| | ᠮᠤᠩᠭᠤᠯ ᠦᠨᠳᠦᠰᠦᠳᠡᠨ ᠪᠤᠯ ᠭᠢᠷᠢᠨ ᠮᠤᠵᠢ ᠶᠢᠨ ᠤᠵᠤᠭᠤᠷ ᠤᠨ ᠰᠠᠭᠤᠭᠠᠯᠢ ᠠᠷᠠᠳ ᠶᠤᠮ᠃ ᠠᠯᠳᠠᠨ ᠤᠯᠤᠰ | ᠤᠨ ᠦᠶ᠎ᠡ ᠳᠤ 1202 ᠤᠨ ᠳᠤ ᠴᠢᠩᠭᠢᠰ ᠬᠠᠭᠠᠨ ᠭᠤᠷᠯᠤᠰ ᠠᠶᠢᠮᠠᠭ ᠢ ᠨᠢᠭᠡᠳᠭᠡᠭᠰᠡᠨ ᠤ ᠲᠠᠷᠠᠭ᠎ᠠ᠂ ᠬᠠᠪᠤᠳᠤ | ᠬᠠᠰᠠᠷ ᠤᠨ ᠠᠶᠢᠮᠠᠭ ᠢᠶᠠᠷ ᠨᠢ ᠰᠤᠩᠭᠠᠷᠢ ᠮᠦᠷᠡᠨ ᠪᠠ ᠨᠤᠨ ᠮᠦᠷᠡᠨ ᠤ ᠤᠷᠤᠰᠬᠠᠯ ᠲᠠᠭᠠᠤ ᠲᠠᠯ᠎ᠠ ᠭᠠᠵᠠᠷ ᠲᠤ | ᠤᠴᠢᠭᠤᠯᠤᠨ ᠮᠠᠯ ᠮᠠᠯᠵᠢᠭᠤᠯᠤᠭᠰᠠᠨ ᠢᠶᠠᠷ ᠬᠠᠪᠤᠳᠤ ᠬᠠᠰᠠᠷ ᠤᠨ ᠬᠤᠶᠢᠴᠢᠰ ᠡᠨᠡ ᠨᠤᠳᠤᠭ ᠲᠤ ᠦᠶ᠎ᠡ ᠤᠯᠠᠷᠢᠨ | ᠰᠠᠭᠤᠷᠢᠰᠢᠭᠰᠠᠨ ᠪᠢᠯᠡ᠃ ᠭᠢᠷᠢᠨ ᠮᠤᠵᠢ ᠶᠢᠨ ᠤᠳᠤ ᠶᠢᠨ ᠮᠤᠩᠭᠤᠯᠴᠣᠳ ᠭᠤᠤᠯᠳᠠᠭᠤ ᠭᠤᠷᠪᠠᠨ ᠢᠷᠡᠯ ᠲᠠᠢ᠄ | ᠨᠢᠭᠡ ᠨᠢ ᠰᠠᠶ᠋ᠢ ᠶᠢᠨ ᠶᠠᠷᠢᠭᠰᠠᠨ 1202 ᠤᠨ ᠳᠤ ᠴᠢᠩᠭᠢᠰ ᠬᠠᠭᠠᠨ ᠭᠤᠷᠯᠤᠰ ᠠᠶᠢᠮᠠᠭ ᠢ ᠨᠢᠭᠡᠳᠭᠡᠭᠡᠳ᠂ | ᠰᠤᠩᠭᠠᠷᠢ ᠨᠤᠨ ᠬᠤᠶᠠᠷ ᠮᠦᠷᠡᠨ ᠤ ᠲᠠᠯ᠎ᠠ ᠭᠠᠵᠠᠷ ᠢ ᠬᠠᠪᠤᠳᠤ ᠬᠠᠰᠠᠷ ᠲᠤ ᠦᠭᠭᠦᠭᠰᠡᠨ ᠤ ᠲᠠᠷᠠᠭ᠎ᠠ ᠠᠭᠠᠵᠢᠮ ᠢᠶᠠᠷ | ᠪᠤᠢ ᠪᠤᠯᠤᠭᠰᠠᠨ ᠬᠠᠪᠤᠳᠤ ᠬᠠᠰᠠᠷ ᠤᠨ ᠬᠤᠶᠢᠴᠠᠰ ᠪᠤᠯᠤᠨ᠎ᠠ᠃ ᠨᠦᠭᠦᠭᠡ ᠨᠢᠭᠡ ᠨᠢ᠂ ᠭᠢᠷᠢᠨ ᠤ ᠮᠤᠩᠭᠤᠯ 8 | ᠬᠤᠰᠢᠭᠤ ᠶᠢᠨ ᠬᠤᠶᠢᠴᠢᠰ ᠡᠩᠭᠡ ᠠᠮᠦᠭᠤᠯᠠᠩ ᠤᠨ ᠬᠤᠷᠢᠨ ᠨᠠᠢᠮᠠᠳᠤᠭᠠᠷ ᠤᠨ ︵1689 ᠤᠨ︶ ᠳᠤ ᠦᠭᠡᠯᠡᠳ | ᠤᠨ ᠬᠠᠭᠠᠨ ᠭᠠᠯᠳᠠᠨ ᠬᠠᠯᠬ᠎ᠠ ᠶᠢᠨ ᠳᠤᠯᠤᠭᠠᠨ ᠠᠶᠢᠮᠠᠭ ᠢ ᠲᠠᠶᠢᠯᠠᠭᠰᠠᠨ ᠳᠤ ᠬᠠᠯᠬ᠎ᠠ ᠮᠤᠩᠭᠤᠯ ᠤᠨ ᠲᠤᠯᠤᠭᠠᠨ | ᠠᠶᠢᠮᠠᠭ ᠵᠡᠭᠦᠨᠰᠢ ᠴᠢᠴᠢᠬᠠᠷ ᠤᠷᠤᠭᠤ ᠨᠡᠭᠦᠨ ᠢᠷᠡᠵᠤ ᠮᠠᠯᠵᠢᠪᠠ᠃ ᠭᠢᠷᠢᠨ ᠤ 8 ᠬᠤᠰᠢᠭᠤᠨ ᠤ ᠮᠤᠩᠭᠤᠯ ᠤᠨ | ᠤᠯᠠᠩᠭᠢ ᠨᠢ ᠬᠠᠭᠤᠴᠢᠨ ᠪᠠᠷᠭᠤ ᠭᠦᠮᠦᠨ ᠪᠤᠯᠤᠨ᠎ᠠ᠃ ᠪᠠᠰᠠ ᠨᠢᠭᠡ ᠪᠦᠯᠦᠭ ᠨᠢ ᠮᠢᠩ ᠴᠢᠩ ᠭᠦᠷᠦᠨ ᠤ ᠦᠶ᠎ᠡ | ᠳᠤ ᠦᠪᠤᠷ ᠮᠤᠩᠭᠤᠯ ᠤᠨ ᠲᠦᠰᠢᠶᠡᠳᠤ ᠬᠤᠰᠢᠭᠤ᠂ ᠲᠦᠮᠡᠳ ᠬᠤᠰᠢᠭᠤ᠂ ᠲᠠᠷᠬᠠᠨ ᠬᠤᠰᠢᠭᠤ ᠪᠤᠯᠤᠨ ᠵᠠᠯᠠᠶᠢᠳ | ᠬᠤᠰᠢᠭᠤ᠂ ᠯᠢᠶᠤᠤᠨᠢᠩ ᠤᠨ ᠹᠦᠶᠠᠩ᠂ ᠹᠦᠰᠢᠨ ᠵᠡᠷᠭᠡ ᠭᠠᠵᠠᠷ ᠠᠴᠠ ᠨᠡᠭᠦᠳᠡᠯᠯᠡᠵᠤ ᠢᠷᠡᠭᠰᠡᠨ ᠮᠤᠩᠭᠤᠯᠴᠤᠳ | ᠪᠤᠯᠤᠨ᠎ᠠ᠃ | ᠭᠢᠷᠢᠨ ᠮᠤᠵᠢ ᠳᠤ ᠤᠳᠤ 17.2 ᠲᠦᠮᠡ ᠭᠠᠷᠤᠢ ᠮᠤᠩᠭᠤᠯ ᠭᠦᠮᠦᠨ ᠪᠠᠶᠢᠵᠤ᠂ ᠪᠦᠭᠦ ᠭᠦᠮᠦᠨ ᠠᠮᠠ ᠶᠢᠨ 0. | 64% ᠶᠢ ᠡᠵᠡᠯᠡᠵᠤ᠂ ᠭᠤᠤᠯᠳᠠᠭᠤ ᠡᠮᠦᠨᠡᠳᠦ ᠭᠤᠤᠷᠯᠤᠰ ᠤᠨ ᠮᠤᠩᠭᠤᠯ ᠦᠨᠳᠦᠰᠦᠳᠡᠨ ᠤ ᠦᠪᠡᠷᠳᠡᠭᠡᠨ ᠵᠠᠰᠠᠬᠤ | ᠰᠢᠶᠡᠨ᠂ ᠵᠧᠨ ᠯᠠᠢ ᠰᠢᠶᠡᠨ᠂ ᠲᠤᠤ ᠨᠠᠨ ᠰᠢᠶᠡᠨ᠂ ᠳ᠋ᠠ ᠠᠨ ᠰᠢᠶᠡᠨ᠂ ᠱᠤᠸᠠᠩ ᠯᠢᠶᠤᠤ ᠰᠢᠶᠡᠨ ᠳᠤ ᠲᠠᠷᠬᠠᠨ | ᠰᠠᠭᠤᠷᠢᠰᠢᠵᠤ᠂ ᠪᠠᠰᠠ ᠨᠢᠭᠡ ᠪᠦᠯᠦᠭ ᠨᠢ ᠪᠠᠶᠢᠴᠧᠩ ᠬᠤᠲᠠ ᠶᠢᠨ ᠲᠤᠤ ᠪᠧᠢ ᠲᠤᠭᠤᠷᠢᠭ ᠤᠨ ᠳ᠋ᠧᠱᠦ᠋ᠨ ᠮᠤᠩᠭᠤᠯ | ᠦᠨᠳᠤᠰᠤᠳᠡᠨ ᠤ ᠰᠢᠶᠠᠩ ᠳᠤ ᠪᠠᠶᠢᠨ᠎ᠠ᠃ ᠪᠦᠭᠦ ᠮᠤᠵᠢ ᠳᠤ ᠮᠤᠩᠭᠤᠯ ᠭᠡᠤᠭᠡᠳ ᠤᠨ ᠴᠡᠴᠡᠷᠯᠢᠭ 1᠂ ᠪᠠᠭ᠎ᠠ | ᠰᠤᠷᠭᠠᠭᠤᠯᠢ 66᠂ ᠠᠩᠬ᠎ᠠ ᠲᠤᠮᠳᠠᠳᠤ ᠶᠢᠨ ᠰᠤᠷᠭᠠᠭᠤᠯᠢ 11᠂ ᠠᠩᠬ᠎ᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠭᠤᠯᠢ 1᠂ ᠪᠦᠷᠢᠨ ᠲᠤᠮᠳᠠᠳᠤ ᠰᠤᠷᠭᠠᠭᠤᠯᠢ 3᠂ ᠪᠠᠭᠰᠢ ᠶᠢᠨ ᠰᠤᠷᠭᠠᠭᠤᠯᠢ 1 ᠪᠠᠶᠢᠵᠤ᠂ ᠰᠤᠷᠭᠠᠭᠤᠯᠢ ᠳᠤ | ᠪᠠᠶᠢᠭ᠎ᠠ ᠮᠤᠩᠭᠤᠯ ᠰᠤᠷᠤᠭᠴᠢ 7351᠂ ᠮᠤᠩᠭᠤᠯ ᠪᠠᠭᠰᠢ 1163 ᠪᠠᠶᠢᠨ᠎ᠠ᠃ | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |