︽ᠮᠤᠩᠭᠤᠯ ᠤᠨ ᠨᠢᠭᠤᠴᠠ ᠲᠤᠪᠴᠢᠶᠠᠨ︾ ᠤ ᠵᠤᠬᠢᠶᠠᠭᠴᠢ ᠬᠡᠨ ᠪᠤᠢ︖
ᠨᠡᠶᠢᠲᠡᠯᠡᠭᠰᠡᠨ ᠴᠠᠭ᠄
2020/1/13
︽ᠮᠤᠩᠭᠤᠯ ᠤᠨ ᠨᠢᠭᠤᠴᠠ ᠲᠤᠪᠴᠢᠶᠠᠨ︾ ᠳᠤ ᠤᠤᠯ ᠠᠴᠠ ᠪᠠᠨ ᠳᠠᠷᠤᠢ ᠵᠤᠬᠢᠶᠠᠭᠴᠢ ᠶᠢᠨ ᠨᠡᠷ᠎ᠡ ᠶᠢ ᠬᠠᠳᠠᠭᠰᠠᠨ ᠦᠭᠡᠢ ᠪᠠᠶᠢᠪᠠ᠃ ᠬᠡᠨ ᠵᠤᠬᠢᠶᠠᠭᠰᠠᠨ ᠴᠤ ᠲᠡᠷᠡ ᠨᠡᠷ᠎ᠡ ᠪᠠᠨ ᠪᠢᠴᠢᠭᠰᠡᠨ ᠦᠭᠡᠢ᠃ ᠤᠳᠤ ᠶᠢᠨ ᠮᠠᠨ ᠳᠤ ᠤᠯᠳᠠᠭᠰᠠᠨ ︽ᠮᠤᠩᠭᠤᠯ ᠤᠨ ᠨᠢᠭᠤᠴᠠ ᠲᠤᠪᠴᠢᠶᠠᠨ︾ ᠳᠤ ᠵᠤᠬᠢᠶᠠᠭᠴᠢ ᠶᠢᠨ ᠨᠡᠷ᠎ᠡ ᠠᠯᠠᠭ᠎ᠠ ᠪᠠᠶᠢᠨ᠎ᠠ᠃ ᠡᠶᠢᠨ ᠬᠦ᠋ ᠤᠯᠠᠨ ᠡᠷᠲᠡᠮᠲᠡᠳ ᠰᠤᠳᠤᠯᠤᠭᠠᠴᠢᠳ ᠨᠡᠯᠢᠶᠡᠳ ᠡᠷᠲᠡᠨ ᠠᠴᠠ ᠠᠪᠤᠭᠠᠳ ᠲᠡᠭᠦᠨ  ᠤ ᠵᠤᠬᠢᠶᠠᠭᠴᠢ ᠶᠢᠨ ᠨᠡᠷ᠎ᠡ ᠤᠤᠯ ᠳᠤ ᠪᠠᠨ ᠪᠠᠶᠢᠭᠰᠠᠨ ᠪᠤᠯᠪᠠᠴᠤ ᠬᠤᠵᠢᠮ ᠨᠢ ᠭᠡᠭᠡᠭᠳᠡᠵᠡᠢ ᠤᠷᠬᠢᠭᠳᠠᠵᠠᠢ ᠬᠡᠮᠡᠭᠡᠳ ᠲᠡᠭᠦᠨ ᠢ ᠨᠢ ᠤᠯᠵᠦ ᠠᠪᠬᠤ ᠭᠡᠵᠦ ᠨᠦᠰᠡᠷ ᠶᠡᠭᠡ ᠬᠦᠳᠡᠯᠮᠤᠷᠢ ᠬᠦᠴᠦ ᠪᠠᠨ ᠵᠠᠷᠤᠴᠠᠭᠤᠯᠵᠦ᠂ ᠤᠯᠠᠨ ᠤᠯᠠᠨ ᠲᠠᠭᠠᠮᠠᠭ ᠰᠠᠨᠠᠯ ᠢᠶᠠᠨ ᠲᠡᠪᠰᠢᠭᠦᠯᠦᠭᠰᠡᠭᠡᠷ ᠢᠷᠡᠵᠡᠢ᠃ ᠭᠡᠪᠡᠴᠤ᠂ ᠮᠢᠨᠦ ᠦᠵᠡᠬᠦ ᠪᠠᠷ ᠤᠤᠯ ᠠᠴᠠ ᠪᠠᠨ ᠳᠠᠷᠦᠢ ᠵᠤᠬᠢᠶᠠᠭᠴᠢ ᠶᠢᠨ ᠨᠡᠷ᠎ᠡ ᠬᠠᠳᠠᠭ᠎ᠠ ᠦᠭᠡᠢ ︽ᠮᠤᠩᠭᠤᠯ  ᠤᠨ ᠨᠢᠭᠤᠴᠠ ᠲᠤᠪᠴᠢᠶᠠᠨ︾ ᠳᠤ ᠵᠠᠪᠠᠯ ᠵᠤᠬᠢᠶᠠᠭᠴᠢ ᠶᠢ ᠨᠢ ᠤᠯᠵᠦ ᠦᠭᠬᠦ ᠬᠡᠮᠡᠨ ᠴᠢᠷᠮᠠᠶᠢᠬᠤ ᠤᠷᠤᠯᠳᠤᠯᠭ᠎ᠠ ᠳᠤ ᠶᠠᠮᠠᠷᠬᠠᠨ ᠦᠷ᠎ᠡ ᠳ᠋ᠦᠩ ᠤᠯᠳᠠᠬᠤ ᠪᠢᠯᠡ︖ ︽ᠮᠤᠩᠭᠤᠯ ᠤᠨ ᠨᠢᠭᠤᠴᠠ ᠲᠤᠪᠴᠢᠶᠠᠨ︾ ᠠᠩᠬ᠎ᠠ ᠴᠢᠩᠭᠢᠰ ᠬᠠᠭᠠᠨ ᠤ ᠦᠶ᠎ᠡ ᠳᠤ ᠨᠠᠶᠢᠷᠠᠭᠤᠯᠤᠨ ᠪᠢᠴᠢᠵᠦ ᠡᠬᠢᠯᠡᠬᠦ ᠳᠤ ᠲᠡᠷᠡ ᠨᠢ ᠤᠯᠠᠨ ᠨᠡᠶᠢᠲᠡ ᠶᠢᠨ ᠠᠵᠢᠯᠯᠠᠭ᠎ᠠ ᠪᠠᠶᠢᠭᠰᠠᠨ  ᠠᠴᠠ ᠪᠢᠰᠢ᠂ ᠬᠤᠪᠢ ᠬᠦᠮᠦᠨ ᠤ ᠤᠬᠠᠮᠰᠠᠷ ᠦᠭᠡᠢ ᠠᠵᠢᠯᠯᠠᠭ᠎ᠠ ᠪᠤᠰᠤ ᠪᠠᠶᠢᠭᠰᠠᠨ᠃ ᠡᠶᠢᠨ ᠬᠦ᠋ ᠡᠬᠢᠯᠡᠩᠭᠦᠲᠡ  ᠪᠠᠨ ᠳᠠᠷᠤᠢ ᠵᠤᠬᠢᠶᠠᠭᠴᠢ ᠶᠢᠨ ᠨᠡᠷ᠎ᠡ ᠭᠡᠵᠦ ᠬᠠᠳᠠᠭᠰᠠᠨ ᠦᠭᠡᠢ ᠶᠤᠮ᠃ ︽ᠮᠤᠩᠭᠤᠯ ᠤᠨ ᠨᠢᠭᠤᠴᠠ ᠲᠤᠪᠴᠢᠶᠠᠨ︾ ᠢ ᠪᠤᠯ ᠴᠢᠩᠭᠢᠰ ᠬᠠᠭᠠᠨ ᠤ ᠬᠦᠴᠦᠲᠦ ᠰᠠᠨᠠᠭᠠᠴᠢᠯᠭ᠎ᠠ ᠳᠤᠤᠷ᠎ᠠ᠂ ᠶᠠᠮᠠᠷ ᠨᠢᠭᠡᠨ ᠡᠷᠳᠡᠮ ᠨᠤᠮ ᠲᠠᠢ᠂ ᠪᠢᠴᠢᠭ ᠤᠨ ᠪᠤᠯᠪᠠᠰᠤᠷᠠᠯ ᠰᠠᠶᠢᠨ ᠬᠦᠮᠦᠨ ᠤ ᠰᠢᠭᠤᠳ ᠤᠳᠤᠷᠢᠳᠤᠯᠭ᠎ᠠ ᠳᠤᠤᠷ᠎ᠠ ᠂ ᠨᠢᠭᠡ ᠪᠦᠯᠦᠭ ᠮᠤᠩᠭᠤᠯ ᠤᠨ ᠡᠪᠦᠭᠡ ᠳᠡᠭᠡᠳᠤᠰ ᠤᠨ ᠢᠶᠠᠨ ᠲᠡᠤᠬᠡᠨ ᠤᠶᠢᠯᠡ ᠶᠠᠪᠤᠳᠠᠯ ᠢ ᠤᠯᠠᠮᠵᠢᠯᠠᠨ ᠶᠠᠷᠢᠵᠦ ᠴᠢᠳᠠᠳᠠᠭ ᠴᠡᠭᠡᠵᠢ ᠰᠠᠶᠢᠲᠠᠢ ᠠᠯᠲᠠᠨ ᠤᠷᠤᠭ ᠤᠨ ᠬᠦᠮᠦᠨ ᠤ ᠭᠠᠷ ᠪᠡᠶ᠎ᠡ ᠤᠷᠤᠯᠴᠠᠭ᠎ᠠ ᠲᠠᠢ ᠪᠠᠷ ᠨᠢᠭᠡ ᠤᠯᠠᠨ ᠪᠢᠴᠢᠭ ᠦᠰᠦᠭ ᠲᠤ ᠴᠠᠭᠠᠷᠠᠭᠰᠠᠨ ᠬᠦᠮᠦᠨ ᠤ ᠬᠠᠮᠲᠤ ᠶᠢᠨ ᠴᠢᠷᠮᠠᠶᠢᠯᠠᠭ᠎ᠠ ᠳᠤ ᠲᠤᠯᠳᠤᠶᠢᠳᠴᠤ ᠪᠠᠶᠢᠭᠠᠳ ᠨᠠᠶᠢᠷᠠᠭᠤᠯᠤᠨ ᠪᠢᠴᠢᠭᠰᠡᠨ ᠪᠠᠶᠢᠭ᠎ᠠ ᠶᠤᠮ᠃ ︽ᠮᠤᠩᠭᠤᠯ ᠤᠨ ᠨᠢᠭᠤᠴᠠ ᠲᠤᠪᠴᠢᠶᠠᠨ︾ ᠢ ᠨᠠᠶᠢᠷᠠᠭᠤᠯᠤᠨ ᠪᠢᠴᠢᠬᠦ ᠠᠵᠢᠯ ᠢ ᠦᠨᠳᠦᠷ ᠪᠢᠴᠢᠭ ᠤᠨ ᠪᠤᠯᠪᠠᠰᠤᠷᠠᠯ ᠲᠠᠢ ᠲᠠᠳᠠᠳᠤᠩᠭ᠎ᠠ ᠤᠳᠤᠷᠢᠳᠤᠨ ᠲᠤᠯᠤᠭᠠᠶᠢᠯᠠᠭᠰᠠᠨ ᠪᠠᠶᠢᠵᠦ ᠪᠤᠯᠤᠨ᠎ᠠ ︔ ᠮᠦᠨ ᠠᠳᠠᠯᠢᠬᠠᠨ ᠪᠢᠴᠢᠭ ᠰᠤᠶᠤᠯ ᠳᠤ ᠴᠠᠭᠠᠷᠠᠵᠦ᠂ ︽ᠪᠦᠬᠦ ᠤᠯᠤᠰ ᠤᠨ ᠲᠤᠳᠤᠷᠠᠬᠢ ᠬᠤᠯᠠᠭᠠᠢ ᠶᠢ ᠴᠡᠭᠡᠷᠯᠡᠭᠦᠯᠵᠦ᠂ ᠬᠤᠳᠠᠯ ᠢ ᠮᠤᠬᠤᠭᠠᠵᠦ᠂ ᠦᠬᠦᠭᠦᠯᠬᠦ ᠶᠤᠰᠤᠲᠠᠢ ᠶᠢ ᠦᠬᠦᠭᠦᠯᠵᠦ᠂ ᠶᠠᠯᠠᠯᠠᠬᠤ ᠶᠤᠰᠤᠲᠠᠢ ᠶᠢ ᠶᠠᠯᠠᠯᠠᠵᠦ︾ ᠶᠠᠪᠤᠭᠰᠠᠨ ᠲᠡᠭᠡᠳᠤ ᠵᠠᠷᠭᠤᠴᠢ ᠪᠦᠭᠡᠳ ᠪᠠᠰᠠ ︽ᠨᠡᠶᠢᠲᠡ ᠤᠯᠤᠰ ᠤᠨ ᠦᠮᠴᠢ ᠶᠢ ᠬᠤᠪᠢᠶᠠᠵᠦ᠂ ᠵᠠᠷᠭᠤ ᠶᠢ ᠰᠢᠢᠳᠭᠡᠵᠦ᠂ ᠲᠡᠭᠦᠨ ᠢ ᠪᠠᠨ ᠬᠦᠬᠡ ᠲᠡᠪᠲᠡᠷ ᠲᠤ ᠪᠢᠴᠢᠵᠦ᠂ ᠴᠠᠭᠠᠨ ᠴᠠᠭᠠᠰᠤᠨ ᠳᠡᠭᠡᠷ᠎ᠡ ᠲᠡᠮᠳᠡᠭᠯᠡᠵᠦ︾ ᠶᠠᠪᠤᠭᠰᠠᠨ ᠰᠢᠬᠢᠬᠤᠳᠤᠭ ᠤᠳᠤᠷᠢᠳᠤᠨ ᠭᠦᠢᠴᠡᠳᠭᠡᠭᠰᠡᠨ ᠴᠤ ᠪᠠᠶᠢᠵᠦ ᠪᠤᠯᠤᠨ᠎ᠠ᠃ ᠶᠠᠭᠤ ᠪᠤᠯᠤᠭᠰᠠᠨ ᠴᠤ᠂ ︽ᠮᠤᠩᠭᠤᠯ ᠤᠨ ᠨᠢᠭᠤᠴᠠ ᠲᠤᠪᠴᠢᠶᠠᠨ︾ ᠪᠤᠯ ᠴᠢᠩᠭᠢᠰ ᠬᠠᠭᠠᠨ ᠮᠡᠲᠤ ᠮᠤᠩᠭᠤᠯ ᠤᠨ ᠳᠡᠭᠡᠳᠤ ᠳᠠᠪᠬᠤᠷᠭᠠᠲᠠᠨ ᠤ ᠨᠤᠶᠠᠷᠬᠠᠭᠴᠢᠳ ᠤᠨ ᠵᠦᠪᠰᠢᠶᠡᠷᠡᠯ ᠳᠤᠤᠷ᠎ᠠ᠂ ᠨᠢᠭᠡ ᠪᠦᠯᠦᠭ ᠲᠠᠷᠢᠬᠢ ᠲᠤᠯᠤᠭᠠᠢ ᠲᠠᠢ ᠬᠦᠮᠦᠰ ᠢ ᠵᠤᠬᠢᠶᠠᠨ ᠪᠠᠶᠢᠭᠤᠯᠵᠦ᠂ ︽ᠮᠤᠩᠭᠤᠯ ᠤᠨ ᠡᠪᠦᠭᠡ ᠳᠡᠭᠡᠳᠤᠰ ᠤᠨ ᠢᠶᠠᠨ ᠲᠡᠤᠬᠡ ᠶᠢ ᠠᠮᠠ ᠪᠠᠷ ᠤᠯᠠᠮᠵᠢᠯᠠᠨ ᠦᠷᠬᠦᠯᠵᠢᠯᠡᠭᠦᠯᠵᠦ ᠪᠠᠶᠢᠭᠰᠠᠨ︾ ᠵᠤᠷᠰᠢᠯ ᠶᠤᠰᠤᠭᠠᠷ ᠵᠤᠬᠢᠶᠠᠨ ᠪᠦᠲᠦᠭᠡᠭᠳᠡᠭᠰᠡᠨ ᠭᠡᠳᠡᠭ ᠨᠢ ᠭᠠᠷᠴᠠᠭ᠎ᠠ ᠦᠭᠡᠢ ᠦᠨᠡᠨ ᠬᠡᠷᠡᠭ ᠮᠦᠨ᠃ ᠡᠨᠡ ᠪᠦᠬᠦᠨ ᠨᠢ 13 ᠳ᠋ᠤᠭᠠᠷ ᠵᠠᠭᠤᠨ ᠤ ᠡᠬᠢᠨ ᠦᠶ᠎ᠡ ᠪᠠᠷ ᠮᠤᠩᠭᠤᠯᠴᠤᠳ ᠳᠠᠷᠦᠢ ᠦᠪᠡᠷ ᠤᠨ ᠲᠡᠤᠬᠡ ᠱᠠᠰᠳᠢᠷ  ᠢᠶᠠᠨ ᠨᠠᠶᠢᠷᠠᠭᠤᠯᠤᠨ ᠪᠢᠴᠢᠬᠦ ᠶᠢᠨ ᠡᠭᠦᠲᠡᠨ ᠠᠴᠠ ᠲᠤᠰᠬᠠᠢ ᠵᠤᠬᠢᠶᠠᠨ ᠪᠦᠲᠦᠭᠡᠬᠦ ᠡᠩᠨᠡᠭᠡ ᠲᠠᠢ ᠪᠠᠶᠢᠭᠰᠠᠨ ᠪᠠ ᠲᠤᠰᠬᠠᠢ ᠲᠡᠤᠬᠡ ᠵᠤᠬᠢᠶᠠᠬᠤ ᠵᠤᠬᠢᠶᠠᠮᠵᠢ ᠪᠠᠶᠢᠭᠤᠯᠤᠮᠵᠢ᠂ ᠲᠤᠰᠬᠠᠢ ᠲᠤᠰᠢᠶᠠᠯ ᠲᠠᠢ ᠨᠤᠶᠠᠳ ᠲᠦᠰᠢᠮᠡᠳ ᠲᠠᠢ ᠪᠤᠯᠤᠭᠠᠳ ᠪᠠᠶᠢᠭᠰᠠᠨ ᠢ ᠬᠠᠷᠠᠭᠤᠯᠵᠦ ᠪᠠᠶᠢᠨ᠎ᠠ᠃ ᠰᠡᠭᠦᠯᠡᠷ ᠨᠢ ᠦᠭᠡᠳᠡᠢ ᠬᠠᠭᠠᠨ ᠤ ᠦᠶ᠎ᠡ ᠳᠤ᠂ ︽ᠮᠤᠩᠭᠤᠯ ᠤᠨ ᠨᠢᠭᠤᠴᠠ ᠲᠤᠪᠴᠢᠶᠠᠨ︾ ᠢ ᠵᠠᠯᠭᠠᠨ ᠵᠤᠬᠢᠶᠠᠵᠦ ᠪᠦᠲᠦᠭᠡᠬᠦ ᠳᠤ ᠪᠦᠷ ᠯᠡ ᠴᠢᠩᠭᠢᠰ ᠬᠠᠭᠠᠨ ᠤ ᠦᠶ᠎ᠡ ᠶᠢᠨ ︽ᠮᠤᠩᠭᠤᠯ ᠤᠨ ᠨᠢᠭᠤᠴᠠ ᠲᠤᠪᠴᠢᠶᠠᠨ︾ ᠵᠤᠬᠢᠶᠠᠵᠦ ᠪᠠᠶᠢᠭᠰᠠᠨ ᠬᠡᠪ ᠵᠤᠷᠰᠢᠯ ᠢ ᠶᠤᠰᠤᠴᠢᠯᠠᠨ ᠪᠠᠷᠢᠮᠲᠠᠯᠠᠵᠦ᠂ ᠮᠦᠨ ᠶᠤᠰᠤᠭᠠᠷ ᠨᠢ ᠵᠤᠬᠢᠶᠠᠭᠴᠢ ᠶᠢᠨ ᠨᠡᠷ᠎ᠡ ᠶᠢ ᠬᠠᠳᠠᠭᠰᠠᠨ ᠦᠭᠡᠢ ᠠᠵᠢ᠃ ᠡᠶᠢᠨ ᠬᠦ᠋ ᠡᠨᠡ ᠨᠢ ᠶᠠᠪᠤᠭᠠᠨ ᠳᠤ ᠪᠠᠨ ᠵᠤᠷᠰᠢᠯ ᠪᠤᠯᠵᠦ᠂ ︽ᠮᠤᠩᠭᠤᠯ ᠤᠨ ᠨᠢᠭᠤᠴᠠ ᠲᠤᠪᠴᠢᠶᠠᠨ︾ ᠢ ᠪᠦᠷᠢᠨ ᠪᠢᠴᠢᠵᠦ ᠪᠠᠷᠠᠲᠠᠯ᠎ᠠ ᠵᠤᠬᠢᠶᠠᠭᠴᠢ ᠶᠢᠨ ᠨᠡᠷ᠎ᠡ ᠭᠡᠵᠦ ᠬᠡᠨ ᠬᠦᠮᠦᠨ ᠴᠤ ᠠᠶᠤᠵᠦ ᠨᠡᠷ᠎ᠡ ᠪᠠᠨ ᠬᠠᠳᠠᠭᠰᠠᠨ ᠦᠭᠡᠢ ᠪᠢᠯᠠ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号