ᠠᠯᠠᠱᠠ ᠵᠡᠭᠦᠨ ᠬᠤᠰᠢᠭᠤᠨ ᠤ  ᠦᠢᠯᠡᠳᠪᠦᠷᠢ ᠠᠭᠤᠷᠬᠠᠢ ᠶᠢᠨ ᠬᠠᠶᠠᠭᠳᠠᠮᠠᠯ ᠭᠠᠵᠠᠷ ᠢ ᠳᠠᠬᠢᠨ ᠬᠠᠭᠠᠯᠪᠤᠷᠢᠯᠠᠬᠤ ᠲᠥᠷᠥᠯ‌ᠵᠦ᠋ᠢᠯ ︵2020 — 2021 ᠣᠨ︶ ᠪᠠᠷᠢᠯᠭ᠎ᠠ ᠶᠢᠨ ᠠᠵᠢᠯ ᠢ ᠬᠢᠨᠠᠨ ᠬᠠᠮᠢᠶᠠᠷᠴᠤ ᠦᠨ᠎ᠡ ᠯᠠᠪᠯᠠᠬᠤ ᠠᠯᠪᠠᠨ ᠵᠠᠷ
ᠨᠡᠶᠢᠲᠡᠯᠡᠭᠰᠡᠨ ᠴᠠᠭ᠄
2020/11/12
        ᠠᠯᠠᠱᠠ ᠵᠡᠭᠦᠨ ᠬᠤᠰᠢᠭᠤᠨ ᠤ  ᠦᠢᠯᠡᠳᠪᠦᠷᠢ ᠠᠭᠤᠷᠬᠠᠶ ᠶᠢᠨ ᠬᠠᠶᠠᠭᠳᠠᠮᠠᠯ ᠭᠠᠵᠠᠷ ᠢ  ᠠᠰᠢᠭᠯᠠᠨ ᠬᠠᠭᠠᠯᠪᠤᠷᠢᠯᠠᠬᠤ  ᠲᠥᠷᠥᠯ ᠵᠦᠢᠯ ︵2020 — 2021 ᠣᠨ︶    ᠪᠠᠷᠢᠯᠭ᠎ᠠ ᠶᠢᠨ ᠠᠵᠢᠯ ᠢ ᠬᠢᠨᠠᠵᠤ ᠬᠠᠮᠢᠶᠠᠷᠬᠤ ᠦᠨ᠎ᠡ ᠯᠠᠪᠯᠠᠬᠤ ᠠᠯᠪᠠᠨ ᠵᠠᠷ    ᠠᠯᠠᠱᠠ ᠵᠡᠭᠦᠨ ᠬᠤᠰᠢᠭᠤᠨ ᠤ  ᠦᠢᠯᠡᠳᠪᠦᠷᠢ ᠠᠭᠤᠷᠬᠠᠶ ᠶᠢᠨ ᠬᠠᠶᠠᠭᠳᠠᠮᠠᠯ ᠭᠠᠵᠠᠷ ᠢ  ᠳᠠᠬᠢᠨ ᠠᠰᠢᠭᠯᠠᠨ ᠬᠠᠭᠠᠯᠪᠤᠷᠢᠯᠠᠬᠤ   ᠲᠥᠷᠥᠯ ᠵᠦᠢᠯ ︵2020 — 2021 ᠣᠨ  ︶᠎ ᠤᠨ ᠢᠨᠵᠧᠨᠧᠷᠢᠩ ᠨᠢ 2020 ᠣᠨ ᠤ 11 ᠳ᠋ᠦ᠋ᠭᠡᠷ ᠰᠠᠷ᠎ᠠ ᠶᠢᠨ 5᠎ ᠤ ᠡᠳᠦᠷ ᠠᠯᠠᠱᠠ ᠠᠶᠢᠮᠠᠭ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠰᠦᠯᠵᠢᠶ᠎ᠡ ᠪᠠᠷ ᠳᠠᠮᠵᠢᠭᠤᠯᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠳᠠᠭᠠᠭᠠᠴᠢᠯᠠᠯᠲᠠ ᠵᠠᠷᠯᠠᠬᠤ ᠠᠯᠪᠠᠨ ᠵᠠᠷ ᠨᠡᠶᠢᠲᠡᠯᠡᠪᠡ᠃    ᠨᠢᠭᠡ᠂ ᠪᠠᠷᠢᠯᠭ᠎ᠠ ᠶᠢᠨ ᠲᠦᠢᠮᠣ ᠪᠠᠶᠢᠳᠠᠯ᠄    1  ᠂   ᠪᠠᠷᠢᠯᠭ᠎ᠠ ᠶᠢᠨ ᠨᠡᠷᠡᠶᠢᠳᠦᠯ᠄ ᠠᠯᠠᠱᠠ ᠵᠡᠭᠦᠨ ᠬᠤᠰᠢᠭᠤᠨ ᠤ  ᠦᠢᠯᠡᠳᠪᠦᠷᠢ ᠠᠭᠤᠷᠬᠠᠶ ᠶᠢᠨ ᠬᠠᠶᠠᠭᠳᠠᠮᠠᠯ ᠭᠠᠵᠠᠷ ᠢ  ᠳᠠᠬᠢᠨ ᠠᠰᠢᠭᠯᠠᠨ ᠬᠠᠭᠠᠯᠪᠤᠷᠢᠯᠠᠬᠤ  ᠲᠥᠷᠥᠯ ᠵᠦᠢᠯ ︵2020 — 2021 ᠣᠨ  ︶    2  ᠂   ᠲᠥᠷᠥᠯ ᠵᠦᠢᠯ ᠤᠨ ᠳ᠋ᠤᠭᠠᠷᠯᠠᠯ᠄ AM-2020 -ZC-189    3  ᠂   ᠵᠥᠪᠰᠢᠶᠡᠷᠡᠭᠰᠡᠨ ᠪᠢᠴᠢᠭ ᠮᠠᠲ᠋ᠧᠷᠢᠶᠠᠯ ᠤᠨ ᠳ᠋ᠤᠭᠠᠷᠯᠠᠯ᠄ ᠠᠯᠠᠱᠠ ᠵᠡᠭᠦᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠬᠤᠳᠠᠯᠳᠤᠨ ᠠᠪᠬᠤ ( ᠴᠠᠬᠢᠮ )[2020]00107 ᠳ᠋ᠤᠭᠠᠷ    4᠂ ᠢᠨᠵᠧᠨᠧᠷᠢᠩ ᠤᠨ ᠬᠢᠨᠠᠨ ᠬᠠᠮᠢᠶᠠᠷᠬᠤ ᠠᠭᠤᠯᠭ᠎ᠠ᠄ ᠠᠯᠠᠱᠨ ᠵᠡᠭᠦᠨ ᠬᠤᠰᠢᠭᠤᠨ ᠤ ᠪᠠᠷᠠᠭᠤᠨ ᠪᠡᠯ ᠪᠠᠯᠭᠠᠰᠤᠨ ᠤ ᠬᠥᠪᠡᠭᠡ ᠭᠠᠴᠠᠭᠠᠨ ᠤ ᠲᠣᠭᠤᠰᠬᠠᠨ  ᠦᠢᠯᠡᠳᠪᠦᠷᠢ ᠵᠢᠴᠢ ᠵᠢᠷᠠᠲᠠᠢ ᠪᠠᠯᠭᠠᠰᠤᠨ ᠤ ᠪᠠᠶᠠᠨ ᠠᠭᠤᠯᠠ ᠭᠠᠴᠠᠭ᠎ᠠ ᠶᠢᠨ   ᠬᠠᠶᠠᠭᠳᠠᠮᠠᠯ  ᠦᠢᠯᠡᠳᠪᠦᠷᠢ ᠠᠭᠤᠷᠬᠠᠢ ᠶᠢᠨ ᠭᠠᠵᠠᠷ ᠰᠢᠷᠣᠶ ᠶᠢ  ᠳᠠᠬᠢᠨ ᠠᠰᠢᠭᠯᠠᠨ ᠬᠠᠭᠠᠯᠪᠤᠷᠢᠯᠠᠬᠤ  ᠢᠨᠵᠧᠨᠧᠷᠢᠩ᠄ ᠥᠩᠭᠡᠨ ᠬᠥᠷᠥᠰᠥ ᠶᠢ 1010888m3᠎ ᠪᠠᠷ ᠬᠠᠭᠤᠯᠤᠨ᠎ᠠ᠃ 10512 m3᠎ ᠢ ᠦᠷᠦᠵᠦ ᠨᠤᠷᠠᠭᠠᠵᠤ᠂ 12013 m3᠎ ᠶᠢ ᠴᠡᠪᠡᠷᠯᠡᠨ᠎ᠡ᠃ ᠤᠰᠤᠨ ᠠᠰᠢᠭᠯᠠᠯᠲᠠ ᠶᠢᠨ ᠪᠠᠷᠢᠯᠭ᠎ᠠ ᠵᠡᠷᠭᠡ︔ ᠠᠯᠠᠱᠠ ᠵᠡᠭᠦᠨ ᠬᠤᠰᠢᠭᠤᠨ ᠤ ᠵᠡᠭᠦᠨ ᠪᠡᠯ ᠪᠠᠯᠭᠠᠰᠤᠨ ᠤ ᠦᠷ ᠤᠨ ᠲᠤᠶᠠᠭ᠎ᠠ ᠭᠠᠴᠠᠭᠠᠨ ᠤ ᠨᠡᠭᠦᠷᠡᠰᠦᠨ ᠠᠭᠤᠷᠬᠠᠢ ᠎ ᠶᠢᠨ FK —  ᠵᠡᠭᠦᠨ ᠪᠡᠯ ᠪᠠᠯᠭᠠᠰᠤ — 1.2 ᠬᠠᠶᠠᠭᠳᠠᠮᠠᠯ  ᠦᠢᠯᠡᠳᠪᠦᠷᠢ ᠠᠭᠤᠷᠬᠠᠶ ᠶᠢᠨ ᠭᠠᠵᠠᠷ ᠰᠢᠷᠣᠶ ᠶᠢ  ᠳᠠᠬᠢᠨ ᠠᠰᠢᠭᠯᠠᠨ ᠬᠠᠭᠠᠯᠪᠤᠷᠢᠯᠠᠬᠤ  ᠢᠨᠵᠧᠨᠧᠷᠢᠩ᠄ 9340m3 ᠪᠣᠯᠤᠨ᠎ᠠ᠃  ᠠᠯᠠᠱᠠ ᠵᠡᠭᠦᠨ ᠬᠤᠰᠢᠭᠤᠨ ᠤ ᠣᠯᠠᠨ ᠪᠤᠯᠠᠭ ᠪᠠᠯᠭᠠᠰᠤᠨ ᠤ ᠪᠠᠶᠠᠨ ᠬᠠᠷ᠎ᠠ ᠭᠠᠴᠠᠭᠠᠨ ᠤ ᠷᠦᠩ ᠯᠢ ᠠᠭᠤᠷᠬᠠᠶ ᠶᠢᠨ ᠦᠢᠯᠡᠰ ᠤᠨ FK — ᠣᠯᠠᠨ ᠪᠤᠯᠠᠭ ᠪᠠᠯᠭᠠᠰᠤ — 1 ᠬᠠᠶᠠᠭᠳᠠᠮᠠᠯ ᠠᠵᠤ  ᠦᠢᠯᠡᠳᠪᠦᠷᠢ ᠠᠭᠤᠷᠬᠠᠶ ᠶᠢᠨ ᠭᠠᠵᠠᠷ ᠰᠢᠷᠣᠶ ᠶᠢ  ᠳᠠᠬᠢᠨ ᠠᠰᠢᠭᠯᠠᠨ ᠬᠠᠭᠠᠯᠪᠤᠷᠢᠯᠠᠬᠤ  ᠢᠨᠵᠧᠨᠧᠷᠢᠩ᠄ 3720m3  ᠃    5  ᠂   ᠠᠰᠢᠭᠯᠠᠨ ᠬᠠᠭᠠᠯᠪᠤᠷᠢᠯᠠᠬᠤ  ᠬᠡᠪᠴᠢᠶ᠎ᠡ᠄ 57.2137 ᠾᠧᠺᠲ᠋ᠠᠷ    6  ᠂   ᠢᠨᠵᠧᠨᠧᠷᠢᠩ ᠤᠨ ᠶᠡᠷᠦᠩᠬᠡᠶ ᠵᠠᠷᠤᠳᠠᠯ᠄ 1752201.00 ᠲᠥᠭᠦᠷᠢᠭ    7᠂ ᠲᠥᠷᠥᠯ ᠵᠦᠢᠯ ᠤᠨ ᠲᠥᠯᠥᠪᠯᠡᠭᠡ ᠶᠢᠨ ᠠᠵᠢᠯ ᠡᠬᠢᠯᠡᠬᠦ ᠴᠠᠭ᠄ 2020᠎ ᠤᠨ 11 ᠰᠠᠷ᠎ᠠ ᠶᠢᠨ 18᠎ ᠤ ᠡᠳᠦᠷ᠂ ᠠᠵᠢᠯ ᠳᠠᠭᠤᠰᠬᠤ ᠪᠠᠷ ᠲᠥᠯᠥᠪᠯᠡᠵᠦ ᠪᠠᠶᠢᠭ᠎ᠠ ᠡᠳᠦᠷ ᠬᠤᠭᠤᠴᠠᠭ᠎ᠠ ᠨᠢ 2021 ᠣᠨ ᠤ 6 ᠰᠠᠷ᠎ᠠ ᠶᠢᠨ 30᠎ ᠤ ᠡᠳᠦᠷ᠂ ᠪᠠᠷᠢᠯᠭ᠎ᠠ ᠶᠢᠨ ᠶᠡᠷᠦᠩᠬᠡᠶ ᠬᠤᠭᠤᠴᠠᠭ᠎ᠠ ᠨᠢ 225 ᠡᠳᠦᠷ ᠪᠣᠯᠤᠨ᠎ᠠ᠃    ᠬᠤᠶᠠᠷ᠂  ᠦᠢᠯᠡᠴᠢᠯᠡᠬᠦ ᠬᠡᠪᠴᠢᠶ᠎ᠡ    ᠪᠠᠷᠢᠯᠭ᠎ᠠ ᠪᠠᠷᠢᠬᠤ ᠪᠡᠯᠡᠳᠬᠡᠯ ᠱᠠᠲᠤ ᠦᠶ᠎ᠡ᠂ ᠪᠠᠷᠢᠯᠭ᠎ᠠ ᠪᠠᠷᠢᠬᠤ ᠱᠠᠲᠤ ᠦᠶ᠎ᠡ᠂ ᠪᠠᠷᠢᠯᠭ᠎ᠠ ᠶᠢ ᠳᠠᠭᠤᠰᠬᠠᠵᠤ ᠳ᠋ᠦᠩᠨᠡᠨ ᠪᠣᠳᠣᠬᠤ ᠱᠠᠲᠤ ᠦᠶ᠎ᠡ᠂ ᠶᠠᠰᠤ ᠴᠢᠨᠠᠷ ᠢ ᠪᠠᠲᠤᠯᠠᠬᠤ ᠱᠠᠲᠤ ᠦᠶ᠎ᠡ ᠵᠡᠷᠭᠡ ᠶᠠᠪᠤᠴᠠ ᠶᠢᠨ  ᠪᠠᠷᠢᠯᠭ᠎ᠠ ᠪᠠᠷᠢᠬᠤ ᠶᠢ ᠬᠢᠨᠠᠨ ᠬᠠᠮᠢᠶᠠᠷᠬᠤ ᠦᠢᠯᠡᠴᠢᠯᠡᠭᠡ ᠵᠡᠷᠭᠡ᠃    ᠭᠤᠷᠪᠠ᠂  ᠦᠢᠯᠡᠴᠢᠯᠡᠭᠡᠨ ᠤ ᠵᠠᠷᠤᠳᠠᠯ    ᠮᠠᠨ ᠤ ᠪᠠᠶᠢᠭᠤᠯᠭ᠎ᠠ ᠬᠠᠮᠤᠭ ᠤᠨ ᠥᠨᠳᠥᠷ ᠦᠢᠯᠡᠴᠢᠯᠡᠭᠡᠨ ᠤ ᠰᠦᠢᠳᠬᠡᠯ ᠳᠡᠭᠡᠷ᠎ᠡ ᠲᠦᠮᠡᠨ ᠲᠥᠭᠦᠷᠢᠭ ᠤᠨ ᠦᠨ᠎ᠡ ᠶᠢ ᠬᠢᠵᠠᠭᠠᠷᠯᠠᠬᠤ ︵40000 ᠲᠥᠭᠦᠷᠢᠭ︶᠎ ᠪᠠᠷ ᠲᠣᠭᠲᠠᠭᠠᠬᠤ ᠪᠠᠷ ᠲᠥᠯᠥᠪᠯᠡᠵᠦ ᠪᠠᠶᠢᠨ᠎ᠠ᠂ ᠳᠠᠭᠠᠭᠠᠴᠢᠯᠠᠯᠲᠠ ᠬᠦᠯᠢᠶᠡᠭᠴᠢ ᠨᠢ ᠡᠨᠡ ᠬᠦ ᠬᠡᠪᠴᠢᠶᠡᠨ ᠳᠣᠲᠣᠷ᠎ᠠ ᠦᠨ᠎ᠡ ᠮᠡᠳᠡᠭᠦᠯᠵᠦ᠂ ᠬᠢᠵᠠᠭᠠᠷᠯᠠᠭᠰᠠᠨ ᠦᠨ᠎ᠡ ᠠᠴᠠ ᠬᠡᠲᠦᠷᠡᠭᠰᠡᠨ ᠪᠠᠶᠢᠪᠠᠯ ᠬᠦᠴᠦᠨ ᠦᠭᠡᠢ ᠦᠨ᠎ᠡ ᠬᠠᠩᠰᠢ ᠮᠡᠳᠡᠭᠦᠯᠬᠦ ᠳᠤ ᠣᠷᠣᠯᠴᠠᠵᠤ ᠪᠣᠯᠬᠤ ᠦᠭᠡᠢ᠃     ᠳᠥᠷᠪᠡ᠂  ᠦᠢᠯᠡᠴᠢᠯᠡᠬᠦ ᠨᠢᠭᠡᠴᠡ ᠶᠢᠨ ᠳᠠᠭᠠᠭᠠᠴᠢᠯᠠᠯᠲᠠ ᠣᠯᠬᠤ ᠨᠥᠬᠦᠴᠡᠯ     1  ᠂  ᠬᠢᠨᠠᠨ ᠬᠠᠮᠢᠶᠠᠷᠬᠤ ᠨᠢᠭᠡᠴᠢ ᠨᠢ ᠬᠠᠮᠢᠶ᠎ᠠ ᠪᠥᠬᠦᠶ ᠪᠠᠷᠢᠯᠭ᠎ᠠ ᠶᠢᠨ ᠬᠢᠨᠠᠨ ᠬᠠᠮᠢᠶᠠᠷᠬᠤ ᠬᠥᠬᠡᠭᠴᠢᠨ ᠲᠠᠰ ︵ᠬᠥᠬᠡᠭᠴᠢᠨ ᠲᠠᠰ ᠪᠠᠭᠲᠠᠨ᠎ᠠ︶᠎ ᠠᠴᠠ ᠳᠡᠭᠡᠭᠰᠢᠬᠢ ᠬᠢᠷᠢ ᠬᠡᠮ ᠲᠠᠢ ᠪᠥᠭᠡᠳ ᠵᠣᠬᠢᠬᠤ ᠬᠢᠷᠢ ᠬᠡᠮ ᠤᠨ ᠣᠨ ᠤ ᠬᠢᠨᠠᠯᠲᠠ ᠶᠢ  ᠥᠩᠭᠡᠷᠡᠭᠡᠭᠰᠡᠨ ᠪᠠᠶᠢᠬᠤ ᠬᠡᠷᠡᠭᠲᠡᠢ︔    2  ᠂   ᠲᠣᠰ ᠲᠥᠷᠥᠯ ᠵᠦᠢᠯ ᠳᠤ ᠲᠣᠮᠢᠯᠠᠨ ᠰᠠᠭᠤᠯᠭᠠᠬᠤ ᠭᠡᠵᠦ ᠪᠠᠶᠢᠭ᠎ᠠ ᠪᠠᠷᠢᠯᠭ᠎ᠠ ᠶᠢᠨ ᠶᠡᠷᠦᠩᠬᠡᠶ ᠬᠢᠨᠠᠭᠴᠢ ᠡᠷᠬᠡᠪᠰᠢ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠠᠷᠢᠯᠭ᠎ᠠ ᠪᠤᠶᠤ ᠭᠡᠷ ᠪᠠᠶᠢᠰᠢᠩ ᠤᠨ ᠪᠠᠷᠢᠯᠭ᠎ᠠ ᠶᠢᠨ  ᠲᠤᠰᠬᠠᠶ ᠮᠡᠷᠭᠡᠵᠢᠯ ᠤᠨ ᠴᠣᠯᠠ  ᠪᠠ ᠳᠠᠩᠰᠠᠯᠠᠭᠤᠯᠤᠭᠰᠠᠨ ᠠᠵᠢᠯ ᠡᠷᠬᠢᠯᠡᠬᠦ ᠬᠢᠷᠢ ᠬᠡᠮ ᠲᠠᠢ ᠪᠠᠶᠢᠬᠤ ᠬᠡᠷᠡᠭᠲᠡᠶ︔    3  ᠂   ᠬᠠᠮᠤᠭ ᠳᠣᠣᠷ᠎ᠠ ᠦᠨ᠎ᠡ ᠶᠢ ᠨᠢ ᠪᠠᠲᠤᠯᠠᠨ᠎ᠠ᠃    4  ᠂   ᠬᠡᠷᠪᠡ ᠬᠤᠶᠠᠷ ᠨᠢᠭᠡᠴᠢ ᠶᠢᠨ ᠦᠨ᠎ᠡ ᠠᠳᠠᠯᠢ ᠪᠠᠶᠢᠬᠤ ᠪᠠᠶᠢᠳᠠᠯ ᠭᠠᠷᠪᠠᠯ ᠪᠦᠳᠦᠭᠡᠨ ᠪᠠᠶᠢᠭᠤᠯᠬᠤ ᠨᠢᠭᠡᠴᠢ ᠠᠴᠠ ᠳᠠᠭᠠᠭᠠᠴᠢᠯᠠᠯᠲᠠ ᠣᠯᠤᠭᠰᠠᠨ ᠲᠠᠯ᠎ᠠ ᠶᠢ ᠲᠣᠭᠲᠠᠭᠠᠨ᠎ᠠ᠃    ᠲᠠᠪᠤ᠂ ᠬᠠᠮᠢᠶ᠎ᠠ ᠪᠥᠬᠦᠶ ᠲᠣᠳᠣᠷᠬᠠᠶᠢᠯᠠᠯᠲᠠ    1  ᠂ ᠨᠡᠷ᠎ᠡ ᠮᠡᠳᠡᠭᠦᠯᠬᠦ ᠴᠠᠭ᠄ 2020 ᠣᠨ ᠤ 11 ᠰᠠᠷ᠎ᠠ ᠶᠢᠨ 9᠎ ᠤ ᠡᠳᠦᠷ ᠠᠴᠠ 2020 ᠣᠨ ᠤ 11 ᠰᠠᠷ᠎ᠠ ᠶᠢᠨ 13᠎ ᠤ ᠡᠳᠦᠷ ᠪᠣᠯᠲᠠᠯ᠎ᠠ    2  ᠂   ᠨᠡᠷ᠎ᠡ ᠮᠡᠳᠡᠭᠦᠯᠬᠦ ᠦᠶ᠎ᠡ ᠳᠤ ᠳᠣᠤᠷᠠᠬᠢ ᠮᠠᠲ᠋ᠧᠷᠢᠶᠠᠯ ᠤᠳ ᠢ ᠠᠪᠴᠤ  ᠬᠠᠩᠭᠠᠬᠤ ᠬᠡᠷᠡᠭᠲᠡᠢ᠃    ︵1︶ ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠲᠡᠮᠳᠡᠭ ᠤᠨ ᠦᠨᠡᠮᠯᠡᠯ ᠤᠨ ᠬᠠᠭᠤᠯᠪᠤᠷᠢ ᠳᠡᠪᠲᠡᠷ᠂ ᠭᠠᠶᠢᠯᠢ ᠶᠢᠨ ᠶᠠᠪᠤᠳᠠᠯ  ᠳᠠᠩᠰᠠᠯᠠᠬᠤ ᠦᠨᠡᠮᠯᠡᠯ ᠤᠨ ᠬᠠᠭᠤᠯᠪᠤᠷᠢ ᠳᠡᠪᠲᠡᠷ ︵ᠭᠤᠷᠪᠠᠨ ᠦᠨᠡᠮᠯᠡᠯ ᠢ ᠨᠢᠭᠡᠳᠬᠡᠭᠰᠡᠨ ᠪᠠᠶᠢᠪᠠᠯ ᠵᠥᠪᠬᠡᠨ ᠡᠵᠡᠩᠨᠡᠯᠲᠡ ᠶᠢᠨ ᠦᠨᠡᠮᠯᠡᠯ ᠬᠠᠩᠭᠠᠨ᠎ᠠ︶    ︵2︶ ᠠᠵᠤ ᠠᠬᠤᠶᠢᠯᠠᠯ ‍ᠤᠨ‌ᠵᠡᠷᠭᠡᠯᠡᠯ ᠦᠨᠡᠮᠯᠡᠯ ᠤᠨ ᠬᠠᠭᠤᠯᠪᠤᠷᠢ  ᠳᠤ  ᠠᠯᠪᠠᠨ ᠲᠠᠮᠠᠭ᠎ᠠ ᠳᠠᠷᠤᠨ᠎ᠠ︔    ︵3︶ ᠲᠣᠰ ᠪᠠᠷᠢᠯᠭ᠎ᠠ ᠶᠢᠨ ᠶᠡᠷᠦᠩᠬᠡᠶ ᠬᠢᠨᠠᠭᠴᠢ ᠶᠢ ᠲᠣᠮᠢᠯᠠᠬᠤ ᠭᠡᠵᠦ ᠪᠠᠶᠢᠭ᠎ᠠ ᠳᠠᠩᠰᠠᠯᠠᠭᠤᠯᠵᠤ ᠬᠢᠨᠠᠨ  ᠬᠠᠮᠢᠶᠠᠷᠬᠤ ᠢᠨᠵᠧᠨᠧᠷ ᠤᠨ ᠳᠠᠩᠰᠠᠯᠠᠭᠤᠯᠤᠭᠰᠠᠨ ᠦᠨᠡᠮᠯᠡᠯ ᠵᠢᠴᠢ ᠪᠡᠶ᠎ᠡ ᠶᠢᠨ ᠦᠨᠡᠮᠯᠡᠯ ᠤᠨ ᠬᠠᠭᠤᠯᠪᠤᠷᠢ 1 ᠬᠤᠪᠢ︔    ︵4︶ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠪᠡᠶ᠎ᠡ ᠶᠢᠨ ᠦᠨᠡᠮᠯᠡᠯ ᠪᠤᠶᠤ ᠬᠠᠤᠯᠢ ᠶᠢᠨ ᠡᠷᠬᠡᠲᠡᠨ ᠤ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠵᠢᠴᠢ ᠨᠠᠶᠢᠳᠠᠭᠰᠠᠨ ᠣᠷᠣᠯᠠᠭᠴᠢ ᠶᠢᠨ ᠪᠡᠶ᠎ᠡ ᠶᠢᠨ ᠦᠨᠡᠮᠯᠡᠯ ᠤᠨ ᠬᠠᠭᠤᠯᠪᠤᠷᠢ 1 ᠬᠤᠪᠢ︔    ︵5︶ ᠬᠢᠨᠠᠨ ᠬᠠᠮᠢᠶᠠᠷᠬᠤ ᠵᠠᠷᠤᠳᠠᠯ ᠤᠨ ᠦᠨ᠎ᠡ ᠮᠡᠳᠡᠭᠦᠯᠬᠦ ᠬᠦᠰᠦᠨᠦᠭᠲᠦ ︵ᠮᠡᠳᠡᠭᠦᠯᠦᠭᠰᠡᠨ ᠦᠨ᠎ᠡ ᠶᠢ   ᠪᠢᠲᠡᠭᠦᠮᠵᠢᠯᠡᠬᠦ ᠬᠡᠷᠡᠭᠲᠡᠶ᠂ ᠮᠡᠳᠡᠭᠦᠯᠦᠭᠰᠡᠨ ᠦᠨ᠎ᠡ ᠶᠢ  ᠲᠤᠭ᠎ᠠ ᠪᠣᠯᠣᠨ ᠬᠢᠲᠠᠳ ᠦᠰᠦᠭ ᠢᠶᠠᠷ ᠪᠢᠴᠢᠬᠦ ᠶᠢᠨ ᠬᠠᠮᠲᠤ ᠮᠡᠳᠡᠭᠦᠯᠦᠭᠰᠡᠨ ᠨᠢᠭᠡᠴᠢ ᠵᠢᠴᠢ ᠲᠡᠭᠦᠨ ᠤ ᠬᠠᠷᠢᠯᠴᠠᠬᠤ ᠤᠲᠠᠰᠤ ᠶᠢ ᠲᠣᠳᠣᠷᠬᠠᠶ ᠪᠢᠴᠢᠬᠦ ᠶᠢ ᠱᠠᠭᠠᠷᠳᠠᠨ᠎ᠠ︶᠃    3  ᠂   ᠨᠡᠷ᠎ᠡ ᠮᠡᠳᠡᠭᠦᠯᠬᠦ ᠭᠠᠵᠠᠷ᠄ ᠠᠯᠠᠱᠠ ᠵᠡᠭᠦᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ  ᠬᠤᠶᠠᠳᠤᠭᠠᠷ ᠳᠠᠪᠬᠤᠷᠯᠢᠭ ᠤᠨ 212 ᠥᠷᠥᠭᠡ    ᠬᠠᠷᠢᠯᠴᠠᠬᠤ ᠬᠥᠮᠦᠨ᠄ ᠯᠢ ᠴᠧᠩ ᠬᠤᠤ    ᠬᠠᠷᠢᠯᠴᠠᠬᠤ ᠤᠲᠠᠰᠤ᠄ 13947493337    ᠵᠢᠷᠭᠤᠭ᠎ᠠ᠂ ᠪᠤᠰᠤᠳ ᠵᠦᠢᠯ    1 1  ᠦᠨ᠎ᠡ ᠯᠠᠪᠯᠠᠬᠤ ᠪᠠ ᠳᠠᠭᠠᠭᠠᠴᠢᠯᠠᠯᠲᠠ ᠨᠡᠶᠢᠲᠡᠯᠡᠬᠦ ᠠᠵᠢᠯ ᠢ ᠪᠦᠲᠦᠭᠡᠨ ᠪᠠᠶᠢᠭᠤᠯᠬᠤ ᠨᠢᠭᠡᠴᠡ ᠠᠴᠠ ᠡᠷᠬᠢᠯᠡᠨ᠎ᠡ᠃    2  ᠂ ᠴᠠᠭ ᠨᠢ 2020 ᠣᠨ ᠤ 11 ᠰᠠᠷ᠎ᠠ ᠶᠢᠨ 17᠎ ᠤ ᠡᠳᠦᠷ ᠤᠨ ᠦᠳᠡ ᠶᠢᠨ ᠡᠮᠦᠨᠡᠬᠢ 9᠄ 30    3  ᠂   ᠦᠨ᠎ᠡ ᠶᠢ ᠮᠡᠳᠡᠭᠦᠯᠬᠦ ᠠᠴᠠ ᠬᠤᠵᠢᠭᠳᠠᠪᠠᠯ ᠡᠷᠬᠡ ᠪᠠᠨ ᠬᠠᠶᠠᠭᠰᠠᠨ ᠢᠶᠠᠷ ᠰᠢᠢᠳᠪᠦᠷᠢᠯᠡᠨ᠎ᠡ᠃        ᠪᠡᠯᠡᠳᠬᠡᠭᠰᠡᠨ ᠨᠢ᠄ ᠡᠷᠳᠡᠨᠢᠬᠦᠦ  ᠨᠠᠶᠢᠷᠠᠭᠤᠯᠤᠭᠰᠠᠨ ᠨᠢ᠄ ᠨᠠᠮᠤᠷ  ᠬᠢᠨᠠᠭᠰᠠᠨ ᠨᠢ᠄ ᠤᠷᠢᠬᠠᠨ    
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号