ᠶᠢᠨ ᠫᠧᠩ
ᠨᠡᠶᠢᠲᠡᠯᠡᠭᠰᠡᠨ ᠴᠠᠭ᠄
2020/11/26
  ᠲᠣᠪᠴᠢ ᠨᠠᠮᠲᠠᠷ            ᠡᠷᠡᠭᠲᠡᠢ᠂ ᠮᠣᠩᠭᠤᠯ ᠦᠨᠳᠦᠰᠦᠲᠡᠨ᠂ 1990 ᠣᠨ ᠤ 4 ᠰᠠᠷ᠎ᠠ ᠳᠤ ᠲᠥᠷᠥᠵᠡᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠳᠣ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠤᠢ᠃      ᠠᠵᠢᠯ ᠤᠨ ᠬᠤᠪᠢᠶᠠᠷᠢ᠄      ᠬᠤᠰᠢᠭᠤᠨ ᠤ ᠳᠠᠷᠤᠭ᠎ᠠ ᠶᠢ ᠬᠠᠮᠵᠢᠨ ᠦᠨᠳᠦᠰᠦᠲᠡᠨ ᠤ ᠬᠡᠷᠡᠭ ᠶᠠᠪᠤᠳᠠᠯ᠂ ᠤᠰᠤᠨ ᠠᠰᠢᠭᠯᠠᠯᠲᠠ᠂ ᠲᠠᠷᠢᠶᠠᠯᠠᠩ ᠮᠠᠯ ᠠᠵᠤ ᠠᠬᠤᠢ ᠪᠣᠯᠣᠨ ᠲᠠᠷᠢᠶᠠᠯᠠᠬᠤ ᠮᠠᠯᠵᠢᠬᠤ ᠣᠷᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠢ ᠰᠢᠭᠤᠢ ᠪᠣᠯᠣᠨ ᠨᠤᠲᠤᠭ ᠪᠡᠯᠴᠢᠭᠡᠷ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠥᠪᠥᠷ ᠮᠣᠩᠭᠤᠯ ᠤᠨ ᠠᠯᠠᠱᠠ ᠠᠭᠤᠯᠠ ᠶᠢᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ᠂ ᠤᠰᠤᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ( ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ )᠂ ᠎ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ( ᠡᠯᠡᠰᠦᠨ ᠤ ᠠᠵᠤ ᠦᠢᠯᠡᠰ ᠤᠨ ᠲᠣᠪᠴᠢᠶ᠎ᠠ )᠂ ᠎ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠬᠠᠩᠭᠠᠨ ᠪᠣᠷᠣᠯᠠᠭᠤᠯᠬᠤ ᠬᠤᠷᠰᠢᠶ᠎ᠠ ᠶᠢ ᠬᠤᠪᠢᠳᠠᠨ ᠬᠠᠮᠢᠶᠠᠷᠤᠨ᠎ᠠ᠃ ᠬᠤᠪᠢᠳᠠᠨ ᠬᠠᠮᠢᠶᠠᠷᠬᠤ ᠬᠦᠷᠢᠶ᠎ᠡ ᠴᠠᠷᠠᠭ᠎ᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠠᠵᠢᠯ ᠤᠨ ᠭᠤᠣᠯ ᠰᠢᠵᠢᠮ᠂ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠬᠠᠤᠯᠢ ᠪᠠᠷ ᠵᠠᠰᠠᠬᠤ ᠪᠠᠶᠢᠭᠤᠯᠤᠯᠲᠠ᠂ ᠦᠵᠡᠯ ᠤᠬᠠᠮᠰᠠᠷ ᠤᠨ ᠭᠡᠯᠪᠡᠷᠢ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠠᠶᠦᠯᠭᠦᠢ ᠦᠢᠯᠡᠳᠪᠦᠷᠢᠯᠡᠯ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠥᠷᠨᠢᠭᠦᠯᠬᠦ ᠶᠢ ᠪᠦᠭᠦ ᠲᠠᠯ᠎ᠠ ᠪᠠᠷ ᠲᠤᠤᠱᠯᠠᠭᠤᠯᠬᠤ ᠶᠢ ᠬᠠᠷᠢᠭᠤᠴᠠᠨ᠎ᠠ᠃ ᠠᠶᠢᠮᠠᠭ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠲᠥᠪ᠂ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ᠂ ᠴᠠᠭ ᠠᠭᠤᠷ ᠤᠨ ᠲᠣᠪᠴᠢᠶ᠎ᠠ᠂ ᠲᠡᠮᠡᠭᠡ ᠶᠢ ᠬᠠᠮᠠᠭᠠᠯᠠᠬᠤ ᠨᠡᠶᠢᠭᠡᠮᠯᠢᠭ᠂ ᠴᠠᠭᠠᠨ ᠨᠣᠯᠤᠤᠷ ᠤᠨ ᠢᠮᠠᠭ᠎ᠠ ᠲᠡᠵᠢᠭᠡᠨ ᠦᠷᠡᠵᠢᠭᠦᠯᠬᠦ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠠᠯᠠᠱᠠ ᠶᠢᠨ SEE ᠠᠮᠢ ᠠᠬᠤᠢ ᠶᠢᠨ ᠨᠡᠶᠢᠭᠡᠮᠯᠢᠭ ᠲᠠᠢ ᠬᠠᠷᠢᠯᠴᠠᠨ᠎ᠠ᠃ ᠬᠤᠰᠢᠭᠤᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号