ᠬᠠᠷᠠᠮᠥ᠋ᠷᠡᠨ ᠤ ᠮᠣᠩᠭᠤᠯᠴᠤᠳ ᠤᠨ ᠲᠠᠨᠢᠯᠴᠠᠭᠤᠯᠤᠭ᠎ᠠ
ᠨᠡᠶᠢᠲᠡᠯᠡᠭᠰᠡᠨ ᠴᠠᠭ᠄
2020/1/13
ᠬᠠᠷᠠᠮᠦ᠋ᠷᠡᠨ ᠮᠤᠵᠢ ᠪᠤᠯ ᠤᠯᠠᠨ ᠦᠨᠳᠦᠰᠦᠲᠡᠨ ᠲᠦᠪᠯᠡᠷᠡᠨ ᠰᠠᠭᠤᠷᠢᠰᠢᠭᠰᠠᠨ ᠬᠢᠯᠢ ᠬᠢᠵᠠᠭᠠᠷ ᠤᠨ ᠮᠤᠵᠢ ᠶᠤᠮ᠃ ᠲᠡᠨᠳᠡ ᠬᠢᠲᠠᠳ ᠦᠨᠳᠦᠰᠦᠲᠡᠨ ᠠᠴᠠ ᠭᠠᠳᠠᠨ᠎ᠠ 54 ᠴᠦᠬᠡᠨ ᠲᠤᠭᠠᠳᠦ ᠦᠨᠳᠦᠰᠦᠲᠡᠨ ᠪᠠᠶᠢᠵᠤ᠂ ᠪᠦᠬᠦ ᠮᠤᠵᠢ  ᠶᠢᠨ ᠬᠦᠮᠦᠨ ᠠᠮᠠ ᠶᠢᠨ 5.56% ᠶᠢ ᠡᠵᠡᠯᠡᠵᠦ ᠪᠠᠶᠢᠳᠠᠭ᠃ ᠡᠭᠦᠨ ᠳᠤ ᠮᠤᠩᠭᠤᠯ ᠦᠨᠳᠦᠰᠦᠲᠡᠨ ᠤ ᠬᠦᠮᠦᠨ ᠠᠮᠠ 141495 ︵2000 ᠤᠨ ᠤ ᠲᠠᠪᠤᠳᠤᠭᠠᠷ ᠤᠳᠠᠭ᠎ᠠ ᠶᠢᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ  ᠶᠢᠨ ᠪᠦᠷᠢᠳᠭᠡᠯ ᠳᠤ︶ ᠪᠠᠶᠢᠨ᠎ᠠ᠃ ᠲᠡᠦᠬᠡ ᠶᠢᠨ ᠲᠡᠮᠳᠡᠭᠯᠡᠯ ᠢ ᠦᠨᠳᠦᠰᠦᠯᠡᠪᠡᠯ᠂ ᠯᠢᠶᠤᠤ ᠤᠯᠤᠰ᠂ ᠠᠯᠳᠠᠨ ᠤᠯᠤᠰ ᠤᠨ ᠦᠶ᠎ᠡ ᠠᠴᠠ ᠴᠢᠩ ᠤᠨ ᠲᠦᠷᠦ ᠬᠦᠷᠳᠡᠯ᠎ᠡ 9 ᠮᠤᠩᠭᠤᠯ ᠠᠶᠢᠮᠠᠭ ᠤᠭᠰᠠᠭ᠎ᠠ ᠬᠠᠷᠠᠮᠦ᠋ᠷᠡᠨ ᠳᠤ ᠤᠷᠢᠳ ᠬᠤᠵᠢᠳ ᠰᠠᠭᠤᠷᠢᠰᠢᠨ ᠠᠮᠢᠳᠤᠷᠠᠵᠤ ᠪᠠᠶᠢᠵᠠᠢ᠃ ᠡᠭᠦᠨ ᠳᠤ ᠡᠷᠳᠡᠨ ᠤ ᠳᠦᠷᠪᠡᠨ ᠠᠶᠢᠮᠠᠭ ᠨᠢ ᠪᠤᠰᠤᠳ ᠦᠨᠳᠦᠰᠦᠲᠡᠨ ᠪᠠ ᠠᠶᠢᠮᠠᠭ ᠤᠭᠰᠠᠭ᠎ᠠ ᠳᠤ ᠠᠭᠠᠵᠢᠮ ᠢᠶᠠᠷ ᠰᠢᠩᠭᠡᠵᠦ᠂ ᠲᠦᠷᠪᠡᠳ᠂ ᠭᠤᠷᠯᠤᠰ᠂ ᠵᠠᠯᠠᠶᠢᠳ᠂ ᠶᠡᠭᠡ ᠮᠢᠩᠭᠠᠨ ︵ᠦᠭᠡᠯᠡᠳ︶᠂ ᠪᠠᠷᠭᠤ 5 ᠠᠶᠢᠮᠠᠭ ᠤᠨ ᠮᠤᠩᠭᠤᠯᠴᠤᠳ ᠤᠳᠤ ᠪᠤᠯᠳᠠᠯ᠎ᠠ ᠠᠳᠡ ᠤᠷᠤᠰᠢᠨ ᠠᠮᠢᠳᠤᠷᠠᠵᠤ ᠪᠠᠶᠢᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ ᠭᠠᠳᠠᠨ᠎ᠠ ᠤᠷᠤᠨ ᠠᠴᠠ ᠪᠠᠰᠠ ᠨᠢᠭᠡ ᠪᠦᠯᠦᠭ ᠮᠤᠩᠭᠤᠯᠴᠤᠳ ᠬᠠᠷᠠᠮᠦ᠋ᠷᠡᠨ ᠳᠤ ᠨᠡᠭᠦᠨ ᠢᠷᠡᠵᠠᠢ᠃ ᠬᠠᠷᠠᠮᠦ᠋ᠷᠡᠨ ᠤ ᠮᠤᠩᠭᠤᠯᠴᠤᠳ ᠤᠳᠤ ᠲᠦᠷᠪᠡᠳ ᠤᠨ ᠮᠤᠩᠭᠤᠯ ᠦᠨᠳᠦᠰᠦᠲᠡᠨ ᠤ ᠦᠪᠡᠷᠳᠡᠭᠡᠨ ᠵᠠᠰᠠᠬᠤ ᠰᠢᠶᠠᠨ᠂ ᠵᠤᠤ ᠶᠤᠸᠠᠨ ᠰᠢᠶᠠᠨ ︵ᠬᠤᠶᠢᠳᠦ ᠭᠤᠷᠯᠤᠰ︶᠂ ᠲᠠᠢ ᠯᠠᠢ ᠰᠢᠶᠠᠨ᠂ ᠹᠦ᠋ ᠢᠤᠢ ᠰᠢᠶᠠᠨ᠂ ᠳ᠋ᠠᠴᠢᠩ ᠬᠤᠳᠠ᠂ ᠴᠢᠴᠢᠬᠠᠷ ᠬᠤᠳᠠ ᠶᠢᠨ ᠲᠤᠭᠤᠷᠢᠭ᠂ ᠬᠠᠷᠪᠢᠨ ᠬᠤᠳᠠ ᠳᠤ ᠲᠠᠷᠬᠠᠵᠤ ᠪᠤᠢ᠃ ᠪᠦᠬᠦ ᠮᠤᠵᠢ ᠳᠤ ᠮᠤᠩᠭᠤᠯ ᠦᠨᠳᠦᠰᠦᠲᠡᠨ ᠤ ᠦᠪᠡᠷᠳᠡᠭᠡᠨ ᠵᠠᠰᠠᠬᠤ ᠰᠢᠶᠠᠨ 1᠂ ᠮᠤᠩᠭᠤᠯ ᠦᠨᠳᠦᠰᠦᠲᠡᠨ ᠤ ᠰᠢᠶᠠᠩ ᠪᠠᠯᠭᠠᠰᠦ 7 ᠪᠤᠢ ᠪᠦᠭᠡᠳ ᠮᠤᠩᠭᠤᠯ ᠪᠠᠭ᠎ᠠ ᠰᠤᠷᠭᠠᠭᠤᠯᠢ 54᠂ ᠮᠤᠩᠭᠤᠯ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 8᠂ ᠮᠤᠩᠭᠤᠯ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ 2 ᠪᠠᠶᠢᠵᠤ᠂ ᠨᠡᠶᠢᠳᠡ 1 ᠲᠦᠮᠡ ᠭᠠᠷᠤᠢ ᠰᠤᠷᠤᠭᠴᠢ ᠮᠤᠩᠭᠤᠯ ᠢᠶᠠᠷ ᠬᠢᠴᠢᠶᠡᠯᠯᠡᠵᠦ ᠪᠠᠶᠢᠨ᠎ᠠ᠃ ᠬᠠᠷᠠᠮᠦ᠋ᠷᠡᠨ ᠤ ᠮᠤᠩᠭᠤᠯᠴᠤᠳ ᠠᠴᠠ ᠡᠷᠳᠡᠮᠳᠡᠨ ᠪᠠᠭᠠᠳᠤᠳ ᠦᠯᠡᠮᠵᠢ ᠴᠤᠯᠭᠤᠷᠠᠳᠠᠭ᠃ ᠲᠡᠳᠡ ᠡᠬᠡ ᠤᠯᠤᠰ ᠤᠨ ᠴᠢᠯᠦᠭᠡᠯᠡᠯᠳᠡ ᠶᠢᠨ ᠦᠢᠯᠡᠰ ᠲᠤ ᠠᠤᠭ᠎ᠠ ᠵᠢᠳᠭᠦᠯ ᠦᠵᠡᠭᠦᠯᠦᠭᠰᠡᠨ ᠢᠶᠠᠷ ᠦᠯᠦ ᠪᠠᠷᠠᠮ ᠤᠯᠤᠰ ᠭᠡᠷ᠂ ᠤᠷᠤᠨ ᠨᠤᠲᠤᠭ ᠤᠨ ᠠᠵᠤ ᠠᠬᠤᠢ ᠶᠢᠨ ᠬᠦᠭᠵᠢᠯᠳᠡ᠂ ᠨᠡᠶᠢᠭᠡᠮ ᠤᠨ ᠳᠠᠪᠰᠢᠯᠳᠠ᠂ ᠦᠨᠳᠦᠰᠦᠲᠡᠨ ᠤ ᠪᠦᠯᠬᠦᠮᠳᠡᠯ ᠳᠤ ᠤᠮᠳᠤᠭᠠᠶᠢᠯᠠᠰᠢ ᠦᠭᠡᠢ ᠬᠤᠪᠢ ᠨᠡᠮᠡᠷᠢ ᠪᠠᠨ ᠦᠵᠡᠭᠦᠯᠦᠭᠰᠡᠭᠡᠷ ᠪᠠᠶᠢᠨ᠎ᠠ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号