| 6 ᠰᠠᠷ᠎ᠠ ᠶᠢᠨ 21 ᠤ ᠡᠳᠤᠷ ᠤᠨ 6 ᠴᠠᠭ ᠠᠴᠠ 22 ᠤᠨ ᠡᠳᠤᠷ ᠤᠨ 10 ᠴᠠᠭ ᠪᠤᠯᠳᠠᠯ᠎ᠠ᠂ ᠢᠩᠭᠡᠨ ᠰᠤᠮᠤ | ᠵᠢᠴᠢ ᠡᠷᠬᠢᠨ ᠲᠤᠭᠤᠷᠢᠨ ᠤ ᠭᠠᠵᠠᠷ ᠤᠷᠤᠨ ᠤ ᠲᠤᠨᠳᠠᠰᠤᠨ ᠤ ᠬᠡᠮᠵᠢᠶ᠎ᠡ 52 ᠮᠢᠯᠢᠮᠧᠲᠷ ᠲᠤ ᠬᠥᠷᠴᠡᠢ᠃ | | ᠰᠤᠮᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠲᠡᠷᠡ ᠳᠠᠷᠤᠢ ᠳᠤᠨᠢ ᠺᠠᠳ᠋ᠷ ᠠᠵᠢᠯᠳᠠᠨ᠂ ᠬᠢᠯᠢ ᠶᠢᠨ | ᠲᠤᠮᠢᠯᠠᠭᠰᠠᠨ ᠰᠠᠯᠪᠤᠷᠢ ᠵᠢᠴᠢ ᠵᠠᠮ ᠬᠠᠷᠢᠯᠴᠠᠭᠠᠨ ᠤ ᠴᠠᠭᠳᠠᠭ᠎ᠠ ᠶᠢᠨ ᠳᠤᠮᠳᠠ ᠠᠩᠬᠢ ᠶᠢ ᠵᠤᠬᠢᠶᠠᠨ ᠪᠠᠶᠢᠭᠤᠯᠤᠨ | ᠪᠠᠴᠢᠮ ᠪᠠᠶᠢᠳᠠᠯ ᠢ ᠠᠷᠭᠠᠴᠠᠭᠠᠬᠤ ᠬᠠᠮᠳᠤᠷᠠᠭᠰᠠᠨ ᠠᠵᠢᠯ ᠤᠨ ᠳᠤᠭᠤᠶᠢᠯᠠᠩ ᠪᠠᠶᠢᠭᠤᠯᠵᠤ᠂ ᠥᠶᠡᠷ ᠢ ᠰᠡᠷᠭᠡᠶᠢᠯᠡᠵᠤ | ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠥᠷᠨᠢᠬᠦᠯᠪᠡ᠃ | | | 6 ᠰᠠᠷ᠎ᠠ ᠶᠢᠨ 22 ᠶᠢᠨ ᠡᠳᠤᠷ ᠦᠳᠡ ᠳᠤ᠂ ᠢᠩᠭᠡᠨ ᠰᠤᠮᠤᠨ ᠤ ᠨᠠᠮ ᠤᠨ ᠬᠤᠷᠢᠶᠠᠨ ᠤ ᠱᠥᠵᠢ ᠬᠠᠰᠮᠥ᠋ᠷᠡᠨ᠂ | ᠪᠠᠲᠤᠮᠦ᠋ᠩᠬᠡ ᠨᠠᠷ S312 ᠮᠤᠵᠢ ᠶᠢᠨ ᠲᠡᠮᠤᠷ ᠵᠠᠮ ᠤᠨ ᠳᠠᠭᠠᠤ ᠠᠮᠤᠷ ᠲᠥᠪᠰᠢᠨ ᠢ ᠪᠠᠶᠢᠴᠠᠭᠠᠬᠤ ᠲᠤᠮᠳᠠ᠂ | ᠢᠩᠭᠡᠨ ᠰᠣᠮᠣ ᠪᠤᠯᠤᠨ ᠤᠯᠠᠨᠪᠤᠯᠠᠭ ᠪᠠᠯᠭᠠᠰᠤᠨ ᠤ ᠠᠭᠤᠯᠵᠠᠷ ᠤᠨ ᠬᠠᠪᠢ ᠪᠠᠷ ᠨᠢᠭᠡ ᠪᠥᠯᠦᠭ ᠲᠡᠮᠡᠭᠡ ᠥᠶᠡᠷ ᠲᠤ | ᠬᠠᠰᠢᠭᠳᠠᠵᠤ᠂ ᠭᠤᠷᠪᠠᠨ ᠭᠠᠵᠠᠷ ᠬᠤᠪᠢᠶᠠᠭᠳᠠᠵᠤ ᠬᠤᠷᠢᠭᠳᠠᠭᠰᠠᠨ ᠢ ᠤᠯᠵᠣ ᠮᠡᠳᠡᠭᠡᠳ᠂ ᠪᠠᠴᠢᠮ ᠢ ᠠᠷᠭᠠᠴᠠᠭᠠᠵᠤ | ᠭᠠᠮᠰᠢᠭ ᠠᠴᠠ ᠠᠪᠤᠷᠠᠬᠤ ᠲᠥᠰᠤᠯ ᠢ ᠲᠡᠷᠡ ᠳᠠᠷᠤᠢ ᠳᠤᠨᠢ ᠡᠬᠢᠯᠡᠬᠦᠯᠵᠤ᠂ ᠲᠡᠮᠡᠭᠡᠨ ᠤ ᠡᠵᠡᠨ ᠤ ᠮᠡᠳᠡᠭᠡ ᠵᠠᠩᠬᠢ ᠶᠢ | ᠡᠷᠢᠬᠦ ᠶᠢᠨ ᠬᠠᠮᠳᠤ ᠠᠪᠤᠷᠠᠨ ᠲᠤᠰᠠᠯᠠᠬᠤ ᠠᠵᠢᠯ ᠤᠨ ᠳᠤᠭᠤᠶᠢᠯᠠᠩ ᠢ ᠵᠤᠬᠢᠶᠠᠨ ᠪᠠᠶᠢᠭᠤᠯᠵᠤ ᠠᠪᠤᠷᠠᠨ ᠲᠤᠰᠠᠯᠠᠬᠤ | ᠠᠵᠢᠯ ᠢ ᠥᠷᠨᠢᠬᠦᠯᠪᠡ᠃ | | 4 ᠴᠠᠭ ᠤᠨ ᠠᠪᠤᠷᠠᠨ ᠲᠤᠰᠠᠯᠠᠯᠳᠠ ᠶᠢᠨ ᠳᠠᠷᠠᠭ᠎ᠠ᠂ ᠲᠡᠳᠡ 24 ᠲᠡᠮᠡᠭᠡ ᠢ ᠠᠮᠵᠢᠯᠳᠠᠳᠠᠢ ᠪᠠᠷ ᠠᠮᠤᠷ ᠲᠥᠪᠰᠢᠨ | ᠭᠠᠵᠠᠷ ᠤᠷᠤᠨ ᠳᠤᠨᠢ ᠬᠥᠬᠡᠬᠡᠨ ᠶᠠᠪᠤᠭᠤᠯᠵᠤ᠂ ᠮᠠᠯᠴᠢᠳ ᠤᠨ 20 ᠭᠠᠷᠤᠢ ᠲᠥᠮᠡᠨ ᠲᠥᠬᠦᠷᠢᠭ ᠤᠨ ᠠᠵᠤ | ᠠᠬᠤᠢ ᠶᠢᠨ ᠬᠤᠬᠢᠷᠠᠯ ᠢ ᠠᠪᠤᠷᠠᠪᠠ᠃ | | ᠡᠨᠡ 24 ᠲᠡᠮᠡᠭᠡ ᠪᠣᠯ ᠤᠯᠠᠨᠪᠤᠯᠠᠭ ᠪᠠᠯᠭᠠᠰᠤᠨ ᠤ ᠰᠢᠨᠡᠤᠰᠤ ᠭᠠᠴᠠᠭᠠᠨ ᠤ ᠮᠠᠯᠴᠢᠨ ᠬᠥᠭᠵᠢᠯᠳᠤ ᠶᠢᠨ ᠲᠡᠮᠡᠭᠡ | ᠪᠡᠶᠢᠵᠡᠢ᠃ | | | ᠲᠤᠰ ᠤᠳᠠᠭᠠᠨ ᠤ ᠶᠡᠭᠡ ᠥᠶᠡᠷ ᠤᠨ ᠤᠰᠤᠨ ᠠᠴᠠ ᠲᠡᠮᠡᠭᠡ ᠠᠪᠤᠷᠠᠭᠰᠠᠨ ᠠᠵᠢᠯᠯᠠᠭ᠎ᠠ ᠨᠢ ᠥᠨᠳᠤᠰᠤᠨ ᠱᠠᠳᠤᠨ ᠤ | ᠺᠠᠳ᠋ᠷ ᠨᠠᠮ ᠤᠨ ᠬᠡᠰᠢᠬᠦᠨ ᠠᠶᠤᠯ ᠲᠥᠭᠰᠢᠬᠦᠷᠢ ᠶᠢ ᠬᠠᠶᠢᠬᠤᠷᠠᠯ ᠦᠭᠡᠢ ᠠᠷᠠᠳ ᠲᠥᠮᠡᠨ ᠤ ᠡᠳ᠋ ᠬᠥᠷᠤᠩᠭᠡ ᠠᠰᠢᠭ | ᠲᠤᠰᠠ ᠶᠢᠨ ᠲᠦᠯᠤᠭᠡ ᠡᠷᠡᠯᠬᠡᠭᠯᠡᠨ ᠲᠡᠮᠡᠴᠡᠵᠤ᠂ ᠪᠥᠬᠦ ᠰᠡᠳᠬᠢᠯ ᠪᠥᠬᠦ ᠵᠣᠷᠢᠭ ᠢᠶᠠᠷ ᠠᠷᠠᠳ ᠲᠥᠮᠡᠨ ᠳᠤ | ᠥᠢᠯᠡᠴᠢᠯᠡᠵᠤ ᠪᠠᠶᠢᠭ᠎ᠠ ᠵᠣᠷᠢᠭ ᠰᠠᠨᠠᠭ᠎ᠠ ᠶᠢ ᠬᠥᠢᠴᠡᠳ ᠢᠯᠡᠷᠡᠬᠦᠯᠤᠭ᠍ᠰᠡᠨ ᠶᠤᠮ᠃ | | 24 ᠲᠡᠮᠡᠭᠡ ᠶᠢ ᠠᠮᠵᠢᠯᠳᠠᠳᠠᠢ ᠠᠪᠤᠷᠠᠵᠤ ᠭᠠᠷᠭᠠᠬᠤ ᠥᠶ᠎ᠡ ᠳᠤ᠂ ᠲᠡᠮᠡᠭᠡᠨ ᠤ ᠡᠵᠡᠨ ᠤ ᠴᠢᠷᠠᠢ ᠲᠥᠬᠦᠷᠢᠩ | ᠪᠠᠶᠠᠷᠯᠠᠭᠰᠠᠨ ᠢᠨᠢᠶᠡᠮᠰᠤᠭ᠍ᠯᠡᠯ ᠢ ᠥᠵᠡᠭᠡᠳ᠂ ᠠᠯᠢᠪᠠ ᠠᠶᠤᠯ ᠲᠥᠭᠰᠢᠬᠦᠷᠢ᠂ ᠬᠥᠴᠢᠷ ᠪᠡᠷᠭᠡᠰᠢᠶᠡᠯ᠂ ᠶᠠᠳᠠᠷᠠᠯ | ᠵᠥᠳᠡᠷᠡᠯ ᠢ ᠪᠦᠷ ᠠᠷᠤ ᠳᠠᠭᠠᠨ ᠬᠠᠶᠠᠵᠡᠢ᠃ | | ᠪᠢᠳᠠ ᠨᠠᠮ ᠤᠨ ᠭᠡᠰᠢᠬᠦᠨ ᠺᠠᠳ᠋ᠷ ᠲᠤ ᠴᠢᠩ ᠰᠡᠳᠬᠢᠯ ᠤᠨ ᠬᠥᠨᠳᠤᠳᠬᠡᠯ ᠳᠡᠪᠰᠢᠬᠦᠯᠵᠤ᠂ ᠲᠡᠳᠡᠨ ᠢᠶᠠᠷ ᠳᠠᠭᠤᠷᠢᠶᠠᠯ | ᠪᠣᠯᠭᠠᠨ᠂ ᠡᠨᠡ ᠬᠦ ᠭᠤᠪᠠᠢ ᠨᠣᠳᠤᠭ ᠲᠤ᠂ ᠡᠨᠡ ᠬᠦ ᠥᠨᠳᠤᠰᠤᠨ ᠱᠠᠳᠤᠨ ᠤ ᠨᠢᠭᠡᠳᠤᠭᠡᠷ ᠹᠷᠤᠨᠲ ᠳᠤ | ᠥᠷᠬᠦᠯᠵᠢᠯᠡᠨ ᠴᠢᠷᠮᠠᠶᠢᠨ ᠲᠡᠮᠡᠴᠡᠴᠡᠭᠡᠶᠡ᠃ | | | | | | | | | | | | | | ᠵᠤᠯᠠ ᠣᠷᠴᠢᠭᠤᠯᠤᠨ ᠨᠠᠶᠢᠷᠠᠭᠤᠯᠵᠤ ᠨᠡᠶᠢᠲᠡᠯᠡᠪᠡ᠃ | |