ᠪᠠᠶᠠᠨᠨᠢᠷᠤᠭᠤᠨ ᠰᠣᠮᠣ
ᠨᠡᠶᠢᠲᠡᠯᠡᠭᠰᠡᠨ ᠴᠠᠭ᠄
2019/3/1
ᠪᠠᠶᠠᠨᠨᠢᠷᠤᠭᠤᠨ ᠰᠣᠮᠣ   ᠠᠯᠠᠱᠠ ᠵᠡᠬᠦᠨ ᠬᠤᠰᠢᠭᠤᠨ ᠤ ᠪᠠᠷᠠᠭᠤᠨ ᠬᠤᠶᠢᠳᠤ ᠬᠡᠰᠡᠭ ᠲᠤ ᠪᠠᠶᠢᠷᠢᠯᠠᠵᠤ᠂《 ᠭᠤᠷᠪᠠᠨ ᠬᠤᠰᠢᠭᠤ ᠨᠢᠭᠡ ᠰᠢᠶᠠᠨ》 ᠤ ᠵᠠᠮ ᠬᠠᠷᠢᠯᠴᠠᠭᠠᠨ ᠤ ᠴᠢᠬᠤᠯᠠ ᠱᠣᠭᠤᠮ ᠪᠣᠯᠣᠨ᠎ᠠ᠃ ᠴᠠᠬᠢᠯᠭᠠᠨ᠂ ᠵᠠᠮ ᠬᠠᠷᠢᠯᠴᠠᠭ᠎ᠠ᠂ ᠴᠢᠮᠡᠭᠡ ᠨᠡᠪᠳᠡᠷᠯᠡᠭᠡ ᠶᠢᠨ ᠲᠤᠨᠤᠭ ᠲᠥᠬᠦᠷᠤᠭᠡᠮᠵᠢ ᠪᠥᠷᠢᠨ ᠳᠡᠭᠦᠯᠳᠡᠷ᠂ ᠵᠠᠮ ᠬᠠᠷᠢᠯᠴᠠᠭ᠎ᠠ᠂ ᠡᠳ᠋ ᠪᠠᠷᠠᠭ᠎ᠠ ᠶᠢᠨ ᠬᠥᠢᠯᠭᠡᠭᠡ ᠳᠥᠬᠦᠮ ᠲᠥᠳᠡ ᠶᠤᠮ᠃ ᠶᠡᠷᠤᠩᠭᠡᠢ ᠲᠠᠯᠠᠪᠠᠢ 12919 ᠲᠡᠭᠰᠢ ᠳᠦᠷᠪᠡᠯᠵᠢᠨ ᠺᠢᠯᠤᠮᠧᠲᠷ᠂ ᠮᠤᠩᠭᠤᠯ ᠥᠨᠳᠤᠰᠤᠳᠡᠨ ᠢᠶᠠᠷ ᠭᠤᠤᠯᠯᠠᠭᠰᠠᠨ ᠮᠤᠩᠭᠤᠯ ᠬᠢᠲᠠᠳ ᠥᠨᠳᠤᠰᠤᠳᠡᠨ ᠴᠤᠭᠯᠠᠷᠠᠨ ᠰᠠᠭᠤᠷᠢᠰᠢᠭᠰᠠᠨ ᠴᠤᠯ ᠮᠠᠯᠵᠢᠯ ᠤᠨ ᠰᠤᠮᠤ ᠪᠣᠯᠣᠨ᠎ᠠ᠃ 10 ᠬᠠᠷᠢᠶᠠᠳᠤ ᠮᠠᠯᠵᠢᠯ ᠤᠨ ᠭᠠᠴᠠᠭ᠎ᠠ ᠲᠠᠢ᠂ ᠨᠡᠶᠢᠳᠠ 1365 ᠡᠷᠤᠬᠡ 3895 ᠬᠥᠮᠤᠨ ᠠᠮᠠ ᠲᠠᠢ᠂ ᠮᠠᠯᠵᠢᠬᠤ ᠲᠠᠷᠢᠶᠠᠯᠠᠬᠤ ᠬᠥᠮᠤᠨ ᠠᠮᠠ 1208 ᠡᠷᠤᠭᠡ 3680 ᠬᠥᠮᠤᠨ ᠪᠠᠶᠢᠵᠤ᠂ ᠠᠭᠤᠷᠬᠠᠢ ᠶᠢᠨ ᠠᠵᠤ ᠠᠬᠤᠶᠢᠯᠠᠯ 23 ᠰᠠᠣᠷᠢ᠂  ᠪᠤᠷᠵᠢᠨ ᠴᠢᠯᠠᠭᠤᠨ ᠤ ᠠᠵᠤ ᠠᠬᠤᠶᠢᠯᠠᠯ 20 ᠰᠠᠣᠷᠢ ᠪᠣᠢ᠃ 2015 ᠣᠨ ᠤ 12 ᠰᠠᠷ᠎ᠠ ᠶᠢᠨ ᠡᠴᠤᠰ ᠤᠨ ᠪᠥᠷᠢᠳᠭᠡᠭᠰᠡᠨ ᠢᠶᠠᠷ ᠮᠠᠯ ᠤᠨ ᠨᠡᠶᠢᠲᠠ ᠲᠤᠭ᠎ᠠ 8 ᠲᠥᠮᠠ ᠭᠠᠷᠤᠢ ᠲᠤᠯᠤᠭᠠᠢ ᠳᠤ ᠬᠥᠷᠴᠤ᠂ ᠲᠠᠷᠢᠮᠠᠯ ᠤᠨ ᠵᠥᠢᠯ ᠢ ᠲᠠᠷᠢᠭᠰᠠᠨ ᠶᠡᠷᠤᠩᠭᠡᠢ ᠲᠠᠯᠠᠪᠠᠢ 4345 ᠮᠣ᠋᠂ ᠨᠡᠶᠢᠬᠡᠮ ᠤᠨ ᠥᠢᠯᠡᠳᠪᠤᠷᠢᠯᠡᠯ ᠤᠨ ᠶᠡᠷᠤᠩᠭᠡᠢ ᠥᠷᠳᠡᠭ 5 ᠳ᠋ᠥᠩᠰᠢᠭᠤᠷ ᠲᠥᠭᠦᠷᠢᠭ ᠪᠠᠶᠢᠵᠤ᠂ ᠡᠳ᠋ ᠶᠢᠨ ᠵᠠᠰᠠᠭ ᠤᠨ ᠤᠷᠤᠯᠭ᠎ᠠ 4927 ᠲᠥᠮᠡᠨ ᠲᠥᠭᠦᠷᠢᠭ᠂ ᠮᠠᠯᠴᠢᠨ ᠲᠠᠷᠢᠶᠠᠴᠢᠨ ᠤ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 1542 ᠲᠥᠭᠦᠷᠢᠭ ᠲᠤ ᠬᠥᠷᠴᠡᠢ᠃ᠠᠷᠤ ᠬᠤᠳᠳᠤᠭ ᠭᠠᠴᠠᠭ᠎ᠠ    ᠪᠠᠶᠠᠨᠨᠢᠷᠤᠭᠤᠨ ᠰᠣᠮᠣᠨ ᠤ ᠡᠮᠤᠨᠡᠳᠤ ᠬᠡᠰᠡᠭ ᠲᠤ ᠪᠠᠶᠢᠷᠢᠯᠠᠵᠤ᠂ ᠪᠠᠶᠠᠨᠨᠢᠷᠤᠭᠤᠨ ᠰᠤᠮᠤᠨ ᠠᠴᠠ 100km᠂ ᠪᠠᠶᠠᠨᠬᠤᠳᠠ ᠠᠴᠠ130km ᠵᠠᠶᠢᠳᠠᠢ᠃ ᠭᠠᠴᠠᠭᠠᠨ ᠤ ᠶᠡᠷᠤᠩᠬᠡᠢ ᠲᠠᠯᠠᠪᠠᠢ 770 ᠲᠡᠭᠰᠢ ᠳᠦᠷᠪᠡᠯᠵᠢᠨ ᠺᠢᠯᠤᠮᠧᠲᠷ᠂ ᠲᠠᠷᠢᠶᠠᠯᠠᠩ ᠤᠨ ᠳᠠᠯᠠᠪᠠᠢ 1200 ᠮᠤ᠋᠂ ᠣᠶᠢᠵᠢᠭᠤᠯᠣᠭᠰᠠᠨ ᠳᠠᠯᠠᠪᠠᠢ ᠪᠠᠷᠤᠭ 71 ᠲᠦᠮᠡᠨ ᠮᠤ᠋᠂ ᠠᠰᠢᠭᠯᠠᠵᠤ ᠪᠤᠯᠬᠤᠶᠢᠴᠠ ᠡᠪᠡᠰᠦ ᠪᠡᠯᠴᠢᠬᠡᠷ ᠤᠨ ᠲᠠᠯᠠᠪᠠᠢ 108 ᠲᠥᠮᠡᠨ ᠮᠣ᠋ ᠤᠷᠴᠢᠮ ᠪᠠᠶᠢᠳᠠᠭ᠃ ᠭᠠᠴᠠᠭᠠᠨ ᠳᠠᠭᠠᠨ 10 ᠳᠤᠰᠬᠤᠨ ᠤ ᠳᠤᠭᠤᠶᠢᠯᠠᠩ᠂ 1 ᠪᠠᠶᠢᠭᠠᠯᠢᠯᠢᠭ ᠲᠤᠰᠬᠤᠨ ᠲᠠᠢ᠂150 ᠡᠷᠦᠬᠡ 445 ᠮᠠᠯᠴᠢᠨ ᠲᠠᠢ᠃ ᠪᠠᠶᠢᠩᠭᠤ ᠶᠢᠨ ᠬᠦᠮᠦᠨ ᠠᠮᠠ ᠶᠢᠨ ᠲᠤᠭ᠎ᠠ 110 ᠡᠷᠦᠬᠡ 315 ᠳᠤ ᠬᠦᠷᠴᠡᠢ᠃  2015 ᠣᠨ ᠤ 6 ᠰᠠᠷ᠎ᠠ ᠶᠢᠨ ᠡᠴᠣᠰ ᠤᠨ ᠪᠥᠷᠢᠳᠭᠡᠭᠰᠡᠨ ᠢᠶᠠᠷ ᠮᠠᠯ ᠤᠨ ᠪᠥᠬᠦ ᠲᠤᠭ᠎ᠠ 11100 ᠭᠠᠷᠤᠢ ᠪᠠᠶᠢᠵᠤ᠂ 2014 ᠣᠨ ᠤ ᠡᠴᠤᠰ ᠤᠨ ᠥᠶ᠎ᠡ ᠶᠢᠨ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 13282 ᠲᠥᠭᠦᠷᠢᠭ   ᠲᠤ ᠬᠥᠷᠴᠡᠢ᠃ ᠴᠠᠭᠠᠬᠤᠪᠤᠭ᠎ᠠ ᠭᠠᠴᠠᠭ᠎ᠠ   ᠪᠠᠶᠠᠨᠨᠢᠷᠤᠭᠤᠨ ᠰᠣᠮᠣᠨ ᠤ ᠪᠠᠷᠠᠭᠤᠨ ᠬᠡᠰᠡᠭ ᠲᠤ ᠪᠠᠶᠢᠷᠢᠯᠠᠵᠤ᠂ ᠶᠡᠷᠤᠩᠭᠡᠢ ᠲᠠᠯᠠᠪᠠᠢ 1309.54 ᠲᠡᠭᠰᠢ ᠳᠦᠷᠪᠡᠯᠵᠢᠨ ᠺᠢᠯᠤᠮᠧᠲᠷ ᠪᠣᠢ᠃ ᠠᠰᠢᠭᠯᠠᠵᠤ ᠪᠤᠯᠬᠤᠶᠢᠴᠠ ᠨᠣᠳᠤᠭ ᠳᠡᠪᠢᠰᠭᠡᠷ 188.1 ᠲᠥᠮᠡᠨ ᠮᠣ᠋᠂ ᠡᠬᠦᠨ ᠳᠤ ᠲᠠᠷᠢᠶᠠᠨ ᠭᠠᠵᠠᠷ 352 ᠮᠣ᠋᠂ ᠥᠢᠳᠤ ᠭᠠᠵᠠᠷ 120 ᠲᠥᠮᠡᠨ ᠮᠣ᠋ ᠪᠣᠢ᠃ ᠭᠠᠴᠠᠭᠠᠨ  ᠳᠤ ᠨᠡᠶᠢᠳᠠ 158 ᠡᠷᠤᠬᠡ 458 ᠬᠥᠮᠤᠨ ᠠᠮᠠ ᠲᠠᠢ᠂ ᠡᠭᠦᠨ ᠳᠤ ᠶᠠᠳᠠᠭᠤ ᠬᠥᠴᠢᠷᠳᠡᠯᠳᠠᠢ ᠡᠷᠤᠬᠡ 12 ᠡᠷᠤᠬᠡ 27 ᠬᠥᠮᠤᠨ᠂ ᠴᠥᠭᠡᠨ ᠲᠤᠭᠠᠳᠤ ᠥᠨᠳᠣᠰᠣᠳᠡᠨ 237 ᠬᠥᠮᠤᠨ ᠪᠠᠶᠢᠵᠤ᠂ ᠪᠠᠶᠢᠩᠭᠤ ᠰᠠᠭᠤᠭᠠᠯᠢ ᠡᠷᠤᠬᠡ 112 ᠡᠷᠤᠬᠡ 390 ᠬᠥᠮᠤᠨ ᠠᠮᠠ ᠪᠣᠢ᠃ 2015 ᠣᠨ ᠤ ᠡᠴᠤᠰ ᠲᠤ ᠮᠠᠯᠴᠢᠨ ᠲᠠᠷᠢᠶᠠᠴᠢᠨ ᠤ ᠲᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ 18684.2 ᠲᠥᠭᠦᠷᠢᠭ ᠲᠤ ᠬᠥᠷᠴᠡᠢ᠃ᠳᠥᠷᠡᠯᠵᠢ ᠭᠠᠴᠠᠭ᠎ᠠ   ᠪᠠᠶᠠᠨᠨᠢᠷᠤᠭᠤᠨ ᠰᠣᠮᠣ ᠶᠢᠨ ᠵᠡᠬᠦᠨ ᠡᠮᠤᠨᠡᠳᠤ ᠬᠡᠰᠡᠭ ᠲᠤ ᠪᠠᠶᠢᠷᠢᠯᠠᠵᠤ᠂ ᠶᠡᠷᠤᠩᠭᠡᠢ ᠲᠠᠯᠠᠪᠠᠢ 728 ᠲᠡᠭᠰᠢ ᠳᠦᠷᠪᠡᠯᠵᠢᠨ ᠺᠢᠯᠤᠮᠧᠲᠷ ᠪᠣᠢ᠃᠂ ᠡᠬᠦᠨ ᠳᠤ ᠠᠰᠢᠭᠯᠠᠵᠤ ᠪᠤᠯᠬᠤᠶᠢᠴᠠ ᠪᠡᠯᠴᠢᠭᠡᠷ 856074 ᠮᠣ᠋ ᠂ ᠲᠠᠷᠢᠶᠠᠨ ᠭᠠᠵᠠᠷ 211 ᠮᠣ᠋ ᠪᠣᠢ᠃ ᠭᠠᠴᠠᠭᠠᠨ ᠳᠤ ᠨᠡᠶᠢᠳᠠ 68 ᠡᠷᠤᠬᠡ 268 ᠬᠥᠮᠤᠨ ᠠᠮᠠ ᠲᠠᠢ᠂ ᠡᠬᠦᠨ  ᠳᠤ ᠶᠠᠳᠠᠭᠤ ᠬᠥᠴᠢᠷᠳᠡᠯᠳᠠᠢ ᠡᠷᠤᠬᠡ 7 ᠡᠷᠤᠬᠡ 22 ᠬᠥᠮᠤᠨ᠂ ᠴᠥᠬᠡᠨ ᠲᠤᠭᠠᠳᠤ ᠥᠨᠳᠤᠰᠤᠳᠡᠨ 98 ᠬᠥᠮᠤᠨ ᠪᠠᠶᠢᠵᠤ᠂ ᠪᠠᠶᠢᠩᠭᠤ ᠰᠠᠭᠤᠭᠠᠯᠢ ᠡᠷᠤᠬᠡ   ᠨᠢ 68 ᠡᠷᠤᠬᠡ 268 ᠬᠥᠮᠤᠨ ᠠᠮᠠ ᠪᠣᠢ᠃ 2015 ᠣᠨ ᠤ ᠡᠴᠤᠰ  ᠲᠤ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 18074.9 ᠲᠥᠭᠦᠷᠢᠭ ᠲᠤ ᠬᠥᠷᠴᠡᠢ᠃ᠬᠠᠷᠮᠠᠭᠳᠠᠢ ᠭᠠᠴᠠᠭ᠎ᠠ     ᠪᠠᠶᠠᠨᠨᠢᠷᠤᠭᠤᠨ ᠰᠣᠮᠣᠨ ᠤ ᠪᠠᠷᠠᠭᠤᠨ ᠭᠡᠰᠡᠭ ᠲᠤ ᠪᠠᠶᠢᠷᠢᠯᠠᠵᠤ᠂ ᠴᠤᠯ ᠮᠠᠯ ᠠᠵᠤ ᠠᠬᠤᠶᠢᠯᠠᠯ ᠤᠨ ᠭᠠᠴᠠᠭ᠎ᠠ᠂ ᠭᠠᠴᠠᠭᠠᠨ ᠳᠠᠬᠢ ᠮᠠᠯᠴᠢᠨ ᠲᠠᠷᠢᠶᠠᠴᠢᠨ 92 ᠡᠷᠤᠬᠡ 372 ᠬᠥᠮᠤᠨ ᠪᠠᠶᠢᠵᠤ᠂ ᠡᠬᠦᠨ  ᠳᠤ ᠶᠠᠳᠠᠭᠤ ᠬᠥᠴᠢᠷᠳᠡᠯᠳᠠᠢ ᠡᠷᠤᠬᠡ 34 ᠡᠷᠤᠬᠡ 103 ᠬᠥᠮᠤᠨ᠂ ᠴᠥᠭᠡᠨ ᠲᠤᠭᠠᠳᠤ ᠥᠨᠳᠣᠰᠣᠳᠡᠨ 146 ᠬᠥᠮᠤᠨ ᠪᠣᠢ᠃ ᠭᠠᠴᠠᠭᠠᠨ ᠤ ᠪᠡᠯᠴᠢᠭᠡᠷ ᠤᠨ ᠶᠡᠷᠤᠩᠭᠡᠢ ᠲᠠᠯᠠᠪᠠᠢ 528 ᠲᠡᠭᠰᠢ ᠳᠦᠷᠪᠡᠯᠵᠢᠨ ᠺᠢᠯᠤᠮᠧᠲᠷ᠂ ᠲᠠᠷᠢᠶᠠᠨ ᠭᠠᠵᠠᠷ 1600 ᠮᠣ᠋ ᠪᠣᠢ᠃ 2014 ᠣᠨ ᠤ ᠡᠴᠤᠰ ᠲᠤ ᠮᠠᠯᠴᠢᠨ ᠲᠠᠷᠢᠶᠠᠴᠢᠨ ᠤ ᠲᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 13935 ᠲᠥᠭᠦᠷᠢᠭ ᠲᠤ ᠭᠥᠷᠴᠤ᠂ 2015 ᠣᠨ ᠤ 6 ᠰᠠᠷ᠎ᠠ ᠶᠢᠨ ᠡᠴᠣᠰ ᠲᠤ ᠮᠠᠯ ᠤᠨ ᠪᠥᠬᠦ ᠲᠤᠭ᠎ᠠ ᠨᠢ 14900 ᠲᠤᠯᠤᠭᠠᠢ ᠬᠥᠷᠴᠡᠢ᠃ᠬᠤᠳᠠᠨ ᠨᠠᠭᠤᠷ ᠭᠠᠴᠠᠭ᠎ᠠ   ᠪᠠᠶᠠᠨᠨᠢᠷᠤᠭᠤᠨ ᠰᠤᠮᠣᠨ ᠤ ᠡᠮᠤᠨᠡᠳᠤ ᠭᠡᠰᠡᠭ ᠲᠤ ᠪᠠᠶᠢᠷᠢᠯᠠᠵᠤ᠂ ᠴᠣᠯ ᠮᠠᠯ ᠠᠵᠤ ᠠᠬᠤᠶᠢᠯᠠᠯ ᠤᠨ ᠭᠠᠴᠠᠭ᠎ᠠ ᠪᠤᠯᠤᠨ᠎ᠠ᠃ ᠶᠡᠷᠤᠩᠭᠡᠢ ᠲᠠᠯᠠᠪᠠᠢ 973 ᠲᠡᠭᠰᠢ ᠳᠦᠷᠪᠡᠯᠵᠢᠨ ᠺᠢᠯᠤᠮᠧᠲᠷ᠂ ᠡᠭᠦᠨ ᠳᠤ ᠠᠰᠢᠭᠯᠠᠵᠤ ᠪᠤᠯᠬᠤᠶᠢᠴᠠ ᠪᠡᠯᠴᠢᠭᠡᠷ 624 ᠲᠡᠭᠰᠢ ᠳᠦᠷᠪᠡᠯᠵᠢᠨ ᠺᠢᠯᠤᠮᠧᠲᠷ ᠪᠣᠢ᠃ ᠨᠡᠶᠢᠳᠠ111 ᠡᠷᠤᠭᠡ 387 ᠮᠠᠯᠴᠢᠨ ᠲᠠᠢ᠂ ᠡᠭᠦᠨ ᠳᠤ ᠶᠠᠳᠠᠭᠤ ᠬᠥᠴᠢᠷᠳᠡᠯᠳᠠᠢ ᠡᠷᠤᠬᠡ 15 ᠡᠷᠤᠬᠡ 61 ᠬᠥᠮᠤᠨ ᠪᠤᠢ᠃ 2015 ᠣᠨ ᠤ 6 ᠰᠠᠷ᠎ᠠ ᠶᠢᠨ ᠡᠴᠣᠰ ᠲᠤ ᠮᠠᠯ ᠤᠨ ᠪᠥᠬᠦ ᠲᠤᠭ᠎ᠠ 14900 ᠲᠤᠯᠤᠭᠠᠢ ᠬᠥᠷᠴᠤ᠂ 2014 ᠣᠨ ᠤ ᠡᠴᠤᠰ ᠤᠨ ᠥᠶ᠎ᠡ ᠵᠢᠨ‌‍ᠲ᠋ᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 13404 ᠲᠥᠭᠦᠷᠢᠭ ᠲᠤ ᠬᠥᠷᠴᠡᠢ᠃ᠰᠢᠷᠠᠪᠤᠯᠠᠭ ᠭᠠᠴᠠᠭ᠎ᠠ   ᠪᠠᠶᠠᠨᠨᠢᠷᠤᠭᠤᠨ ᠰᠣᠮᠣᠨ ᠤ ᠪᠠᠷᠠᠭᠤᠨ ᠡᠮᠤᠨᠡᠳᠣ ᠭᠡᠰᠡᠭ ᠲᠤ ᠪᠠᠶᠢᠷᠢᠯᠠᠵᠤ᠂ S218 ᠮᠤᠵᠢ ᠶᠢᠨ ᠵᠠᠮ ᠠᠴᠠ 60 ᠺᠢᠯᠣᠮᠧᠲᠷ ᠵᠠᠶᠢᠲᠠᠢ᠃ ᠵᠠᠮ ᠬᠠᠷᠢᠯᠴᠠᠭ᠎ᠠ᠂ ᠴᠠᠬᠢᠯᠭᠠᠨ᠂ ᠴᠢᠮᠡᠭᠡ ᠨᠡᠪᠲᠡᠷᠯᠡᠭᠡ ᠵᠡᠷᠭᠡ ᠰᠠᠭᠤᠷᠢ ᠲᠥᠬᠦᠭᠡᠷᠤᠮᠵᠢ ᠪᠥᠷᠢᠨ ᠲᠡᠭᠦᠯᠳᠡᠷ᠂ ᠴᠠᠰᠤᠨ ᠴᠠᠭᠠᠨ ᠬᠤᠵᠢᠷ᠂ ᠳᠠᠪᠤᠰᠤ ᠵᠡᠷᠭᠡ ᠠᠭᠤᠷᠬᠠᠢ ᠶᠢᠨ ᠡᠬᠢ ᠪᠠᠶᠠᠯᠢᠭ ᠬᠠᠳᠠᠭᠠᠯᠠᠭᠳᠠᠵᠤ ᠪᠣᠢ᠃ ᠶᠡᠷᠤᠩᠭᠡᠢ ᠲᠠᠯᠠᠪᠠᠢ 4850  ᠲᠡᠭᠰᠢ ᠳᠦᠷᠪᠡᠯᠵᠢᠨ ᠺᠢᠯᠤᠮᠧᠲᠷ᠂ ᠠᠰᠢᠭᠯᠠᠵᠤ ᠪᠤᠯᠬᠤᠶᠢᠴᠠ ᠪᠡᠯᠴᠢᠭᠡᠷ 270 ᠲᠥᠮᠡᠨ ᠮᠣ᠋ ᠪᠠᠶᠢᠵᠤ᠂ ᠭᠠᠴᠠᠭᠠᠨ ᠳᠤ ᠨᠡᠶᠢᠲᠠ 114 ᠡᠷᠤᠬᠡ 317 ᠬᠥᠮᠤᠨ ᠠᠮᠠ ᠲᠠᠢ᠂ ᠡᠭᠦᠨ ᠳᠤ ᠶᠠᠳᠠᠭᠤ ᠬᠥᠴᠢᠷᠳᠡᠯᠳᠠᠢ ᠬᠥᠮᠤᠨ ᠠᠮᠠ ᠨᠢ 4 ᠡᠷᠤᠬᠡ 15 ᠬᠥᠮᠤᠨ ᠪᠣᠢ᠃ 2015 ᠣᠨ ᠤ 6 ᠰᠠᠷ᠎ᠠ ᠶᠢᠨ ᠡᠴᠣᠰ ᠲᠤ ᠮᠠᠯ ᠤᠨ ᠪᠥᠬᠦ ᠲᠤᠭ᠎ᠠ 3100 ᠲᠤᠯᠤᠭᠠᠢ ᠬᠥᠷᠴᠤ᠂ 2014 ᠣᠨ ᠤ ᠡᠴᠤᠰ ᠤᠨ ᠥᠶ᠎ᠡ ᠶᠢᠨ ᠮᠠᠯᠴᠢᠨ ᠲᠠᠷᠢᠶᠠᠴᠢᠨ ᠤ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 13328 ᠲᠥᠭᠦᠷᠢᠭ ᠲᠤ ᠬᠥᠷᠴᠡᠢ᠃ᠰᠣᠬᠠᠶᠢᠳᠣ ᠭᠠᠴᠠᠭ᠎ᠠ   ᠪᠠᠶᠠᠨᠨᠢᠷᠤᠭᠤᠨ ᠰᠣᠮᠣᠨ ᠤ ᠵᠡᠬᠦᠨ ᠬᠡᠰᠡᠭ ᠲᠤ ᠪᠠᠶᠢᠷᠢᠯᠠᠵᠤ᠂ ᠶᠡᠷᠤᠩᠭᠡᠢ ᠲᠠᠯᠠᠪᠠᠢ 718 ᠲᠡᠭᠰᠢ ᠳᠦᠷᠪᠡᠯᠵᠢᠨ ᠺᠢᠯᠤᠮᠧᠲᠷ᠂ ᠡᠭᠦᠨ ᠳᠤ ᠪᠡᠯᠴᠢᠭᠡᠷ ᠤᠨ ᠶᠡᠷᠤᠩᠭᠡᠢ ᠲᠠᠯᠠᠪᠠᠢ 622 ᠲᠡᠭᠰᠢ ᠳᠦᠷᠪᠡᠯᠵᠢᠨ ᠺᠢᠯᠤᠮᠧᠲᠷ᠂ ᠠᠰᠢᠭᠯᠠᠵᠤ ᠪᠤᠯᠬᠤᠶᠢᠴᠠ ᠪᠡᠯᠴᠢᠭᠡᠷ 491 ᠲᠡᠭᠰᠢ ᠳᠦᠷᠪᠡᠯᠵᠢᠨ ᠺᠢᠯᠤᠮᠧᠲᠷ᠂ ᠲᠠᠷᠢᠶᠠᠨ ᠭᠠᠵᠠᠷ 114 ᠮᠣ᠋ ᠪᠣᠢ᠃ ᠲᠤᠰ ᠭᠠᠴᠠᠭ᠎ᠠ ᠨᠢ ᠴᠤᠯ ᠮᠠᠯ ᠠᠵᠤ ᠠᠬᠤᠶᠢᠯᠠᠯ ᠤᠨ ᠭᠠᠴᠠᠭ᠎ᠠ ᠪᠠᠶᠢᠵᠤ᠂ ᠭᠠᠵᠠᠷ ᠤᠨ ᠪᠠᠶᠢᠴᠠ  ᠨᠢ ᠡᠯᠡᠰᠣᠷᠭᠡᠭ ᠭᠠᠵᠠᠷ ᠢᠶᠠᠷ ᠭᠤᠤᠯᠯᠠᠵᠤ ᠪᠣᠢ᠃ ᠭᠤᠶᠤᠤ᠂ ᠬᠠᠷᠮᠠᠭ ᠵᠡᠷᠭᠡ ᠲᠠᠷᠢᠮᠠᠯ ᠤᠯᠠᠨ ᠪᠠᠶᠢᠵᠤ᠂ ᠭᠠᠩ ᠬᠠᠭᠤᠷᠠᠢ᠂ ᠬᠤᠷ᠎ᠠ ᠲᠤᠨᠳᠠᠰᠤ ᠴᠥᠬᠡᠨ᠂ ᠰᠠᠯᠬᠢ ᠶᠡᠭᠡ ᠵᠠᠷᠭᠡ ᠤᠨᠴᠠᠯᠢᠭᠳᠤ ᠠᠭᠤᠷ ᠠᠮᠢᠰᠬᠤᠯ ᠲᠠᠢ᠃ 2015 ᠣᠨ ᠤ 6 ᠰᠠᠷ᠎ᠠ ᠶᠢᠨ ᠡᠴᠣᠰ ᠲᠤ ᠮᠠᠯ ᠤᠨ ᠪᠥᠬᠦ ᠲᠤᠭ᠎ᠠ ᠪᠠᠷᠤᠭ 3000 ᠭᠠᠷᠤᠢ ᠲᠤᠯᠤᠭᠠᠢ ᠬᠥᠷᠴᠤ᠂ 2014 ᠣᠨ ᠤ ᠡᠴᠤᠰ ᠤᠨ ᠥᠶ᠎ᠡ ᠶᠢᠨ ᠮᠠᠯᠴᠢᠨ ᠲᠠᠷᠢᠶᠠᠴᠢᠨ ᠤ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 13509 ᠲᠥᠭᠦᠷᠢᠭ ᠲᠤ ᠬᠥᠷᠴᠡᠢ᠃ᠲᠤᠯᠢ ᠭᠠᠴᠠᠭ᠎ᠠ   ᠪᠠᠶᠠᠨᠨᠢᠷᠤᠭᠤᠨ ᠰᠤᠮᠤᠨ ᠤ ᠡᠮᠤᠨᠡᠳᠤ ᠭᠡᠰᠡᠭ ᠲᠤ ᠪᠠᠶᠢᠷᠢᠯᠠᠵᠤ᠂ ᠶᠡᠷᠤᠩᠭᠡᠢ ᠲᠠᠯᠠᠪᠠᠢ 1300 ᠲᠡᠭᠰᠢ ᠳᠦᠷᠪᠡᠯᠵᠢᠨ ᠺᠢᠯᠤᠮᠧᠲᠷ᠂ ᠠᠰᠢᠭᠯᠠᠵᠤ ᠪᠤᠯᠬᠤᠶᠢᠴᠠ ᠪᠡᠯᠴᠢᠭᠡᠷ 139.8 ᠮᠣ᠋ ᠪᠣᠢ᠃ ᠭᠠᠴᠠᠭᠠᠨ ᠤ ᠮᠠᠯᠴᠢᠨ ᠨᠡᠶᠢᠳᠠ 131 ᠡᠷᠤᠬᠡ 378 ᠬᠥᠮᠤᠨ ᠪᠠᠶᠢᠵᠤ᠂ ᠡᠬᠦᠨ ᠳᠤ ᠶᠠᠳᠠᠭᠤ ᠬᠥᠴᠢᠷᠳᠡᠯᠳᠠᠢ ᠡᠷᠤᠬᠡ 5 ᠡᠷᠤᠬᠡ 15 ᠬᠥᠮᠤᠨ᠂ ᠴᠥᠭᠡᠨ ᠲᠤᠭᠠᠳᠤ ᠥᠨᠳᠤᠰᠤᠳᠡᠨ 145 ᠬᠥᠮᠤᠨ ᠪᠣᠢ᠃ 2015 ᠣᠨ ᠤ 6 ᠰᠠᠷ᠎ᠠ ᠶᠢᠨ ᠡᠴᠣᠰ ᠲᠤ ᠮᠠᠯ ᠤᠨ ᠪᠥᠬᠦ ᠲᠤᠭ᠎ᠠ ᠪᠠᠷᠤᠭ 13200 ᠭᠠᠷᠤᠢ ᠲᠤᠯᠤᠭᠠᠢ ᠬᠥᠷᠴᠤ᠂ 2014 ᠣᠨ ᠤ ᠡᠴᠤᠰ ᠤᠨ ᠥᠶ᠎ᠡ ᠶᠢᠨ ᠮᠠᠯᠴᠢᠨ ᠲᠠᠷᠢᠶᠠᠴᠢᠨ ᠤ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 13454 ᠲᠥᠭᠦᠷᠢᠭ ᠲᠤ ᠬᠥᠷᠴᠡᠢ᠃ ᠲᠥᠩᠭᠡᠳᠤ ᠭᠠᠴᠠᠭ᠎ᠠ   ᠪᠠᠶᠠᠨᠨᠢᠷᠤᠭᠤᠨ ᠰᠤᠮᠤᠨ ᠤ ᠵᠡᠬᠦᠨ ᠡᠮᠤᠨᠡᠳᠣ ᠬᠡᠰᠡᠭ᠂ S218 ᠮᠤᠵᠢ ᠶᠢᠨ ᠵᠠᠮ ᠳᠠᠭᠤ ᠪᠠᠶᠢᠷᠢᠯᠠᠵᠤ᠂ ᠵᠠᠮ ᠬᠠᠷᠢᠯᠴᠠᠭ᠎ᠠ ᠳᠥᠬᠦᠮ ᠲᠥᠳᠡ᠂ ᠪᠠᠶᠢᠭᠠᠯᠢ ᠶᠢᠨ ᠨᠥᠭᠦᠴᠡᠯ ᠳᠠᠪᠠᠭᠤᠯᠢᠭ᠂ ᠮᠤᠩᠭᠤᠯ ᠲᠥᠪᠡᠳ ᠦᠭᠡ ᠬᠡᠯᠡᠨ ᠤ ᠶᠡᠭᠡ ᠪᠠᠭᠰᠢ ᠠᠭᠸᠠᠩᠳᠠᠨᠳᠠᠷ ᠤᠨ ᠲᠥᠷᠤᠭ᠍ᠰᠡᠨ ᠨᠣᠳᠤᠭ ᠶᠤᠮ᠃ ᠭᠠᠴᠠᠭᠠᠨ ᠤ ᠶᠡᠷᠥᠩᠭᠡᠢ ᠲᠠᠯᠠᠪᠠᠢ 562.6 ᠲᠡᠭᠰᠢ ᠳᠦᠷᠪᠡᠯᠵᠢᠨ ᠺᠢᠯᠤᠮᠧᠲᠷ᠂ ᠡᠭᠦᠨ ᠳᠤ ᠠᠰᠢᠭᠯᠠᠵᠤ ᠪᠤᠯᠬᠤᠶᠢᠴᠠ ᠪᠡᠯᠴᠢᠭᠡᠷ ᠤᠨ ᠶᠡᠷᠥᠩᠭᠡᠢ ᠲᠠᠯᠠᠪᠠᠢ 71.7 ᠲᠥᠮᠡᠨ ᠮᠣ᠋ ᠪᠣᠢ᠃ ᠭᠠᠴᠠᠭᠠᠨ ᠳᠤ ᠨᠡᠶᠢᠳᠠ 76 ᠡᠷᠤᠬᠡ 223 ᠮᠠᠯᠴᠢᠨ ᠲᠠᠷᠢᠶᠠᠴᠢᠨ ᠲᠠᠢ᠂ ᠡᠭᠦᠨ ᠳᠤ ᠶᠠᠳᠠᠭᠤ ᠬᠥᠴᠢᠷᠳᠡᠯᠳᠠᠢ ᠡᠷᠤᠬᠡ 8 ᠡᠷᠤᠬᠡ 19 ᠬᠥᠮᠤᠨ᠂ ᠴᠥᠬᠡᠨ ᠲᠤᠭᠠᠳᠤ ᠥᠨᠳᠣᠰᠣᠳᠡᠨ 44 ᠬᠥᠮᠤᠨ ᠢ ᠡᠵᠡᠯᠡᠵᠤ ᠪᠣᠢ᠃ 2015 ᠣᠨ ᠤ 6 ᠰᠠᠷ᠎ᠠ ᠶᠢᠨ ᠡᠴᠣᠰ ᠲᠤ ᠮᠠᠯ ᠤᠨ ᠪᠥᠬᠦ ᠲᠤᠭ᠎ᠠ ᠪᠠᠷᠤᠭ 8900 ᠭᠠᠷᠤᠢ ᠲᠤᠯᠤᠭᠠᠢ ᠪᠠᠶᠢᠵᠤ᠂ 2015 ᠣᠨ ᠤ ᠡᠴᠤᠰ ᠤᠨ ᠥᠶ᠎ᠡ ᠶᠢᠨ ᠮᠠᠯᠴᠢᠨ ᠲᠠᠷᠢᠶᠠᠴᠢᠨ ᠤ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 14480 ᠲᠥᠭᠦᠷᠢᠭ ᠲᠤ ᠬᠥᠷᠴᠡᠢ᠃ᠶᠡᠬᠡᠪᠤᠯᠠᠭ ᠭᠠᠴᠠᠭ᠎ᠠ   ᠪᠠᠶᠠᠨᠨᠢᠷᠤᠭᠤᠨ ᠰᠤᠮᠤᠨ ᠳᠤ ᠪᠠᠶᠢᠷᠢᠯᠠᠵᠤ᠂ ᠬᠤᠶᠢᠰᠢ ᠪᠠᠨ ᠥᠯᠵᠡᠢ ᠰᠤᠮᠤ᠂ ᠪᠠᠷᠠᠭᠤᠨᠰᠢ ᠠᠯᠠᠱᠠ ᠪᠠᠷᠠᠭᠤᠨ ᠬᠤᠰᠢᠭᠤ᠂ ᠭᠠᠨᠰᠣ ᠮᠣᠵᠢ ᠲᠠᠢ ᠵᠠᠯᠭᠠᠯᠳᠤᠵᠤ᠂ ᠠᠯᠠᠱᠠ ᠠᠶᠢᠮᠠᠭ ᠤᠨ《 ᠭᠤᠷᠪᠠᠨ ᠬᠤᠰᠢᠭᠤ ᠨᠢᠭᠡ ᠰᠢᠶᠠᠨ》 ᠮᠤᠵᠢ ᠠᠯᠣᠰᠯᠠᠭᠰᠠᠨ ᠵᠠᠮ ᠬᠠᠷᠢᠯᠴᠠᠭᠠᠨ ᠤ ᠭᠤᠤᠯ ᠱᠤᠭᠤᠮ ᠶᠣᠮ᠃ ᠭᠠᠴᠠᠭᠠᠨ ᠳᠤ ᠨᠡᠶᠢᠳᠠ 213 ᠡᠷᠤᠬᠡ 619 ᠮᠠᠯᠴᠢᠨ ᠲᠠᠷᠢᠶᠠᠴᠢᠨ ᠲᠠᠢ᠂ ᠡᠭᠦᠨ ᠳᠤ ᠶᠠᠳᠠᠭᠤ ᠬᠥᠴᠢᠷᠳᠡᠯᠲᠠᠢ ᠡᠷᠤᠬᠡ 72 ᠡᠷᠤᠬᠡ 221 ᠬᠥᠮᠤᠨ᠂ ᠴᠥᠭᠡᠨ ᠲᠤᠭᠠᠳᠤ ᠥᠨᠳᠣᠰᠣᠳᠡᠨ 132 ᠬᠥᠮᠤᠨ ᠢ ᠡᠵᠡᠯᠡᠵᠣ ᠪᠣᠢ᠃  ᠲᠠᠷᠢᠶᠠᠨ ᠭᠠᠵᠠᠷ1600 ᠮᠣ᠋᠂ ᠡᠬᠦᠨ ᠳᠤ ᠪᠥᠳᠤᠮᠵᠢᠳᠠᠢ ᠤᠰᠤᠯᠠᠯᠳᠠ ᠶᠢᠨ ᠲᠠᠯᠠᠪᠠᠢ 1600 ᠮᠣ᠋᠂ ᠥᠢᠳᠦ ᠭᠠᠵᠠᠷ 198195 ᠮᠣ᠋᠂ ᠨᠣᠳᠤᠭ ᠪᠡᠯᠴᠢᠭᠡᠷ 1700580 ᠮᠣ᠋ ᠪᠣᠢ᠃  2015 ᠣᠨ ᠳᠤ ᠮᠠᠯᠴᠢᠨ ᠲᠠᠷᠢᠶᠠᠴᠢᠨ ᠤ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ 6581.5 ᠲᠥᠭᠦᠷᠢᠭ ᠲᠤ ᠬᠥᠷᠴᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号