ᠵᠢᠷᠠᠳᠠᠢ ᠪᠠᠯᠭᠠᠰᠤ ᠠᠯᠠᠱᠠ ᠵᠡᠬᠦᠨ ᠬᠤᠰᠢᠭᠤᠨ ᠤ ᠬᠤᠶᠢᠲᠤ ᠬᠡᠰᠡᠭ ᠲᠤ ᠪᠠᠶᠢᠷᠢᠯᠠᠵᠤ᠂ ᠶᠡᠷᠤᠩᠭᠡᠢ ᠲᠠᠯᠠᠪᠠᠢ | 12411.5 ᠲᠡᠭᠰᠢ ᠳᠦᠷᠪᠡᠯᠵᠢᠨ ᠺᠢᠯᠤᠮᠧᠲᠷ᠂ 5 ᠨᠡᠶᠢᠬᠡᠮ ᠲᠤᠭᠤᠷᠢᠭ᠂ 19 ᠮᠠᠯᠵᠢᠯ ᠤᠨ ᠭᠠᠴᠠᠭ᠎ᠠ᠂ 5 | ᠲᠠᠷᠢᠶᠠᠯᠠᠬᠤ ᠭᠠᠴᠠᠭ᠎ᠠ᠂ 1 ᠬᠠᠭᠠᠰ ᠮᠠᠯᠵᠢᠯ ᠬᠠᠭᠠᠰ ᠲᠠᠷᠢᠶᠠᠯᠠᠩ ᠤᠨ ᠭᠠᠴᠠᠭ᠎ᠠ ᠲᠠᠢ᠂ ᠨᠡᠶᠢᠳᠠ 7954 ᠡᠷᠤᠬᠡ | 27842 ᠬᠥᠮᠤᠨ ᠠᠮᠠ ᠲᠠᠢ᠂ ᠡᠬᠦᠨ ᠳᠤ ᠮᠠᠯᠴᠢᠨ ᠲᠠᠷᠢᠶᠠᠴᠢᠨ 3406 ᠡᠷᠤᠬᠡ᠂ 9310 ᠬᠥᠮᠤᠨ ᠪᠠᠶᠢᠵᠤ᠂ | ᠮᠤᠩᠭᠤᠯ ᠥᠨᠳᠤᠰᠤᠳᠡᠨ 1354 ᠡᠷᠤᠬᠡ 3229 ᠬᠥᠮᠤᠨ ᠪᠤᠢ᠃ ᠠᠰᠢᠭᠯᠠᠵᠤ ᠪᠤᠯᠬᠤᠶᠢᠴᠠ ᠪᠡᠯᠴᠢᠭᠡᠷ ᠤᠨ | ᠲᠠᠯᠠᠪᠠᠢ 9058 ᠲᠡᠭᠰᠢ ᠳᠦᠷᠪᠡᠯᠵᠢᠨ ᠺᠢᠯᠤᠮᠧᠲᠷ᠂ ᠥᠢᠳᠤ ᠭᠠᠵᠠᠷ ᠤᠨ ᠲᠠᠯᠠᠪᠠᠢ 989 ᠲᠥᠮᠡᠨ ᠮᠣ᠋᠂ | ᠪᠠᠶᠢᠭᠠᠯᠢᠭ ᠵᠠᠭ ᠮᠤᠳᠤᠨ ᠤ ᠤᠢ 268 ᠲᠥᠮᠡᠨ ᠮᠣ᠋᠂ ᠲᠠᠷᠢᠶᠠᠯᠠᠩ ᠤᠨ ᠶᠡᠷᠥᠩᠭᠡᠢ ᠲᠠᠷᠢᠬᠤ ᠲᠠᠯᠠᠪᠠᠢ 4.2 | ᠲᠥᠮᠡᠨ ᠮᠣ᠋ ᠪᠣᠢ᠃ ᠵᠢᠷᠠᠲᠠᠢ ᠪᠠᠯᠭᠠᠰᠣ ᠪᠣᠯ ᠠᠯᠠᠱᠠ ᠵᠡᠬᠦᠨ ᠬᠤᠰᠢᠭᠤᠨ ᠳᠤ ᠲᠡᠮᠡᠭᠡᠨ ᠤ ᠲᠤᠭ᠎ᠠ ᠪᠠᠷ ᠬᠠᠮᠤᠭ | ᠣᠯᠠᠨ ᠰᠤᠮᠤ ᠪᠠᠯᠭᠠᠰᠤ ᠪᠤᠯᠤᠨ᠎ᠠ᠂ ᠬᠢᠯᠢ ᠶᠢᠨ ᠲᠤᠳᠤᠷ᠎ᠠ ᠳᠠᠪᠤᠰᠦ᠂ ᠵᠤᠭᠠᠩ᠂ ᠵᠡᠰ᠂ ᠲᠡᠮᠤᠷ᠂ ᠰᠢᠷ᠎ᠠ ᠠᠯᠳᠠ | ᠵᠡᠷᠭᠡ ᠠᠭᠤᠷᠬᠠᠢ ᠶᠢᠨ ᠡᠬᠢ ᠪᠠᠶᠠᠯᠢᠭ ᠲᠠᠢ᠂ ᠲᠠᠷᠪᠣᠰ᠂ ᠰᠢᠯᠢᠳᠡᠭ ᠨᠤᠤᠯᠤᠷ ᠤᠨ ᠴᠠᠭᠠᠨ ᠢᠮᠠᠭ᠎ᠠ᠂ ᠲᠡᠮᠡᠭᠡᠨ | ᠨᠤᠤᠯᠤᠷ᠂ ᠴᠠᠭᠠᠨ ᠭᠤᠶᠤᠤ ᠵᠡᠷᠭᠡ ᠳᠠᠪᠠᠭᠤᠯᠢᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠥᠳᠥᠭᠡᠭᠳᠡᠬᠦᠨ ᠲᠠᠢ᠃ | ᠠᠯᠠᠱᠠ ᠶᠢᠨ ᠴᠠᠭᠠᠨ ᠢᠮᠠᠭᠠᠨ ᠤ ᠨᠤᠤᠯᠤᠷ ᠨᠢ ᠲᠤᠮᠳᠠᠳᠤ ᠤᠯᠤᠰ ᠤᠨ ᠬᠤᠶᠠᠳᠤᠭᠠᠷ ᠬᠤᠭᠤᠴᠠᠭᠠᠨ ᠤ | ᠲᠠᠷᠢᠶᠠᠯᠠᠩ ᠤᠨ ᠥᠵᠡᠰᠬᠦᠯᠡᠩ ᠤᠨ ᠴᠤᠭᠯᠠᠭᠠᠨ ᠳᠤ ᠠᠯᠲᠠᠨ ᠱᠠᠩᠨᠠᠯ ᠪᠠ ᠢᠲ᠋ᠠᠯᠢ ᠶᠢᠨ ᠤᠯᠠᠨ ᠤᠯᠤᠰ ᠤᠨ | ᠢᠮᠠᠭᠠᠨ ᠨᠤᠤᠯᠤᠷ ᠤᠨ《 ᠴᠠᠢ ᠭᠧ ᠨᠠ》 ᠱᠠᠩᠨᠠᠯ ᠢ ᠬᠥᠷᠳᠡᠵᠤ᠂《 ᠰᠢᠷᠬᠡᠭᠯᠢᠭ ᠠᠯᠮᠠᠰ》 ᠢᠶᠠᠷ ᠨᠡᠷ᠎ᠡ | ᠠᠯᠳᠠᠷᠢᠰᠢᠵᠤ᠂ ᠤᠯᠠᠨ ᠤᠯᠤᠰ ᠤᠨ ᠢᠮᠠᠭᠠᠨ ᠨᠤᠤᠯᠤᠷ ᠤᠨ ᠨᠡᠭᠡᠮᠡᠯ ᠤᠨ ᠬᠢᠨ ᠳᠤ ᠳᠡᠭᠡᠳᠤ ᠳᠡᠰ ᠤᠨ | ᠥᠢᠯᠡᠳᠬᠦᠨ ᠢ ᠪᠤᠯᠪᠠᠰᠤᠷᠠᠭᠤᠯᠬᠤ ᠠᠵᠤ ᠠᠬᠤᠶᠢᠯᠠᠯ ᠤᠨ ᠲᠠᠭᠠᠰᠢᠶᠠᠭᠳᠠᠬᠤ ᠲᠥᠬᠦᠭᠡᠢ ᠡᠳ᠋ ᠪᠣᠯᠣᠨ᠎ᠠ᠃《 | ᠡᠯᠡᠰᠤᠨ ᠴᠥᠯ ᠤᠨ ᠰᠤᠪᠤᠳ》 ᠬᠡᠮᠡᠨ ᠨᠡᠷᠡᠶᠢᠯᠡᠭᠳᠡᠭᠰᠡᠨ ᠵᠢᠷᠠᠲᠠᠢ ᠳᠠᠪᠤᠰᠤᠨ ᠨᠠᠭᠤᠷ ᠪᠣᠯ ᠮᠠᠨ ᠤ ᠣᠯᠣᠰ ᠤᠨ | ᠳᠤᠲᠤᠷ᠎ᠠ ᠤᠷᠤᠨ ᠤ ᠲᠤᠮᠳᠠ ᠬᠡᠯᠪᠡᠷᠢ ᠶᠢᠨ ᠳᠠᠪᠤᠰᠤᠨ ᠨᠠᠭᠤᠷ ᠤᠨ ᠨᠢᠭᠡ ᠪᠤᠯᠤᠨ᠎ᠠ᠂ ᠠᠯᠠᠱᠠ ᠵᠡᠬᠦᠨ | ᠬᠤᠰᠢᠭᠤᠨ ᠤ ᠤᠯᠠᠭᠠᠨᠪᠤᠬ᠎ᠠ ᠡᠯᠡᠰᠤᠨ ᠤ ᠪᠠᠷᠠᠭᠤᠨ ᠡᠮᠤᠨᠡᠳᠤ ᠵᠠᠬ᠎ᠠ ᠶᠢᠨ ᠠᠯᠠᠱᠠ ᠠᠭᠤᠯᠠ ᠪᠠ ᠪᠠᠶᠠᠨ᠋ᠠ᠋ᠭᠤᠯᠠ | ᠠᠭᠤᠯᠠ ᠶᠢᠨ ᠲᠤᠮᠳᠠ ᠪᠠᠶᠢᠷᠢᠯᠠᠵᠤ᠂ ᠶᠡᠷᠥᠩᠭᠡᠢ ᠲᠠᠯᠠᠪᠠᠢ 120 ᠲᠡᠭᠰᠢ ᠳᠦᠷᠪᠡᠯᠵᠢᠨ ᠺᠢᠯᠤᠮᠧᠲᠷ᠂ | ᠠᠭᠤᠷᠬᠠᠢ ᠶᠢᠨ ᠪᠤᠯᠠᠭᠳᠠᠴᠠ ᠶᠢᠨ ᠬᠡᠮᠵᠢᠶ᠎ᠡ 1.14 ᠳ᠋ᠥᠩᠰᠢᠭᠤᠷ ᠲᠤᠨ᠂ ᠨᠢᠭᠡᠨᠳᠠ ᠨᠢᠭᠡ ᠮᠢᠩᠭᠠᠨ ᠵᠢᠯ ᠤᠨ | ᠨᠡᠭᠡᠭᠡᠨ ᠮᠠᠯᠳᠠᠭᠰᠠᠨ ᠲᠡᠤᠬᠡ ᠲᠠᠢ ᠶᠤᠮ᠃ ᠲᠡᠣᠬᠡᠨ ᠳᠤᠷᠠᠰᠬᠠᠯᠳᠤ ᠵᠥᠢᠯ ᠢ ᠬᠠᠮᠠᠭᠠᠯᠠᠨ᠂ ᠲᠡᠣᠭᠡ ᠶᠢ ᠳᠠᠬᠢᠨ | ᠢᠯᠡᠷᠡᠬᠦᠯᠵᠤ᠂ ᠳᠠᠪᠤᠰᠤᠨ ᠰᠣᠶᠣᠯ ᠢ ᠤᠯᠠᠮ ᠰᠠᠶᠢᠨ ᠤᠯᠠᠮᠵᠢᠯᠠᠬᠤ ᠪᠠ ᠳᠡᠯᠭᠡᠷᠡᠬᠦᠯᠬᠦ ᠶᠢᠨ ᠲᠤᠯᠠᠲᠠ᠂ ᠵᠢᠷᠠᠲᠠᠢ | ᠪᠠᠯᠭᠠᠰᠣ 1976 ᠣᠨ ᠳᠤ ᠡᠬᠢᠯᠡᠵᠤ ᠪᠠᠶᠢᠭᠤᠯᠤᠭᠰᠠᠨ ᠵᠢᠷᠠᠲᠠᠢ ᠶᠢᠨ ᠳᠠᠪᠣᠰᠣᠨ ᠨᠠᠭᠤᠷ ᠤᠨ ᠠᠵᠢᠯᠴᠢᠳ ᠤᠨ | ᠺᠯᠤᠪ ᠢ ᠵᠠᠰᠠᠨ ᠳᠠᠪᠤᠰᠤᠨ ᠰᠤᠶᠤᠯ ᠤᠨ ᠮᠥᠽᠸᠢ ᠪᠤᠯᠭᠠᠵᠤ ᠥᠭᠡᠷᠡᠴᠢᠯᠡᠭᠡᠳ᠂ ᠵᠢᠷᠤᠭ ᠪᠠ ᠪᠣᠳᠠᠳᠣ ᠪᠡᠶ᠎ᠡ ᠶᠢᠨ | ᠥᠵᠡᠬᠦᠯᠬᠡ ᠪᠠᠷ ᠳᠠᠮᠵᠢᠨ᠂ ᠵᠢᠷᠠᠳᠠᠢ ᠶᠢᠨ ᠳᠠᠪᠤᠰᠤᠨ ᠨᠠᠭᠤᠷ ᠤᠨ ᠥᠨᠢ ᠤᠳᠠᠭᠠᠨ ᠨᠡᠭᠡᠭᠡᠨ ᠮᠠᠯᠳᠠᠭᠰᠠᠨ ᠲᠡᠤᠭᠡ | ᠬᠢᠭᠡᠳ ᠵᠢᠷᠠᠳᠠᠢ ᠶᠢᠨ ᠳᠠᠪᠤᠰᠤᠨ ᠨᠠᠭᠤᠷ ᠤᠨ ᠠᠷᠪᠠ ᠭᠠᠷᠤᠢ ᠵᠢᠯ ᠤᠨ ᠠᠤᠭ᠎ᠠ ᠶᠡᠭᠡ ᠬᠤᠪᠢᠷᠠᠯᠳᠠ ᠪᠠ ᠪᠦᠲᠦᠭᠡᠨ | ᠪᠠᠶᠢᠭᠤᠯᠤᠯᠳᠠ ᠶᠢᠨ ᠠᠮᠵᠢᠯᠳᠠ᠂ ᠳᠠᠪᠤᠰᠣᠨ ᠥᠢᠯᠡᠳᠪᠤᠷᠢᠯᠡᠯ ᠤᠨ ᠥᠢᠯᠡᠰ ᠤᠨ ᠬᠥᠭᠵᠢᠯᠳᠠ ᠨᠢ ᠮᠠᠯᠴᠢᠨ | ᠲᠠᠷᠢᠶᠠᠴᠢᠨ ᠤ ᠠᠵᠢᠯ ᠤᠯᠭᠤᠯᠳᠠ᠂ ᠤᠷᠤᠯᠭ᠎ᠠ ᠶᠢᠨ ᠨᠡᠮᠡᠭᠳᠡᠯ ᠳᠤ ᠥᠵᠡᠬᠦᠯᠤᠭ᠍ᠰᠡᠨ ᠨᠥᠯᠤᠭᠡ ᠪᠠ ᠥᠢᠯᠡᠳᠤᠯ ᠢ | ᠨᠡᠩ ᠳᠥᠷᠰᠦᠯᠢᠭ ᠢᠯᠡᠷᠡᠬᠦᠯᠤᠭ᠍ᠰᠡᠨ ᠶᠤᠮ᠃ ᠵᠢᠷᠠᠳᠠᠢ ᠪᠠᠯᠭᠠᠰᠤ ᠰᠢᠨᠡᠴᠢᠯᠡᠯᠳᠠ᠂ ᠵᠤᠬᠢᠴᠠᠭᠤᠯᠤᠯᠳᠠ᠂ | ᠨᠤᠭᠤᠭᠠᠷᠠᠭᠤᠯᠤᠯᠳᠠ᠂ ᠨᠡᠭᠡᠭᠡᠯᠳᠠ᠂ ᠬᠠᠮᠳᠤ ᠪᠠᠷ ᠡᠳ᠋ᠯᠡᠬᠦ ᠬᠥᠭᠵᠢᠯᠳᠠ ᠶᠢᠨ ᠥᠢᠯᠭᠠᠭᠳᠠᠬᠤᠨ ᠢ ᠪᠠᠷᠢᠮᠳᠠᠯᠠᠵᠤ᠂ | ᠬᠥᠭᠵᠢᠯᠳᠠ ᠶᠢᠨ ᠴᠢᠨᠠᠷ ᠪᠠ ᠠᠰᠢᠭ ᠢ ᠳᠡᠭᠡᠭᠰᠢᠯᠡᠬᠦᠯᠬᠦ ᠪᠠᠷ ᠲᠥᠪ ᠪᠤᠯᠭᠠᠵᠤ᠂ ᠤᠯᠤᠰ ᠤᠨ ᠳᠡᠰ ᠤᠨ ᠬᠤᠵᠢᠷᠯᠢᠭ | ᠠᠵᠤ ᠥᠢᠯᠡᠳᠪᠤᠷᠢ ᠶᠢᠨ ᠰᠠᠭᠤᠷᠢᠨ ᠭᠠᠵᠠᠷ᠂ ᠤᠯᠤᠰ ᠤᠨ ᠳᠡᠰ ᠤᠨ《1396》 ᠬᠡᠯᠪᠡᠷᠢ ᠶᠢᠨ ᠨᠤᠤᠯᠤᠷ ᠤᠨ | ᠴᠠᠭᠠᠨ ᠢᠮᠠᠭ᠎ᠠ ᠶᠢ ᠰᠣᠩᠭᠤᠨ ᠪᠤᠶᠢᠵᠢᠭᠤᠯᠬᠤ ᠰᠠᠭᠤᠷᠢᠨ ᠭᠠᠵᠠᠷ᠂ ᠪᠠᠷᠠᠭᠤᠨ ᠤᠷᠤᠨ ᠤ ᠲᠡᠷᠢᠬᠦᠨ ᠳᠡᠰ ᠤᠨ | ᠪᠤᠷᠵᠢᠨ ᠴᠢᠯᠠᠭᠤ ᠶᠢ ᠪᠤᠯᠪᠠᠰᠤᠷᠠᠭᠤᠯᠬᠤ ᠰᠠᠭᠤᠷᠢᠨ ᠭᠠᠵᠠᠷ ᠪᠠ ᠤᠯᠠᠨ ᠤᠯᠤᠰ ᠤᠨ ᠴᠢᠯᠠᠭᠤ ᠪᠤᠯᠪᠠᠰᠤᠷᠠᠭᠤᠯᠬᠤ᠂ | ᠠᠷᠠᠯᠵᠢᠶ᠎ᠠ ᠶᠢ ᠲᠥᠪᠯᠡᠷᠡᠬᠦᠯᠤᠨ ᠲᠠᠷᠬᠠᠭᠠᠬᠤ ᠭᠠᠵᠠᠷ᠂ ᠥᠪᠤᠷ ᠮᠤᠩᠭᠤᠯ ᠤᠨ ᠪᠠᠷᠠᠭᠤᠨ ᠤᠷᠤᠨ ᠤ ᠠᠵᠤ | ᠥᠢᠯᠡᠳᠪᠤᠷᠢᠯᠡᠯ ᠤᠨ ᠴᠢᠬᠤᠯᠠ ᠪᠠᠯᠭᠠᠰᠤ᠂ ᠥᠪᠡᠷᠲᠡᠭᠡᠨ ᠵᠠᠰᠠᠬᠤ ᠤᠷᠤᠨ ᠤ ᠴᠠᠭᠠᠨ ᠭᠤᠶᠤᠤ ᠶᠢ | ᠥᠢᠯᠡᠳᠪᠤᠷᠢᠯᠡᠵᠤ ᠡᠳ᠋ᠰᠢᠬᠦᠯᠬᠦ ᠰᠣᠳᠣᠯᠣᠨ ᠨᠡᠭᠡᠭᠡᠬᠦ ᠲᠥᠪ᠂ ᠳᠠᠪᠤᠰᠤᠨ ᠨᠠᠭᠤᠷ ᠤᠨ ᠵᠢᠭᠤᠴᠢᠯᠠᠯ ᠢᠶᠠᠷ | ᠭᠤᠤᠯᠯᠠᠭᠰᠠᠨ ᠠᠷᠤ ᠭᠠᠵᠠᠷ ᠤᠨ ᠭᠤᠶᠤ ᠪᠠᠯᠭᠠᠰᠤ ᠪᠠ ᠳᠠᠪᠤᠰᠤᠨ ᠰᠤᠶᠤᠯ ᠤᠨ ᠲᠥᠪ ᠢ ᠡᠷᠴᠢᠮᠳᠠᠢ ᠪᠠᠶᠢᠭᠤᠯᠵᠤ᠂ | ᠠᠵᠤ ᠠᠬᠤᠢ ᠶᠢᠨ ᠪᠥᠳᠥᠭᠡᠨ ᠪᠠᠶᠢᠭᠤᠯᠤᠯᠳᠠ᠂ ᠤᠯᠤᠰ ᠲᠥᠷᠤ ᠶᠢᠨ ᠪᠥᠳᠤᠭᠡᠨ ᠪᠠᠶᠢᠭᠤᠯᠤᠯᠳᠠ᠂ ᠰᠣᠶᠣᠯ ᠤᠨ | ᠪᠥᠳᠤᠭᠡᠨ ᠪᠠᠶᠢᠭᠤᠯᠤᠯᠳᠠ᠂ ᠨᠡᠶᠢᠭᠡᠮ ᠤᠨ ᠪᠥᠳᠥᠭᠡᠨ ᠪᠠᠶᠢᠭᠤᠯᠤᠯᠳᠠ᠂ ᠠᠮᠢ ᠠᠬᠤᠢ ᠶᠢᠨ ᠪᠥᠳᠥᠭᠡᠨ ᠪᠠᠶᠢᠭᠤᠯᠤᠯᠳᠠ | ᠪᠠ ᠨᠠᠮ ᠤᠨ ᠪᠥᠳᠥᠭᠡᠨ ᠪᠠᠶᠢᠭᠤᠯᠤᠯᠳᠠ ᠶᠢ ᠨᠢᠭᠡᠳᠤᠯᠳᠠᠢ ᠲᠥᠯᠤᠪᠯᠡᠨ ᠠᠬᠢᠭᠤᠯᠵᠤ᠂ ᠪᠥᠬᠦ ᠲᠠᠯ᠎ᠠ ᠪᠠᠷ ᠴᠢᠨᠡᠭᠡᠯᠢᠭ᠂ | ᠠᠷᠠᠳᠴᠢᠯᠠᠯ ᠲᠠᠢ᠂ ᠪᠤᠯᠪᠠᠰᠤᠨ᠂ ᠡᠶ᠎ᠡ ᠨᠠᠶᠢᠷᠠᠮᠳᠠᠭᠤ ᠵᠢᠷᠠᠲᠠᠢ ᠶᠢ ᠪᠥᠳᠤᠭᠡᠨ ᠪᠠᠶᠢᠭᠤᠯᠤᠨ᠎ᠠ᠃ | ᠬᠠᠲᠠᠭᠤ ᠬᠤᠤᠳᠤᠭ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 667 ᠲᠡᠭᠰᠢ ᠳᠦᠷᠪᠡᠯᠵᠢᠨ ᠺᠢᠯᠤᠮᠧᠲᠷ᠂ | ᠨᠡᠶᠢᠲᠠ ᠬᠥᠮᠤᠨ ᠠᠮᠠ111 ᠡᠷᠤᠬᠡ 254 ᠬᠥᠮᠤᠨ ᠪᠠᠶᠢᠵᠤ᠂ ᠪᠠᠶᠢᠩᠭᠤ ᠰᠠᠭᠤᠭ᠎ᠠ 16 ᠡᠷᠤᠬᠡ 32 ᠬᠥᠮᠤᠨ | ᠪᠣᠢ᠃ ᠪᠡᠯᠴᠢᠭᠡᠷ ᠤᠨ ᠶᠡᠷᠥᠩᠭᠡᠢ ᠲᠠᠯᠠᠪᠠᠢ 102 ᠲᠥᠮᠡᠨ ᠮᠣ᠋᠂ ᠮᠠᠯ ᠤᠨ ᠲᠤᠭ᠎ᠠ 1918 ᠲᠤᠯᠤᠭᠠᠢ᠂ 2015 | ᠣᠨ ᠳᠤ ᠮᠠᠯᠴᠢᠳ ᠤᠨ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 11844 ᠲᠥᠭᠦᠷᠢᠭ ᠲᠤ | ᠬᠥᠷᠴᠡᠢ᠃ ᠥᠢᠷ᠎ᠠ ᠶᠢᠨ ᠵᠢᠯ ᠳᠤ᠂ ᠲᠤᠰ ᠭᠠᠴᠠᠭ᠎ᠠ ᠥᠪᠡᠷ ᠪᠡᠶ᠎ᠡ ᠶᠢᠨ ᠳᠠᠪᠠᠭᠤᠯᠢᠭ ᠲᠠᠯ᠎ᠠ ᠪᠠᠨ ᠲᠥᠰᠢᠭᠯᠡᠵᠤ᠂ | ᠡᠯᠡᠰᠤᠨ ᠠᠵᠤ ᠥᠢᠯᠡᠰ ᠢ ᠡᠷᠴᠢᠮᠳᠠᠢ ᠬᠥᠭᠵᠢᠬᠦᠯᠵᠤ᠂ ᠠᠯᠠᠱᠠ ᠶᠢᠨ SEE ᠠᠮᠢ ᠠᠬᠤᠢ ᠶᠢᠨ ᠨᠡᠶᠢᠭᠡᠮᠯᠢᠭ ᠲᠠᠢ | ᠬᠠᠮᠳᠤᠷᠠᠨ ᠠᠵᠢᠯᠯᠠᠬᠤ ᠪᠠᠷ ᠳᠠᠮᠵᠢᠨ᠂ 5000 ᠭᠠᠷᠤᠢ ᠮᠣ᠋ ᠵᠠᠭ᠂ 1500 ᠮᠣ᠋ ᠤᠯᠠᠭᠠᠨ ᠰᠣᠬᠠᠢ ᠶᠢ ᠲᠠᠷᠢᠵᠤ᠂ | 14 ᠲᠥᠮᠡᠨ ᠪᠠᠯᠴᠢᠷ ᠴᠠᠭᠠᠨ ᠭᠤᠶᠤᠤ ᠶᠢ ᠵᠠᠯᠭᠠᠵᠡᠢ᠃ ᠮᠥᠸ᠋ ᠰᠢᠨ᠂ ᠳᠠᠶᠠᠭᠠᠷ ᠲᠠᠷᠢᠶᠠᠴᠢᠳ ᠤᠨ ᠴᠠᠭᠠᠨ | ᠭᠤᠶᠤᠤ ᠶᠢᠨ ᠲᠠᠷᠢᠮᠠᠯ ᠤᠨ 9 ᠰᠠᠭᠤᠷᠢ ᠮᠠᠯᠴᠢᠨ ᠲᠠᠷᠢᠶᠠᠴᠢᠨ ᠤ ᠲᠤᠰᠬᠠᠢ ᠬᠤᠷᠰᠢᠶᠠᠵᠢᠯ ᠢ ᠪᠠᠶᠢᠭᠤᠯᠵᠤ᠂ | ᠮᠢᠬᠠᠨ ᠤ ᠥᠢᠯᠡᠳᠬᠦᠨ᠂ ᠴᠠᠭᠠᠨ ᠢᠳᠡᠭᠡᠨ ᠤ ᠥᠢᠯᠡᠳᠬᠦᠨ᠂ ᠵᠠᠭ ᠪᠠ ᠴᠠᠭᠠᠨ ᠭᠤᠶᠤᠤ ᠶᠢᠨ ᠲᠠᠷᠢᠮᠠᠯ ᠵᠡᠷᠭᠡ ᠨᠢ | ᠠᠯᠬᠤᠮ ᠠᠯᠬᠤᠮ ᠢᠶᠠᠷ ᠲᠥᠷᠢᠮᠵᠢᠭᠰᠡᠨ᠂ ᠠᠵᠤ ᠥᠢᠯᠡᠰᠵᠢᠭᠰᠡᠨ ᠬᠥᠭᠵᠢᠯᠳᠠ ᠶᠢᠨ ᠵᠠᠮ ᠳᠤ ᠠᠯᠬᠤᠨ ᠤᠷᠤᠵᠡᠢ᠃ | ᠠᠭᠤᠳᠠᠮ ᠲᠠᠯ᠎ᠠ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 4.13 ᠲᠡᠭᠰᠢ ᠳᠦᠷᠪᠡᠯᠵᠢᠨ ᠺᠢᠯᠤᠮᠧᠲᠷ᠂ | ᠨᠠᠶᠢᠳᠠ ᠬᠥᠮᠤᠨ ᠠᠮᠠ 204 ᠡᠷᠤᠬᠡ 714 ᠬᠥᠮᠤᠨ ᠪᠠᠶᠢᠵᠤ᠂ ᠪᠠᠶᠢᠩᠭᠤ ᠰᠠᠭᠤᠭ᠎ᠠ 192 ᠡᠷᠤᠬᠡ 688 | ᠬᠥᠮᠤᠨ ᠪᠤᠢ᠃ ᠲᠠᠷᠢᠶᠠᠨ ᠭᠠᠵᠠᠷ 6140 ᠮᠣ᠋᠂ ᠮᠠᠯ ᠤᠨ ᠲᠤᠭ᠎ᠠ 3010 ᠲᠤᠯᠤᠭᠠᠢ᠂ ᠭᠤᠤᠯᠳᠠᠭᠤ ᠡᠷᠳᠡᠨᠢ | ᠰᠢᠰᠢ᠂ ᠲᠠᠷᠪᠣᠰ᠂ ᠬᠥᠪᠤᠩ᠂ ᠨᠠᠷᠠᠨ ᠬᠤᠸᠠᠷ᠂ ᠯᠠᠵᠤᠤ ᠲᠠᠷᠢᠬᠤ ᠪᠠ ᠬᠠᠰᠢᠶᠠᠯᠠᠨ ᠲᠡᠵᠢᠬᠡᠨ ᠥᠷᠡᠵᠢᠬᠦᠯᠬᠦ ᠪᠠᠷ | ᠭᠤᠤᠯᠯᠠᠳᠠᠭ᠃ 2015 ᠣᠨ ᠳᠤ ᠮᠠᠯᠴᠢᠨ ᠲᠠᠷᠢᠶᠠᠴᠢᠳ ᠤᠨ ᠳᠤᠮᠳᠠᠴᠢ ᠪᠠᠷ ᠬᠥᠮᠤᠨ ᠪᠥᠷᠢ ᠶᠢᠨ ᠴᠡᠪᠡᠷ | ᠤᠷᠤᠯᠭ᠎ᠠ ᠨᠢ 12337 ᠲᠥᠭᠦᠷᠢᠭ ᠲᠤ ᠬᠥᠷᠴᠡᠢ᠃ | ᠪᠤᠷᠭᠠᠰᠣᠲᠠᠢ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 379 ᠲᠡᠭᠰᠢ ᠳᠦᠷᠪᠡᠯᠵᠢᠨ ᠺᠢᠯᠤᠮᠧᠲᠷ᠂ ᠨᠡᠶᠢᠳᠠ | ᠬᠥᠮᠤᠨ ᠠᠮᠠ 76 ᠡᠷᠤᠬᠡ 266 ᠬᠥᠮᠤᠨ ᠪᠠᠶᠢᠵᠤ᠂ ᠪᠠᠶᠢᠩᠭᠤ ᠰᠠᠭᠤᠭ᠎ᠠ 49 ᠡᠷᠤᠬᠡ199 ᠬᠥᠮᠤᠨ ᠪᠣᠢ᠃ | ᠪᠡᠯᠴᠢᠭᠡᠷ ᠤᠨ ᠶᠡᠷᠥᠩᠭᠡᠢ ᠲᠠᠯᠠᠪᠠᠢ 46.9 ᠲᠥᠮᠡᠨ ᠮᠣ᠋᠂ ᠮᠠᠯ ᠤᠨ ᠲᠤᠭ᠎ᠠ 1.9 ᠲᠥᠮᠡᠨ ᠲᠤᠯᠤᠭᠠᠢ᠂ | ᠭᠤᠤᠯᠳᠠᠭᠤ ᠬᠠᠰᠢᠶᠠᠯᠠᠨ ᠲᠡᠵᠢᠭᠡᠨ ᠥᠷᠡᠵᠢᠬᠦᠯᠬᠦ ᠪᠠᠷ ᠭᠤᠤᠯᠯᠠᠵᠤ᠂ 2015 ᠣᠨ ᠳᠤ ᠮᠠᠯᠴᠢᠨ ᠲᠠᠷᠢᠶᠠᠴᠢᠳ ᠤᠨ | ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 15749 ᠲᠥᠭᠦᠷᠢᠭ ᠲᠤ ᠬᠥᠷᠴᠡᠢ᠃ | ᠡᠤ ᠰᠢᠷᠢᠬᠢ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 490 ᠲᠡᠭᠰᠢ ᠳᠦᠷᠪᠡᠯᠵᠢᠨ ᠺᠢᠯᠤᠮᠧᠲᠷ᠂ ᠨᠡᠶᠢᠳᠠ | ᠬᠥᠮᠤᠨ ᠠᠮᠠ 89 ᠡᠷᠤᠬᠡ 190 ᠬᠥᠮᠤᠨ ᠪᠠᠶᠢᠵᠤ᠂ ᠪᠠᠶᠢᠩᠭᠤ ᠰᠠᠭᠤᠭ᠎ᠠ 76 ᠡᠷᠤᠬᠡ162 ᠬᠥᠮᠤᠨ ᠪᠣᠢ᠃ | ᠪᠡᠯᠴᠢᠭᠡᠷ ᠤᠨ ᠶᠡᠷᠥᠩᠭᠡᠢ ᠲᠠᠯᠠᠪᠠᠢ 59 ᠲᠥᠮᠡᠨ ᠮᠣ᠋᠂ ᠮᠠᠯ ᠤᠨ ᠲᠤᠭ᠎ᠠ 12280 ᠲᠤᠯᠤᠭᠠᠢ᠂ ᠭᠤᠤᠯᠳᠠᠭᠤ | ᠬᠠᠰᠢᠶᠠᠯᠠᠨ ᠲᠡᠵᠢᠭᠡᠨ ᠥᠷᠡᠵᠢᠬᠦᠯᠬᠦ ᠪᠠᠷ ᠭᠤᠤᠯᠯᠠᠵᠤ᠂ 2015 ᠣᠨ ᠳᠤ ᠮᠠᠯᠴᠢᠨ ᠲᠠᠷᠢᠶᠠᠴᠢᠳ ᠤᠨ ᠳᠤᠮᠳᠠᠴᠢ | ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 14137 ᠲᠥᠭᠦᠷᠢᠭ ᠲᠤ ᠬᠥᠷᠴᠡᠢ᠃ | ᠰᠣᠯᠢᠳᠣ ᠭᠠᠴᠠᠭ᠎ᠠ ᠵᠢᠷᠠᠳᠠᠢ ᠪᠠᠯᠭᠠᠰᠤᠨ ᠤ ᠪᠠᠷᠠᠭᠤᠨ ᠬᠡᠰᠡᠭ ᠲᠤ ᠪᠠᠶᠢᠷᠢᠠᠯᠵᠤ᠂ ᠶᠡᠷᠥᠩᠭᠡᠢ ᠲᠠᠯᠠᠪᠠᠢ 770 | ᠲᠡᠭᠰᠢ ᠳᠥᠷᠪᠡᠯᠵᠢᠨ ᠺᠢᠯᠤᠮᠧᠲᠷ᠂ ᠨᠡᠶᠢᠳᠠ 100 ᠡᠷᠤᠬᠡ 280 ᠬᠥᠮᠤᠨ ᠲᠠᠢ᠃ ᠮᠠᠯᠵᠢᠬᠤ ᠪᠠᠷ ᠭᠤᠤᠯᠯᠠᠵᠤ᠂ | ᠮᠠᠯ ᠤᠨ ᠲᠤᠭ᠎ᠠ 8031 ᠲᠤᠯᠤᠭᠠᠢ᠂ ᠡᠬᠦᠨ ᠳᠤ ᠲᠡᠮᠡᠭᠡ 142 ᠪᠥᠬᠦ᠂ ᠪᠢᠳᠡᠬᠦᠮᠵᠢᠯᠡᠨ ᠥᠢᠵᠢᠭᠤᠯᠤᠭᠰᠠᠨ | ᠨᠣᠳᠤᠭ ᠪᠡᠯᠴᠢᠭᠡᠷ 96100 ᠮᠣ᠋ ᠪᠣᠢ᠃ 2005 ᠣᠨ ᠤ ᠪᠥᠬᠦ ᠵᠢᠯ ᠤᠨ ᠤᠷᠤᠯᠭ᠎ᠠ 185 ᠲᠥᠮᠡᠨ ᠲᠥᠭᠦᠷᠢᠭ | ᠂ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 3727 ᠲᠥᠭᠦᠷᠢᠭ ᠲᠤ ᠬᠥᠷᠴᠡᠢ᠃ | ᠬᠠᠳᠠᠭᠤ ᠲᠤᠯᠤᠭᠠᠢ ᠭᠠᠴᠠᠭ᠎ᠠ ᠵᠢᠷᠠᠲᠠᠢ ᠪᠠᠯᠭᠠᠰᠤᠨ ᠤ ᠵᠡᠬᠦᠨ ᠡᠮᠤᠨᠡᠳᠤ ᠬᠡᠰᠡᠭ ᠲᠤ ᠪᠠᠶᠢᠷᠢᠯᠠᠵᠤ᠂ ᠶᠡᠷᠥᠩᠭᠡᠢ | ᠲᠠᠯᠠᠪᠠᠢ 11.3 ᠲᠡᠭᠰᠢ ᠳᠦᠷᠪᠡᠯᠵᠢᠨ ᠺᠢᠯᠤᠮᠧᠲᠷ᠂ ᠬᠥᠮᠤᠨ ᠠᠮᠠ 222 ᠡᠷᠤᠬᠡ 578 ᠬᠥᠮᠤᠨ ᠪᠠᠶᠢᠵᠤ᠂ | ᠪᠠᠶᠢᠩᠭᠤ ᠰᠠᠭᠤᠭ᠎ᠠ 178 ᠡᠷᠤᠬᠡ 486 ᠬᠥᠮᠤᠨ ᠪᠣᠢ᠂ ᠲᠠᠷᠢᠶᠠᠨ ᠭᠠᠵᠠᠷ 9718 ᠮᠣ᠋᠂ ᠥᠢᠳᠣ ᠭᠠᠵᠠᠷ | 5298 ᠮᠣ᠋᠂ ᠮᠠᠯ ᠤᠨ ᠲᠤᠭ᠎ᠠ 3430 ᠲᠤᠯᠤᠭᠠᠢ᠂ ᠭᠤᠤᠯᠳᠠᠭᠤ ᠠᠵᠤ ᠠᠬᠤᠢ ᠶᠢᠨ ᠲᠠᠷᠢᠮᠠᠯ ᠲᠠᠷᠢᠬᠤ ᠪᠠ | ᠬᠠᠰᠢᠶᠠᠯᠠᠨ ᠲᠡᠵᠢᠭᠡᠨ ᠥᠷᠡᠵᠢᠬᠦᠯᠬᠦ ᠪᠠᠷ ᠭᠤᠤᠯᠯᠠᠵᠤ᠂ 2015 ᠣᠨ ᠳᠤ ᠮᠠᠯᠴᠢᠨ ᠲᠠᠷᠢᠶᠠᠴᠢᠳ ᠤᠨ ᠳᠤᠮᠳᠠᠴᠢ | ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 14616 ᠲᠥᠭᠦᠷᠢᠭ ᠲᠤ ᠬᠥᠷᠴᠡᠢ᠃ | ᠨᠤᠭᠤᠭᠠᠨ ᠪᠥᠭᠡᠷᠡᠭ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 12 ᠲᠡᠭᠰᠢ ᠳᠦᠷᠪᠡᠯᠵᠢᠨ ᠺᠢᠯᠤᠮᠧᠲᠷ᠂ | ᠬᠥᠮᠤᠨ ᠠᠮᠠ 213 ᠡᠷᠤᠬᠡ 604 ᠬᠥᠮᠤᠨ ᠪᠠᠶᠢᠵᠤ᠂ ᠪᠠᠶᠢᠩᠭᠤ ᠰᠠᠭᠤᠭ᠎ᠠ 154 ᠡᠷᠤᠬᠡ 488 ᠬᠥᠮᠤᠨ ᠪᠣᠢ᠃ | ᠲᠠᠷᠢᠶᠠᠨ ᠭᠠᠵᠠᠷ 5800 ᠮᠣ᠋᠂ ᠮᠠᠯ ᠤᠨ ᠲᠤᠭ᠎ᠠ 4780 ᠲᠤᠯᠤᠭᠠᠢ᠂ ᠭᠤᠤᠯᠳᠠᠭᠤ ᠠᠵᠤ ᠠᠬᠤᠢ ᠶᠢᠨ ᠲᠠᠷᠢᠮᠠᠯ | ᠲᠠᠷᠢᠬᠤ ᠪᠠ ᠬᠠᠰᠢᠶᠠᠯᠠᠨ ᠲᠡᠵᠢᠭᠡᠨ ᠥᠷᠡᠵᠢᠬᠦᠯᠬᠦ ᠪᠠᠷ ᠭᠤᠤᠯᠯᠠᠵᠤ᠂ 2015 ᠣᠨ ᠳᠤ ᠭᠠᠴᠠᠭᠠᠨ ᠤ ᠳᠤᠮᠳᠠᠴᠢ | ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 12446 ᠲᠥᠭᠦᠷᠢᠭ ᠲᠤ ᠬᠥᠷᠴᠡᠢ᠃ | ᠪᠠᠭᠠᠳᠤᠷ ᠪᠤᠯᠠᠭ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 844 ᠲᠡᠭᠰᠢ ᠳᠦᠷᠪᠡᠯᠵᠢᠨ ᠺᠢᠯᠤᠮᠧᠲᠷ᠂ | ᠨᠡᠶᠢᠳᠠ 89 ᠡᠷᠤᠬᠡ 328 ᠬᠥᠮᠤᠨ ᠲᠠᠢ᠂ ᠪᠠᠶᠢᠩᠭᠤ ᠰᠠᠭᠤᠭ᠎ᠠ 79 ᠡᠷᠤᠬᠡ 285 ᠬᠥᠮᠤᠨ ᠪᠣᠢ᠃ ᠲᠠᠷᠢᠶᠠᠨ | ᠭᠠᠵᠠᠷ 126.6 ᠲᠥᠮᠡᠨ ᠮᠣ᠋᠂ ᠲᠠᠷᠢᠮᠠᠯ ᠤᠨ ᠶᠡᠷᠤᠩᠭᠡᠢ ᠲᠠᠯᠠᠪᠠᠢ 385 ᠮᠣ᠋᠂ ᠮᠠᠯ ᠤᠨ ᠨᠡᠶᠢᠳᠠ ᠲᠤᠭ᠎ᠠ | 10220 ᠲᠤᠯᠤᠭᠠᠢ᠂ 2015 ᠣᠨ ᠳᠤ ᠮᠠᠯᠴᠢᠨ ᠲᠠᠷᠢᠶᠠᠴᠢᠳ ᠤᠨ ᠳᠤᠮᠳᠠᠴᠢ ᠪᠠᠷ ᠬᠥᠮᠤᠨ ᠪᠥᠷᠢ ᠶᠢᠨ ᠴᠡᠪᠡᠷ | ᠤᠷᠤᠯᠭ᠎ᠠ ᠨᠢ 13121 ᠲᠥᠭᠦᠷᠢᠭ ᠲᠤ ᠬᠥᠷᠴᠡᠢ᠃ | ᠴᠠᠬᠠᠷ ᠱᠠᠯᠠ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 5.27 ᠲᠡᠭᠰᠢ ᠳᠦᠷᠪᠡᠯᠵᠢᠨ ᠺᠢᠯᠤᠮᠧᠲᠷ᠂ ᠬᠥᠮᠤᠨ | ᠠᠮᠠ192 ᠡᠷᠤᠬᠡ 532 ᠬᠥᠮᠤᠨ ᠪᠠᠶᠢᠵᠤ᠂ ᠪᠠᠶᠢᠩᠭᠤ ᠰᠠᠭᠤᠭ᠎ᠠ 90 ᠡᠷᠤᠬᠡ 267 ᠬᠥᠮᠤᠨ ᠪᠣᠢ᠃ ᠲᠠᠷᠢᠶᠠᠨ | ᠭᠠᠵᠠᠷ 3800 ᠮᠣ᠋᠂ ᠥᠢᠳᠣ ᠭᠠᠵᠠᠷ 470 ᠮᠣ᠋᠂ ᠮᠠᠯ ᠤᠨ ᠲᠤᠭ᠎ᠠ 4600 ᠲᠤᠯᠤᠭᠠᠢ᠂ ᠭᠤᠤᠯᠳᠠᠭᠤ ᠠᠵᠤ | ᠠᠬᠤᠢ ᠶᠢᠨ ᠲᠠᠷᠢᠮᠠᠯ ᠲᠠᠷᠢᠬᠤ ᠪᠠ ᠬᠠᠰᠢᠶᠠᠯᠠᠨ ᠲᠡᠵᠢᠭᠡᠨ ᠥᠷᠡᠵᠢᠬᠦᠯᠬᠦ ᠪᠠᠷ ᠭᠤᠤᠯᠯᠠᠵᠤ᠂ 2015 ᠣᠨ ᠳᠤ | ᠮᠠᠯᠴᠢᠨ ᠲᠠᠷᠢᠶᠠᠴᠢᠳ ᠤᠨ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 12898 ᠲᠥᠭᠦᠷᠢᠭ ᠲᠤ | ᠬᠥᠷᠴᠡᠢ᠃ | ᠵᠠᠬᠠᠪᠤᠯᠠᠭ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 473 ᠲᠡᠭᠰᠢ ᠳᠦᠷᠪᠡᠯᠵᠢᠨ ᠺᠢᠯᠤᠮᠧᠲᠷ᠂ ᠬᠥᠮᠤᠨ | ᠠᠮᠠ 121ᠡᠷᠤᠬᠡ 302 ᠬᠥᠮᠤᠨ ᠪᠠᠶᠢᠵᠤ᠂ ᠪᠠᠶᠢᠩᠭᠤ ᠰᠠᠭᠤᠭ᠎ᠠ 96 ᠡᠷᠤᠬᠡ 280 ᠬᠥᠮᠤᠨ ᠪᠣᠢ᠃ ᠪᠡᠯᠴᠢᠭᠡᠷ | 70.3 ᠲᠥᠮᠡᠨ ᠮᠣ᠋᠂ ᠲᠠᠷᠢᠶᠠᠨ ᠭᠠᠵᠠᠷ 3150 ᠮᠣ᠋᠂ ᠮᠠᠯ ᠤᠨ ᠲᠤᠭ᠎ᠠ 2806 ᠲᠤᠯᠤᠭᠠᠢ᠂ ᠭᠤᠤᠯᠳᠠᠭᠤ | ᠬᠠᠰᠢᠶᠠᠯᠠᠨ ᠲᠡᠵᠢᠭᠡᠨ ᠥᠷᠡᠵᠢᠬᠦᠯᠬᠦ ᠪᠠᠷ ᠭᠤᠤᠯᠯᠠᠵᠤ᠂ 2015 ᠣᠨ ᠳᠤ ᠮᠠᠯᠴᠢᠨ ᠲᠠᠷᠢᠶᠠᠴᠢᠳ ᠤᠨ ᠳᠤᠮᠳᠠᠴᠢ | ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 13140 ᠲᠥᠭᠦᠷᠢᠭ ᠲᠤ ᠬᠥᠷᠴᠡᠢ᠃ | ᠴᠠᠭᠠᠨ ᠤᠨᠳᠤᠷᠭ᠎ᠠ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 908 ᠲᠡᠭᠰᠢ ᠳᠦᠷᠪᠡᠯᠵᠢᠨ ᠺᠢᠯᠤᠮᠧᠲᠷ᠂ | ᠨᠡᠶᠢᠳᠠ 83 ᠡᠷᠤᠬᠡ 205 ᠬᠥᠮᠤᠨ ᠲᠠᠢ᠂ ᠪᠠᠶᠢᠩᠭᠤ ᠰᠠᠭᠤᠭ᠎ᠠ 53 ᠡᠷᠤᠬᠡ 134 ᠬᠥᠮᠤᠨ ᠪᠣᠢ᠃ ᠪᠡᠯᠴᠢᠭᠡᠷ | 136.3 ᠲᠥᠮᠡᠨ ᠮᠣ᠋᠂ ᠮᠠᠯ ᠤᠨ ᠲᠤᠭ᠎ᠠ 6300 ᠲᠤᠯᠤᠭᠠᠢ᠂ 2015 ᠣᠨ ᠳᠤ ᠮᠠᠯᠴᠢᠨ ᠲᠠᠷᠢᠶᠠᠴᠢᠳ ᠤᠨ | ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 11802 ᠲᠥᠭᠦᠷᠢᠭ ᠲᠤ ᠬᠥᠷᠴᠡᠢ᠃ | ᠴᠩᠭᠡᠯᠳᠤ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 831 ᠲᠡᠭᠰᠢ ᠳᠦᠷᠪᠡᠯᠵᠢᠨ ᠺᠢᠯᠤᠮᠧᠲᠷ ᠬᠥᠮᠤᠨ | ᠠᠮᠠ 146ᠡᠷᠤᠬᠡ 398 ᠬᠥᠮᠤᠨ ᠪᠠᠶᠢᠵᠤ ᠂ ᠪᠠᠶᠢᠩᠭᠤ ᠰᠠᠭᠤᠭ᠎ᠠ 94 ᠡᠷᠤᠬᠡ 300 ᠬᠥᠮᠤᠨ ᠪᠣᠢ᠃ | ᠪᠡᠯᠴᠢᠭᠡᠷ 65.65 ᠲᠥᠮᠡᠨ ᠮᠣ᠋᠂ ᠮᠠᠯ ᠤᠨ ᠲᠤᠭ᠎ᠠ 2.7 ᠲᠥᠮᠡᠨ ᠲᠤᠯᠤᠭᠠᠢ᠂ ᠭᠤᠤᠯᠳᠠᠭᠤ ᠡᠯᠡᠰᠣᠨ ᠠᠵᠤ | ᠥᠢᠯᠡᠰ ᠪᠠ ᠬᠠᠰᠢᠶᠠᠯᠠᠨ ᠲᠡᠵᠢᠭᠡᠨ ᠥᠷᠡᠵᠢᠬᠦᠯᠬᠦ ᠪᠠᠷ ᠭᠤᠤᠯᠯᠠᠵᠤ᠂ 2015 ᠣᠨ ᠳᠤ ᠮᠠᠯᠴᠢᠨ ᠲᠠᠷᠢᠶᠠᠴᠢᠳ ᠤᠨ | ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 15813 ᠲᠥᠭᠦᠷᠢᠭ ᠲᠤ ᠬᠥᠷᠴᠡᠢ᠃ | ᠪᠠᠶᠠᠨ ᠬᠤᠩᠭᠤᠷ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 794 ᠲᠡᠭᠰᠢ ᠳᠦᠷᠪᠡᠯᠵᠢᠨ ᠺᠢᠯᠤᠮᠧᠲᠷ᠂ | ᠬᠥᠮᠤᠨ ᠠᠮᠠ 81 ᠡᠷᠤᠬᠡ 229 ᠬᠥᠮᠤᠨ ᠪᠠᠶᠢᠵᠤ᠂ ᠪᠠᠶᠢᠩᠭᠤ ᠰᠠᠭᠤᠭ᠎ᠠ 50 ᠡᠷᠤᠬᠡ 149 ᠬᠥᠮᠤᠨ ᠪᠣᠢ᠃ | ᠪᠡᠯᠴᠢᠭᠡᠷ 44 ᠲᠥᠮᠡᠨ ᠮᠣ᠋᠂ ᠮᠠᠯ ᠤᠨ ᠲᠤᠭ᠎ᠠ 11267 ᠲᠤᠯᠤᠭᠠᠢ᠂ ᠭᠤᠤᠯᠳᠠᠭᠤ ᠡᠯᠡᠰᠣᠨ ᠠᠵᠤ ᠥᠢᠯᠡᠰ ᠪᠠ | ᠬᠠᠰᠢᠶᠠᠯᠠᠨ ᠲᠡᠵᠢᠭᠡᠨ ᠥᠷᠡᠵᠢᠬᠦᠯᠬᠦ ᠪᠠᠷ ᠭᠤᠤᠯᠯᠠᠵᠤ᠂ 2015 ᠣᠨ ᠳᠤ ᠮᠠᠯᠴᠢᠨ ᠲᠠᠷᠢᠶᠠᠴᠢᠳ ᠤᠨ ᠳᠤᠮᠳᠠᠴᠢ | ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 16114 ᠲᠥᠭᠦᠷᠢᠭ ᠲᠤ ᠬᠥᠷᠴᠡᠢ᠃ | ᠤᠷᠭᠢᠬᠤ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 437 ᠲᠡᠭᠰᠢ ᠳᠦᠷᠪᠡᠯᠵᠢᠨ ᠺᠢᠯᠤᠮᠧᠲᠷ᠂ ᠬᠥᠮᠤᠨ ᠠᠮᠠ | 115 ᠡᠷᠤᠬᠡ 309 ᠬᠥᠮᠤᠨ ᠪᠠᠶᠢᠵᠤ᠂ ᠪᠠᠶᠢᠩᠭᠤ ᠰᠠᠭᠤᠭ᠎ᠠ 94 ᠡᠷᠤᠬᠡ 246 ᠬᠥᠮᠤᠨ ᠪᠣᠢ᠃ ᠪᠡᠯᠴᠢᠭᠡᠷ | 54 ᠲᠥᠮᠡᠨ ᠮᠣ᠋᠂ ᠮᠠᠯ ᠤᠨ ᠲᠤᠭ᠎ᠠ 18600 ᠲᠤᠯᠤᠭᠠᠢ᠂ ᠭᠤᠤᠯᠳᠠᠭᠤ ᠲᠡᠵᠢᠭᠡᠨ ᠥᠷᠡᠵᠢᠬᠦᠯᠬᠦ ᠥᠢᠯᠡᠰ ᠢᠶᠠᠷ | ᠭᠤᠤᠯᠯᠠᠵᠤ᠂ 2015 ᠣᠨ ᠳᠤ ᠮᠠᠯᠴᠢᠨ ᠲᠠᠷᠢᠶᠠᠴᠢᠳ ᠤᠨ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ | ᠨᠢ 14713 ᠲᠥᠭᠦᠷᠢᠭ ᠲᠤ ᠬᠥᠷᠴᠡᠢ᠃ | ᠳᠡᠷᠡᠳᠤ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 600 ᠲᠡᠭᠰᠢ ᠳᠦᠷᠪᠡᠯᠵᠢᠨ ᠺᠢᠯᠤᠮᠧᠲᠷ᠂ ᠬᠥᠮᠤᠨ ᠠᠮᠠ | 132 ᠡᠷᠤᠬᠡ 297 ᠬᠥᠮᠤᠨ ᠪᠠᠶᠢᠵᠤ᠂ ᠪᠠᠶᠢᠩᠭᠤ ᠰᠠᠭᠤᠭ᠎ᠠ 87 ᠡᠷᠤᠬᠡ 226 ᠬᠥᠮᠤᠨ ᠪᠣᠢ᠃ ᠪᠡᠯᠴᠢᠭᠡᠷ | 68.9 ᠲᠥᠮᠡᠨ ᠮᠣ᠋᠂ ᠮᠠᠯ ᠤᠨ ᠲᠤᠭ᠎ᠠ 11248 ᠲᠤᠯᠤᠭᠠᠢ᠂ ᠭᠤᠤᠯᠳᠠᠭᠤ ᠬᠠᠰᠢᠶᠠᠯᠠᠨ ᠲᠡᠵᠢᠭᠡᠨ ᠥᠷᠡᠵᠢᠬᠦᠯᠬᠦ | ᠪᠠᠷ ᠭᠤᠤᠯᠯᠠᠵᠤ᠂ 2015 ᠣᠨ ᠳᠤ ᠮᠠᠯᠴᠢᠨ ᠲᠠᠷᠢᠶᠠᠴᠢᠳ ᠤᠨ ᠳᠤᠮᠳᠠᠴᠢ ᠪᠠᠷ ᠬᠥᠮᠤᠨ ᠪᠥᠷᠢ ᠶᠢᠨ ᠴᠡᠪᠡᠷ | ᠤᠷᠤᠯᠭ᠎ᠠ ᠨᠢ 15869 ᠲᠥᠭᠦᠷᠢᠭ ᠲᠤ ᠬᠥᠷᠴᠡᠢ᠃ | ᠲᠤᠭᠯᠢ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 543 ᠲᠡᠭᠰᠢ ᠳᠦᠷᠪᠡᠯᠵᠢᠨ ᠺᠢᠯᠤᠮᠧᠲᠷ᠂ ᠬᠥᠮᠤᠨ ᠠᠮᠠ | 92ᠡᠷᠤᠬᠡ 221 ᠬᠥᠮᠤᠨ ᠪᠠᠶᠢᠵᠤ᠂ ᠪᠠᠶᠢᠩᠭᠤ ᠰᠠᠭᠤᠭ᠎ᠠ 57 ᠡᠷᠤᠬᠡ 128 ᠬᠥᠮᠤᠨ ᠪᠣᠢ᠃ ᠪᠡᠯᠴᠢᠭᠡᠷ 77 | ᠲᠥᠮᠡᠨ ᠮᠣ᠋᠂ ᠮᠠᠯ ᠤᠨ ᠲᠤᠭ᠎ᠠ 1148 ᠲᠤᠯᠤᠭᠠᠢ᠂ ᠭᠤᠤᠯᠳᠠᠭᠤ ᠡᠯᠡᠰᠣᠨ ᠠᠵᠤ ᠥᠢᠯᠡᠰ ᠪᠠ ᠬᠠᠰᠢᠶᠠᠯᠠᠨ | ᠲᠡᠵᠢᠭᠡᠨ ᠥᠷᠡᠵᠢᠬᠦᠯᠬᠦ ᠪᠠᠷ ᠭᠤᠤᠯᠯᠠᠵᠤ᠂ 2015 ᠣᠨ ᠳᠤ ᠮᠠᠯᠴᠢᠨ ᠲᠠᠷᠢᠶᠠᠴᠢᠳ ᠤᠨ ᠳᠤᠮᠳᠠᠴᠢ ᠪᠠᠷ ᠬᠥᠮᠤᠨ | ᠪᠥᠷᠢ ᠶᠢᠨ ᠴᠡᠪᠡᠷ ᠤᠷᠤᠯᠭ᠎ᠠ ᠨᠢ 12409 ᠲᠥᠭᠦᠷᠢᠭ ᠲᠤ ᠬᠥᠷᠴᠡᠢ᠃ | ᠪᠠᠶᠠᠨ᠋ᠠ᠋ᠭᠤᠯᠠ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 809 ᠲᠡᠭᠰᠢ ᠳᠦᠷᠪᠡᠯᠵᠢᠨ ᠺᠢᠯᠤᠮᠧᠲᠷ᠂ ᠬᠥᠮᠤᠨ | ᠠᠮᠠ164 ᠡᠷᠤᠬᠡ 454 ᠬᠥᠮᠤᠨ ᠪᠠᠶᠢᠵᠤ᠂ ᠪᠠᠶᠢᠩᠭᠤ ᠰᠠᠭᠤᠭ᠎ᠠ 51 ᠡᠷᠤᠬᠡ 153 ᠬᠥᠮᠤᠨ ᠪᠣᠢ᠃ | ᠪᠡᠯᠴᠢᠭᠡᠷ 121.35 ᠲᠥᠮᠡᠨ ᠮᠣ᠋᠂ ᠮᠠᠯ ᠤᠨ ᠲᠤᠭ᠎ᠠ 2990 ᠲᠤᠯᠤᠭᠠᠢ᠂ ᠭᠤᠤᠯᠳᠠᠭᠤ ᠡᠯᠡᠰᠣᠨ ᠠᠵᠤ ᠥᠢᠯᠡᠰ | ᠪᠠ ᠬᠠᠰᠢᠶᠠᠯᠠᠨ ᠲᠡᠵᠢᠭᠡᠨ ᠥᠷᠡᠵᠢᠬᠦᠯᠬᠦ ᠪᠠᠷ ᠭᠤᠤᠯᠯᠠᠵᠤ᠂ 2015 ᠣᠨ ᠳᠤ ᠮᠠᠯᠴᠢᠨ ᠲᠠᠷᠢᠶᠠᠴᠢᠳ ᠤᠨ | ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 13365 ᠲᠥᠭᠦᠷᠢᠭ ᠲᠤ ᠬᠥᠷᠴᠡᠢ᠃ | ᠵᠤᠭᠤᠰ ᠲᠤᠯᠤᠭᠠᠢ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 654 ᠲᠡᠭᠰᠢ ᠳᠦᠷᠪᠡᠯᠵᠢᠨ ᠺᠢᠯᠤᠮᠧᠲᠷ᠂ | ᠬᠥᠮᠤᠨ ᠠᠮᠠ 102 ᠡᠷᠤᠬᠡ 274 ᠬᠥᠮᠤᠨ ᠪᠠᠶᠢᠵᠤ᠂ ᠪᠠᠶᠢᠩᠭᠤ ᠰᠠᠭᠤᠭ᠎ᠠ 74 ᠡᠷᠤᠬᠡ 195 ᠬᠥᠮᠤᠨ ᠪᠣᠢ᠃ | ᠪᠡᠯᠴᠢᠭᠡᠷ 64.25 ᠲᠥᠮᠡᠨ ᠮᠣ᠋᠂ ᠮᠠᠯ ᠤᠨ ᠲᠤᠭ᠎ᠠ 4500 ᠲᠤᠯᠤᠭᠠᠢ᠂ ᠭᠤᠤᠯᠳᠠᠭᠤ ᠡᠯᠡᠰᠣᠨ ᠠᠵᠤ ᠥᠢᠯᠡᠰ | ᠪᠠ ᠬᠠᠰᠢᠶᠠᠯᠠᠨ ᠲᠡᠵᠢᠭᠡᠨ ᠥᠷᠡᠵᠢᠬᠦᠯᠬᠦ ᠪᠠᠷ ᠭᠤᠤᠯᠯᠠᠵᠤ᠂ 2015 ᠣᠨ ᠳᠤ ᠮᠠᠯᠴᠢᠨ ᠲᠠᠷᠢᠶᠠᠴᠢᠳ ᠤᠨ | ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 11932 ᠲᠥᠭᠦᠷᠢᠭ ᠲᠤ ᠬᠥᠷᠴᠡᠢ᠃ | ᠬᠥᠬᠡ ᠥᠨᠳᠣᠷ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 840 ᠲᠡᠭᠰᠢ ᠳᠦᠷᠪᠡᠯᠵᠢᠨ ᠺᠢᠯᠤᠮᠧᠲᠷ᠂ | ᠨᠡᠶᠢᠳᠠ ᠬᠥᠮᠤᠨ ᠠᠮᠠ 84 ᠡᠷᠤᠬᠡ 266 ᠬᠥᠮᠤᠨ ᠪᠠᠶᠢᠵᠤ᠂ ᠪᠠᠶᠢᠩᠭᠤ ᠰᠠᠭᠤᠭ᠎ᠠ 49 ᠡᠷᠤᠬᠡ 161 ᠬᠥᠮᠤᠨ | ᠪᠣᠢ᠃ ᠪᠡᠯᠴᠢᠭᠡᠷ 104 ᠲᠥᠮᠡᠨ ᠮᠣ᠋᠂ ᠮᠠᠯ ᠤᠨ ᠲᠤᠭ᠎ᠠ 5100 ᠲᠤᠯᠤᠭᠠᠢ᠂ 2015 ᠣᠨ ᠳᠤ ᠮᠠᠯᠴᠢᠨ | ᠲᠠᠷᠢᠶᠠᠴᠢᠳ ᠤᠨ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 13534 ᠲᠥᠭᠦᠷᠢᠭ ᠲᠤ ᠬᠥᠷᠴᠡᠢ᠃ | | ᠨᠤᠭᠤᠭᠠᠨ ᠲᠤᠯᠢ ᠭᠠᠴᠠᠭ᠎ᠠ ᠲᠡᠭᠷᠢ ᠡᠯᠡᠰᠣᠨ ᠤ ᠵᠠᠬ᠎ᠠ ᠪᠠᠷ᠂ ᠵᠢᠷᠠᠳᠠᠢ ᠪᠠᠯᠭᠠᠰᠣᠨ ᠤ ᠵᠠᠰᠠᠭ ᠤᠨ | ᠤᠷᠳᠤᠨ ᠠᠴᠠ 53 ᠺᠢᠯᠤᠮᠧᠲᠷ ᠵᠠᠶᠢᠲᠠᠢ ᠳᠤ ᠪᠠᠶᠢᠷᠢᠯᠠᠵᠤ᠂ ᠶᠡᠷᠥᠩᠭᠡᠢ ᠲᠠᠯᠠᠪᠠᠢ 583 ᠲᠡᠭᠰᠢ ᠳᠦᠷᠪᠡᠯᠵᠢᠨ | ᠺᠢᠯᠤᠮᠧᠲᠷ᠃ ᠭᠠᠴᠠᠭᠠᠨ ᠳᠤ ᠨᠡᠶᠢᠳᠠ117 ᠡᠷᠤᠬᠡ 387 ᠬᠥᠮᠤᠨ ᠲᠠᠢ᠂ ᠡᠬᠦᠨ ᠳᠤ ᠶᠠᠳᠠᠭᠤ ᠬᠥᠴᠢᠷᠳᠡᠯᠳᠠᠢ | ᠡᠷᠤᠬᠡ ᠶᠢᠨ ᠺᠠᠷᠲ ᠪᠠᠶᠢᠭᠤᠯᠵᠤ ᠳᠠᠩᠰᠠᠯᠠᠭᠰᠠᠨ ᠨᠢ 27 ᠡᠷᠤᠬᠡ 48 ᠬᠥᠮᠤᠨ ᠪᠣᠢ᠃ ᠪᠡᠯᠴᠢᠭᠡᠷ 84.6 ᠲᠥᠮᠡᠨ | ᠮᠣ᠋᠂ ᠲᠠᠷᠢᠶᠠᠨ ᠭᠠᠵᠠᠷ 3750 ᠮᠣ᠋᠂ ᠮᠠᠯ ᠤᠨ ᠲᠤᠭ᠎ᠠ 5000 ᠲᠤᠯᠤᠭᠠᠢ᠂ ᠬᠠᠭᠠᠰ ᠲᠠᠷᠢᠶᠠᠯᠠᠩ ᠬᠠᠭᠠᠰ | ᠮᠠᠯᠵᠢᠬᠤ ᠭᠠᠴᠠᠭ᠎ᠠ ᠪᠣᠯᠣᠨ᠎ᠠ᠂ 2015 ᠣᠨ ᠳᠤ ᠮᠠᠯᠴᠢᠨ ᠲᠠᠷᠢᠶᠠᠴᠢᠳ ᠤᠨ ᠳᠤᠮᠳᠠᠴᠢ ᠪᠠᠷ ᠬᠥᠮᠤᠨ ᠪᠥᠷᠢ ᠶᠢᠨ | ᠴᠡᠪᠡᠷ ᠤᠷᠤᠯᠭ᠎ᠠ ᠨᠢ 13175ᠲᠥᠭᠦᠷᠢᠭ ᠲᠤ ᠬᠥᠷᠴᠡᠢ᠃ | ᠡᠷᠢᠶᠡᠨ ᠲᠤᠯᠤᠭᠠᠢ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 473 ᠲᠡᠭᠰᠢ ᠳᠦᠷᠪᠡᠯᠵᠢᠨ ᠺᠢᠯᠤᠮᠧᠲᠷ᠂ | ᠬᠥᠮᠤᠨ ᠠᠮᠠ 74 ᠡᠷᠤᠬᠡ 263 ᠬᠥᠮᠤᠨ ᠪᠠᠶᠢᠵᠤ᠂ ᠪᠠᠶᠢᠩᠭᠤ ᠰᠠᠭᠤᠭ᠎ᠠ 54 ᠡᠷᠤᠬᠡ 214 ᠬᠥᠮᠤᠨ ᠪᠣᠢ᠃ | ᠪᠡᠯᠴᠢᠭᠡᠷ 43.74 ᠲᠥᠮᠡᠨ ᠮᠣ᠋᠂ ᠮᠠᠯ ᠤᠨ ᠲᠤᠭ᠎ᠠ 16729 ᠲᠤᠯᠤᠭᠠᠢ᠂ ᠭᠤᠤᠯᠳᠠᠭᠤ ᠬᠠᠰᠢᠶᠠᠯᠠᠨ ᠲᠡᠵᠢᠭᠡᠨ | ᠥᠷᠡᠵᠢᠬᠦᠯᠬᠦ ᠪᠠᠷ ᠭᠤᠤᠯᠯᠠᠵᠤ᠂ 2015 ᠣᠨ ᠳᠤ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ | 15824 ᠲᠥᠭᠦᠷᠢᠭ ᠲᠤ ᠬᠥᠷᠴᠡᠢ᠃ | ᠬᠥᠬᠡ ᠲᠤᠯᠤᠭᠠᠢ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 4 ᠲᠡᠭᠰᠢ ᠳᠦᠷᠪᠡᠯᠵᠢᠨ ᠺᠢᠯᠤᠮᠧᠲᠷ᠂ ᠬᠥᠮᠤᠨ | ᠠᠮᠠ 234 ᠡᠷᠤᠬᠡ 540 ᠬᠥᠮᠤᠨ ᠪᠠᠶᠢᠵᠤ᠂ ᠪᠠᠶᠢᠩᠭᠤ ᠰᠠᠭᠤᠭ᠎ᠠ 90 ᠡᠷᠤᠬᠡ 264 ᠬᠥᠮᠤᠨ ᠪᠣᠢ᠃ | ᠲᠠᠷᠢᠶᠠᠨ ᠭᠠᠵᠠᠷ 3650 ᠮᠣ᠋᠂ ᠮᠠᠯ ᠤᠨ ᠲᠤᠭ᠎ᠠ 3450 ᠲᠤᠯᠤᠭᠠᠢ᠂ ᠭᠤᠤᠯᠳᠠᠭᠤ ᠠᠵᠤ ᠠᠬᠤᠢ ᠶᠢᠨ ᠲᠠᠷᠢᠮᠠᠯ | ᠲᠠᠷᠢᠬᠤ ᠪᠠ ᠬᠠᠰᠢᠶᠠᠯᠠᠨ ᠲᠡᠵᠢᠭᠡᠨ ᠥᠷᠡᠵᠢᠬᠦᠯᠬᠦ ᠪᠠᠷ ᠭᠤᠤᠯᠯᠠᠵᠤ᠂ 2015 ᠣᠨ ᠳᠤ ᠮᠠᠯᠴᠢᠨ ᠲᠠᠷᠢᠶᠠᠴᠢᠳ ᠤᠨ | ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 12898 ᠲᠥᠭᠦᠷᠢᠭ ᠲᠤ ᠬᠥᠷᠴᠡᠢ᠃ | ᠰᠢᠪᠡᠭᠡᠳᠤ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 266.88 ᠲᠡᠭᠰᠢ ᠳᠦᠷᠪᠡᠯᠵᠢᠨ ᠺᠢᠯᠤᠮᠧᠲᠷ᠂ ᠬᠥᠮᠤᠨ | ᠠᠮᠠ 123 ᠡᠷᠤᠬᠡ 255 ᠬᠥᠮᠤᠨ ᠪᠠᠶᠢᠵᠤ᠂ ᠪᠠᠶᠢᠩᠭᠤ ᠰᠠᠭᠤᠭ᠎ᠠ 3 ᠡᠷᠤᠬᠡ 10 ᠬᠥᠮᠤᠨ ᠪᠣᠢ᠃ ᠲᠠᠷᠢᠶᠠᠨ | ᠭᠠᠵᠠᠷ 208 ᠮᠣ᠋᠂ ᠪᠡᠯᠴᠢᠭᠡᠷ 40.03 ᠲᠥᠮᠡᠨ ᠮᠣ᠋᠂ 2015 ᠣᠨ ᠳᠤ ᠮᠠᠯᠴᠢᠨ ᠲᠠᠷᠢᠶᠠᠴᠢᠳ ᠤᠨ ᠳᠤᠮᠳᠠᠴᠢ | ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 12741 ᠲᠥᠭᠦᠷᠢᠭ ᠲᠤ ᠬᠥᠷᠴᠡᠢ᠃ | ᠰᠢᠷᠠᠪᠤᠷᠢᠳᠤ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 531 ᠲᠡᠭᠰᠢ ᠳᠦᠷᠪᠡᠯᠵᠢᠨ ᠺᠢᠯᠤᠮᠧᠲᠷ᠂ ᠬᠥᠮᠤᠨ | ᠠᠮᠠ 316 ᠡᠷᠤᠬᠡ 763 ᠬᠥᠮᠤᠨ ᠪᠠᠶᠢᠵᠤ᠂ ᠪᠠᠶᠢᠩᠭᠤ ᠰᠠᠭᠤᠭ᠎ᠠ 158 ᠡᠷᠤᠬᠡ 474 ᠬᠥᠮᠤᠨ ᠪᠣᠢ᠃ | ᠪᠡᠯᠴᠢᠭᠡᠷ 78.8 ᠲᠥᠮᠡᠨ ᠮᠣ᠋᠂ ᠲᠠᠷᠢᠶᠠᠨ ᠭᠠᠵᠠᠷ 10599 ᠮᠣ᠋᠂ ᠮᠠᠯ ᠤᠨ ᠲᠤᠭ᠎ᠠ 9700 ᠲᠤᠯᠤᠭᠠᠢ᠂ | ᠭᠤᠤᠯᠳᠠᠭᠤ ᠠᠵᠤ ᠠᠬᠤᠢ ᠶᠢᠨ ᠲᠠᠷᠢᠮᠠᠯ ᠲᠠᠷᠢᠬᠤ ᠪᠠ ᠬᠠᠰᠢᠶᠠᠯᠠᠨ ᠲᠡᠵᠢᠭᠡᠨ ᠥᠷᠡᠵᠢᠬᠦᠯᠬᠦ ᠪᠠᠷ ᠭᠤᠤᠯᠯᠠᠵᠤ᠂ | 2015 ᠣᠨ ᠳᠤ ᠮᠠᠯᠴᠢᠨ ᠲᠠᠷᠢᠶᠠᠴᠢᠳ ᠤᠨ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ | 13152 ᠲᠥᠭᠦᠷᠢᠭ ᠲᠤ ᠬᠥᠷᠴᠡᠢ᠃ | ᠰᠢᠨ᠎ᠠ ᠬᠤᠤᠳᠤᠭ ᠭᠠᠴᠠᠭ᠎ᠠ ᠭᠠᠴᠠᠭᠠᠨ ᠤ ᠶᠡᠷᠥᠩᠭᠡᠢ ᠲᠠᠯᠠᠪᠠᠢ 421 ᠲᠡᠭᠰᠢ ᠳᠦᠷᠪᠡᠯᠵᠢᠨ ᠺᠢᠯᠤᠮᠧᠲᠷ᠂ | ᠬᠥᠮᠤᠨ ᠠᠮᠠ 120 ᠡᠷᠤᠬᠡ 257 ᠬᠥᠮᠤᠨ ᠪᠠᠶᠢᠵᠤ᠂ ᠪᠠᠶᠢᠩᠭᠤ ᠰᠠᠭᠤᠭ᠎ᠠ 67 ᠡᠷᠤᠬᠡ 162 ᠬᠥᠮᠤᠨ ᠪᠣᠢ᠃ | ᠪᠡᠯᠴᠢᠭᠡᠷ 30.2 ᠲᠥᠮᠡᠨ ᠮᠣ᠋᠂ ᠲᠠᠷᠢᠶᠠᠨ ᠭᠠᠵᠠᠷ 4578 ᠮᠣ᠋᠂ ᠣᠢ ᠰᠢᠭᠤᠢ ᠶᠢᠨ ᠨᠢᠰᠭᠡᠯ ᠢᠶᠠᠷ ᠲᠠᠷᠢᠭᠰᠠᠨ | ᠲᠥᠷᠤᠯ ᠵᠥᠢᠯ ᠤᠨ ᠤᠷᠤᠨ 24.31 ᠲᠥᠮᠡᠨ ᠮᠣ᠋᠂ ᠮᠠᠯ ᠤᠨ ᠲᠤᠭ᠎ᠠ 6172 ᠲᠤᠯᠤᠭᠠᠢ᠂ ᠭᠤᠤᠯᠳᠠᠭᠤ | ᠡᠮ ᠤᠨ ᠮᠠᠲ᠋ᠧᠷᠢᠶᠠᠯ ᠲᠠᠷᠢᠬᠤ ᠪᠠ ᠲᠡᠵᠢᠭᠡᠨ ᠥᠷᠡᠵᠢᠬᠦᠯᠬᠦ ᠪᠠᠷ ᠭᠤᠤᠯᠯᠠᠵᠤ᠂ 2015 ᠣᠨ ᠳᠤ ᠮᠠᠯᠴᠢᠨ | ᠲᠠᠷᠢᠶᠠᠴᠢᠳ ᠤᠨ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 12948 ᠲᠥᠭᠦᠷᠢᠭ ᠲᠤ ᠬᠥᠷᠴᠡᠢ᠃ | | |