ᠲᠦᠷᠦ ᠶᠢᠨ ᠶᠠᠪᠤᠳᠠᠯ ᠤᠨ ᠬᠤᠷᠢᠶᠠᠨ ᠤ | ᠬᠡᠪᠯᠡᠯ ᠮᠡᠳᠡᠬᠡᠯᠡᠯ ᠤᠨ ᠠᠯᠪᠠᠨ 21 ᠤ ᠡᠳᠤᠷ | ᠬᠡᠪᠯᠡᠯ ᠮᠡᠳᠡᠬᠡᠯᠡᠯ ᠤᠨ ᠬᠤᠷᠠᠯ ᠬᠢᠵᠤ᠂ | ᠠᠷᠠᠳ ᠤᠨ ᠶᠠᠪᠤᠳᠠᠯ ᠤᠨ ᠶᠠᠮᠤᠨ ᠤ ᠰᠠᠢᠢᠳ | ᠬᠤᠸᠠᠩ ᠱᠦ ᠰᠢᠶᠠᠨ᠂ 2019 ᠤᠨ ᠳᠤ ᠠᠷᠠᠳ ᠤᠨ | ᠶᠠᠪᠤᠳᠠᠯ ᠤᠨ ᠶᠠᠮᠤᠨ ᠨᠠᠮ ᠤᠨ ᠲᠦᠪ | ᠬᠤᠷᠢᠶᠠᠨ ᠤ ᠬᠠᠯᠠᠮᠵᠢᠯᠠᠵᠤ ᠪᠤᠢ᠂ | ᠨᠡᠶᠢᠬᠡᠮ ᠤᠨ ᠠᠩᠬᠠᠷᠤᠯ ᠳᠤ ᠤᠷᠤᠵᠤ ᠪᠤᠢ | ᠵᠠᠷᠢᠮ ᠴᠢᠬᠤᠯᠠ ᠠᠰᠠᠭᠤᠳᠠᠯ ᠢ ᠬᠦᠴᠦᠯᠡᠨ | ᠰᠢᠶ᠋ᠳᠪᠦᠷᠢᠯᠡᠵᠤ᠂ ᠠᠷᠠᠳ ᠤᠨ | ᠶᠠᠪᠤᠳᠠᠯ ᠤᠨ ᠦᠢᠯᠡᠰ ᠤᠨ | ᠬᠦᠭ᠍ᠵᠢᠯᠳᠡ ᠶᠢᠨ ᠰᠠᠭᠠᠳ᠂ ᠲᠤᠳᠠᠭᠤᠳᠠᠯ ᠢ | ᠠᠷᠢᠯᠭᠠᠵᠤ᠂ ᠠᠷᠠᠳ ᠲᠦ ᠠᠰᠢᠭ ᠲᠤᠰᠠ | ᠬᠦᠷᠳᠡᠬᠡᠬᠦ᠂ ᠲᠦᠬᠦᠮ ᠦᠵᠡᠬᠦᠯᠬᠦ | ᠵᠡᠷᠬᠡ ᠳᠤ ᠲᠤᠯᠭᠠᠷᠠᠬᠤ ᠬᠦᠴᠢᠷᠳᠡᠯ ᠢ | ᠰᠢᠶ᠋ᠳᠪᠦᠷᠢᠯᠡᠵᠤ᠂ ᠠᠷᠠᠳ ᠲᠦᠮᠡᠨ | ᠤᠨᠴᠠᠭᠠᠶᠢᠯᠠᠨ ᠠᠷᠠᠳ ᠤᠨ ᠶᠠᠪᠤᠳᠠᠯ ᠤᠨ | ᠦᠢᠯᠡᠴᠢᠯᠡᠬᠡ ᠶᠢ ᠬᠦᠷᠳᠡᠭᠰᠡᠳ ᠤᠨ | ᠬᠦᠷᠳᠡᠬᠡᠮᠵᠢ ᠶᠢᠨ ᠰᠡᠳᠬᠢᠯᠬᠡ᠂ ᠠᠵᠠ | ᠵᠢᠷᠭᠠᠯᠳᠤ ᠰᠡᠳᠬᠢᠯᠬᠡ ᠪᠤᠯᠤᠨ ᠠᠮᠤᠷ ᠮᠡᠨᠳᠤ | ᠰᠡᠳᠬᠢᠯᠬᠡ ᠶᠢ ᠪᠤᠳᠠᠳᠠᠢ | ᠲᠡᠭᠡᠭ᠍ᠰᠢᠯᠡᠬᠦᠯᠦᠨ᠎ᠡ ᠬᠡᠵᠤ | ᠢᠯᠡᠷᠬᠡᠶᠢᠯᠡᠪᠡ᠃ | ᠠᠷᠠᠳ ᠲᠦᠮᠡᠨ ᠳᠤ ᠪᠤᠳᠠᠳᠠᠢ ᠠᠰᠢᠭ | ᠬᠦᠷᠳᠡᠬᠡᠬᠦ ᠳᠤ ᠬᠡᠷᠡᠭᠵᠢᠬᠦᠯᠬᠦ 10 | ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠲᠤᠳᠤᠷᠠᠭᠤᠯᠪᠠᠯ᠄ | ᠨᠢᠬᠡ᠂ ᠶᠠᠳᠠᠭᠤ ᠡᠴᠡ ᠠᠩᠬᠢᠵᠢᠷᠠᠭᠤᠯᠵᠤ | ᠪᠤᠭᠤᠮᠳᠠ ᠰᠢᠪᠳᠤᠯᠬᠤ ᠳᠤ ᠦᠨᠳᠤᠰᠦᠨ | ᠵᠦᠢᠯ ᠢ ᠪᠠᠳᠤᠯᠠᠬᠤ ᠶᠠᠪᠤᠴᠠ ᠳ᠋ᠦ ᠲᠦᠷ ᠴᠠᠭ | ᠲᠤᠰᠠᠯᠠᠬᠤ ᠠᠵᠢᠯ ᠢ ᠬᠢᠬᠦ ᠲᠤᠬᠠᠢ ᠰᠠᠨᠠᠯ ᠢ | ᠰᠤᠳᠤᠯᠤᠨ ᠲᠤᠭᠳᠠᠭᠠᠨ᠎ᠠ᠃ | ᠬᠤᠶᠠᠷ᠂ ᠤᠨᠴᠠᠭᠠᠢ ᠬᠦᠴᠢᠷᠳᠡᠯᠲᠡᠢ | ᠬᠦᠮᠦᠰ ᠢ ᠲᠤᠰ ᠲᠤᠰ ᠢᠶᠡᠷ ᠨᠢ ᠠᠰᠠᠷᠠᠨ | ᠬᠠᠷᠭᠠᠯᠵᠠᠬᠤ ᠲᠤᠰᠠᠯᠠᠮᠵᠢ ᠶᠢᠨ | ᠦᠢᠯᠡᠴᠢᠯᠡᠬᠡ ᠶᠢ ᠤᠯᠠᠮ ᠴᠢᠩᠭ᠋ᠠᠳᠬᠠᠬᠤ | ᠲᠤᠬᠠᠢ ᠰᠠᠨᠠᠯ ᠢ ᠲᠤᠭᠳᠠᠭᠠᠨ᠎ᠡ᠃ | ᠭᠤᠷᠪᠠ᠂ ᠶᠠᠳᠠᠭᠤ ᠡᠴᠡ ᠠᠩᠬᠢᠵᠢᠷᠠᠭᠤᠯᠵᠤ | ᠪᠤᠭᠤᠮᠳᠠ ᠰᠢᠪᠳᠤᠯᠬᠤ ᠳᠤ ᠬᠦᠭ᠍ᠵᠢᠯ ᠤᠨ | ᠬᠦᠨᠳᠤ ᠪᠡᠷᠬᠡᠰᠢᠶᠡᠯ ᠲᠠᠢ ᠶᠠᠳᠠᠭᠤ | ᠬᠦᠴᠢᠷᠳᠡᠯᠲᠡᠢ ᠬᠦᠮᠦᠰ ᠢ ᠠᠰᠠᠷᠠᠨ | ᠬᠠᠷᠭᠠᠯᠵᠠᠬᠤ ᠦᠢᠯᠡᠴᠢᠯᠡᠬᠡᠨ ᠤ ᠠᠵᠢᠯ ᠤᠨ | ᠬᠦᠴᠦᠯᠡᠴᠡ ᠶᠢ ᠤᠯᠠᠮ ᠢᠶᠡᠷ | ᠴᠢᠩᠭ᠋ᠠᠳᠬᠠᠨ᠎ᠠ᠃ | ᠲᠦᠷᠪᠡ᠂ ᠪᠤᠶᠠᠨ ᠤ ᠦᠢᠯᠡᠰ | ᠢᠳᠡᠭᠡᠮᠵᠢ ᠶᠢᠨ ᠦᠮᠴᠢ ᠬᠦᠷᠦᠩᠬᠡ ᠶᠢᠨ | ᠰᠤᠷᠠᠭ ᠵᠠᠩᠬᠢ ᠶᠢ ᠢᠯᠡ ᠪᠠᠶᠢᠯᠭᠠᠬᠤ ᠠᠷᠭ᠎ᠠ | ᠬᠡᠮᠵᠢᠶ᠎ᠡ ᠶᠢ ᠰᠤᠳᠤᠯᠤᠨ | ᠬᠡᠷᠡᠭᠵᠢᠬᠦᠯᠵᠤ᠂ ᠪᠤᠶᠠᠨ ᠤ ᠦᠢᠯᠡᠰ | ᠢᠳᠡᠭᠡᠮᠵᠢ ᠶᠢᠨ ᠦᠮᠴᠢ ᠬᠦᠷᠦᠩᠬᠡ ᠶᠢᠨ | ᠰᠤᠷᠠᠭ ᠵᠠᠩᠬᠢ ᠶᠢ ᠢᠯᠡ ᠪᠠᠢᠢᠯᠭᠠᠬᠤ | ᠠᠵᠢᠯᠯᠠᠭ ᠶᠢ ᠤᠯᠠᠮ ᠢᠶᠡᠷ | ᠲᠦᠷᠢᠮᠵᠢᠬᠦᠯᠵᠤ᠂ ᠨᠡᠶᠢᠬᠡᠮ ᠤᠨ ᠨᠡᠩ ᠤᠯᠠᠨ | ᠬᠦᠴᠦ ᠶᠢ ᠶᠠᠳᠠᠭᠤ ᠡᠴᠡ ᠠᠩᠬᠢᠵᠢᠷᠠᠭᠤᠯᠵᠤ | ᠪᠤᠭᠤᠮᠳᠠ ᠰᠢᠪᠳᠤᠯᠬᠤ ᠳᠤ ᠲᠠᠶᠢᠴᠢᠯᠠᠨ | ᠤᠷᠤᠯᠴᠠᠭᠤᠯᠤᠨ᠎ᠠ᠃ | ᠲᠠᠪᠤ᠂ ᠬᠤᠳᠠ ᠬᠦᠳᠡᠬᠡ ᠲᠤᠰᠬᠤᠨ ᠨᠡᠶᠢᠬᠡᠮ | ᠲᠤᠭᠤᠷᠢᠭ ᠢ ᠵᠠᠰᠠᠬᠤ ᠭᠤᠷᠪᠠᠨ ᠵᠢᠯ ᠤᠨ | ᠠᠵᠢᠯᠯᠠᠭᠠᠨ ᠤ ᠲᠦᠯᠦᠪᠯᠡᠬᠡ ᠪᠤᠯᠤᠨ | ᠲᠤᠰᠬᠤᠨ ᠤ ᠵᠡᠷᠬᠡᠯᠡᠯ ᠤᠨ | ᠶᠡᠷᠦᠩᠬᠡᠶᠢᠯᠡᠭᠰᠡᠨ ᠦᠢᠯᠡᠴᠢᠯᠡᠬᠡᠨ ᠤ | ᠴᠢᠳᠠᠮᠵᠢ ᠶᠢᠨ ᠲᠦᠷᠦ ᠶᠢᠨ | ᠪᠤᠳᠤᠯᠭ᠎ᠠ ᠶᠢᠨ ᠲᠤᠬᠠᠢ | ᠰᠠᠨᠠᠯ ᠲᠤᠭᠳᠠᠭᠠᠬᠤ ᠶᠢ ᠠᠬᠢᠭᠤᠯᠵᠤ᠂ | ᠬᠦᠳᠡᠬᠡ ᠲᠤᠰᠬᠤᠨ ᠤ ᠨᠡᠶᠢᠳᠡ ᠶᠢᠨ | ᠦᠢᠯᠡᠴᠢᠯᠡᠬᠡ ᠤᠨᠴᠠᠭᠠᠶᠢᠯᠠᠨ ᠲᠤᠮᠳᠠ | ᠪᠠᠷᠠᠭᠤᠨ ᠪᠦᠰᠡ ᠨᠤᠳᠤᠭ ᠤᠨ ᠶᠠᠳᠠᠭᠤ | ᠬᠦᠴᠢᠷᠳᠡᠯᠲᠡᠢ ᠭᠠᠵᠠᠷ ᠤᠷᠤᠨ ᠤ ᠬᠦᠳᠡᠬᠡ | ᠲᠤᠰᠬᠤᠨ ᠤ ᠨᠡᠶᠢᠳᠡ ᠶᠢᠨ | ᠦᠢᠯᠡᠴᠢᠯᠡᠬᠡᠨ ᠤ ᠲᠤᠳᠠᠭᠤᠳᠠᠯ ᠢ | ᠨᠦᠬᠦᠪᠦᠷᠢᠯᠡᠵᠤ᠂ ᠬᠦᠳᠡᠬᠡ ᠲᠤᠰᠬᠤᠨ ᠤ | ᠢᠷᠬᠡᠳ ᠲᠤ ᠲᠦᠬᠦᠮ ᠦᠵᠡᠬᠦᠯᠬᠦ | ᠶᠡᠷᠦᠩᠬᠡᠶᠢᠯᠡᠭᠰᠡᠨ ᠦᠢᠯᠡᠴᠢᠯᠡᠬᠡᠨ ᠤ | ᠰᠢᠰᠲ᠋ᠧᠮ ᠪᠠᠶᠢᠭᠤᠯᠬᠤ ᠶᠢ | ᠲᠦᠷᠭᠡᠳᠭᠡᠨ᠎ᠡ᠃ | ᠵᠢᠷᠭᠤᠭ᠎ᠠ᠂ ᠦᠨᠳᠤᠰᠦᠨ ᠱᠠᠳᠤᠨ ᠤ | ᠵᠠᠰᠠᠭ ᠤᠨ ᠤᠷᠳᠤᠨ ᠤ ᠡᠯ᠎ᠡ ᠴᠢᠳᠠᠮᠵᠢᠳᠤ | ᠰᠠᠯᠠᠭ᠎ᠠ ᠮᠦᠴᠢᠷ ᠪᠤᠯᠤᠨ ᠡᠯ᠎ᠡ ᠲᠦᠷᠦᠯ ᠤᠨ | ᠺᠤᠮᠫᠠᠨᠢ ᠠᠵᠤ ᠦᠢᠯᠡᠰ ᠤᠨ | ᠪᠠᠶᠢᠭᠤᠯᠤᠯᠭ᠎ᠠ ᠡᠴᠡ ᠦᠨᠳᠤᠰᠦᠨ ᠱᠠᠳᠤᠨ ᠤ | ᠤᠯᠠᠨ ᠲᠦᠮᠡᠨᠴᠢ ᠴᠢᠨᠠᠷᠲᠠᠢ ᠦᠪᠡᠷᠳᠡᠬᠡᠨ | ᠵᠠᠰᠠᠬᠤ ᠵᠤᠬᠢᠶᠠᠨ ᠪᠠᠶᠢᠭᠤᠯᠤᠯᠳᠠ ᠪᠠᠷ | ᠭᠠᠷᠭᠠᠯᠭᠠᠬᠰᠠᠨ ᠡᠯ᠎ᠡ ᠲᠦᠷᠦᠯ ᠤᠨ | ᠭᠡᠷᠡᠴᠢ ᠶᠢ ᠪᠦᠬᠦ ᠲᠠᠯ᠎ᠠ ᠪᠡᠷ | ᠴᠡᠪᠡᠷᠯᠡᠵᠦ᠂ ᠬᠤᠳᠠ ᠬᠦᠳᠡᠬᠡ ᠨᠡᠶᠢᠬᠡᠮ | ᠲᠤᠭᠤᠷᠢᠭ ᠤᠨ ᠢᠷᠭᠡᠳ ᠲᠤ ᠦᠢᠯᠡᠴᠢᠯᠡᠬᠦ | ᠦᠨᠳᠤᠰᠦᠨ ᠴᠢᠳᠠᠮᠵᠢ ᠶᠢ ᠨᠢ ᠰᠡᠷᠬᠦᠬᠡᠨ᠎ᠡ᠃ | ᠲᠤᠯᠤᠭ᠎ᠠ᠂ ᠨᠡᠶᠢᠬᠡᠮ ᠤᠨ ᠵᠤᠬᠢᠶᠠᠨ | ᠪᠠᠶᠢᠭᠤᠯᠤᠯᠳᠠ ᠶᠢᠨ ᠲᠠᠩᠰᠠᠯᠠᠬᠤ | ᠬᠠᠮᠢᠶᠠᠷᠤᠯᠳᠠ ᠶᠢᠨ ᠲᠦᠷᠢᠮ ᠤᠨ ᠬᠠᠤᠯᠢ | ᠲᠤᠭᠳᠠᠭᠠᠬᠤ ᠶᠢ ᠠᠬᠢᠭᠤᠯᠵᠤ᠂ | ᠨᠡᠶᠢᠬᠡᠮ ᠤᠨ ᠵᠤᠬᠢᠶᠠᠨ | ᠪᠠᠶᠢᠭᠤᠯᠤᠯᠳᠠ ᠶᠢᠨ ᠬᠠᠮᠢᠶᠠᠷᠤᠯᠳᠠ ᠶᠢᠨ | ᠲᠦᠷᠢᠮ ᠲᠤᠭᠳᠠᠭᠠᠯ ᠲᠦᠷᠦ ᠶᠢᠨ | ᠪᠤᠳᠤᠯᠭ᠎ᠠ ᠶᠢ ᠲᠡᠬᠦᠯᠳᠡᠷᠵᠢᠬᠦᠯᠵᠤ᠂ | ᠨᠡᠶᠢᠬᠡᠮ ᠤᠨ ᠵᠤᠬᠢᠶᠠᠨ | ᠪᠠᠶᠢᠭᠤᠯᠤᠯᠳᠠ ᠶᠢᠨ ᠬᠠᠮᠢᠶᠠᠷᠤᠯᠳᠠ ᠶᠢ | ᠬᠠᠤᠯᠢ ᠴᠠᠭᠠᠵᠠ ᠪᠡᠷ ᠰᠠᠶᠢᠳᠤᠷ ᠬᠢᠵᠤ᠂ | ᠨᠡᠶᠢᠬᠡᠮ ᠤᠨ ᠵᠤᠬᠢᠶᠠᠨ | ᠪᠠᠶᠢᠭᠤᠯᠤᠯᠳᠠ ᠶᠢᠨ ᠢᠳᠡᠪᠬᠢ ᠦᠢᠯᠡᠳᠤᠯ ᠢ | ᠨᠡᠩ ᠰᠠᠶᠢᠨ ᠪᠠᠳᠠᠷᠠᠭᠤᠯᠤᠨ᠎ᠠ᠃ | ᠨᠠᠶ᠋ᠮᠠ᠂ ᠬᠤᠳᠠ ᠳᠤ ᠤᠷᠤᠨ ᠰᠠᠭᠤᠴᠠ ᠦᠭᠡᠢ | ᠭᠤᠢᠢᠷᠠᠨᠴᠢ ᠲᠡᠨᠦᠬᠦᠯᠴᠢᠳ ᠢ ᠲᠤᠰᠠᠯᠠᠬᠤ | ᠬᠠᠮᠢᠶᠠᠷᠤᠯᠳᠠ ᠶᠢᠨ ᠠᠷᠭ᠎ᠠ ᠶᠢ | ᠤᠯᠠᠮ ᠢᠶᠡᠷ ᠲᠡᠬᠦᠯᠳᠡᠷᠵᠢᠬᠦᠯᠵᠤ᠂ | ᠲᠡᠳᠡᠨ ᠤ ᠬᠠᠤᠯᠢ ᠶᠤᠰᠤᠨ ᠤ ᠡᠷᠬᠡ ᠠᠰᠢᠭ ᠢ | ᠪᠠᠳᠤᠯᠠᠨ᠎ᠠ᠃ | ᠶᠢᠰᠦ᠂ ᠤᠷᠤᠰᠢᠭᠤᠯᠭ᠎ᠠ ᠢᠢᠨ | ᠬᠠᠮᠢᠶᠠᠷᠤᠯᠳᠠ ᠶᠢᠨ ᠲᠦᠷᠢᠮ ᠢ | ᠵᠠᠰᠠᠪᠤᠷᠢᠯᠠᠨ ᠲᠤᠭᠳᠠᠭᠠᠬᠤ ᠲᠠᠢ | ᠤᠶᠠᠯᠳᠤᠭᠤᠯᠵᠤ᠂ ᠦᠢᠯᠡᠴᠢᠯᠡᠬᠡ ᠪᠤᠯᠤᠨ | ᠬᠢᠨᠠᠨ ᠬᠠᠮᠢᠶᠠᠷᠬᠤ᠂ ᠤᠷᠤᠰᠢᠭᠤᠯᠭ᠎ᠠ ᠶᠢᠨ | ᠠᠵᠢᠯ ᠤᠨ ᠦᠬᠡᠷᠡᠴᠢᠯᠡᠯᠳᠡ ᠶᠢ | ᠬᠦᠨᠵᠡᠬᠡᠶᠢᠷᠡᠬᠦᠯᠬᠦ ᠲᠦᠷᠦ ᠶᠢᠨ | ᠪᠤᠳᠤᠯᠭ᠎ᠠ ᠶᠢᠨ ᠮᠠᠲ᠋ᠧᠷᠢᠶᠠᠯ ᠢ | ᠰᠤᠳᠤᠯᠤᠨ ᠲᠤᠭᠳᠠᠭᠠᠵᠤ᠂ ᠤᠷᠤᠰᠢᠭᠤᠯᠭ᠎ᠠ | ᠢᠢᠨ ᠨᠡᠶᠢᠬᠡᠮ ᠨᠡᠶᠢᠳᠡ ᠶᠢᠨ | ᠦᠢᠯᠡᠴᠢᠯᠡᠬᠡᠨ ᠤ ᠰᠢᠰᠲ᠋ᠧᠮ ᠢ | ᠲᠡᠬᠦᠯᠳᠡᠷᠵᠢᠬᠦᠯᠵᠤ᠂ ᠤᠷᠤᠰᠢᠭᠤᠯᠭ᠎ᠠ ᠶᠢᠨ | ᠦᠢᠯᠡᠰ ᠤᠨ ᠲᠦᠷᠢᠮᠵᠢᠭᠰᠡᠨ | ᠬᠠᠮᠢᠶᠠᠷᠤᠯᠳᠠ ᠶᠢ ᠴᠢᠩᠭ᠋ᠠᠳᠬᠠᠨ᠂ | ᠤᠷᠤᠰᠢᠭᠤᠯᠭ᠎ᠠ ᠢᠢᠨ ᠬᠡᠪ ᠵᠠᠩᠰᠢᠯ ᠢ | ᠦᠬᠡᠷᠡᠴᠢᠯᠡᠬᠦ ᠶᠢ ᠠᠬᠢᠭᠤᠯᠤᠨ᠎ᠠ᠃ | ᠠᠷᠪᠠ᠂ ᠦᠨᠳᠤᠰᠦᠨ ᠱᠠᠳᠤᠨ ᠤ ᠬᠡᠦᠬᠡᠳ ᠢ | ᠬᠠᠷᠭᠠᠯᠵᠠᠨ ᠬᠠᠮᠠᠭᠠᠯᠠᠬᠤ ᠰᠢᠰᠲ᠋ᠧᠮ ᠤᠨ | ᠪᠠᠶᠢᠭᠤᠯᠤᠯᠳᠠ ᠶᠢᠨ ᠲᠤᠬᠠᠢ ᠵᠢᠯᠤᠭᠤᠳᠬᠤ | ᠰᠠᠨᠠᠯ ᠢ ᠲᠤᠭᠳᠠᠭᠠᠵᠤ᠂ ᠬᠠᠷᠭᠠᠯᠵᠠᠨ | ᠬᠠᠮᠠᠭᠠᠯᠠᠬᠤ ᠠᠷᠭ᠎ᠠ ᠬᠡᠮᠵᠢᠶ᠎ᠡ ᠶᠢ | ᠲᠡᠬᠦᠯᠳᠡᠷᠵᠢᠬᠦᠯᠵᠤ᠂ ᠠᠵᠢᠯ ᠤᠨ | ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ | ᠬᠡᠦᠬᠡᠳ ᠤᠨ ᠡᠷᠡᠬᠦᠯ ᠮᠡᠨᠳᠤ ᠪᠠᠷ ᠦᠰᠤᠨ | ᠪᠤᠶᠢᠵᠢᠬᠤ ᠳᠤ ᠨᠡᠩ ᠰᠠᠶᠢᠨ ᠤᠷᠴᠢᠨ ᠢ | ᠪᠦᠷᠢᠯᠳᠦᠬᠦᠯᠵᠦ ᠦᠭ᠍ᠬᠦᠨ᠎ᠡ᠃ | | |