ᠭᠢᠷᠢᠨ ᠮᠣᠵᠢ ᠶᠢᠨ ᠮᠤᠩᠭᠤᠯ ᠦᠨᠳᠦᠰᠦᠳᠡᠨ ᠤ ᠲᠦᠢᠮᠦ ᠪᠠᠶᠢᠳᠠᠯ
ᠨᠡᠶᠢᠲᠡᠯᠡᠭᠰᠡᠨ ᠴᠠᠭ᠄
2020/1/13
ᠮᠤᠩᠭᠤᠯ ᠦᠨᠳᠦᠰᠦᠳᠡᠨ ᠪᠤᠯ ᠭᠢᠷᠢᠨ ᠮᠤᠵᠢ ᠶᠢᠨ ᠤᠵᠤᠭᠤᠷ ᠤᠨ ᠰᠠᠭᠤᠭᠠᠯᠢ ᠠᠷᠠᠳ ᠶᠤᠮ᠃ ᠠᠯᠳᠠᠨ ᠤᠯᠤᠰ  ᠤᠨ ᠦᠶ᠎ᠡ ᠳᠤ 1202 ᠤᠨ ᠳᠤ ᠴᠢᠩᠭᠢᠰ ᠬᠠᠭᠠᠨ ᠭᠤᠷᠯᠤᠰ ᠠᠶᠢᠮᠠᠭ ᠢ ᠨᠢᠭᠡᠳᠭᠡᠭᠰᠡᠨ ᠤ ᠲᠠᠷᠠᠭ᠎ᠠ᠂ ᠬᠠᠪᠤᠳᠤ ᠬᠠᠰᠠᠷ ᠤᠨ ᠠᠶᠢᠮᠠᠭ ᠢᠶᠠᠷ ᠨᠢ ᠰᠤᠩᠭᠠᠷᠢ ᠮᠦᠷᠡᠨ ᠪᠠ ᠨᠤᠨ ᠮᠦᠷᠡᠨ ᠤ ᠤᠷᠤᠰᠬᠠᠯ ᠲᠠᠭᠠᠤ ᠲᠠᠯ᠎ᠠ ᠭᠠᠵᠠᠷ ᠲᠤ ᠤᠴᠢᠭᠤᠯᠤᠨ ᠮᠠᠯ ᠮᠠᠯᠵᠢᠭᠤᠯᠤᠭᠰᠠᠨ ᠢᠶᠠᠷ ᠬᠠᠪᠤᠳᠤ ᠬᠠᠰᠠᠷ ᠤᠨ ᠬᠤᠶᠢᠴᠢᠰ ᠡᠨᠡ ᠨᠤᠳᠤᠭ ᠲᠤ ᠦᠶ᠎ᠡ ᠤᠯᠠᠷᠢᠨ ᠰᠠᠭᠤᠷᠢᠰᠢᠭᠰᠠᠨ ᠪᠢᠯᠡ᠃ ᠭᠢᠷᠢᠨ ᠮᠤᠵᠢ ᠶᠢᠨ ᠤᠳᠤ ᠶᠢᠨ ᠮᠤᠩᠭᠤᠯᠴᠣᠳ ᠭᠤᠤᠯᠳᠠᠭᠤ ᠭᠤᠷᠪᠠᠨ ᠢᠷᠡᠯ ᠲᠠᠢ᠄ ᠨᠢᠭᠡ ᠨᠢ ᠰᠠᠶ᠋ᠢ ᠶᠢᠨ ᠶᠠᠷᠢᠭᠰᠠᠨ 1202 ᠤᠨ ᠳᠤ ᠴᠢᠩᠭᠢᠰ ᠬᠠᠭᠠᠨ ᠭᠤᠷᠯᠤᠰ ᠠᠶᠢᠮᠠᠭ ᠢ ᠨᠢᠭᠡᠳᠭᠡᠭᠡᠳ᠂ ᠰᠤᠩᠭᠠᠷᠢ ᠨᠤᠨ ᠬᠤᠶᠠᠷ ᠮᠦᠷᠡᠨ ᠤ ᠲᠠᠯ᠎ᠠ ᠭᠠᠵᠠᠷ ᠢ ᠬᠠᠪᠤᠳᠤ ᠬᠠᠰᠠᠷ ᠲᠤ ᠦᠭᠭᠦᠭᠰᠡᠨ ᠤ ᠲᠠᠷᠠᠭ᠎ᠠ ᠠᠭᠠᠵᠢᠮ ᠢᠶᠠᠷ ᠪᠤᠢ ᠪᠤᠯᠤᠭᠰᠠᠨ ᠬᠠᠪᠤᠳᠤ ᠬᠠᠰᠠᠷ ᠤᠨ ᠬᠤᠶᠢᠴᠠᠰ ᠪᠤᠯᠤᠨ᠎ᠠ᠃ ᠨᠦᠭᠦᠭᠡ ᠨᠢᠭᠡ ᠨᠢ᠂ ᠭᠢᠷᠢᠨ ᠤ ᠮᠤᠩᠭᠤᠯ 8 ᠬᠤᠰᠢᠭᠤ ᠶᠢᠨ ᠬᠤᠶᠢᠴᠢᠰ ᠡᠩᠭᠡ ᠠᠮᠦᠭᠤᠯᠠᠩ ᠤᠨ ᠬᠤᠷᠢᠨ ᠨᠠᠢᠮᠠᠳᠤᠭᠠᠷ ᠤᠨ ︵1689 ᠤᠨ︶ ᠳᠤ ᠦᠭᠡᠯᠡᠳ  ᠤᠨ ᠬᠠᠭᠠᠨ ᠭᠠᠯᠳᠠᠨ ᠬᠠᠯᠬ᠎ᠠ ᠶᠢᠨ ᠳᠤᠯᠤᠭᠠᠨ ᠠᠶᠢᠮᠠᠭ ᠢ ᠲᠠᠶᠢᠯᠠᠭᠰᠠᠨ ᠳᠤ ᠬᠠᠯᠬ᠎ᠠ ᠮᠤᠩᠭᠤᠯ ᠤᠨ ᠲᠤᠯᠤᠭᠠᠨ ᠠᠶᠢᠮᠠᠭ ᠵᠡᠭᠦᠨᠰᠢ ᠴᠢᠴᠢᠬᠠᠷ ᠤᠷᠤᠭᠤ ᠨᠡᠭᠦᠨ ᠢᠷᠡᠵᠤ ᠮᠠᠯᠵᠢᠪᠠ᠃ ᠭᠢᠷᠢᠨ ᠤ 8 ᠬᠤᠰᠢᠭᠤᠨ ᠤ ᠮᠤᠩᠭᠤᠯ ᠤᠨ ᠤᠯᠠᠩᠭᠢ ᠨᠢ ᠬᠠᠭᠤᠴᠢᠨ ᠪᠠᠷᠭᠤ ᠭᠦᠮᠦᠨ ᠪᠤᠯᠤᠨ᠎ᠠ᠃ ᠪᠠᠰᠠ ᠨᠢᠭᠡ ᠪᠦᠯᠦᠭ ᠨᠢ ᠮᠢᠩ ᠴᠢᠩ ᠭᠦᠷᠦᠨ ᠤ ᠦᠶ᠎ᠡ  ᠳᠤ ᠦᠪᠤᠷ ᠮᠤᠩᠭᠤᠯ ᠤᠨ ᠲᠦᠰᠢᠶᠡᠳᠤ ᠬᠤᠰᠢᠭᠤ᠂ ᠲᠦᠮᠡᠳ ᠬᠤᠰᠢᠭᠤ᠂ ᠲᠠᠷᠬᠠᠨ ᠬᠤᠰᠢᠭᠤ ᠪᠤᠯᠤᠨ ᠵᠠᠯᠠᠶᠢᠳ ᠬᠤᠰᠢᠭᠤ᠂ ᠯᠢᠶᠤᠤᠨᠢᠩ ᠤᠨ ᠹᠦᠶᠠᠩ᠂ ᠹᠦᠰᠢᠨ ᠵᠡᠷᠭᠡ ᠭᠠᠵᠠᠷ ᠠᠴᠠ ᠨᠡᠭᠦᠳᠡᠯᠯᠡᠵᠤ ᠢᠷᠡᠭᠰᠡᠨ ᠮᠤᠩᠭᠤᠯᠴᠤᠳ ᠪᠤᠯᠤᠨ᠎ᠠ᠃ ᠭᠢᠷᠢᠨ ᠮᠤᠵᠢ ᠳᠤ ᠤᠳᠤ 17.2 ᠲᠦᠮᠡ ᠭᠠᠷᠤᠢ ᠮᠤᠩᠭᠤᠯ ᠭᠦᠮᠦᠨ ᠪᠠᠶᠢᠵᠤ᠂ ᠪᠦᠭᠦ ᠭᠦᠮᠦᠨ ᠠᠮᠠ ᠶᠢᠨ 0.64% ᠶᠢ ᠡᠵᠡᠯᠡᠵᠤ᠂ ᠭᠤᠤᠯᠳᠠᠭᠤ ᠡᠮᠦᠨᠡᠳᠦ ᠭᠤᠤᠷᠯᠤᠰ ᠤᠨ ᠮᠤᠩᠭᠤᠯ ᠦᠨᠳᠦᠰᠦᠳᠡᠨ ᠤ ᠦᠪᠡᠷᠳᠡᠭᠡᠨ ᠵᠠᠰᠠᠬᠤ ᠰᠢᠶᠡᠨ᠂ ᠵᠧᠨ ᠯᠠᠢ ᠰᠢᠶᠡᠨ᠂ ᠲᠤᠤ ᠨᠠᠨ ᠰᠢᠶᠡᠨ᠂ ᠳ᠋ᠠ ᠠᠨ ᠰᠢᠶᠡᠨ᠂ ᠱᠤᠸᠠᠩ ᠯᠢᠶᠤᠤ ᠰᠢᠶᠡᠨ ᠳᠤ ᠲᠠᠷᠬᠠᠨ ᠰᠠᠭᠤᠷᠢᠰᠢᠵᠤ᠂ ᠪᠠᠰᠠ ᠨᠢᠭᠡ ᠪᠦᠯᠦᠭ ᠨᠢ ᠪᠠᠶᠢᠴᠧᠩ ᠬᠤᠲᠠ ᠶᠢᠨ ᠲᠤᠤ ᠪᠧᠢ ᠲᠤᠭᠤᠷᠢᠭ ᠤᠨ ᠳ᠋ᠧᠱᠦ᠋ᠨ ᠮᠤᠩᠭᠤᠯ ᠦᠨᠳᠤᠰᠤᠳᠡᠨ ᠤ ᠰᠢᠶᠠᠩ ᠳᠤ ᠪᠠᠶᠢᠨ᠎ᠠ᠃ ᠪᠦᠭᠦ ᠮᠤᠵᠢ ᠳᠤ ᠮᠤᠩᠭᠤᠯ ᠭᠡᠤᠭᠡᠳ ᠤᠨ ᠴᠡᠴᠡᠷᠯᠢᠭ 1᠂ ᠪᠠᠭ᠎ᠠ ᠰᠤᠷᠭᠠᠭᠤᠯᠢ 66᠂ ᠠᠩᠬ᠎ᠠ ᠲᠤᠮᠳᠠᠳᠤ ᠶᠢᠨ ᠰᠤᠷᠭᠠᠭᠤᠯᠢ 11᠂ ᠠᠩᠬ᠎ᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ 1᠂ ᠪᠦᠷᠢᠨ ᠲᠤᠮᠳᠠᠳᠤ ᠰᠤᠷᠭᠠᠭᠤᠯᠢ 3᠂ ᠪᠠᠭᠰᠢ ᠶᠢᠨ ᠰᠤᠷᠭᠠᠭᠤᠯᠢ 1 ᠪᠠᠶᠢᠵᠤ᠂ ᠰᠤᠷᠭᠠᠭᠤᠯᠢ ᠳᠤ ᠪᠠᠶᠢᠭ᠎ᠠ ᠮᠤᠩᠭᠤᠯ ᠰᠤᠷᠤᠭᠴᠢ 7351᠂ ᠮᠤᠩᠭᠤᠯ ᠪᠠᠭᠰᠢ 1163 ᠪᠠᠶᠢᠨ᠎ᠠ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号