ᠾᠦᠩᠨᠦ ᠶᠢᠨ ᠲᠠᠷᠢᠶᠠᠯᠠᠩ ᠦᠢᠯᠡᠳᠪᠦᠷᠢᠯᠡᠯ ᠤᠣᠬᠠᠨ ᠬ᠊
ᠨᠡᠶᠢᠲᠡᠯᠡᠭᠰᠡᠨ ᠴᠠᠭ᠄
2020/10/19
ᠾᠦᠩᠨᠦᠴᠣᠳ ᠢ ᠮᠠᠯ ᠮᠠᠯᠵᠢᠬᠤ ᠦᠢᠯᠡᠳᠪᠦᠷᠢᠯᠡᠯ ᠪᠠ ᠠᠩ ᠠᠩᠨᠠᠯ ᠢᠶᠠᠷ ᠭᠤᠣᠯᠯᠠᠨ᠂ ᠪᠠᠶᠢᠨ ᠲᠠᠬᠢᠨ ᠳᠣᠮᠳᠠᠳᠣ ᠣᠯᠣᠰ ᠵᠦᠭ ᠲᠤ ᠣᠣᠯᠠᠭᠤᠯᠭ᠎ᠠ ᠬᠢᠳᠡᠭ ᠪᠣᠯᠬᠤᠷ᠂ ᠲᠡᠳᠡᠨᠡᠷ ᠲᠠᠷᠢᠶᠠᠯᠠᠩ ᠡᠷᠬᠢᠯᠡᠳᠡᠭ ᠦᠭᠡᠢ ᠭᠡᠵᠦ ᠦᠵᠡᠵᠦ ᠪᠠᠶᠢᠵᠠᠢ᠃ ᠭᠡᠪᠡᠴᠦ ᠣᠷᠴᠢᠮᠬᠠᠨ ᠢᠯᠡᠷᠡᠬᠦᠯᠦᠭᠰᠡᠨ ᠬᠠᠭᠤᠴᠢ ᠮᠠᠯᠳᠠᠮᠠᠯ ᠠᠴᠠ ᠦᠵᠡᠪᠡᠯ ᠪᠠᠶᠢᠭᠠᠯ ᠨᠠᠭᠤᠷ ᠤᠨ ᠣᠷᠴᠢᠮ ᠢᠶᠠᠷ ᠲᠠᠷᠢᠶᠠᠯᠠᠩ ᠡᠷᠬᠢᠯᠡᠵᠦ ᠪᠠᠶᠢᠭᠰᠠᠨ ᠪᠣᠳᠠᠳᠣ ᠭᠡᠷᠡᠴᠢ ᠣᠯᠳᠠᠭᠠᠳ ᠪᠠᠶᠢᠭ᠎ᠠ ᠶᠣᠮ᠃ 1920 ‍ᠭᠠᠳ ᠣᠨ ᠤ ᠣᠷᠣᠰ ᠤᠨ ᠪᠣᠷᠢᠶᠠᠳ ᠪᠦᠭᠦᠳᠡ ᠨᠠᠶᠢᠷᠠᠮᠳᠠᠬᠤ ᠣᠯᠣᠰ ᠤᠨ イヴォルガ᠎ ᠶᠢᠨ ᠪᠠᠭᠤᠷᠢ ᠠᠴᠠ ᠢᠯᠡᠷᠡᠬᠦᠯᠦᠭᠰᠡᠨ ᠪᠠᠶᠢᠳᠠᠯ ᠠᠴᠠ ᠦᠵᠡᠪᠡᠯ ᠲᠡᠨᠳᠡ ᠳᠣᠮᠳᠠᠳᠣ ᠣᠯᠣᠰ ᠠᠴᠠ ᠪᠣᠯᠢᠶᠠᠨ ᠠᠪᠴᠢᠷᠠᠭᠰᠠᠨ ᠪᠣᠭᠤᠯᠴᠣᠳ ᠎ ᠤᠨ ᠣᠷᠣᠩᠨᠠᠵᠣ ᠪᠠᠶᠢᠭᠰᠠᠨ ᠣᠷᠣᠴᠠ ᠶᠢ ᠣᠯᠵᠠᠢ᠃ ᠡᠶᠢᠮᠦ ᠣᠷᠣᠴᠠ ᠶᠢᠨ ᠪᠠᠭᠤᠷᠢ ᠬᠤᠷᠢᠨ ᠬᠡᠳᠦᠨ ᠭᠠᠵᠠᠷ ᠲᠤ ᠲᠠᠷᠬᠠᠵᠣ ᠪᠠᠶᠢᠪᠠ᠃ ᠡᠭᠦᠨ ᠠᠴᠠ ᠭᠠᠳᠠᠨ᠎ᠠ ᠣᠷᠴᠢᠮ ᠢᠶᠠᠷ ᠨᠢ ᠪᠠᠰᠠ ᠲᠠᠷᠢᠶᠠᠯᠠᠩ ᠤᠨ ᠪᠠᠭᠠᠵᠢ ᠬᠡᠷᠡᠭᠰᠡᠯ᠂ ᠭᠠᠷ ᠦᠢᠯᠡᠳᠪᠦᠷᠢᠯᠡᠯ ᠤᠨ ᠬᠠᠮᠢᠶ᠎ᠠ ᠲᠠᠢ ᠵᠦᠢᠯ ᠢᠯᠡᠷᠡᠭᠰᠡᠨ ᠢᠶᠠᠷ ᠦᠵᠡᠪᠡᠯ᠂ ᠠᠳᠡ ᠶᠡᠭᠡ ᠬᠡᠮᠵᠢᠶ᠎ᠡ ᠪᠠᠷ ᠭᠠᠷ ᠦᠢᠯᠡᠳᠪᠦᠷᠢᠯᠠᠯ ᠪᠠ ᠲᠠᠷᠢᠶᠠᠯᠠᠵᠣ ᠪᠠᠶᠢᠭᠰᠠᠨ ᠤ ᠬᠡᠷᠡᠴᠢ ᠪᠣᠯᠬᠤ ᠨᠢ ᠲᠣᠲᠣᠯᠠᠭᠳᠠᠵᠠᠢ᠃ ᠪᠠᠰᠠ ᠠᠳᠠᠯᠢᠬᠠᠨ ᠢᠶᠠᠷ ᠲᠠᠷᠢᠮ ᠤᠨ ᠬᠤᠳᠣᠭᠤᠷ ᠤᠨ ᠨᠣᠭᠤᠭᠠᠨ ᠪᠦᠷᠢᠳᠦ ᠪᠠᠷ ᠰᠠᠭᠤᠷᠢᠰᠢᠵᠣ ᠪᠠᠶᠢᠭᠰᠠᠨ ᠢᠷᠭᠡᠳ ᠢᠶᠠᠷ ᠴᠣ᠋ ᠶᠠᠭ ᠡᠶᠢᠮᠦᠷᠬᠦ ᠠᠵᠢᠯ ᠠᠯᠪᠠ ᠬᠢᠯᠭᠡᠵᠦ ᠪᠠᠶᠢᠭᠰᠠᠨ ᠪᠣᠶᠣ ᠲᠡᠳᠡᠨ ᠲᠠᠢ ᠠᠷᠠᠯᠵᠢᠶ᠎ᠠ ᠬᠤᠳᠠᠯᠳᠤᠭ᠎ᠠ ᠬᠢᠵᠦ ᠪᠠᠶᠢᠭᠰᠠᠨ ᠪᠣᠯᠣᠯᠳᠠᠢ᠂ ᠡᠬᠦᠨ ᠠᠴᠠ ᠦᠵᠡᠪᠡᠯ ᠾᠦᠩᠨᠦ ᠨᠡᠷ ᠮᠢᠬ᠎ᠠ ᠢᠳᠡᠬᠦ ᠠᠴᠠ ᠭᠠᠳᠠᠨ᠎ᠠ ᠪᠠᠰᠠ ᠠᠮᠣ ᠲᠠᠷᠢᠶ᠎ᠠ ᠴᠣ᠋ ᠢᠳᠡᠳᠡᠭ ᠨᠢ ᠲᠣᠲᠣᠷᠬᠠᠢ᠃ ᠡᠰᠡᠬᠦᠯ᠎ᠡ ᠡᠳᠡᠭᠡᠷ ᠠᠮᠣ ᠲᠠᠷᠢᠶ᠎ᠠ ᠪᠠᠷ ᠢᠶᠠᠨ ᠠᠷᠠᠯᠵᠢᠶᠠᠯᠠᠵᠣ ᠪᠠᠶᠢᠭᠰᠠᠨ ᠴᠣ᠋ ᠪᠣᠯᠵᠣᠰᠢ ᠦᠭᠡᠢ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号