ᠵᠤᠤ ᠤᠳᠠ ᠠᠶᠢᠮᠠᠭ ᠤᠨ ᠨᠡᠷ᠎ᠡ ᠶᠢᠨ ᠢᠷᠡᠯᠲᠡ ᠶᠢᠨ ᠲᠤᠬᠠᠢ
ᠨᠡᠶᠢᠲᠡᠯᠡᠭᠰᠡᠨ ᠴᠠᠭ᠄
2020/1/13
ᠵᠤᠤ ᠤᠳᠠ ᠠᠶᠢᠮᠠᠭ ᠪᠤᠯ ᠤᠷᠢᠳᠤ ᠴᠢᠩ ᠤᠯᠤᠰ ᠤᠨ ᠦᠶ᠎ᠡ ᠳᠤ ᠠᠷᠪᠠᠨ ᠨᠢᠭᠡᠨ ᠬᠤᠰᠢᠭᠤ ᠶᠢ ᠪᠠᠭᠴᠠᠯᠠᠨ ᠬᠠᠮᠢᠶᠠᠷᠴᠤ᠂ ᠨᠢᠭᠡᠨ ᠵᠤᠤ ᠤᠳᠠ ᠶᠢᠨ ᠴᠢᠭᠤᠯᠭᠠᠨ ᠭᠡᠵᠤ ᠪᠠᠶᠢᠵᠠᠢ᠃ ᠡᠳᠡᠭᠡᠷ ᠠᠷᠪᠠᠨ ᠨᠢᠭᠡᠨ ᠬᠤᠰᠢᠭᠤ ᠨᠢ ᠲᠠᠷᠤᠢ᠄ ᠠᠷᠤ ᠬᠤᠷᠴᠢᠨ ᠬᠤᠰᠢᠭᠤ᠂ ᠪᠠᠷᠠᠭᠤᠨ ᠪᠠᠭᠠᠷᠢᠨ ᠬᠤᠰᠢᠭᠤ᠂ ᠵᠡᠭᠦᠨ ᠪᠠᠭᠠᠷᠢᠨ ᠬᠤᠰᠢᠭᠤ᠂ ᠪᠠᠷᠠᠭᠤᠨ ᠤᠩᠨᠢᠭᠤᠳ ᠬᠤᠰᠢᠭᠤ᠂ ᠵᠡᠭᠦᠨ ᠤᠩᠨᠢᠭᠤᠳ ᠬᠤᠰᠢᠭᠤ᠂ ᠪᠠᠷᠠᠭᠤᠨ ᠵᠠᠷᠤᠳ ᠬᠤᠰᠢᠭᠤ᠂ ᠵᠡᠭᠦᠨ ᠵᠠᠷᠤᠳ ᠬᠤᠰᠢᠭᠤ᠂ ᠠᠦᠬᠠᠨ ᠬᠤᠰᠢᠭᠤ᠂ ᠭᠡᠰᠢᠭᠲᠡᠨ ᠬᠤᠰᠢᠭᠤ᠂ ᠴᠤᠬᠤᠷ ᠬᠠᠯᠬ᠎ᠠ ᠬᠤᠰᠢᠭᠤ᠂ ᠬᠠᠷᠠᠴᠢᠨ ᠬᠤᠰᠢᠭᠤ ᠵᠡᠷᠭᠡ ᠠᠷᠪᠠᠨ ᠨᠢᠭᠡᠨ ᠬᠤᠰᠢᠭᠤᠳ ᠪᠤᠯᠤᠨ᠎ᠠ᠃ ᠠᠷᠤ ᠬᠤᠷᠴᠢᠨ ᠬᠤᠰᠢᠭᠤᠨ ᠤ ᠲᠢᠪᠦᠯᠢ ᠰᠦᠮ᠎ᠡ ᠶᠢᠨ ᠡᠮᠦᠨ᠎ᠡ ᠤᠳᠤᠭᠢ ᠺᠠᠶᠢᠯᠤ ᠰᠢᠶᠠᠨ ᠳᠤ ᠵᠢᠷᠤᠭᠳᠠᠭᠰᠠᠨ ᠶᠡᠭᠡ ᠰᠠᠯᠠᠭ᠎ᠠ ᠤᠷᠴᠢᠮ ᠵᠠᠭᠤᠨ ᠰᠠᠭᠤᠷᠢ ᠤᠳᠠ ᠮᠤᠳᠤ ᠤᠷᠭᠤᠭᠰᠠᠨ ᠭᠠᠵᠠᠷ᠂ ᠠᠷᠪᠠᠨ ᠨᠢᠭᠡᠨ ᠬᠤᠰᠢᠭᠤᠨ ᠤ ᠵᠠᠰᠠᠭ ᠨᠠᠷ ᠴᠤᠭᠯᠠᠷᠠᠨ ᠴᠢᠭᠤᠯᠭᠠᠨ ︵ᠠᠶᠢᠮᠠᠭ︶ ᠤ ᠶᠠᠪᠤᠳᠠᠯ ᠢ ᠬᠡᠯᠡᠯᠴᠡᠳᠡᠭ ᠪᠦᠭᠡᠳ ᠴᠢᠭᠤᠯᠭᠠᠨ ︽ᠳ᠋ᠠ ᠸᠠᠩ︾  ᠢ ᠠᠯᠢ ᠬᠤᠰᠢᠭᠤᠨ ᠤ ᠸᠠᠩ ᠢᠶᠠᠷ ᠪᠤᠯᠭᠠᠬᠤ ᠲᠤᠬᠠᠢ ᠤᠯᠠᠨ ᠢᠶᠠᠷ ᠢᠶᠠᠨ ᠭᠡᠯᠡᠯᠴᠡᠨ ᠲᠤᠭᠲᠠᠭᠠᠳᠠᠭ ᠲᠤᠯᠠ ︽ᠵᠠᠭᠤᠨ ᠤᠳᠠ ᠶᠢᠨ ᠴᠢᠭᠤᠯᠭᠠᠨ︾ ᠭᠡᠵᠤ ᠨᠡᠷᠡᠯᠡᠵᠦ ᠪᠠᠶᠢᠵᠠᠢ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号