ᠣᠩᠨᠢᠭᠤᠳ
ᠨᠡᠶᠢᠲᠡᠯᠡᠭᠰᠡᠨ ᠴᠠᠭ᠄
2020/1/13
ᠠᠷᠪᠠᠨ ᠲᠠᠪᠤᠳᠤᠭᠠᠷ ᠵᠠᠭᠤᠨ ᠠᠴᠠ ᠮᠣᠩᠭᠤᠯ ᠤᠨ ᠲᠡᠥᠬᠡᠨ ᠳᠠᠪᠴᠠᠩ ᠳᠡᠭᠡᠷ᠎ᠡ ᠣᠩᠨᠢᠭᠤᠳ ᠠᠶᠢᠮᠠᠭ ᠪᠡᠶ᠎ᠡ ᠪᠠᠨ ᠳᠠᠭᠠᠭᠠᠭᠰᠠᠨ ᠬᠦᠴᠦᠨ ᠪᠣᠯᠵᠤ ᠢᠯᠡᠷᠡᠵᠡᠢ᠃ ᠣᠩᠨᠢᠭᠤᠳ ᠭᠡᠳᠡᠭ ᠨᠢ ᠸᠠᠩ ︵ᠤᠩ︶ ᠤᠨ ᠢᠷᠭᠡᠳ ᠬᠡᠮᠡᠬᠦ ᠤᠳᠬ᠎ᠠ ᠲᠠᠢ ᠦᠭᠡ ᠶᠣᠮ᠃ ᠡᠷᠳᠡᠮᠲᠡᠳ ᠤᠨ ᠰᠣᠳᠤᠯᠭᠠᠨ ᠤ ᠪᠥᠲᠦᠭᠡᠯ ᠢ ᠦᠨᠳᠦᠰᠦᠯᠡᠪᠡᠰᠦ᠂ ᠣᠩᠨᠢᠭᠤᠳ ᠭᠡᠳᠡᠭ ᠨᠢ ᠴᠢᠩᠭᠢᠰ ᠬᠠᠭᠠᠨ ᠤ ᠳᠥᠷᠪᠡᠨ ᠳᠡᠭᠦᠦ ᠨᠠᠷ ᠤᠨ ᠬᠤᠶᠢᠴᠢᠰ ᠤᠨ ᠨᠣᠶᠠᠯᠠᠳᠠᠭ ᠠᠶᠢᠮᠠᠭ ᠤᠳ ᠢ ᠵᠢᠭᠠᠵᠤ ᠬᠡᠯᠡᠭᠰᠡᠨ ᠨᠡᠶᠢᠲᠡ ᠶᠢᠨ ᠨᠡᠷᠡᠶᠢᠳᠦᠯ ᠶᠣᠮ᠃ ᠣᠩᠨᠢᠭᠤᠳ ᠤᠨ ᠮᠠᠭᠤᠯᠢᠬᠠᠢ ᠤᠩ ᠤᠨ ᠦᠶ᠎ᠡ ᠳᠤ ᠵᠡᠭᠦᠨ ᠮᠣᠩᠭᠤᠯ ᠤᠨ ᠲᠥᠷᠦ ᠶᠢ ᠮᠡᠳᠡᠬᠦ ᠴᠢᠳᠠᠯ ᠲᠠᠢ ᠪᠣᠯᠣᠭᠰᠠᠨ ᠶᠣᠮ᠃ 1454 ᠤᠨ ᠳᠤ ᠮᠠᠷᠺᠦᠬᠢᠰ ᠬᠠᠭᠠᠨ ᠢ ᠰᠠᠭᠤᠷᠢᠨ ᠳᠤ ᠰᠠᠭᠤᠯᠭᠠᠬᠤ ᠦᠶ᠎ᠡ ᠳᠤ ᠮᠠᠭᠤᠯᠢᠬᠠᠢ ᠤᠩ ᠴᠢᠬᠤᠯᠠ ᠦᠢᠯᠡᠳᠦᠯ ᠭᠠᠷᠭᠠᠵᠠᠢ᠃ ᠲᠠᠶᠢᠵᠢ ᠨᠠᠷ ᠤᠨ ᠡᠷᠬᠡ ᠪᠤᠯᠢᠶᠠᠯᠳᠤᠭᠰᠠᠨ ᠲᠡᠮᠡᠴᠡᠯ ᠤᠨ ᠦᠷᠡᠭᠳᠡᠯ ᠪᠣᠯᠭᠠᠵᠤ᠂ ᠮᠣᠯᠣᠢ ᠲᠠᠶᠢᠱᠢ ᠮᠠᠷᠺᠦᠬᠢᠰ ᠬᠠᠭᠠᠨ ᠢ ᠠᠯᠠᠪᠠ᠃ ᠤᠳᠠᠯ ᠦᠭᠡᠢ ᠮᠠᠭᠤᠯᠢᠬᠠᠢ ᠤᠩ ᠴᠡᠷᠢᠭ ᠮᠣᠷᠳᠠᠵᠤ ᠮᠣᠯᠣᠢ ᠲᠠᠶᠢᠱᠢ ᠶᠢ ᠠᠯᠠᠵᠤ᠂ ᠮᠣᠯᠣᠨ ᠢ ᠬᠠᠭᠠᠨ ᠰᠢᠷᠡᠭᠡᠨ᠎ᠡ ᠰᠠᠭᠤᠯᠭᠠᠪᠠ᠃ ᠭᠡᠲᠡᠯ᠎ᠡ ᠨᠢᠭᠡ ᠵᠢᠯ ᠢᠯᠡᠭᠦᠦ ᠪᠣᠯᠤᠮᠠᠭᠴᠠ ᠮᠠᠭᠤᠯᠢᠬᠠᠢ ᠤᠩ ᠳᠠᠬᠢᠭᠠᠳ ᠠᠷᠭ᠎ᠠ ᠦᠭᠡᠢ ᠶᠢᠨ ᠡᠷᠬᠡᠨ ᠳᠤ ᠮᠣᠯᠣᠨ ᠬᠠᠭᠠᠨ ᠢ ᠬᠤᠣᠷᠯᠠᠵᠠᠢ᠃ ᠣᠩᠨᠢᠭᠤᠳ ᠠᠶᠢᠮᠠᠭ ᠤᠨ ᠨᠣᠶᠠᠷᠬᠠᠭᠴᠢᠳ ᠪᠠ ᠠᠯᠲᠠᠨ ᠤᠷᠤᠭᠲᠠᠨ ᠪᠣᠰᠤ ᠨᠣᠶᠠᠳ ᠤᠨ ᠡᠷᠬᠡ ᠶᠢᠨ ᠲᠡᠮᠡᠴᠡᠯ ᠨᠢ ᠵᠡᠭᠦᠨ ᠮᠣᠩᠭᠤᠯ ᠢ ᠪᠣᠲᠠᠷᠠᠯ ᠬᠠᠭᠠᠴᠠᠯ ᠳᠤ ᠣᠷᠣᠭᠤᠯᠵᠤ᠂ ᠡᠯᠳᠡᠪ ᠹᠧᠣᠳᠠᠯ ᠤᠨ ᠬᠦᠴᠦᠨ ᠤ ᠰᠠᠮᠠᠭᠤᠨ ᠳᠠᠶᠢᠨ ᠢ ᠳᠡᠭᠳᠡᠭᠡᠨ᠂ ᠮᠠᠭᠤᠯᠢᠬᠠᠢ ᠤᠩ ᠴᠤ ᠡᠨᠡ ᠳᠠᠶᠢᠨ ᠳᠤ ᠦᠬᠦᠵᠡᠢ᠃ 1475 ᠣᠨ ᠳᠤ ᠵᠡᠭᠦᠨ ᠮᠣᠩᠭᠤᠯ ᠮᠠᠨᠳᠤᠭᠤᠯ ᠬᠠᠭᠠᠨ ᠤ ᠲᠤᠭ ᠤᠨ ᠳᠣᠣᠷ᠎ᠠ ᠨᠢᠭᠡᠳᠬᠦ ᠪᠣᠯᠲᠠᠯ᠎ᠠ ᠣᠩᠨᠢᠭᠤᠳ ᠠᠶᠢᠮᠠᠭ ᠨᠢ ᠡᠷᠬᠡ ᠶᠢᠨ ᠲᠡᠮᠡᠴᠡᠭᠡᠨ ᠳᠤ ᠥᠪᠡᠷ ᠤᠨ ᠳᠦᠷᠢ ᠪᠠᠨ ᠲᠣᠭᠯᠠᠵᠤ ᠪᠠᠶᠢᠵᠠᠢ᠃ ᠣᠩᠨᠢᠭᠤᠳ ᠠᠶᠢᠮᠠᠭ ᠠᠷᠪᠠᠨ ᠵᠢᠷᠭᠤᠳᠤᠭᠠᠷ ᠵᠠᠭᠤᠨ ᠤ ᠡᠬᠢᠨ ᠳᠤ ᠬᠢᠩᠭᠠᠨ ᠳᠠᠪᠠᠭᠠᠨ ᠤ ᠠᠷᠤ᠂ ᠪᠠᠷᠤᠭ ᠣᠳᠣ ᠶᠢᠨ ᠦᠵᠦᠮᠦᠴᠢᠨ ᠣᠷᠴᠢᠮ ᠨᠤᠲᠤᠭᠯᠠᠵᠤ ᠪᠠᠶᠢᠭᠰᠠᠨ ᠢᠶᠠᠨ ᠠᠷᠪᠠᠨ ᠳᠣᠯᠣᠳᠤᠭᠠᠷ ᠵᠠᠭᠤᠨ ᠤ ᠡᠬᠢᠨ ᠢᠶᠠᠷ ᠡᠮᠦᠨᠡᠰᠢ ᠪᠠᠭᠤᠵᠤ᠂ ᠰᠢᠷ᠎ᠠ ᠮᠦᠷᠡᠨ ᠤ ᠠᠷᠤ ᠶᠢᠨ ᠭᠠᠵᠠᠷ ᠲᠤ ᠨᠤᠲᠤᠭᠯᠠᠵᠠᠢ᠃ ᠯᠢᠭᠳᠡᠨ ᠬᠤᠳᠣᠭᠲᠤ ᠬᠠᠭᠠᠨ ᠤ ᠨᠣᠶᠠᠷᠬᠠᠯ ᠤᠨ ᠰᠡᠭᠦᠯᠴᠢ ᠦᠶ᠎ᠡ ᠪᠠᠷ ᠣᠩᠨᠢᠭᠤᠳ ᠠᠶᠢᠮᠠᠭ ᠯᠢᠭᠳᠡᠨ ᠬᠤᠳᠣᠭᠲᠣ ᠬᠠᠭᠠᠨ ᠤ ᠡᠰᠡᠷᠭᠦ ᠪᠣᠯᠵᠣ᠂ 1632 ᠣᠨ ᠳᠤ ᠮᠠᠨᠵᠤ ᠳᠤ ᠪᠠᠭᠤᠵᠤ ᠥᠭᠪᠡ᠃ ᠮᠠᠨᠵᠤ ᠴᠢᠩ ᠤᠯᠤᠰ ᠨᠢ ᠮᠣᠩᠭᠤᠯ ᠣᠷᠣᠨ ᠳᠤ ᠨᠠᠢᠮᠠᠨ ᠬᠤᠰᠢᠭᠤᠨ ᠤ ᠳᠦᠷᠢᠮ ᠪᠣᠶᠤ ᠬᠤᠰᠢᠭᠤ ᠴᠢᠭᠤᠯᠭᠠᠨ ᠤ ᠪᠠᠶᠢᠭᠤᠯᠤᠯ ᠢ ᠬᠡᠷᠡᠭᠵᠢᠭᠦᠯᠦᠭᠰᠡᠨ ᠪᠠᠶᠢᠨ᠎ᠠ᠃ ᠳᠡᠳᠡᠨᠡᠷ 1636 ᠣᠨ ᠤ ᠮᠥᠭᠳᠡᠨ ᠤ ᠬᠤᠷᠠᠯ ᠳᠡᠭᠡᠷ᠎ᠡ ᠥᠪᠥᠷ ᠮᠣᠩᠭᠤᠯ ᠤᠨ ᠬᠤᠷᠢᠨ ᠳᠥᠷᠪᠡᠨ ᠠᠶᠢᠮᠠᠭ ᠢ ᠳᠥᠴᠢ ᠶᠢᠰᠦᠨ ᠬᠤᠰᠢᠭᠤ ᠪᠣᠯᠭᠠᠨ ᠬᠤᠪᠢᠶᠠᠵᠤ᠂ ᠵᠢᠷᠭᠤᠭᠠᠨ ᠴᠢᠭᠤᠯᠭᠠᠨ ᠳᠤ ᠪᠠᠭᠲᠠᠭᠠᠭᠰᠠᠨ ᠪᠠᠶᠢᠨ᠎ᠠ᠃ ᠡᠭᠦᠨᠴᠡ ᠣᠩᠨᠢᠭᠤᠳ ᠠᠶᠢᠮᠠᠭ ᠵᠣᠣ ᠤᠳᠠ ᠶᠢᠨ ᠴᠢᠭᠤᠯᠭᠠᠨ ᠳᠤ ᠬᠠᠷᠢᠶᠠᠯᠠᠭᠳᠠᠵᠤ᠂ ᠣᠩᠨᠢᠭᠤᠳ ᠵᠡᠭᠦᠨ ᠭᠠᠷ ᠤᠨ ᠬᠤᠰᠢᠭᠤ᠂ ᠣᠩᠨᠢᠭᠤᠳ ᠪᠠᠷᠠᠭᠤᠨ ᠭᠠᠷ ᠤᠨ ᠬᠤᠰᠢᠭᠤ ᠭᠡᠵᠦ ᠬᠤᠶᠠᠷ ᠠᠩᠬᠢᠯᠠᠭᠳᠠᠵᠠᠢ᠃ ᠣᠩᠨᠢᠭᠤᠳ ᠠᠶᠢᠮᠠᠭ ᠢ ᠴᠢᠩ ᠤᠯᠤᠰ ᠠᠴᠠ ᠣᠩᠨᠢᠭᠤᠳ ᠬᠤᠶᠠᠷ ᠬᠤᠰᠢᠭᠤ ᠪᠣᠯᠭᠠᠨ ᠪᠠᠶᠢᠭᠤᠯᠤᠭᠰᠠᠨ ᠤ ᠳᠠᠷᠠᠭ᠎ᠠ ᠰᠠᠶ᠋ᠢ ᠨᠡᠩ ᠡᠮᠦᠨᠡᠰᠢᠯᠡᠵᠦ ᠰᠢᠷ᠎ᠡ ᠮᠦᠷᠡᠨ ᠤ ᠡᠮᠦᠨ᠎ᠡ ᠨᠤᠲᠤᠭᠰᠢᠵᠠᠢ᠃ ᠴᠢᠩ ᠤᠯᠤᠰ ᠤᠨ ᠦᠶ᠎ᠡ ᠶᠢᠨ ᠣᠩᠨᠢᠭᠤᠳ ᠠᠶᠢᠮᠠᠭ ᠪᠣᠶᠤ ᠣᠩᠨᠢᠭᠤᠳ ᠬᠤᠰᠢᠭᠤᠨ ᠤ ᠨᠣᠶᠠᠷᠬᠠᠭᠴᠢᠳ ᠢ ᠬᠡᠨ ᠤ ᠬᠤᠶᠢᠴᠢᠰ ᠪᠣᠯᠬᠤ ᠳᠣᠬᠠᠢ ᠮᠠᠷᠭᠤᠯᠳᠤᠭᠠᠨ ᠨᠢ ᠣᠳᠣ ᠬᠦᠷᠲᠡᠯ᠎ᠡ ᠦᠷᠭᠦᠯᠵᠢᠯᠡᠭᠰᠡᠭᠡᠷ ᠪᠠᠶᠢᠨ᠎ᠠ᠃ ᠵᠠᠷᠢᠮ ᠨᠢ ᠬᠠᠴᠢᠭᠤᠨ ᠤ ᠬᠤᠶᠢᠴᠢᠰ ᠭᠡᠬᠦ᠂ ᠵᠠᠷᠢᠮ ᠨᠢ ᠣᠳᠴᠢᠬᠢᠨ ᠤ ᠬᠤᠶᠢᠴᠢᠰ ᠭᠡᠬᠦ᠃ ᠰᠡᠭᠦᠯ ᠤᠨ ᠦᠶ᠎ᠡ ᠪᠠᠷ ᠰᠣᠳᠣᠯᠭᠠᠴᠢᠳ ᠣᠩᠨᠢᠭᠤᠳ ᠤᠨ ᠨᠣᠶᠠᠷᠬᠠᠭᠴᠢᠳ ᠤᠨ ᠳᠡᠭᠡᠳᠦᠰ ᠪᠣᠯ ᠬᠠᠴᠢᠭᠤᠨ ᠭᠡᠬᠦ ᠦᠵᠡᠯᠲᠡ ᠶᠢ ᠪᠠᠷᠢᠮᠲᠠᠯᠠᠵᠠᠢ᠃ ᠮᠦᠨ ᠣᠩᠨᠢᠭᠤᠳ ᠬᠤᠰᠢᠭᠤᠨ ᠤ ᠵᠠᠬ᠎ᠠ ᠬᠢᠵᠠᠭᠠᠷ ᠤᠨ ᠳᠣᠬᠠᠢ ︽ᠮᠣᠩᠭᠤᠯ ᠤᠨ ᠬᠤᠰᠢᠭᠤ ᠨᠤᠲᠤᠭ ᠤᠨ ᠲᠡᠮᠳᠡᠭᠯᠡᠯ︾ ᠳᠤ ︽ᠣᠩᠨᠢᠭᠤᠳ ᠠᠶᠢᠮᠠᠭ ᠮᠣᠯᠲᠣᠰᠢ ᠬᠠᠭᠠᠯᠭ᠎ᠠ ᠠᠴᠠ ᠵᠡᠭᠦᠨ ᠬᠤᠶᠢᠰᠢ ᠲᠠᠪᠤᠨ ᠵᠠᠭᠤ ᠬᠤᠷᠢᠨ ᠭᠠᠵᠠᠷ᠂ ᠵᠢᠨᠱᠢ ᠠᠴᠠ ᠲᠣᠯᠣᠭᠠᠨ ᠵᠠᠭᠤ ᠬᠤᠷᠢᠨ ᠭᠠᠵᠠᠷ᠂ ᠡᠮᠦᠨ᠎ᠡ ᠤᠮᠠᠷᠠᠰᠢ ᠵᠠᠭᠤᠨ ᠵᠢᠷᠠᠨ ᠭᠠᠵᠠᠷ ᠪᠣᠶᠣ᠃ ᠵᠡᠭᠦᠨ ᠡᠲᠡᠭᠡᠳ ᠢᠨᠤ ᠠᠷᠤ ᠬᠤᠷᠴᠢᠨ ᠲᠠᠢ ᠵᠠᠬ᠎ᠠ ᠨᠡᠶᠢᠯᠡᠵᠦ᠂ ᠪᠠᠷᠠᠭᠤᠨ ᠡᠲᠡᠭᠡᠳ ᠢᠨᠤ ᠴᠧᠩᠳᠧ ᠪᠠᠷ ᠿᠧᠾᠧ ᠶᠢᠨ ᠬᠤᠷᠢᠭ᠎ᠠ ᠭᠠᠵᠠᠷ ᠲᠤ ᠵᠠᠬ᠎ᠠ ᠨᠡᠶᠢᠯᠡᠵᠦᠬᠦᠢ᠃ ᠡᠮᠦᠨ᠎ᠡ ᠡᠲᠡᠭᠡᠳ ᠢᠨᠤ ᠬᠠᠷᠠᠴᠢᠨ ᠵᠢᠴᠢ ᠠᠤᠬᠠᠨ ᠳᠤ ᠵᠠᠬ᠎ᠠ ᠨᠡᠶᠢᠯᠡᠵᠦ᠂ ᠤᠮᠠᠷ᠎ᠠ ᠡᠲᠡᠭᠡᠳ ᠢᠨᠤ ᠪᠠᠭᠠᠷᠢᠨ ᠵᠢᠴᠢ ᠬᠡᠰᠢᠭᠲᠡᠨ ᠢᠶᠠᠷ ᠵᠠᠬ᠎ᠠ ᠨᠡᠶᠢᠯᠡᠵᠦᠬᠦᠢ︾ ᠭᠡᠵᠡᠢ᠃ ᠮᠢᠩ ᠤᠯᠤᠰ ᠤᠨ ᠠᠩᠬᠠᠨ ᠳᠤᠷ ᠤᠷᠢᠶᠠᠩᠬᠠᠨ ᠤ ᠨᠤᠶᠠᠳ ᠬᠦᠢ ︵ᠦᠶ᠎ᠡ︶ ᠪᠠᠶᠢᠭᠤᠯᠵᠤ᠂ ᠭᠠᠳᠠᠭᠠᠳᠤ ᠬᠠᠷᠢᠶ᠎ᠠ ᠭᠡᠵᠦ ᠠᠪᠤᠭᠰᠠᠨ ᠢᠶᠠᠷ ᠮᠣᠩᠭᠤᠯ ᠳᠤ ᠣᠷᠣᠵᠤᠬᠤᠢ᠃ ᠡᠨᠡ ᠨᠢ ᠮᠠᠨᠵᠤ ᠶᠢᠨ ᠦᠶ᠎ᠡ ᠶᠢᠨ ᠣᠩᠨᠢᠭᠤᠳ ᠬᠤᠰᠢᠭᠤᠨ ᠤ ᠭᠠᠵᠠᠷ ᠤᠨ ᠵᠢᠷᠤᠭ ᠶᠣᠮ᠃ ᠰᠣᠷᠪᠣᠯᠵᠢ ᠪᠢᠴᠢᠭ ᠲᠤ ᠦᠨᠳᠦᠰᠦᠯᠡᠪᠡᠯ ᠬᠤᠶᠠᠷ ᠣᠩᠨᠢᠭᠤᠳ ᠤᠨ ᠬᠤᠪᠢᠶᠠᠷᠢ ᠰᠣᠮᠣ ᠨᠢ ᠵᠡᠭᠦᠨ ᠭᠠᠷ ᠤᠨ ᠬᠤᠰᠢᠭᠤᠨ ᠳᠤ ᠭᠤᠴᠢᠨ ᠨᠠᠢᠮᠠᠨ ᠰᠣᠮᠣ᠂ ᠪᠠᠷᠠᠭᠤᠨ ᠭᠠᠷ ᠤᠨ ᠬᠤᠰᠢᠭᠤᠨ ᠳᠤ ᠬᠤᠷᠢᠨ ᠰᠤᠮᠤ ᠪᠠᠶᠢᠵᠠᠢ᠃ ᠢᠷᠭᠡᠨ ᠤᠯᠤᠰ ᠤᠨ ᠦᠶ᠎ᠡ ᠳᠤ ᠵᠡᠭᠦᠨ ᠬᠡᠰᠡᠭ ᠤᠨ ᠮᠣᠩᠭᠤᠯ ᠦᠨᠳᠦᠰᠦᠲᠡᠨ ᠲᠥᠪᠯᠡᠷᠡᠨ ᠰᠠᠭᠤᠭᠰᠠᠨ ᠣᠷᠣᠨ ᠢᠶᠠᠨ ᠣᠩᠨᠢᠭᠤᠳ ᠵᠡᠭᠦᠨ ᠭᠠᠷᠤᠨ ᠬᠤᠰᠢᠭᠤ ᠭᠡᠵᠦ᠂ ᠪᠠᠷᠠᠭᠤᠨ ᠬᠡᠰᠡᠭ ᠤᠨ ᠬᠢᠲᠠᠳ ᠦᠨᠳᠦᠰᠦᠲᠡᠨ ᠲᠥᠪᠯᠡᠷᠡᠨ ᠰᠠᠭᠤᠭᠰᠠᠨ ᠣᠷᠣᠨ ᠨᠢ ᠤᠯᠠᠭᠠᠨᠬᠠᠳᠠ ᠰᠢᠶᠠᠨ ᠳᠤ ᠬᠠᠷᠢᠶᠠᠯᠠᠭᠳᠠᠵᠤ ᠪᠠᠶᠢᠵᠠᠢ᠃ ᠬᠠᠭᠤᠷᠮᠠᠭ ᠮᠠᠨᠵᠤ ᠶᠢᠨ ᠦᠶ᠎ᠡ ᠳᠤ ᠣᠩᠨᠢᠭᠤᠳ ᠵᠡᠭᠦᠨ ᠭᠠᠷᠤᠨ ᠬᠤᠰᠢᠭᠤ ᠭᠡᠵᠦ ᠪᠠᠶᠢᠭᠰᠠᠨ ᠢᠶᠠᠨ᠂ 1945 ᠣᠨ ᠠᠴᠠ ᠿᠧᠾᠧ ᠮᠣᠵᠢ ᠳᠤ ᠬᠠᠷᠢᠶᠠᠯᠠᠭᠳᠠᠵᠠᠢ᠃ 1946 ᠣᠨ ᠳᠤ ᠪᠠᠷᠠᠭᠤᠨ ᠬᠡᠰᠡᠭ ᠨᠢ ᠪᠣᠷᠣᠬᠤᠲᠠ ᠰᠢᠶᠠᠨ᠂ ᠵᠡᠭᠦᠨ ᠬᠡᠰᠡᠭ ᠨᠢ ᠣᠩᠨᠢᠭᠤᠳ ᠠᠤᠬᠠᠨ ᠬᠤᠯᠪᠣᠭᠠᠲᠤ ᠬᠤᠰᠢᠭᠤ ᠪᠣᠯᠪᠠ᠃ 1954 ᠣᠨ ᠳᠤ ᠣᠩᠨᠢᠭᠤᠳ ᠤᠨ ᠮᠣᠩᠭᠤᠯ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠶᠢ ᠪᠠᠶᠢᠭᠤᠯᠵᠤ᠂ 1956 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠠᠮᠢᠶᠠᠷᠤᠭᠳᠠᠨ᠂ ᠣᠩᠨᠢᠭᠤᠳ ᠬᠤᠰᠢᠭᠤ ᠭᠡᠬᠦ ᠨᠡᠷ᠎ᠡ ᠪᠠᠷ ᠳᠠᠩᠰᠠᠯᠠᠭᠳᠠᠵᠠᠢ᠃ ᠡᠳᠦᠭᠡ ᠶᠢᠨ ᠣᠩᠨᠢᠭᠤᠳ ᠬᠤᠰᠢᠭᠤ ᠨᠢ ᠴᠢᠩ ᠤᠯᠤᠰ ᠤᠨ ᠦᠶ᠎ᠡ ᠶᠢᠨ ᠣᠩᠨᠢᠭᠤᠳ ᠵᠡᠭᠦᠨ ᠭᠠᠷᠤᠨ ᠬᠤᠰᠢᠭᠤ ᠶᠣᠮ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号