ᠬᠠᠳᠠᠭ ᠪᠠᠷᠢᠵᠤ ᠵᠣᠭᠰᠣᠬᠤ ᠶᠤᠰᠤ
ᠨᠡᠶᠢᠲᠡᠯᠡᠭᠰᠡᠨ ᠴᠠᠭ᠄
2019/6/14
︵ᠬᠠᠳᠠᠭ ᠢᠶᠠᠨ ᠲᠡᠷᠡ ᠬᠦᠮᠦᠨ ᠳᠡᠭᠡᠨ ᠦᠯᠡᠳᠡᠭᠡᠨ᠎ᠡ︶ ᠥᠨᠳᠥᠷ ᠨᠠᠰᠤᠲᠠᠨ ᠪᠤᠶᠤ ᠨᠤᠲᠤᠭ ᠤᠰᠤᠨ ᠳᠠᠭᠠᠨ ᠨᠡᠷ᠎ᠡ ᠲᠠᠢ ᠬᠦᠮᠦᠰ ᠲᠤ ᠬᠠᠳᠠᠭ ᠪᠠᠷᠢᠵᠤ ᠵᠣᠯᠭᠠᠬᠤ ᠶᠣᠰᠣᠲᠠᠢ ᠪᠠᠶᠢᠳᠠᠭ᠃ ᠳᠡᠭᠦᠦ ᠬᠦᠮᠦᠨ ᠬᠠᠳᠠᠭ ᠢᠶᠠᠨ ᠭᠠᠷᠭᠠᠵᠤ ᠠᠮᠠ ᠶᠢ ᠨᠢ ᠵᠣᠯᠭᠠᠬᠤ ᠬᠦᠮᠦᠨ ᠲᠡᠰᠢ ᠬᠠᠷᠠᠭᠤᠯᠵᠤ ᠬᠤᠶᠠᠷ ᠭᠠᠷᠳᠠᠨ ᠪᠠᠷᠢᠭᠰᠠᠭᠠᠷ ᠵᠣᠯᠭᠠᠵᠤ ᠪᠤᠢ ᠬᠦᠮᠦᠨ ᠤ ᠬᠤᠶᠠᠷ ᠭᠠᠷ ᠳᠡᠭᠡᠷ᠎ᠡ ᠲᠠᠯᠪᠢᠭᠰᠠᠨ ᠤ ᠳᠠᠷᠠᠭ᠎ᠠ ᠵᠣᠯᠭᠠᠨ᠎ᠠ᠃ ᠬᠠᠳᠠᠭ ᠠᠪᠴᠤ ᠪᠠᠶᠢᠭ᠎ᠠ ᠬᠦᠮᠦᠨ ᠬᠠᠳᠠᠭ ᠢᠶᠠᠨ ᠬᠠᠪᠰᠤᠷᠤᠨ ᠬᠤᠷᠢᠶᠠᠭᠠᠳ ᠮᠥᠨ ᠬᠠᠳᠠᠭ ᠲᠠᠢ ᠪᠠᠨ ᠵᠣᠯᠭᠠᠵᠤ ᠴᠤ ᠪᠣᠯᠤᠨ᠎ᠠ᠃ ᠬᠠᠳᠠᠭ ᠲᠠᠯᠪᠢᠵᠤ ᠪᠤᠢ ᠬᠦᠮᠦᠨ ᠬᠠᠳᠠᠭ ᠢᠶᠠᠷ ᠢᠶᠠᠨ ᠪᠦᠬᠦ ᠬᠤᠷᠤᠭᠤ ᠶᠢ ᠨᠢ ᠪᠦᠲᠦᠭᠡᠵᠦ ᠪᠣᠯᠬᠤ ᠦᠭᠡᠢ᠃ ᠬᠠᠳᠠᠭ ᠢᠶᠠᠨ ᠡᠷᠡᠬᠡᠢ ᠬᠤᠷᠤᠭᠤᠨ ᠳᠤᠨᠢ ᠲᠤᠯᠭᠠᠵᠤ ᠠᠯᠭᠠᠨ ᠳᠤᠨᠢ ᠪᠠᠭᠲᠠᠭᠠᠵᠤ ᠲᠠᠯᠪᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号