ᠥᠯᠵᠡᠢ ᠰᠣᠮᠣ
ᠨᠡᠶᠢᠲᠡᠯᠡᠭᠰᠡᠨ ᠴᠠᠭ᠄
2019/3/1
ᠥᠯᠵᠡᠢ ᠰᠣᠮᠣ   ᠠᠯᠠᠱᠠ ᠵᠡᠬᠦᠨ ᠬᠤᠰᠢᠭᠤᠨ ᠤ ᠬᠤᠶᠢᠳᠤ ᠬᠡᠰᠡᠭ ᠲᠤ ᠪᠠᠶᠢᠷᠢᠯᠠᠵᠤ᠂ ᠬᠤᠶᠢᠰᠢ ᠪᠠᠨ ᠮᠤᠩᠭᠤᠯ ᠤᠯᠤᠰ ᠲᠠᠢ ᠬᠢᠯᠢᠯᠡᠵᠤ᠂ ᠬᠢᠯᠢ ᠶᠢᠨ ᠱᠣᠭᠤᠮ ᠤᠨ ᠤᠷᠳᠤ ᠨᠢ 188.678 ᠺᠢᠯᠣᠮᠧᠲᠷ᠂ ᠵᠡᠬᠦᠨᠰᠢ ᠪᠠᠨ ᠪᠠᠶᠠᠨᠨᠠᠭᠤᠷ ᠬᠤᠳᠠ ᠶᠢᠨ ᠤᠷᠠᠳ ᠤᠨ ᠬᠤᠶᠢᠳᠤ ᠬᠤᠰᠢᠭᠤ ᠲᠠᠢ᠂ ᠤᠷᠤᠭᠰᠢ ᠪᠠᠨ ᠪᠠᠶᠠᠨᠨᠢᠷᠤᠭᠤᠨ ᠰᠤᠮᠤ ᠲᠠᠢ ᠵᠠᠯᠭᠠᠯᠳᠤᠨ᠂ ᠪᠠᠷᠠᠭᠤᠨᠰᠢ ᠠᠯᠠᠱᠠ ᠪᠠᠷᠠᠭᠤᠨ ᠬᠤᠰᠢᠭᠤ ᠲᠠᠢ ᠬᠦᠷᠰᠢᠯᠡᠵᠤ ᠪᠤᠢ᠃ ᠭᠠᠵᠠᠷ ᠨᠤᠲᠤᠭ ᠤᠨ ᠶᠡᠷᠤᠩᠭᠡᠢ ᠲᠠᠯᠠᠪᠠᠢ 7707 ᠲᠡᠭᠰᠢ ᠳᠦᠷᠪᠡᠯᠵᠢᠨ ᠺᠢᠯᠤᠮᠧᠲᠷ᠂ ᠨᠡᠶᠢᠳᠠ 258 ᠡᠷᠤᠬᠡ 771 ᠬᠥᠮᠤᠨ ᠠᠮᠠ ᠲᠠᠢ᠃ ᠮᠤᠩᠭᠤᠯ ᠥᠨᠳᠣᠰᠣᠳᠡᠨ ᠨᠢ ᠶᠡᠷᠤᠩᠭᠡᠢ ᠬᠥᠮᠤᠨ ᠠᠮᠠ ᠶᠢᠨ ᠲᠤᠭᠠᠨ ᠤ 86% ᠶᠢ ᠡᠵᠡᠯᠡᠵᠤ᠂ ᠮᠠᠯ ᠠᠵᠤ ᠠᠬᠤᠢ ᠶᠢ ᠡᠷᠬᠢᠯᠡᠵᠤ ᠪᠠᠶᠢᠭ᠎ᠠ ᠬᠥᠮᠤᠨ ᠠᠮᠠ ᠶᠢᠨ ᠲᠤᠭ᠎ᠠ 219 ᠡᠷᠤᠬᠡ 645 ᠬᠥᠮᠤᠨ ᠪᠠᠶᠢᠵᠤ᠂ ᠲᠤᠰᠪᠤᠷᠢ ᠶᠡᠷᠤᠩᠭᠡᠢ ᠲᠤᠭᠠᠨ ᠤ 85% ᠪᠠ 84% ᠶᠢ ᠡᠵᠡᠯᠡᠨ᠂ ᠪᠤᠲᠠᠲᠠᠢ ᠮᠠᠯ ᠠᠵᠤ ᠠᠬᠤᠢ ᠳᠤ ᠤᠷᠤᠯᠴᠠᠵᠤ ᠪᠠᠶᠢᠭ᠎ᠠ ᠬᠥᠮᠤᠨ ᠠᠮᠠ ᠶᠢᠨ ᠲᠤᠭ᠎ᠠ 158 ᠡᠷᠤᠭᠡ 511 ᠬᠥᠮᠤᠨ ᠪᠤᠢ᠃ ᠦᠯᠵᠡᠢ ᠰᠤᠮᠤ ᠪᠣᠯ ᠴᠤᠯ ᠮᠠᠯᠵᠢᠬᠤ ᠰᠤᠮᠤ ᠶᠤᠮ᠂ ᠬᠠᠷᠢᠶᠠᠨ ᠳᠠᠭᠠᠨ ᠦᠨᠳᠦᠷᠮᠤᠳᠤ᠂ ᠱᠠᠷᠽᠠ᠂ ᠦᠯᠵᠡᠶᠢᠰᠠᠶᠢᠬᠠᠨ ᠵᠡᠷᠬᠡ ᠭᠤᠷᠪᠠᠨ ᠭᠠᠴᠠᠭ᠎ᠠ ᠲᠠᠢ᠃ᠱᠠᠷᠽᠠ ᠭᠠᠴᠠᠭ᠎ᠠ    ᠱᠠᠷᠽᠠ ᠭᠡᠳᠡᠭ ᠨᠢ ᠲᠥᠪᠡᠳ ᠦᠭᠡ᠂ ᠮᠠᠨᠤᠨ ᠴᠢᠯᠠᠭᠤ ᠭᠡᠬᠦ ᠤᠳᠬ᠎ᠠ ᠲᠠᠢ᠃ ᠥᠯᠵᠡᠢ ᠰᠣᠮᠣᠨ ᠤ ᠪᠠᠷᠠᠭᠤᠨ ᠡᠮᠤᠨ᠎ᠠ ᠬᠡᠰᠡᠭ ᠲᠤ ᠪᠠᠶᠢᠷᠢᠯᠠᠵᠤ᠂ ᠪᠠᠷᠠᠭᠤᠨᠰᠢ ᠪᠠᠨ ᠠᠯᠠᠱᠠ ᠪᠠᠷᠠᠭᠤᠨ ᠬᠤᠰᠢᠭᠤᠨ ᠤ ᠠᠯᠳ᠋ᠬᠠᠤᠪᠤᠭ᠎ᠠ ᠪᠠᠯᠭᠠᠰᠤ ᠲᠠᠢ ᠬᠦᠷᠰᠢᠯᠡᠵᠤ᠂ ᠶᠡᠷᠤᠩᠭᠡᠢ ᠲᠠᠯᠠᠪᠠᠢ ᠨᠢ 713 ᠲᠡᠭᠰᠢ ᠳᠦᠷᠪᠡᠯᠵᠢᠨ ᠺᠢᠯᠤᠮᠧᠲᠷ᠂ ᠠᠰᠢᠭᠯᠠᠵᠤ ᠪᠤᠯᠬᠤᠶᠢᠴᠠ ᠨᠣᠳᠤᠭ ᠳᠡᠪᠢᠰᠭᠡᠷ ᠤᠨ ᠲᠠᠯᠠᠪᠠᠢ 700 ᠲᠡᠭᠰᠢ ᠳᠦᠷᠪᠡᠯᠵᠢᠨ ᠺᠢᠯᠤᠮᠧᠲᠷ᠂ ᠡᠬᠦᠨ ᠳᠤ ᠨᠡᠶᠢᠳᠠ ᠶᠢᠨ ᠠᠰᠠᠷᠠᠮᠵᠢ ᠶᠢᠨ ᠤᠢ ᠶᠢᠨ ᠶᠡᠷᠤᠩᠭᠡᠢ ᠲᠠᠯᠠᠪᠠᠢ 144326 ᠮᠣ᠋ ᠶᠢ ᠡᠵᠡᠯᠡᠵᠤ ᠪᠣᠢ᠃ ᠨᠠᠶᠢᠳᠠ 49 ᠡᠷᠤᠭᠡ 153 ᠬᠥᠮᠤᠨ ᠠᠮᠠ ᠲᠠᠢ᠂ ᠮᠤᠩᠭᠤᠯ ᠥᠨᠳᠤᠰᠤᠳᠡᠨ ᠨᠢ ᠶᠡᠷᠤᠩᠭᠡᠢ ᠬᠥᠮᠤᠨ ᠠᠮᠠ ᠶᠢᠨ 69.5% ᠶᠢ ᠡᠵᠡᠯᠡᠵᠤ᠂ 2014 ᠣᠨ ᠤ ᠭᠠᠴᠠᠭᠠᠨ ᠤ ᠮᠠᠯ ᠠᠵᠤ ᠠᠬᠤᠢ ᠶᠢᠨ ᠥᠢᠯᠡᠳᠪᠤᠷᠢᠯᠡᠯ ᠤᠨ ᠪᠥᠬᠦ ᠥᠷᠳᠡᠭ ᠨᠢ 384 ᠲᠥᠮᠡᠨ ᠲᠥᠭᠦᠷᠢᠭ ᠪᠠᠶᠢᠵᠤ᠂ ᠳᠤᠮᠳᠠᠴᠢ ᠪᠠᠷ ᠬᠥᠮᠤᠨ ᠪᠥᠷᠢ ᠶᠢᠨ ᠴᠡᠪᠡᠷ ᠤᠷᠤᠯᠭ᠎ᠠ ᠨᠢ 11340 ᠲᠥᠭᠦᠷᠢᠭ ᠲᠤ ᠬᠥᠷᠴᠡᠢ᠂ 2016 ᠣᠨ ᠤ 6 ᠰᠠᠷ᠎ᠠ ᠶᠢᠨ ᠮᠠᠯ ᠤᠨ ᠶᠡᠷᠥᠩᠭᠡᠢ ᠲᠤᠭ᠎ᠠ ᠨᠢ 8194 ᠲᠤᠯᠤᠭᠠᠢ ᠳᠤ ᠬᠦᠷᠴᠤ᠂ ᠬᠤᠤᠰ ᠪᠥᠬᠦᠳᠤ ᠲᠡᠮᠡᠭᠡ 855 ᠶᠢ ᠡᠵᠡᠯᠡᠪᠡ᠃ᠥᠯᠵᠡᠶᠢᠰᠠᠶᠢᠬᠠᠨ ᠭᠠᠴᠠᠭ᠎ᠠ    ᠥᠯᠵᠡᠢ ᠰᠤᠮᠤᠨ ᠤ ᠵᠡᠭᠦᠨ ᠡᠮᠦᠨ᠎ᠡ ᠬᠡᠰᠡᠭ ᠲᠤ ᠪᠠᠶᠢᠷᠢᠯᠠᠵᠤ᠂ ᠤᠷᠤᠭᠰᠢ ᠪᠠᠨ ᠪᠠᠶᠠᠨᠨᠢᠷᠤᠭᠤᠨ ᠰᠤᠮᠤ ᠲᠠᠢ ᠬᠦᠷᠰᠢᠯᠡᠵᠤ᠂ ᠶᠡᠷᠤᠩᠭᠡᠢ ᠲᠠᠯᠠᠪᠠᠢ ᠨᠢ 807 ᠲᠡᠭᠰᠢ ᠳᠦᠷᠪᠡᠯᠵᠢᠨ ᠺᠢᠯᠤᠮᠧᠲᠷ᠂ ᠨᠡᠶᠢᠳᠠ ᠶᠢᠨ ᠠᠰᠠᠷᠠᠮᠵᠢ ᠶᠢᠨ ᠤᠢ ᠶᠢᠨ ᠶᠡᠷᠤᠩᠭᠡᠢ ᠲᠠᠯᠠᠪᠠᠢ 68648 ᠮᠣ᠋᠂ ᠨᠠᠶᠢᠳᠠ 41 ᠡᠷᠤᠬᠡ 130 ᠬᠥᠮᠤᠨ ᠠᠮᠠ ᠲᠠᠢ᠂ ᠡᠭᠦᠨ ᠳᠤ ᠮᠤᠩᠭᠤᠯ ᠥᠨᠳᠣᠰᠣᠳᠡᠨ ᠨᠢ ᠶᠡᠷᠤᠩᠭᠡᠢ ᠬᠥᠮᠤᠨ ᠠᠮᠠ ᠶᠢᠨ 66.4% ᠶᠢ ᠡᠵᠡᠯᠡᠵᠤ᠂  2014 ᠣᠨ ᠤ ᠭᠠᠴᠠᠭᠠᠨ ᠤ ᠮᠠᠯ ᠠᠵᠤ ᠠᠬᠤᠢ ᠶᠢᠨ ᠥᠢᠯᠡᠳᠪᠤᠷᠢᠯᠡᠯ ᠤᠨ ᠪᠥᠬᠦ ᠥᠷᠳᠡᠭ ᠨᠢ 327.8 ᠲᠥᠮᠡᠨ ᠲᠥᠭᠦᠷᠢᠭ ᠪᠠᠶᠢᠵᠤ᠂ ᠳᠤᠮᠳᠠᠴᠢ ᠪᠠᠷ ᠬᠥᠮᠤᠨ ᠪᠥᠷᠢ ᠳᠤ ᠲᠡᠭᠰᠢᠳᠬᠡᠭᠰᠡᠨ ᠴᠡᠪᠡᠷ ᠤᠷᠤᠯᠭ᠎ᠠ  ᠨᠢ 11321 ᠲᠥᠭᠦᠷᠢᠭ ᠲᠤ ᠬᠥᠷᠴᠤ᠂ 2015 ᠣᠨ ᠤ 6 ᠰᠠᠷ᠎ᠠ ᠶᠢᠨ ᠮᠠᠯ ᠤᠨ ᠪᠥᠬᠦ ᠲᠤᠭ᠎ᠠ ᠲᠤᠯᠤᠭᠠᠢ ᠨᠢ 5721 ᠳᠤ ᠬᠦᠷᠴᠤ᠂ ᠬᠤᠤᠰ ᠪᠥᠬᠦᠳᠤ ᠲᠡᠮᠡᠭᠡ  450  ᠶᠢ ᠡᠵᠡᠯᠡᠪᠡ᠃ᠥᠨᠳᠤᠷᠮᠤᠳᠤ ᠭᠠᠴᠠᠭ᠎ᠠ   ᠥᠯᠵᠡᠢ ᠰᠤᠮᠤᠨ ᠤ ᠬᠤᠶᠢᠳᠤ ᠬᠡᠰᠡᠭ ᠲᠤ ᠪᠠᠶᠢᠷᠢᠯᠠᠵᠤ᠂ ᠮᠤᠩᠭᠤᠯ ᠤᠯᠤᠰ ᠲᠠᠢ ᠬᠢᠯᠢ ᠵᠠᠯᠭᠠᠯᠳᠤᠵᠤ ᠪᠣᠢ᠃ ᠶᠡᠷᠥᠩᠭᠡᠢ ᠲᠠᠯᠠᠪᠠᠢ ᠨᠢ 6187 ᠲᠡᠭᠰᠢ ᠳᠦᠷᠪᠡᠯᠵᠢᠨ ᠺᠢᠯᠤᠮᠧᠲᠷ᠂ ᠨᠡᠶᠢᠳᠠ ᠶᠢᠨ ᠠᠰᠠᠷᠠᠮᠵᠢ ᠶᠢᠨ ᠤᠢ ᠶᠢᠨ ᠲᠠᠯᠠᠪᠠᠢ ᠨᠢ 129367 ᠮᠣ᠋᠂ ᠨᠡᠶᠢᠳᠠ 123 ᠡᠷᠤᠭᠡ 352 ᠬᠥᠮᠤᠨ ᠠᠮᠠ ᠲᠠᠢ᠂ ᠡᠬᠦᠨ ᠳᠤ ᠮᠤᠩᠭᠤᠯ ᠥᠨᠳᠤᠰᠣᠳᠡᠨ ᠨᠢ ᠶᠡᠷᠤᠩᠭᠡᠢ ᠬᠥᠮᠤᠨ ᠠᠮᠠ ᠶᠢᠨ 93.2% ᠢ ᠡᠵᠡᠯᠡᠵᠤ᠂ 2014 ᠣᠨ ᠤ ᠭᠠᠴᠠᠭᠠᠨ ᠤ ᠮᠠᠯ ᠠᠵᠤ ᠠᠬᠤᠢ ᠶᠢᠨ ᠥᠢᠯᠡᠳᠪᠤᠷᠢᠯᠡᠯ ᠤᠨ ᠪᠥᠬᠦ ᠥᠷᠳᠡᠭ ᠨᠢ 963.6 ᠲᠥᠮᠡᠨ ᠲᠥᠭᠦᠷᠢᠭ᠂ ᠳᠤᠮᠳᠠᠴᠢ ᠪᠠᠷ ᠬᠥᠮᠤᠨ ᠪᠥᠷᠢ ᠳᠤ ᠲᠡᠭᠰᠢᠳᠬᠡᠭᠰᠡᠨ ᠴᠡᠪᠡᠷ ᠤᠷᠤᠯᠭ᠎ᠠ ᠨᠢ 11394 ᠲᠥᠭᠦᠷᠢᠭ ᠲᠤ ᠬᠥᠷᠴᠤ᠂ 2015ᠣᠨ ᠤ 6 ᠰᠠᠷ᠎ᠠ ᠶᠢᠨ ᠮᠠᠯ ᠤᠨ ᠪᠥᠬᠦ ᠲᠤᠭ᠎ᠠ ᠨᠢ 24175 ᠲᠤᠭ᠎ᠠ ᠲᠤᠯᠤᠭᠠᠢ ᠳᠤ ᠬᠦᠷᠴᠤ᠂ ᠬᠤᠤᠰ ᠪᠥᠬᠦᠳᠤ ᠲᠡᠮᠡᠭᠡ 2125 ᠶᠢ ᠡᠵᠡᠯᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号