠬᠥᠮᠤᠨ ᠠᠮᠠ ᠲᠠᠢ᠂ ᠡᠭᠦᠨ ᠳᠤ ᠮᠤᠩᠭᠤᠯ ᠥᠨᠳᠣᠰᠣᠳᠡᠨ ᠨᠢ ᠶᠡᠷᠤᠩᠭᠡᠢ ᠬᠥᠮᠤᠨ ᠠᠮᠠ ᠶᠢᠨ 66.4% ᠶᠢ | ᠡᠵᠡᠯᠡᠵᠤ᠂ 2014 ᠣᠨ ᠤ ᠭᠠᠴᠠᠭᠠᠨ ᠤ ᠮᠠᠯ ᠠᠵᠤ ᠠᠬᠤᠢ ᠶᠢᠨ ᠥᠢᠯᠡᠳᠪᠤᠷᠢᠯᠡᠯ ᠤᠨ ᠪᠥᠬᠦ ᠥᠷᠳᠡᠭ ᠨᠢ | 327.8 ᠲᠥᠮᠡᠨ ᠲᠥᠭᠦᠷᠢᠭ ᠪᠠᠶᠢᠵᠤ᠂ ᠳᠤᠮᠳᠠᠴᠢ ᠪᠠᠷ ᠬᠥᠮᠤᠨ ᠪᠥᠷᠢ ᠳᠤ ᠲᠡᠭᠰᠢᠳᠬᠡᠭᠰᠡᠨ ᠴᠡᠪᠡᠷ ᠤᠷᠤᠯᠭ᠎ᠠ | ᠨᠢ 11321 ᠲᠥᠭᠦᠷᠢᠭ ᠲᠤ ᠬᠥᠷᠴᠤ᠂ 2015 ᠣᠨ ᠤ 6 ᠰᠠᠷ᠎ᠠ ᠶᠢᠨ ᠮᠠᠯ ᠤᠨ ᠪᠥᠬᠦ ᠲᠤᠭ᠎ᠠ ᠲᠤᠯᠤᠭᠠᠢ ᠨᠢ | 5721 ᠳᠤ ᠬᠦᠷᠴᠤ᠂ ᠬᠤᠤᠰ ᠪᠥᠬᠦᠳᠤ ᠲᠡᠮᠡᠭᠡ 450 ᠶᠢ ᠡᠵᠡᠯᠡᠪᠡ᠃ | ᠥᠨᠳᠤᠷᠮᠤᠳᠤ ᠭᠠᠴᠠᠭ᠎ᠠ ᠥᠯᠵᠡᠢ ᠰᠤᠮᠤᠨ ᠤ ᠬᠤᠶᠢᠳᠤ ᠬᠡᠰᠡᠭ ᠲᠤ ᠪᠠᠶᠢᠷᠢᠯᠠᠵᠤ᠂ ᠮᠤᠩᠭᠤᠯ ᠤᠯᠤᠰ ᠲᠠᠢ ᠬᠢᠯᠢ | ᠵᠠᠯᠭᠠᠯᠳᠤᠵᠤ ᠪᠣᠢ᠃ ᠶᠡᠷᠥᠩᠭᠡᠢ ᠲᠠᠯᠠᠪᠠᠢ ᠨᠢ 6187 ᠲᠡᠭᠰᠢ ᠳᠦᠷᠪᠡᠯᠵᠢᠨ ᠺᠢᠯᠤᠮᠧᠲᠷ᠂ ᠨᠡᠶᠢᠳᠠ ᠶᠢᠨ | ᠠᠰᠠᠷᠠᠮᠵᠢ ᠶᠢᠨ ᠤᠢ ᠶᠢᠨ ᠲᠠᠯᠠᠪᠠᠢ ᠨᠢ 129367 ᠮᠣ᠋᠂ ᠨᠡᠶᠢᠳᠠ 123 ᠡᠷᠤᠭᠡ 352 ᠬᠥᠮᠤᠨ ᠠᠮᠠ ᠲᠠᠢ᠂ | ᠡᠬᠦᠨ ᠳᠤ ᠮᠤᠩᠭᠤᠯ ᠥᠨᠳᠤᠰᠣᠳᠡᠨ ᠨᠢ ᠶᠡᠷᠤᠩᠭᠡᠢ ᠬᠥᠮᠤᠨ ᠠᠮᠠ ᠶᠢᠨ 93.2% ᠢ ᠡᠵᠡᠯᠡᠵᠤ᠂ 2014 ᠣᠨ ᠤ | ᠭᠠᠴᠠᠭᠠᠨ ᠤ ᠮᠠᠯ ᠠᠵᠤ ᠠᠬᠤᠢ ᠶᠢᠨ ᠥᠢᠯᠡᠳᠪᠤᠷᠢᠯᠡᠯ ᠤᠨ ᠪᠥᠬᠦ ᠥᠷᠳᠡᠭ ᠨᠢ 963.6 ᠲᠥᠮᠡᠨ ᠲᠥᠭᠦᠷᠢᠭ᠂ | ᠳᠤᠮᠳᠠᠴᠢ ᠪᠠᠷ ᠬᠥᠮᠤᠨ ᠪᠥᠷᠢ ᠳᠤ ᠲᠡᠭᠰᠢᠳᠬᠡᠭᠰᠡᠨ ᠴᠡᠪᠡᠷ ᠤᠷᠤᠯᠭ᠎ᠠ ᠨᠢ 11394 ᠲᠥᠭᠦᠷᠢᠭ ᠲᠤ ᠬᠥᠷᠴᠤ᠂ | 2015ᠣᠨ ᠤ 6 ᠰᠠᠷ᠎ᠠ ᠶᠢᠨ ᠮᠠᠯ ᠤᠨ ᠪᠥᠬᠦ ᠲᠤᠭ᠎ᠠ ᠨᠢ 24175 ᠲᠤᠭ᠎ᠠ ᠲᠤᠯᠤᠭᠠᠢ ᠳᠤ ᠬᠦᠷᠴᠤ᠂ ᠬᠤᠤᠰ | ᠪᠥᠬᠦᠳᠤ ᠲᠡᠮᠡᠭᠡ 2125 ᠶᠢ ᠡᠵᠡᠯᠡᠪᠡ᠃ | |