ᠠᠯᠠᠱᠠ ᠮᠣᠩᠭᠤᠯ ᠪᠠᠭ᠎ᠠ ᠰᠤᠷᠭᠠᠭᠤᠯᠢ ᠪᠠᠶᠢᠭᠤᠯᠤᠭᠳᠠᠭᠰᠠᠨ ᠤᠴᠢᠷ
ᠨᠡᠶᠢᠲᠡᠯᠡᠭᠰᠡᠨ ᠴᠠᠭ᠄
2020/11/26
1940 ᠣᠨ ︵ᠢᠷᠭᠡᠨ ᠤᠯᠤᠰ ᠤᠨ ᠬᠤᠷᠢᠨ ᠶᠢᠰᠦᠳᠦᠭᠡᠷ ᠣᠨ︶ ᠳᠤ ᠳ᠋ᠢᠩ ᠶᠤᠸᠠᠨ ᠶᠢᠩ ᠳᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢ ᠡᠭᠦᠰᠬᠡᠨ ᠪᠠᠶᠢᠭᠤᠯᠵᠤ᠂ ᠬᠡᠰᠡᠭ ᠬᠡᠤᠬᠡᠳ ᠢ ᠬᠤᠷᠢᠶᠠᠵᠤ ᠰᠤᠷᠤᠯᠴᠠᠭᠤᠯᠵᠡᠢ᠃ ᠮᠦᠨ ᠵᠢᠯ ᠤᠨ ᠠᠷᠪᠠᠨ ᠰᠠᠷ᠎ᠠ ᠶᠢᠨ ᠠᠷᠪᠠᠨ ᠳᠦᠷᠪᠡᠨ ᠳᠤ ᠯᠠᠨᠵᠸᠤ ᠠᠴᠠ ᠳ᠋ᠠᠨᠢᠽᠠᠨ᠎ᠠ ᠨᠤᠶᠠᠨ ᠤ ᠵᠠᠬᠢᠶ᠎ᠠ ᠳᠤ ︽ᠡᠲᠦᠭᠡ ᠪᠠᠶᠢᠭᠤᠯᠤᠭᠰᠠᠨ ᠮᠣᠩᠭᠤᠯ ᠪᠠᠭ᠎ᠠ ᠰᠤᠷᠭᠠᠭᠤᠯᠢ ᠶᠢ ᠰᠠᠶᠢᠵᠢᠷᠠᠭᠤᠯᠵᠤ᠂ ᠰᠤᠷᠬᠤ ᠬᠡᠤᠬᠡᠳ ᠢ ᠵᠠᠷᠯᠠᠨ ᠠᠪᠴᠤ ᠰᠤᠷᠤᠯᠴᠠᠭᠤᠯᠬᠤ ᠬᠡᠷᠡᠭᠲᠡᠢ᠃ ᠬᠢᠲᠠᠳ ᠮᠣᠩᠭᠤᠯ ᠤᠳᠬ᠎ᠠ ᠶᠢ ᠨᠡᠭᠡᠭᠡᠬᠦ ᠬᠡᠷᠡᠭᠲᠡᠢ︾ ᠭᠡᠵᠦ ᠱᠠᠭᠠᠷᠳᠠᠵᠡᠢ᠃ 1941 ᠣᠨ ︵ᠢᠷᠭᠡᠨ ᠤᠯᠤᠰ ᠤᠨ ᠭᠤᠴᠢᠳᠤᠭᠠᠷ ᠣᠨ︶ ᠤ ᠶᠢᠰᠦᠨ ᠰᠠᠷ᠎ᠠ ᠶᠢᠨ ᠨᠠᠢᠮᠠᠨ ᠤ ᠡᠳᠤᠷ᠂ ᠨᠣᠶᠠᠨᠲᠠᠨ ᠳ᠋ᠠᠨᠢᠽᠠᠨ᠎ᠠ ᠵᠠᠬᠢᠶ᠎ᠠ ᠪᠠᠭᠤᠯᠭᠠᠵᠤ᠂ ᠮᠣᠩᠭᠤᠯ ᠬᠡᠤᠬᠡᠳ ᠢ ᠵᠠᠷᠯᠠᠨ ᠠᠪᠴᠤ ᠰᠤᠷᠭᠠᠭᠤᠯᠢ ᠳᠤ ᠰᠠᠭᠤᠯᠭᠠᠵᠤ᠂ ᠪᠢᠴᠢᠭ ᠴᠡᠷᠢᠭ ᠤᠨ ᠡᠷᠳᠡᠮ ᠢ ᠪᠣᠯᠪᠠᠰᠤᠷᠠᠭᠤᠯᠵᠤ᠂ ᠤᠳᠬ᠎ᠠ ᠰᠤᠶᠤᠯ ᠢ ᠨᠡᠭᠡᠭᠡᠭᠳᠡᠭᠦᠯᠵᠦ᠂ ᠨᠤᠲᠤᠭ ᠣᠷᠣᠨ ᠢ ᠬᠠᠮᠠᠭᠠᠯᠠᠬᠤ ᠬᠡᠷᠡᠭᠲᠡᠢ ᠭᠡᠰᠡᠨ ᠢ ᠲᠠᠭᠠᠵᠤ᠂ ᠮᠣᠩᠭᠤᠯ ᠰᠤᠷᠤᠭᠴᠢ ᠶᠢ ᠰᠠᠷ᠎ᠠ ᠰᠢᠬᠠᠮ ᠴᠡᠷᠢᠭ ᠤᠨ ᠪᠣᠯᠪᠠᠰᠤᠷᠠᠯ ᠢ ᠬᠢᠯᠭᠡᠪᠡ᠃ ᠢᠷᠭᠡᠨ ᠤᠯᠤᠰ ᠤᠨ ᠭᠤᠴᠢᠨ ᠨᠢᠭᠡᠳᠤᠭᠡᠷ ᠣᠨ ᠪᠣᠯᠬᠤ ᠳᠤ ᠲᠤᠰ ᠰᠤᠷᠭᠠᠭᠤᠯᠢ ᠨᠡᠶᠢᠲᠡ 150 ᠰᠤᠷᠤᠭᠴᠢ ᠲᠠᠢ ᠪᠤᠯᠵᠤ᠂ ᠰᠤᠷᠤᠭᠴᠢ ᠶᠢᠨ ᠪᠦᠬᠦ ᠵᠠᠷᠤᠳᠠᠯ ᠢ ᠬᠤᠰᠢᠭᠤᠨ ᠠᠴᠠ ᠬᠠᠩᠭᠠᠵᠤ ᠪᠠᠶᠢᠪᠠ᠃ ᠮᠦᠨ ᠵᠢᠯ ᠳᠤ ᠮᠣᠩᠭᠤᠯ ᠢᠰᠯᠠᠮ ᠤᠨ ᠱᠠᠰᠢᠨᠲᠠᠨ ᠤ ᠵᠠᠩ ᠲᠠᠳᠬᠠᠯ ᠢ ᠬᠦᠨᠳᠦᠳᠬᠡᠵᠦ᠂ ᠲᠡᠨᠳᠡᠬᠢ ᠶᠢᠨ ᠬᠡᠤᠬᠡᠳ ᠲᠤ ᠭᠤᠷᠪᠠᠨ ᠰᠤᠬᠠᠢ ᠶᠢᠨ ᠬᠤᠲᠤᠩ ᠰᠦᠮ᠎ᠡ ᠳᠡᠭᠡᠷ᠎ᠡ ᠲᠤᠰᠠᠭᠠᠷ ᠰᠤᠷᠭᠠᠭᠤᠯᠢ ᠪᠠᠶᠢᠭᠤᠯᠵᠤ᠂ ᠲᠤᠬᠠᠢ ᠶᠢᠨ ᠦᠶ᠎ᠡ ᠳᠤ 20 ᠭᠠᠷᠤᠢ ᠰᠤᠷᠤᠭᠴᠢ ᠶᠢ ᠵᠣᠬᠢᠶᠠᠨ ᠪᠠᠶᠢᠭᠤᠯᠵᠤ᠂ ᠲᠦᠰᠢᠮᠡᠯ ᠢᠰᠯᠠᠮ ᠤᠨ ᠰᠢᠲᠦᠯᠭᠡᠨ  ᠲᠠᠢ ᠮᠣᠩᠭᠤᠯ ᠢᠮᠠᠮᠠ ᠠᠨ ︵安︶ ᠪᠠᠶᠠᠨ᠋ᠧᠴᠢᠷ ᠢᠶᠠᠷ ᠡᠷᠬᠢᠯᠡᠭᠦᠯᠪᠡ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ︽ᠠᠯᠠᠱᠠ ᠬᠤᠱᠤᠳ ᠮᠣᠩᠭᠤᠯ ᠤᠨ ᠲᠤᠪᠴᠢ ᠲᠡᠤᠬᠡ︾ ᠭᠤᠷᠪᠠᠳᠤᠭᠠᠷ ᠪᠦᠯᠦᠭ ︵ᠰᠤᠶᠤᠯ ᠭᠡᠭᠡᠷᠡᠯ᠂ ᠰᠤᠷᠭᠠᠨ ᠬᠦᠮᠦᠵᠢᠯ᠂ ᠦᠷᠡᠰ ᠨᠠᠶᠢᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号