撐 ᠭᠡᠳᠡᠭ ᠾᠦᠩᠨᠦ ᠦᠭᠡ ᠶᠢ ᠲᠠᠶᠢᠯᠪᠣᠷᠢᠯᠠᠬᠤ ᠨᠢ
ᠨᠡᠶᠢᠲᠡᠯᠡᠭᠰᠡᠨ ᠴᠠᠭ᠄
2020/10/20
ᠣᠣᠬᠠᠨ · ᠬᠠᠭᠳᠠ 撐 犁孤 塗᠄ ᠣᠳᠣ ᠦᠶ᠎ᠡ ᠶᠢᠨ ᠠᠪᠢᠶ᠎ᠠ ᠨᠢ chēng lí gū tú᠂ ᠲᠣᠰ ᠦᠭᠡ ᠶᠢ ᠵᠦᠪᠬᠡᠨ ︽ᠬᠠᠨ ᠣᠯᠣᠰ ᠤᠨ ᠪᠢᠴᠢᠭ · ᠾᠦᠩᠨᠦ ᠶᠢᠨ ᠱᠠᠰᠳᠢᠷ︾ ᠤᠨ ᠲᠡᠭᠡᠳᠦ ᠪᠣᠳᠢ ᠳᠤ ᠲᠡᠮᠳᠡᠭᠯᠡᠭᠳᠡᠵᠡᠢ᠃ ᠲᠡᠭᠦᠨ ᠳᠤ ᠦᠬᠦᠯᠡᠭᠰᠡᠨ ᠨᠢ᠂ ᠴᠠᠨ ᠢᠥᠢ ᠪᠣᠯᠪᠠᠰᠣ 攣鞮 ︵ᠣᠳᠣ ᠦᠶ᠎ᠡ ᠶᠢᠨ ᠠᠪᠢᠶ᠎ᠠ ᠨᠢ luán dī︶ ᠣᠪᠣᠭ ᠲᠠᠢ᠂ ᠲᠡᠭᠦᠨ ᠤ ᠣᠯᠣᠰ ᠤᠨ ᠬᠦᠮᠦᠰ ᠨᠢ ᠲᠡᠭᠦᠨ ᠢ 撐犁孤塗單于 ᠴᠠᠨ ᠢᠥᠢ ᠬᠡᠮᠡᠮᠣᠢ᠃ ᠾᠦᠩᠨᠦ ᠬᠡᠯᠡᠨ ᠳᠤ ᠲᠡᠭᠷᠢ ᠶᠢ ︽撐犁︾ ᠬᠡᠮᠡᠨ ᠬᠦᠪᠡᠭᠦᠨ ᠢ ︽孤塗︾ ᠬᠡᠮᠡᠮᠣᠢ᠃ ᠴᠠᠨ ᠢᠥᠢ ᠭᠡᠰᠡᠨ ᠦᠭᠡ ᠪᠣᠯ ᠲᠠᠷᠣᠢ ᠲᠡᠭᠷᠢ ᠮᠡᠳᠦ ᠠᠭᠤᠳᠠᠮ ᠭᠡᠳᠡᠭ ᠣᠳᠬ᠎ᠠ ᠪᠦᠬᠦᠢ ᠦᠭᠡ ᠪᠣᠯᠣᠨ᠎ᠠ ᠭᠡᠵᠦ ᠲᠡᠮᠳᠡᠭᠯᠡᠵᠡᠢ᠃ 撐 ᠦᠰᠦᠭ᠄ ⑴撐 ᠦᠰᠦᠭ ᠤᠨ ᠣᠳᠣ ᠦᠶ᠎ᠡ ᠶᠢᠨ ᠯᠠᠲ᠋ᠢᠨ ᠭᠠᠯᠢᠭ᠄ chēng᠃ ⑵撐 ᠦᠰᠦᠭ ᠤᠨ ᠬᠢᠳᠠᠳ ︽ᠣᠯᠣᠰ ᠤᠨ ᠬᠡᠯᠡᠨ ᠤ ᠦᠭᠡᠰ ᠤᠨ ᠲᠣᠯᠢ︾ ᠲᠠᠬᠢ ᠣᠳᠬ᠎ᠠ ᠶᠢᠨ ᠲᠠᠶᠢᠯᠪᠣᠷᠢ᠄ ᠲᠣᠰ ᠦᠰᠦᠭ 撑 ᠦᠰᠦᠭ  ᠲᠠᠢ ᠨᠢᠭᠡᠨ ᠠᠳᠠᠯᠢ ᠣᠳᠬ᠎ᠠ ᠲᠠᠢ ᠦᠰᠦᠭ ᠭᠡᠵᠡᠢ᠃ ⑶撐 ᠦᠰᠦᠭ ᠤᠨ ᠲᠡᠭᠡᠳᠦ ᠡᠷᠳᠡᠨ ᠤ ᠠᠪᠢᠶ᠎ᠠ ᠠᠶᠠᠯᠭᠤ᠄ rtʰaːŋ ᠭᠡᠵᠡᠢ᠃ ⑷撐 ᠦᠰᠦᠭ ᠤᠨ ᠴᠢᠨ ᠣᠯᠣᠰ ᠠᠴᠠ ᠡᠮᠦᠨᠡᠬᠢ ᠠᠪᠢᠶ᠎ᠠ ᠠᠶᠠᠯᠭᠤ᠄ ᠡᠷᠢᠵᠦ ᠣᠯᠣᠭᠰᠠᠨ ᠦᠭᠡᠢ᠃ ⑸撐 ᠦᠰᠦᠭ ᠤᠨ ᠬᠠᠨ ᠣᠯᠣᠰ ᠤᠨ ᠦᠶ᠎ᠡ ᠶᠢᠨ ᠲᠣᠯᠢ ᠪᠢᠴᠢᠭ ︽ᠦᠰᠦᠭ ᠪᠢᠴᠢᠭ ᠤᠨ ᠲᠠᠶᠢᠯᠪᠣᠷᠢ︾  ᠳᠠᠬᠢ ᠠᠪᠢᠶ᠎ᠠ ᠠᠶᠠᠯᠭᠤ᠄ ᠲᠣᠰ ᠦᠰᠦᠭ ᠢ ᠬᠠᠮᠤᠭ ᠡᠷᠳᠡᠨ ᠤ ᠪᠠᠷ ᠤᠨ ︽ᠦᠰᠦᠭ ᠪᠢᠴᠢᠭ ᠤᠨ ᠲᠠᠶᠢᠯᠪᠣᠷᠢ︾ ᠳᠣᠯᠢ ᠳᠤ ᠬᠠᠮᠣᠷᠣᠨ ᠣᠷᠣᠭᠤᠯᠣᠭᠰᠠᠨ ᠦᠭᠡᠢ᠂ ᠭᠡᠪᠡᠴᠦ ᠬᠤᠵᠢᠮ ᠤᠨ ᠬᠦᠮᠦᠰ ᠲᠣᠰ ᠲᠣᠯᠢ ᠳᠤ ᠨᠡᠮᠡᠯᠳᠡ ᠬᠢᠬᠦ  ᠲᠡᠭᠡᠨ ᠲᠣᠰ ᠦᠰᠦᠭ ᠢ ᠣᠷᠣᠭᠤᠯᠵᠣ᠂ 撐 ᠤᠨ ᠠᠪᠢᠶ᠎ᠠ ᠨᠢ 从木堂聲 ᠭᠡᠵᠦ ᠲᠠᠶᠢᠯᠪᠣᠷᠢᠯᠠᠭᠰᠠᠨ ᠮᠦᠷᠳᠡᠭᠡᠨ 丑庚切 ᠭᠡᠵᠦ ᠬᠡᠷᠴᠢᠨ ᠭᠠᠯᠢᠭᠴᠢᠯᠠᠨ᠎ᠠ ᠭᠡᠵᠡᠢ᠃ ⑹撐 ᠦᠰᠦᠭ ᠤᠨ ᠲᠠᠩ ᠶᠦᠨ ᠲᠠᠬᠢ ᠠᠪᠢᠶ᠎ᠠ ᠶᠢ 丑庚切 ᠭᠡᠪᠡ᠃ ᠭᠤᠸᠠᠩ ᠶᠦᠨ᠂ ᠵᠢᠢ ᠶᠦᠨ  ᠳᠤ ᠪᠣᠯ 抽庚切 ᠭᠡᠪᠡ᠃ ᠭᠡᠶ᠎ᠡ ᠡᠨᠡᠬᠦ 丑 ᠪᠣᠯᠣᠨ 抽 ᠶᠢᠨ ᠲᠡᠭᠡᠳᠦ ᠡᠷᠳᠡᠨ ᠤ ᠠᠪᠢᠶ᠎ᠠ ᠶᠢᠨ ᠡᠬᠢᠯᠡᠪᠦᠷᠢ ᠨᠢ ᠪᠦᠷ ︽t ᠪᠣᠶᠣ tʰ︾ ᠪᠠᠶᠢᠭᠰᠠᠨ ᠪᠣᠯᠬᠤᠷ ᠮᠦᠨ 庚 ᠤᠨ ᠠᠶᠠᠯᠭᠤ eŋ ᠲᠠᠢ ᠬᠡᠷᠴᠢᠨ ᠨᠡᠶᠢᠯᠡᠬᠦᠯᠵᠦ ︽ᠲᠧᠩ︾ ᠭᠡᠵᠦ ᠣᠩᠰᠢᠬᠤ ᠶᠣᠮ᠃ ᠶᠦᠨ ᠾᠦᠢ᠂ ᠵᠧᠩ ᠶᠦᠨ ᠵᠡᠷᠭᠡ ᠲᠣᠯᠢ ᠪᠢᠴᠢᠭ ᠳᠠᠬᠢ ᠠᠪᠢᠶ᠎ᠠ ᠠᠶᠠᠯᠭᠤ ᠨᠢ ᠦᠨᠳᠦᠰᠦᠨ ᠳᠡᠭᠡᠨ ᠡᠮᠦᠨᠡᠬᠢ ᠲᠠᠢ ᠠᠳᠠᠯᠢ᠃ ⑺撐 ᠦᠰᠦᠭ ᠤᠨ ᠲᠠᠩ ᠣᠯᠣᠰ ᠤᠨ ᠦᠶ᠎ᠡ ᠶᠢᠨ ᠠᠪᠢᠶ᠎ᠠ ᠨᠢ᠄ *tjæ̌ng ᠭᠡᠪᠡ᠃ ⑻撐 ᠦᠰᠦᠭ ᠤᠨ ᠶᠠᠫᠣᠨ ᠬᠡᠯᠡᠨ ᠳᠠᠬᠢ ᠣᠩᠰᠢᠯᠭ᠎ᠠ᠄ ᠡᠷᠢᠵᠦ ᠣᠯᠣᠭᠰᠠᠨ ᠦᠭᠡᠢ᠃ ⑼撐 ᠦᠰᠦᠭ ᠤᠨ ᠺᠣᠷᠢᠶ᠎ᠠ ᠬᠡᠯᠡᠨ ᠳᠠᠬᠢ ᠣᠩᠰᠢᠯᠭ᠎ᠠ᠄ THAYNG ᠭᠡᠵᠡᠢ᠃ ⑽撐 ᠦᠰᠦᠭ ᠤᠨ ᠸᠢᠶᠧᠲᠨᠠᠮ ᠬᠡᠯᠡᠨ ᠳᠠᠬᠢ ᠣᠩᠰᠢᠯᠭ᠎ᠠ᠄ ᠡᠷᠢᠵᠦ ᠣᠯᠣᠭᠰᠠᠨ ᠦᠭᠡᠢ᠃ ⑾撐 ᠦᠰᠦᠭ ᠤᠨ ᠬᠢᠳᠠᠳ ᠤᠨ ᠲᠣᠲᠣᠭᠠᠳᠣ ᠭᠠᠳᠠᠭᠠᠳᠣ ᠶᠢᠨ ᠬᠢᠳᠠᠳᠴᠢ ᠡᠷᠳᠡᠮᠳᠡᠳ ᠤᠨ ᠰᠡᠷᠭᠦᠭᠡᠭᠰᠡᠨ ᠲᠣᠮᠳᠠᠳᠣ ᠡᠷᠳᠡᠨ ᠤ ᠠᠪᠢᠶ᠎ᠠ ᠠᠶᠠᠯᠭᠤ᠄ ᠡᠷᠢᠵᠦ ᠣᠯᠣᠭᠰᠠᠨ ᠦᠭᠡᠢ ⑿撐 ᠦᠰᠦᠭ ᠤᠨ ᠮᠣᠩᠭᠤᠯ ᠫᠠᠭᠰᠪᠠ ᠦᠰᠦᠭ ᠳᠠᠬᠢ ᠣᠩᠰᠢᠯᠭ᠎ᠠ᠄ ꡅꡜꡞꡃ ᠭᠡᠵᠦ ᠠᠷᠣ ᠲᠤᠨᠢ ︵chʰing᠂ tʂ'əŋ︶ ᠭᠡᠳᠡᠭ ᠯᠠᠲ᠋ᠢᠨ ᠭᠠᠯᠢᠭ ᠪᠣᠯᠣᠨ ᠣᠯᠠᠨ ᠣᠯᠣᠰ ᠤᠨ ᠠᠪᠢᠶᠠᠨ ᠭᠠᠯᠢᠭ ᠲᠠᠭᠠᠯᠳᠣᠭᠤᠯᠵᠠᠢ᠃ ⒀撐 ᠦᠰᠦᠭ ᠤᠨ ᠬᠢᠳᠠᠳ ᠬᠡᠯᠡᠨ ᠤ ᠣᠯᠠᠨ ᠨᠣᠳᠤᠭ ᠤᠨ ᠠᠪᠢᠶᠠᠨ ᠳᠠᠬᠢ ᠠᠪᠢᠶ᠎ᠠ᠄ ᠡᠷᠢᠵᠣ ᠣᠯᠣᠭᠰᠠᠨ ᠦᠭᠡᠢ᠃ ⒁撐 ᠦᠰᠦᠭ ᠤᠨ ︽ᠬᠢᠳᠠᠳ ᠬᠡᠯᠡᠨ ᠤ ᠨᠣᠳᠤᠭ ᠤᠨ ᠠᠪᠢᠶᠠᠨ ᠤ ᠲᠣᠯᠢ︾ ᠳᠠᠬᠢ ᠠᠪᠢᠶ᠎ᠠ᠄ ᠮᠢᠨᠨᠠᠨ ᠬᠡᠯᠡᠨ  ᠳᠤ ceng1 ︵ᠴᠧᠩ︶ ᠪᠠ teng ︵ᠲᠧᠩ︶ ᠬᠤᠶᠠᠷ ᠠᠪᠢᠶ᠎ᠠ ᠲᠠᠢ ᠪᠠᠶᠢᠨ᠎ᠠ ᠭᠡᠪᠡ᠃ ᠶᠣᠸᠠᠢ ᠬᠡᠯᠡᠨ ᠳᠤ caang1 ︵ᠴᠠᠩ︶ ᠭᠡᠵᠡᠢ᠃ ᠴᠣᠣᠵᠸᠥ ᠬᠡᠯᠡᠨ ᠳᠤ tên1 ᠭᠡᠪᠡ᠃ ᠺᠧ ᠵᠢᠶᠠ ᠬᠡᠯᠡᠨ ᠳᠤ cang4 ᠵᠡᠷᠬᠡ ᠪᠣᠢ᠃ ᠸᠧᠢ ᠲᠸᠥ ᠬᠡᠯᠡᠨ ᠳᠤ cæng1 ᠭᠡᠪᠡ᠃ ᠪᠣᠰᠣᠳ ᠢ ᠨᠢ ᠲᠣᠪᠴᠢᠯᠠᠪᠠ᠃ ⒂撐 ᠦᠰᠦᠭ  ᠤᠨ ᠡᠷᠳᠡᠨ ᠤ ᠠᠪᠢᠶᠠᠨ ᠤ ᠬᠢᠨᠠᠨ ᠲᠣᠭᠳᠠᠭᠠᠯᠳᠠ᠄ rtʰaːŋ ᠠᠴᠠ tʰaːŋ᠂ THAYNG᠂ tjæ̌ng ᠵᠡᠷᠭᠡ ᠠᠴᠠ ᠬᠤᠷᠢᠶᠠᠩᠭᠤᠶᠢᠯᠠᠵᠣ ᠦᠵᠡᠪᠡᠯ teng ᠪᠠᠶᠢᠭᠰᠠᠨ ᠭᠡᠵᠦ ᠦᠵᠡᠵᠡᠢ᠃ ᠪᠠᠰᠠ 从木堂聲 ᠭᠡᠵᠦ ᠲᠠᠶᠢᠯᠪᠣᠷᠢᠯᠠᠭᠰᠠᠨ ᠮᠦᠷᠳᠡᠭᠡᠨ 丑庚切 ᠪᠣᠶᠣ 抽庚切 ᠭᠡᠵᠦ ᠬᠡᠷᠴᠢᠨ ᠭᠠᠯᠢᠭᠴᠢᠯᠠᠨ᠎ᠠ ᠭᠡᠵᠡᠢ᠃ 丑 ᠶᠢᠨ ᠲᠡᠭᠡᠳᠦ ᠡᠷᠳᠡᠨ ᠤ ᠠᠪᠢᠶ᠎ᠠ ᠨᠢ tʰjŏɡ ᠪᠠᠶᠢᠵᠣ᠂ 抽 ᠶᠢᠨ ᠲᠡᠭᠡᠳᠦ ᠡᠷᠳᠡᠨ ᠤ ᠠᠪᠢᠶ᠎ᠠ ᠨᠢ tʰjŏɡ ᠪᠠᠶᠢᠭᠰᠠᠨ ᠪᠣᠯᠬᠤᠷ᠂ ᠬᠡᠳᠦᠶᠢᠪᠡᠷ ᠣᠳᠣ ᠪᠣᠯ ᠡᠨᠡ ᠬᠤᠶᠠᠷ ᠦᠰᠦᠭ ᠢ ᠣᠶᠢᠷᠠᠯᠴᠠᠭ᠎ᠠ ᠪᠠᠷ ᠪᠦᠷ chou ᠭᠡᠵᠦ ᠠᠪᠢᠶᠠᠯᠠᠬᠤ ᠪᠣᠯᠪᠠᠴᠣ᠂ ᠲᠡᠭᠦᠨ ᠤ ᠡᠷᠳᠡ ᠦᠶ᠎ᠡ ᠶᠢᠨ ᠡᠬᠢᠨ  ᠤ ᠠᠪᠢᠶ᠎ᠠ ᠨᠢ ᠪᠦᠷ ᠣᠶᠢᠷᠠᠯᠴᠠᠭ᠎ᠠ ᠪᠠᠷ tʰ ᠪᠠᠶᠢᠭᠰᠠᠨ ᠲᠣᠯᠠ ᠪᠦᠷ ᠲᠧᠩ ᠭᠡᠵᠦ ᠣᠩᠰᠢᠬᠤ ᠨᠢ ᠵᠦᠪ ᠠᠵᠠᠢ᠃ ᠪᠠᠰᠠ ᠺᠧ ᠵᠢᠶᠠ ᠬᠡᠯᠡᠨ ᠳᠤ tong2 ᠭᠡᠬᠦ ᠪᠠ ᠶᠣᠸᠠᠢ ᠬᠡᠯᠡᠨ ᠳᠤ tong4 ᠭᠡᠬᠦ ᠵᠢᠴᠢ ᠴᠣᠣᠵᠸᠥ ᠬᠡᠯᠡᠨ ᠳᠤ dng5/deng5 ,tang5(thâng) ᠵᠡᠷᠭᠡ ᠪᠠᠷ ᠠᠪᠢᠶᠠᠯᠠᠬᠤ ᠪᠠᠶᠢᠳᠠᠯ ᠠᠴᠠ ᠦᠵᠡᠪᠡᠯ᠂ ᠲᠣᠰ ᠦᠰᠦᠭ ᠪᠣᠯ ᠲᠧᠩ ᠪᠠᠶᠢᠵᠣ᠂ ᠲᠡᠭᠷᠢ ᠭᠡᠳᠡᠭ ᠦᠭᠡᠨ ᠤ ᠡᠬᠢᠨ ᠠᠪᠢᠶ᠎ᠠ ᠶᠢ ᠠᠪᠢᠶᠠᠯᠠᠭᠰᠠᠨ ︽ᠲᠧᠩ︾ ᠦᠰᠦᠭ ᠪᠣᠯᠣᠨ᠎ᠠ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号