| | ᠳᠠᠪᠤᠰᠤ ᠠᠷᠪᠢᠨ ᠢᠳᠡᠬᠦ ᠨᠢ ᠬᠥᠮᠦᠨ ᠤ ᠪᠡᠶ᠎ᠡ ᠳᠤ ᠮᠠᠰᠢ ᠮᠠᠭᠤ ᠶᠤᠮ᠃ ᠡᠩ ᠤᠨ ᠪᠠᠶᠢᠳᠠᠯ ᠳᠤ᠂ | ᠭᠤᠷᠪᠠᠨ ᠬᠥᠮᠦᠨ ᠠᠮᠠ ᠲᠠᠢ ᠨᠢᠭᠡ ᠠᠶᠢᠯ ᠤᠨ ᠨᠢᠭᠡ ᠵᠢᠯ ᠳᠤ ᠢᠳᠡᠬᠦ ᠳᠠᠪᠤᠰᠤᠨ ᠤ ᠬᠡᠮᠵᠢᠶ᠎ᠡ 16 ᠤᠭᠤᠲᠠ | ᠪᠠᠶᠢᠬᠤ ᠶᠣᠰᠣᠲᠠᠶ᠃ ᠭᠡᠪᠡᠴᠦ᠂ ᠣᠯᠠᠩᠬᠢ ᠬᠥᠮᠦᠨ ᠤ ᠳᠠᠪᠤᠰᠤ ᠢᠳᠡᠬᠦ ᠬᠡᠮᠵᠢᠶ᠎ᠡ ᠡᠭᠦᠨ ᠠᠴᠠ ᠬᠤᠯᠠ ᠬᠡᠲᠦᠷᠡᠵᠦ | ᠪᠠᠶᠢᠨ᠎ᠠ᠃ | ᠨᠢᠭᠡᠨ ᠪᠠᠶᠢᠴᠠᠭᠠᠯᠲᠠ ᠶᠢᠨ ᠲᠤᠭ᠎ᠠ ᠪᠠᠷᠢᠮᠲᠠ ᠠᠴᠠ ᠦᠵᠡᠪᠡᠯ᠂ ᠮᠠᠨ ᠤ ᠤᠯᠤᠰ ᠤᠨ ᠡᠮᠦᠨᠡᠲᠦ ᠣᠷᠣᠨ ᠤ | ᠬᠥᠮᠦᠰ ᠤᠨ ᠡᠳᠦᠷ ᠪᠦᠷᠢ ᠶᠢᠨ ᠢᠳᠡᠬᠦ ᠳᠠᠪᠤᠰᠤᠨ ᠤ ᠬᠡᠮᠵᠢᠶ᠎ᠡ ᠲᠡᠭᠰᠢᠳᠬᠡᠭᠡᠳ 8-10 ᠭᠷᠠᠮ ᠪᠠᠶᠢᠵᠤ᠂ ᠤᠮᠠᠷᠠᠲᠤ | ᠣᠷᠣᠨ ᠤ ᠬᠥᠮᠦᠰ ᠤᠨ ᠡᠳᠦᠷ ᠪᠦᠷᠢ ᠶᠢᠨ ᠢᠳᠡᠬᠦ ᠳᠠᠪᠤᠰᠤᠨ ᠤ ᠬᠡᠮᠵᠢᠶ᠎ᠡ ᠲᠡᠭᠰᠢᠳᠬᠡᠭᠡᠳ 18 ᠭᠷᠠᠮ ᠳᠤ ᠬᠦᠷᠴᠦ | ᠪᠣᠶ᠃ ᠪᠠᠰᠠ ᠵᠠᠷᠢᠮ ᠳᠠᠪᠤᠰᠤ ᠴᠢᠩᠭ᠎ᠠ ᠢᠳᠡᠳᠡᠭ ᠳᠠᠳᠬᠠᠯ ᠲᠠᠢ ᠬᠥᠮᠦᠰ ᠤᠨ ᠡᠳᠦᠷ ᠪᠦᠷᠢ ᠶᠢᠨ ᠢᠳᠡᠬᠦ | ᠳᠠᠪᠤᠰᠤᠨ ᠤ ᠬᠡᠮᠵᠢᠶ᠎ᠡ 20-25 ᠭᠷᠠᠮ ᠳᠤ ᠬᠦᠷᠴᠦ ᠪᠠᠶᠢᠨ᠎ᠠ᠃ ᠲᠡᠭᠰᠢᠳᠬᠡᠭᠡᠳ ᠪᠣᠳᠣᠪᠠᠯ ᠮᠠᠨ ᠤ ᠤᠯᠤᠰ ᠤᠨ | ᠬᠥᠮᠦᠨ ᠡᠳᠦᠷ ᠪᠦᠷᠢ 14.5 ᠭᠷᠠᠮ ᠳᠠᠪᠤᠰᠤ ᠢᠳᠡᠵᠦ ᠪᠠᠶᠢᠨ᠎ᠠ᠃ | ᠲᠡᠭᠡᠪᠡᠯ᠂ ᠳᠠᠪᠤᠰᠤ ᠶᠢ ᠬᠡᠲᠦᠷᠡᠲᠡᠯ᠎ᠡ ᠢᠳᠡᠪᠡᠯ ᠪᠡᠶ᠎ᠡ ᠳᠤ ᠶᠠᠮᠠᠷ ᠢᠯᠡᠷᠡᠯ ᠭᠠᠷᠳᠠᠭ ᠪᠣᠢ︖ | 1. ᠠᠮᠠ ᠬᠠᠳᠠᠬᠤ | ᠶᠡᠭᠡ ᠬᠡᠮᠵᠢᠶᠡᠨ ᠤ ᠨᠠᠳ᠋ᠷᠢ ᠠᠭᠤᠯᠤᠭᠰᠠᠨ ᠬᠤᠭᠤᠯᠠ ᠢᠳᠡᠭᠰᠡᠨ ᠤ ᠳᠠᠷᠠᠭ᠎ᠠ᠂ ᠪᠡᠶ᠎ᠡ ᠳᠠᠬᠢ ᠳᠠᠪᠤᠰᠤ ᠪᠣᠯᠤᠨ | ᠤᠰᠤᠨ ᠤ ᠠᠭᠤᠯᠤᠭᠳᠠᠬᠤᠨ ᠤ ᠲᠡᠩᠴᠡᠭᠦᠷᠢ ᠠᠯᠳᠠᠭᠳᠠᠭᠰᠠᠨ ᠰᠢᠭ᠋ ᠰᠠᠨᠠᠭᠳᠠᠵᠤ᠂ ᠠᠮᠠ ᠬᠠᠲᠠᠳᠠᠭ᠃ | ᠲᠡᠩᠴᠡᠭᠦᠷᠢ ᠪᠠᠨ ᠪᠠᠲᠤᠯᠠᠬᠤ ᠶᠢᠨ ᠲᠥᠯᠥᠭᠡ ᠬᠥᠮᠦᠰ ᠠᠷᠪᠢᠨ ᠤᠰᠤ ᠤᠤᠭᠤᠬᠤ ᠬᠡᠷᠡᠭᠲᠡᠶ ᠪᠣᠯᠳᠠᠭ᠃ ᠡᠶᠢᠮᠦ ᠠᠴᠠ | ᠬᠥᠮᠦᠰ ᠶᠡᠭᠡ ᠬᠡᠮᠵᠢᠶ᠎ᠡ ᠪᠠᠷ ᠤᠰᠤ ᠤᠤᠭᠤᠳᠠᠭ᠃ | 2. ᠦᠢᠯᠡ ᠬᠥᠳᠡᠯᠭᠡᠭᠡᠨ ᠤᠳᠠᠭᠠᠰᠢᠷᠠᠬᠤ | ᠤᠷᠲᠤ ᠬᠤᠭᠤᠴᠠᠭᠠᠨ ᠤ ᠲᠤᠷᠰᠢ ᠬᠡᠲᠦᠷᠡᠲᠡᠯ᠎ᠡ ᠳᠠᠪᠤᠰᠤ ᠢᠳᠡᠪᠡᠯ ᠬᠥᠮᠦᠨ ᠤ ᠪᠡᠶ᠎ᠡ ᠳᠣᠲᠣᠷᠠᠬᠢ ᠤᠰᠤ | ᠠᠯᠳᠠᠭᠳᠠᠵᠤ᠂ ᠲᠠᠷᠢᠬᠢ ᠲᠣᠯᠣᠭᠠᠶ ᠶᠢᠨ ᠰᠡᠳᠬᠢᠬᠦ ᠴᠢᠳᠠᠪᠤᠷᠢ ᠤᠳᠠᠭᠠᠰᠢᠷᠠᠵᠤ᠂ ᠦᠢᠯᠡ ᠬᠥᠳᠡᠯᠭᠡᠭᠡᠨ ᠤᠳᠠᠭᠠᠨ | ᠪᠣᠯᠳᠠᠭ᠃ | 3. ᠭᠠᠷ ᠤᠨ ᠬᠤᠷᠤᠭᠤ ᠮᠤᠬᠤᠶᠢᠵᠤ ᠪᠦᠳᠦᠭᠦᠷᠡᠬᠦ | ᠬᠡᠷᠪᠡ ᠲᠠᠨ ᠤ ᠪᠡᠶ᠎ᠡ ᠶᠢᠨ ᠬᠦᠨᠳᠦ ᠨᠡᠮᠡᠭᠳᠡᠭᠰᠡᠨ ᠦᠬᠡᠢ ᠪᠠᠶᠢᠳᠠᠯ ᠳᠤ ᠭᠠᠷ ᠤᠨ ᠬᠤᠷᠤᠭᠤ ᠴᠢᠨᠢ | ᠪᠦᠳᠦᠭᠦᠷᠡᠭᠰᠡᠨ ᠪᠠᠶᠢᠪᠠᠯ᠂ ᠡᠨᠡ ᠨᠢ ᠤᠷᠲᠤ ᠬᠤᠭᠤᠴᠠᠭᠠᠨ ᠤ ᠲᠤᠷᠰᠢ ᠬᠡᠲᠦᠷᠡᠲᠡᠯ᠎ᠡ ᠳᠠᠪᠤᠰᠤ ᠢᠳᠡᠭᠰᠡᠨ ᠠᠴᠠ | ᠪᠣᠯᠤᠭᠰᠠᠨ ᠪᠠᠶᠢᠵᠤ ᠮᠡᠳᠡᠨ᠎ᠡ᠃ | 4. ᠲᠣᠯᠣᠭᠠᠶ ᠡᠪᠡᠳᠬᠦ | ︽ᠠᠩᠭ᠍ᠯᠢ ᠶᠢᠨ ᠠᠨᠠᠭᠠᠬᠤ ᠤᠬᠠᠭᠠᠨ ᠤ ᠰᠡᠳᠬᠦᠯ︾ ᠳᠤ ᠨᠡᠶᠢᠲᠡᠯᠡᠭᠰᠡᠨ ᠨᠢᠭᠡᠨ ᠰᠤᠳᠤᠯᠭᠠᠨ ᠤ | ᠪᠦᠲᠦᠭᠡᠯ ᠳᠤ ᠲᠡᠮᠳᠡᠭᠯᠡᠭᠰᠡᠨ ᠢᠶᠠᠷ᠄ ᠡᠳᠦᠷ ᠪᠦᠷᠢ 3500 ᠮᠢᠯᠢᠭᠷᠡᠮ ᠨᠠᠳ᠋ᠷᠢ ᠢᠳᠡᠳᠡᠭ ᠨᠠᠰᠤᠨ ᠳᠤ ᠬᠦᠷᠦᠭᠰᠡᠳ ᠢ | ᠡᠳᠦᠷ ᠪᠦᠷᠢ 1500 ᠮᠢᠯᠢᠭᠷᠡᠮ ᠨᠠᠳ᠋ᠷᠢ ᠢᠳᠡᠳᠡᠭ ᠬᠥᠮᠦᠨ ᠲᠠᠢ ᠬᠠᠷᠢᠴᠠᠭᠤᠯᠪᠠᠯ᠂ ᠲᠣᠯᠣᠭᠠᠶ ᠡᠪᠡᠳᠬᠦ ᠡᠪᠡᠳᠴᠢᠨ | ᠣᠯᠬᠤ ᠠᠶᠤᠯ ᠡᠷᠡᠰᠳᠡᠯ ᠭᠤᠷᠪᠠᠨ ᠤ ᠨᠢᠭᠡ ᠪᠠᠷ ᠳᠡᠭᠡᠭᠰᠢᠯᠡᠳᠡᠭ᠃ | 5. ᠪᠠᠶᠢᠩᠭᠤ ᠰᠢᠭᠡᠰᠦ ᠬᠦᠷᠬᠦ | ᠤᠰᠤ ᠠᠷᠪᠢᠨ ᠤᠤᠭᠤᠬᠤ ᠨᠢ ᠪᠠᠶᠢᠩᠭᠤ ᠰᠢᠭᠡᠰᠦ ᠬᠦᠷᠬᠦ ᠶᠢᠨ ᠴᠤᠷ ᠤᠨ ᠭᠠᠭᠴᠠ ᠰᠢᠯᠲᠠᠭᠠᠨ ᠪᠢᠰᠢ᠃ | ᠳᠠᠪᠤᠰᠤ ᠠᠷᠪᠢᠨ ᠢᠳᠡᠪᠡᠯ ᠪᠠᠰᠠ ᠪᠠᠶᠢᠩᠭᠤ ᠰᠢᠭᠡᠰᠦ ᠬᠦᠷᠬᠦ ᠪᠠᠶᠢᠳᠠᠯ ᠲᠠᠢ ᠪᠣᠯᠳᠠᠭ᠃ ᠬᠥᠮᠦᠨ ᠬᠡᠲᠦᠷᠡᠲᠡᠯ᠎ᠡ | ᠳᠠᠪᠤᠰᠤ ᠢᠳᠡᠭᠰᠡᠨ ᠦᠶ᠎ᠡ ᠳᠤ᠂ ᠪᠡᠶ᠎ᠡ ᠶᠢᠨ ᠴᠤᠯᠤ ᠡᠷᠬᠡᠲᠡᠨ ᠶᠠᠭᠠᠷᠠᠯᠲᠠᠶ ᠠᠵᠢᠯᠯᠠᠮᠠᠨᠵᠢᠨ ᠰᠠᠶ᠋ᠢ ᠢᠯᠡᠭᠦᠳᠡᠭᠰᠡᠨ | ᠳᠠᠪᠤᠰᠤ ᠶᠢ ᠪᠡᠶ᠎ᠡ ᠠᠴᠠ ᠭᠠᠳᠠᠭᠰᠢᠯᠠᠭᠤᠯᠬᠤ ᠪᠣᠯᠬᠤᠷ ᠪᠠᠶᠢᠩᠭᠤ ᠰᠢᠭᠡᠯᠭᠡᠳᠡᠭ᠃ | ᠳᠠᠪᠤᠰᠤ ᠶᠢ ᠠᠷᠪᠢᠨ ᠢᠳᠡᠪᠡᠯ ᠴᠢᠰᠤᠨ ᠳᠠᠷᠤᠯᠲᠠ ᠥᠨᠳᠥᠷᠰᠢᠬᠦ ᠠᠴᠠ ᠭᠠᠳᠠᠨ᠎ᠠ᠂ ᠬᠤᠳᠣᠭᠤᠳᠣᠨ ᠤ | ᠥᠮᠡᠨ᠂ ᠮᠠᠷᠢᠶᠠᠯᠠᠬᠤ᠂ ᠵᠢᠷᠦᠬᠡᠨ ᠲᠠᠮᠢᠷ ᠢ ᠮᠠᠭᠤᠳᠠᠭᠤᠯᠬᠤ᠂ ᠶᠠᠰᠤ ᠰᠡᠶᠢᠷᠡᠭᠵᠢᠭᠦᠯᠬᠦ ᠵᠡᠷᠭᠡ ᠡᠪᠡᠳᠴᠢᠨ ᠢ ᠡᠭᠦᠰᠭᠡᠬᠦ | ᠠᠶᠤᠯ ᠲᠠᠢ᠃ ᠡᠶᠢᠮᠦ ᠠᠴᠠ ᠳᠠᠪᠤᠰᠤ ᠶᠢ ᠬᠡᠮᠵᠢᠶ᠎ᠡ ᠲᠠᠢ ᠢᠳᠡᠪᠡᠯ ᠵᠣᠬᠢᠨ᠎ᠠ᠃ | 1. ᠬᠤᠭᠤᠯᠠ ᠬᠢᠬᠦ ᠳᠡᠭᠡᠨ ᠼᠤᠤ᠂ ᠨᠢᠮᠪᠡᠭᠡ ᠶᠢᠨ ᠰᠢᠭᠦᠰᠦ ᠵᠡᠷᠭᠡ ᠬᠦᠴᠢᠯᠯᠢᠭ ᠠᠮᠲᠠ | ᠲᠣᠬᠢᠷᠠᠭᠤᠯᠣᠭᠴᠢ ᠪᠠᠷ ᠳᠠᠪᠤᠰᠤ ᠪᠣᠯᠤᠨ ᠵᠢᠶᠠᠩᠶ᠋ᠢᠦ ᠶᠢ ᠣᠷᠣᠯᠠᠭᠤᠯᠵᠤ ᠬᠡᠷᠡᠭᠯᠡᠨ᠎ᠡ᠃ | 2. ᠵᠢᠩᠨᠡᠬᠦ᠂ ᠰᠢᠷᠠᠬᠤ᠂ ᠴᠢᠨᠠᠬᠤ ᠵᠡᠷᠭᠡ ᠠᠷᠭ᠎ᠠ ᠶᠢ ᠬᠡᠷᠡᠭᠯᠡᠵᠦ᠂ ᠳᠠᠪᠤᠰᠤ ᠪᠠᠭ᠎ᠠ ᠬᠢᠨ᠎ᠡ᠃ ᠳᠠᠪᠤᠰᠤ | ᠬᠢᠭᠰᠡᠨ ᠱᠥᠯᠥ ᠲᠠᠢ ᠬᠤᠭᠤᠯᠠᠨ ᠤ ᠪᠠᠨ ᠱᠥᠯᠥ ᠶᠢ ᠪᠣᠯᠬᠤ ᠶᠢᠨ ᠳᠣᠲᠣᠷ᠎ᠠ ᠤᠤᠭᠤᠬᠤ ᠦᠭᠡᠶ᠃ | 3. ᠣᠷᠣᠰ ᠰᠣᠩᠭᠢᠨ᠎ᠠ᠂ ᠲᠥᠪᠡᠳ ᠬᠠᠰᠢ᠂ ᠰᠢᠷ᠎ᠠ ᠯᠤᠤᠪᠠᠩ ᠵᠡᠷᠭᠡ ᠠᠮᠲᠠᠲᠠᠶ ᠨᠣᠭᠤᠭ᠎ᠠ ᠴᠠᠭ᠎ᠠ ᠶᠢ | ᠢᠯᠡᠭᠦᠦ ᠢᠳᠡᠨ᠎ᠡ᠃ | 4. ᠰᠡᠷᠢᠭᠦᠨ ᠨᠣᠭᠤᠭ᠎ᠠ ᠬᠢᠬᠦ ᠳᠡᠭᠡᠨ ᠳᠠᠪᠤᠰᠤ ᠶᠢ ᠬᠠᠮᠤᠭ ᠤᠨ ᠰᠡᠭᠦᠯ ᠳᠤ ᠬᠢᠨ᠎ᠡ᠃ ᠪᠠᠭ᠎ᠠ ᠳᠠᠪᠤᠰᠤ | ᠰᠠᠴᠤᠭᠰᠠᠨ ᠤ ᠳᠠᠷᠠᠭ᠎ᠠ ᠼᠤᠤ ᠬᠢᠪᠡᠯ ᠠᠮᠲᠠ ᠨᠢ ᠰᠠᠶᠢᠬᠠᠨ ᠪᠣᠯᠳᠠᠭ᠃ | 5. ᠵᠢᠶᠠᠩᠶ᠋ᠢᠦ ᠵᠡᠷᠭᠡ ᠠᠮᠲᠠ ᠲᠣᠬᠢᠷᠠᠭᠤᠯᠣᠭᠴᠢ ᠶᠢ ᠬᠡᠷᠡᠭᠯᠡᠵᠦ ᠬᠤᠭᠤᠯᠠ ᠬᠢᠬᠦ ᠳᠡᠭᠡᠨ ᠪᠠᠭ᠎ᠠ ᠪᠠᠭ᠎ᠠ ᠪᠠᠷ | ᠳᠤᠰᠤᠭᠠᠨ᠎ᠠ᠃ ᠬᠠᠷᠢᠨ ᠨᠢᠭᠡ ᠯᠡ ᠳᠣᠣᠷ᠎ᠠ ᠬᠢᠬᠦ ᠦᠭᠡᠶ᠃ | 6. ᠠᠯᠢᠪᠠ ᠬᠤᠭᠤᠯᠠᠨ ᠳᠤ ᠪᠦᠷ ᠳᠠᠪᠤᠰᠤ ᠬᠢᠬᠦ ᠠᠯᠪᠠ ᠦᠭᠡᠶ᠃ ᠨᠢᠭᠡ ᠡᠷᠡᠨ ᠤ ᠬᠤᠭᠤᠯᠠ ᠶᠢᠨ | ᠬᠠᠮᠤᠭ ᠤᠨ ᠰᠡᠭᠦᠯ ᠳᠤ ᠤᠤᠭᠤᠬᠤ ᠱᠥᠯᠥᠨ ᠳᠡᠭᠡᠨ ᠳᠠᠪᠤᠰᠤ ᠬᠢᠬᠦ ᠦᠭᠡᠶ ᠪᠠᠶᠢᠵᠤ ᠪᠣᠯᠤᠨ᠎ᠠ᠃ | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |