ᠵᠢᠶᠠᠩᠰᠢ ᠮᠤᠵᠢ ᠶᠢᠨ ᠮᠤᠩᠭᠤᠯᠴᠤᠳ ᠤᠨ ᠲᠤᠶᠢᠮᠤ ᠪᠠᠶᠢᠳᠠᠯ
ᠨᠡᠶᠢᠲᠡᠯᠡᠭᠰᠡᠨ ᠴᠠᠭ᠄
2020/1/13
ᠬᠤᠪᠢᠰᠬᠠᠯ ᠤᠨ ᠭᠤᠯᠤᠮᠳᠠ ᠪᠤᠯᠤᠭᠰᠠᠨ ᠵᠢᠶᠠᠩᠰᠢ ᠮᠤᠵᠢ ᠶᠢᠨ ᠨᠤᠲᠤᠭ ᠳᠡᠪᠢᠰᠭᠡᠷ 16.69 ᠲᠦᠮᠡᠨ ᠲᠡᠭᠰᠢ ᠳᠦᠷᠪᠡᠯᠵᠢᠨ ᠺᠢᠯᠤᠮᠧᠲᠷ᠂ ᠬᠦᠮᠦᠨ ᠠᠮᠠ 4139.8 ᠲᠦᠮᠡ ᠪᠤᠢ᠃ ᠡᠭᠦᠨ ᠳᠤ ᠮᠤᠩᠭᠤᠯ ᠦᠨᠳᠦᠰᠦᠲᠡᠨ ᠤ ᠬᠦᠮᠦᠨ ᠠᠮᠠ 9010 ᠪᠠᠶᠢᠨ᠎ᠠ᠃ ᠵᠢᠶᠠᠩᠰᠢ ᠮᠤᠵᠢ ᠶᠢᠨ ᠮᠤᠩᠭᠤᠯᠴᠤᠳ ᠤᠨ ᠲᠤᠳᠤᠷ᠎ᠠ ᠶᠤᠸᠠᠨ ᠤᠯᠤᠰ ᠤᠨ ᠵᠠᠩᠵᠤᠨ ᠬᠤᠶᠠᠭ ᠤᠨ ᠬᠤᠶᠢᠴᠢᠰ ᠪᠤᠢ︔ ᠦᠭᠡᠷᠡᠴᠢᠯᠡᠯᠳᠡ ᠨᠡᠭᠡᠭᠡᠯᠳᠡ ᠶᠢᠨ ᠳᠠᠷᠠᠭ᠎ᠠ ᠠᠷᠠᠯᠵᠢᠶ᠎ᠠ ᠮᠠᠶᠢᠮᠠᠢ ᠬᠢᠵᠦ ᠤᠴᠢᠭᠰᠠᠳ ᠪᠤᠢ︔ ᠠᠵᠢᠯ ᠰᠢᠯᠵᠢᠵᠦ ᠭᠡᠷ ᠡᠷᠦᠬᠡ ᠪᠠᠷ ᠢᠶᠠᠨ ᠤᠴᠢᠭᠰᠠᠳ ᠪᠤᠶᠤ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠭ᠎ᠠ ᠤᠶᠤᠳᠠᠳ ᠴᠤ ᠪᠤᠢ᠃ ᠠᠳᠡᠬᠢ ᠮᠤᠩᠭᠤᠯᠴᠤᠳ ᠤᠨ ᠤᠯᠠᠩᠬᠢ ᠨᠢ ᠱᠠᠩ ᠷᠤᠤ᠂ ᠨᠠᠨᠴᠠᠩ᠂ ᠵᠢᠤᠵᠢᠶᠠᠩ ᠵᠡᠷᠭᠡ ᠶᠡᠭᠡ ᠬᠤᠳᠠᠳ ᠢᠶᠠᠷ ᠲᠦᠪᠯᠡᠷᠡᠵᠦ᠂ ᠲᠤᠰ ᠲᠤᠰ ᠤᠨ ᠠᠵᠢᠯ ᠤᠨ ᠪᠠᠶᠢᠷᠢ ᠳᠠᠭᠠᠨ ᠭᠠᠪᠰᠢᠭᠠᠶᠢᠯᠠᠨ ᠠᠵᠢᠯᠯᠠᠭᠠᠳ ᠵᠢᠶᠠᠩᠰᠢ ᠮᠤᠵᠢ ᠶᠢᠨ ᠨᠡᠶᠢᠭᠡᠮ ᠠᠵᠤ ᠠᠬᠤᠢ ᠶᠢᠨ ᠬᠦᠭᠵᠢᠯᠳᠡ ᠳᠤ ᠬᠤᠪᠢ ᠨᠡᠮᠡᠷᠢ  ᠪᠠᠨ ᠦᠵᠡᠭᠦᠯᠵᠦ ᠪᠠᠶᠢᠨ᠎ᠠ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号