ᠠᠯᠠᠱᠠ ᠦᠬᠢᠳ ᠤᠨ ᠰᠤᠷᠭᠠᠭᠤᠯᠢ  ᠶᠢ ᠪᠠᠶᠢᠭᠤᠯᠪᠠ
ᠨᠡᠶᠢᠲᠡᠯᠡᠭᠰᠡᠨ ᠴᠠᠭ᠄
2020/11/26
 1937ᠣᠨ ︵ᠢᠷᠭᠡᠨ ᠤᠯᠤᠰ ᠤᠨ ᠬᠤᠷᠢᠨ ᠵᠢᠷᠭᠤᠳᠤᠭᠠᠷ ᠣᠨ︶ ᠳᠤ ᠳ᠋ᠠᠨᠢᠽᠠᠨ᠎ᠠ ᠶᠢᠨ ᠬᠠᠲᠤᠨ ᠶᠢᠨ ᠶᠦᠨ ᠴᠧᠩ ᠤᠨ ᠰᠢᠭᠤᠳ ᠡᠷᠬᠢᠯᠡᠭᠡ ᠪᠠᠷ ᠳ᠋ᠢᠩ ᠶᠤᠸᠠᠨ ᠶᠢᠩ ᠳᠤ ᠠᠩᠬ᠎ᠠ ᠤᠳᠠᠭ᠎ᠠ ᠦᠬᠢᠳ ᠤᠨ  ᠪᠦᠷᠢᠨ ᠪᠠᠭ᠎ᠠ‌‍ᠰᠤᠷᠭᠠᠭᠤᠯᠢ ᠶᠢ ᠪᠠᠶᠢᠭᠤᠯᠵᠤ᠂40 ᠭᠠᠷᠤᠢ ᠰᠤᠷᠬᠤ ᠨᠠᠰᠤᠨ ᠤ ᠮᠣᠩᠭᠤᠯ ᠮᠠᠨᠵᠦ ᠦᠬᠢᠳ ᠢ ᠡᠯᠰᠡᠨ ᠠᠪᠴᠤ᠂ ᠬᠢᠲᠠᠳ᠂ ᠮᠠᠨᠵᠤ ᠪᠢᠴᠢᠭ ᠵᠢᠭᠠᠵᠤ᠂ ᠠᠯᠠᠱᠠ ᠶᠢᠨ ᠲᠡᠤᠬᠡᠨ ᠳᠤ ᠰᠢᠨ᠎ᠡ ᠵᠤᠷᠪᠤᠰ ᠢ ᠲᠡᠮᠳᠡᠭᠯᠡᠪᠡ᠃ ᠶᠢᠨ ᠶᠦᠨ ᠴᠧᠩ ᠬᠠᠲᠤᠨ ᠦᠪᠡᠷ ᠤᠨ ᠪᠡᠶ᠎ᠡ ᠪᠠᠷ ᠢᠶᠠᠨ ᠬᠠᠷᠢᠭᠤᠴᠠᠨ ᠬᠠᠮᠢᠶᠠᠷᠴᠤ ᠪᠠᠭᠰᠢᠯᠠᠵᠤ ᠪᠠᠶᠢᠪᠠ᠃  ᠰᠡᠭᠦᠯ ᠳᠤ ᠨᠢ ᠮᠦᠨ ᠢᠷᠭᠡᠨ ᠤᠯᠤᠰ ᠤᠨ ᠦᠶ᠎ᠡ ᠳᠤ ᠦᠬᠢᠳ ᠤᠨ ᠰᠤᠷᠭᠠᠭᠤᠯᠢ ᠶᠢ ᠪᠠᠭᠰᠢ ᠶᠢᠨ ᠰᠤᠷᠭᠠᠭᠤᠯᠢ  ᠲᠠᠢ ᠨᠢᠭᠡᠳᠭᠡᠵᠤ᠂  ᠳ᠋ᠢᠩ ᠶᠤᠸᠠᠨ ᠶᠢᠩ ᠳᠤ ᠵᠦᠩ ᠱᠠᠨ ︵中山) ᠪᠠᠭ᠎ᠠ ᠰᠤᠷᠭᠠᠭᠤᠯᠢ ᠭᠡᠮᠡᠨ ᠦᠭᠡᠷᠡᠴᠢᠯᠡᠨ ᠪᠠᠶᠢᠭᠤᠯᠪᠠ᠃  ᠲᠤᠰ ᠰᠤᠷᠭᠠᠭᠤᠯᠢ ᠶᠢᠨ ᠲᠠᠷᠤᠭ᠎ᠠ ᠪᠠᠭᠰᠢ ᠶᠢᠨ ᠲᠤᠰᠢᠶᠠᠯ ᠳᠤ ᠮᠦᠨ ᠰᠤᠷᠭᠠᠭᠤᠯᠢ ᠶᠢᠨ ᠰᠢᠤᠸᠠᠢ ᠭᠦᠩ ᠡᠤ ︵薛公武︶ ᠶᠢ ᠳᠠᠷᠤᠭ᠎ᠠ ᠪᠠᠷ ᠲᠤᠮᠢᠯᠠᠪᠠ᠃1942 ᠣᠨ ︵ᠢᠷᠭᠡᠨ ᠤᠯᠤᠰ ᠤᠨ ᠭᠤᠴᠢᠨ ᠨᠢᠭᠡᠳᠦᠭᠡᠷ ᠣᠨ︶  ᠳᠤ ᠰᠢᠤᠸᠠᠢ ᠭᠦᠩ ᠡᠤ ᠶᠢ ᠭᠤᠮᠢᠨᠳᠠᠩ ᠤᠨ ᠲᠠᠩᠨᠠᠭᠤᠯ ᠤᠨ ᠭᠠᠵᠠᠷ ᠠᠴᠠ ᠡᠪ ᠬᠠᠮᠲᠤ ᠨᠠᠮ ᠤᠨ ᠰᠡᠵᠢᠭᠯᠡᠯᠲᠡᠢ ᠡᠲᠡᠭᠡᠳ ᠢᠶᠠᠷ ᠪᠠᠷᠢᠪᠴᠢᠯᠠᠵᠤ ᠮᠦᠨ ᠵᠢᠯ ᠤᠨ ᠳᠦᠷᠪᠡᠨ ᠰᠠᠷ᠎ᠠ ᠳᠤ ᠯᠠᠨᠵᠸᠤ ᠬᠦᠷᠭᠡᠪᠡ᠃    ᠲᠤᠬᠠᠢ ᠶᠢᠨ ᠦᠶ᠎ᠡ ᠳᠤ ᠰᠢᠤᠸᠠᠢ ᠭᠦᠩ ᠡᠤ 30 ᠨᠠᠰᠤ ᠬᠦᠷᠦᠭᠡᠳᠦᠢ᠂ ᠰᠢᠷ᠎ᠠ ᠴᠢᠷᠠᠢ ᠲᠠᠢ ᠭᠤᠶᠤ ᠵᠠᠯᠠᠭᠤ ᠪᠠᠶᠢᠪᠠ᠃ ᠣᠷᠤᠨ ᠳᠤᠨᠢ ᠢᠷᠡᠭᠰᠡᠨ ᠮᠠᠶᠢᠷᠠᠨ ᠲᠠᠶᠢᠵᠢ ᠳ᠋ᠠᠰᠢᠳᠤᠨᠳᠠᠪ ᠢ ᠵᠠᠬᠢᠷᠤᠯ ᠳᠠᠷᠤᠭ᠎ᠠ ᠪᠠᠷ ᠲᠤᠮᠢᠯᠠᠪᠠ᠃  ᠠᠩᠬᠠᠳᠤᠭᠠᠷ ᠦᠬᠢᠳ ᠤᠨ ᠰᠤᠷᠭᠠᠭᠤᠯᠢ ᠶᠢᠨ ᠪᠠᠭᠰᠢ ᠨᠠᠷ ᠤᠨ ᠨᠡᠷᠡᠰ  ᠵᠠᠬᠢᠷᠤᠯ ᠪᠠᠭᠰᠢ᠄ ᠶᠢᠨ ᠶᠦᠨ ᠴᠧᠩ  ᠠᠩᠭᠡᠯᠢ ᠬᠡᠯᠡᠨ ᠤ ᠪᠠᠭᠰᠢ᠄ ᠺᠠᠲ᠋ᠤᠯᠢᠭ ᠱᠠᠰᠢᠨᠲᠠᠨ ᠡᠮᠡᠭᠲᠡᠢ ᠫᠦ᠋ ᠮᠤ᠋ ᠱᠢ  ᠬᠢᠲᠠᠳ ᠬᠡᠯᠡᠨ ᠤ ᠪᠠᠭᠰᠢ᠄ ᠯᠢᠤ ᠶᠠᠨ ᠴᠢᠩ ︵刘岩青︶᠂ ᠰᠢᠶᠧ ᠰᠢᠶᠠᠩ ᠳ᠋ᠧ ︵谢向德︶᠂ ᠢᠤᠢ ᠯᠠᠢ ᠲᠠᠩ ︵余来堂︶   ᠮᠣᠩᠭᠤᠯ ᠬᠡᠯᠡᠨ ᠤ ᠪᠠᠭᠰᠢ᠄ ᠢᠤᠢ ᠨᠠᠰᠤᠨᠳᠠᠯᠠᠢ ᠨᠠᠷ ᠪᠠᠶᠢᠵᠡᠢ᠃  ᠡᠮᠴᠢ ᠶᠢᠨ ᠹᠧᠩ ᠴᠢᠨ ᠤ ᠦᠬᠢᠨ ᠮᠤ᠋ ᠿᠦᠩ ᠪᠣᠯ ᠲᠤᠭ᠎ᠠ ᠪᠣᠳᠤᠯᠭ᠎ᠠ ᠪᠠ ᠳᠠᠭᠤᠤ ᠬᠦᠭᠵᠢᠮ ᠵᠢᠭᠠᠬᠤ ᠪᠠᠭᠰᠢ ᠪᠠᠶᠢᠵᠡᠢ᠃  ᠲᠤᠰ ᠰᠤᠷᠭᠠᠭᠤᠯᠢ ᠳᠤ ᠮᠣᠩᠭᠤᠯ᠂ ᠮᠠᠨᠵᠤ᠂ ᠬᠢᠲᠠᠳ ᠵᠡᠷᠭᠡ ᠦᠨᠳᠦᠰᠦᠲᠡᠨ ᠤ ᠦᠬᠢᠳ ᠰᠤᠷᠤᠯᠴᠠᠵᠤ ᠪᠠᠶᠢᠪᠠ᠃ ᠰᠤᠷᠤᠭᠴᠢ ᠶᠢᠨ ᠬᠠᠮᠤᠭ ᠤᠨ ᠶᠡᠭᠡ ᠨᠢ14 ᠨᠠᠰᠤᠲᠠᠢ᠂ ᠬᠠᠮᠤᠭ ᠤᠨ ᠪᠠᠭ᠎ᠠ ᠨᠢ7 ᠨᠠᠰᠤᠲᠠᠢ ᠪᠠᠶᠢᠪᠠ᠃  ᠪᠦᠬᠦ ᠰᠤᠷᠭᠠᠭᠤᠯᠢ ᠪᠠᠷᠤᠭ ᠲᠠᠪᠢᠭᠠᠳ ᠰᠤᠷᠤᠭᠴᠢ ᠲᠠᠢ ᠪᠠᠶᠢᠵᠤ᠂ ᠪᠠᠷᠠᠭᠤᠨ ᠭᠡᠭᠡᠨ ᠤ ᠯᠠᠪᠷᠤᠩ ᠳᠤ ᠰᠠᠭᠤᠵᠤ ᠪᠠᠶᠢᠪᠠ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ︽ᠠᠯᠠᠱᠠ ᠬᠤᠱᠤᠳ ᠮᠣᠩᠭᠤᠯ ᠤᠨ ᠲᠤᠪᠴᠢ ᠲᠡᠤᠬᠡ︾ ᠭᠤᠷᠪᠠᠳᠤᠭᠠᠷ ᠪᠦᠯᠦᠭ ︵ᠰᠤᠶᠤᠯ ᠭᠡᠭᠡᠷᠡᠯ᠂ ᠰᠤᠷᠭᠠᠨ ᠬᠦᠮᠦᠵᠢᠯ᠂ ᠦᠷᠡᠰ ᠨᠠᠶᠢ᠊
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号