ᠬᠠᠷᠠᠮᠦ᠋ᠷᠡᠨ ᠮᠣᠵᠢ ᠶᠢᠨ ᠮᠤᠩᠭᠤᠯ ᠦᠨᠳᠦᠰᠦᠳᠡᠨ ᠤ ᠲᠦᠢᠮᠦ ᠪᠠᠶᠢᠳᠠᠯ
ᠨᠡᠶᠢᠲᠡᠯᠡᠭᠰᠡᠨ ᠴᠠᠭ᠄
2020/1/13
ᠬᠠᠷᠠᠮᠦ᠋ᠷᠡᠨ ᠮᠤᠵᠢ ᠪᠤᠯ ᠤᠯᠠᠨ ᠦᠨᠳᠦᠰᠦᠳᠡᠨ ᠲᠦᠪᠯᠡᠷᠡᠨ ᠰᠠᠭᠤᠷᠢᠰᠢᠭᠰᠡᠨ ᠭᠢᠯᠢ ᠶᠢᠨ ᠮᠤᠵᠢ ᠶᠤᠮ᠃ ᠲᠡᠨᠳᠡ ᠭᠢᠳᠠᠳ ᠦᠨᠳᠦᠰᠦᠳᠡᠨ ᠠᠴᠠ ᠭᠠᠳᠠᠨ᠎ᠠ 54 ᠴᠦᠭᠡᠨ ᠲᠤᠭᠠᠳᠤ ᠦᠨᠳᠦᠰᠦᠳᠡᠨ ᠪᠠᠶᠢᠵᠤ᠂ ᠪᠦᠭᠦ ᠭᠦᠮᠦᠨ ᠠᠮᠠ  ᠶᠢᠨ 5.56% ᠶᠢ ᠡᠵᠡᠯᠡᠨ᠎ᠡ᠃ ᠡᠭᠦᠨ ᠳᠤ ᠮᠤᠩᠭᠤᠯ ᠦᠨᠳᠦᠰᠦᠳᠡᠨ ᠤ ᠭᠦᠮᠦᠨ ᠠᠮᠠ 141495(2000 ᠤᠨ ᠤ ᠲᠠᠪᠤᠳᠤᠭᠠᠷ ᠤᠳᠠᠭᠠᠨ ᠤ ᠭᠦᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠪᠦᠷᠢᠳᠭᠡᠯ ᠳᠤ ) ᠪᠠᠶᠢᠨ᠎ᠠ᠃ ᠬᠠᠷᠠᠮᠦ᠋ᠷᠡᠨ ᠤ ᠮᠤᠩᠭᠤᠯᠴᠤᠳ ᠤᠳᠤ ᠲᠦᠷᠪᠡᠳ ᠤᠨ ᠮᠤᠩᠭᠤᠯ ᠦᠨᠳᠦᠰᠦᠳᠡᠨ ᠤ ᠦᠪᠡᠷᠳᠡᠭᠡᠨ ᠵᠠᠰᠠᠬᠤ ᠰᠢᠶᠡᠨ᠂ ᠵᠤᠤ ᠶᠤᠸᠡᠨ ᠰᠢᠶᠡᠨ ︵ᠬᠤᠶᠢᠳᠤ ᠭᠤᠤᠷᠯᠤᠰ︶᠂ ᠲᠠᠢ ᠯᠠᠢ ᠰᠢᠶᠡᠨ᠂ ᠹᠦ᠋ ᠢᠤᠢ ᠰᠢᠶᠡᠨ᠂ ᠳ᠋ᠠᠴᠢᠩ ᠬᠤᠳᠠ᠂ ᠴᠢᠴᠢᠬᠠᠷ ᠬᠤᠳᠠ ᠶᠢᠨ ᠲᠤᠭᠤᠷᠢᠭ᠂ ᠬᠠᠷᠪᠢᠨ ᠬᠤᠳᠠ ᠳᠤ ᠲᠠᠷᠬᠠᠵᠤ ᠪᠤᠢ᠃ ᠪᠦᠭᠦ ᠮᠤᠵᠢ ᠳᠤ ᠮᠤᠩᠭᠤᠯ ᠦᠨᠳᠦᠰᠦᠳᠡᠨ ᠤ ᠦᠪᠡᠷᠳᠡᠭᠡᠨ ᠵᠠᠰᠠᠬᠤ ᠰᠢᠶᠡᠨ 1᠂ ᠮᠤᠩᠭᠤᠯ ᠦᠨᠳᠦᠰᠦᠳᠡᠨ ᠤ ᠰᠢᠶᠠᠩ ᠪᠠᠯᠭᠠᠰᠤ 1 ᠪᠤᠢ ᠪᠦᠭᠡᠳ ᠮᠤᠩᠭᠤᠯ ᠪᠠᠭ᠎ᠠ ᠰᠤᠷᠭᠠᠭᠤᠯᠢ 54᠂ ᠮᠤᠩᠭᠤᠯ ᠠᠩᠬ᠎ᠠ ᠵᠡᠷᠭᠡ ᠶᠢᠨ ᠲᠤᠮᠳᠠᠳᠤ ᠰᠤᠷᠠᠭᠠᠭᠤᠯᠢ 8᠂ ᠮᠤᠩᠭᠤᠯ ᠦᠨᠳᠦᠷ ᠵᠡᠷᠭᠡ ᠶᠢᠨ ᠲᠤᠮᠳᠠᠳᠤ ᠰᠤᠷᠭᠠᠭᠤᠯᠢ 2 ᠪᠠᠶᠢᠵᠤ᠂ ᠨᠡᠶᠢᠳᠡ ᠲᠦᠮᠡ ᠭᠠᠷᠤᠢ ᠰᠤᠷᠤᠭᠴᠢ ᠮᠤᠩᠭᠤᠯ ᠢᠶᠠᠷ ᠰᠤᠷᠤᠯᠴᠠᠵᠤ ᠪᠠᠶᠢᠨ᠎ᠠ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号