ᠠᠯᠠᠱᠠ ᠠᠶᠢᠮᠠᠭ ᠤᠨ ᠰᠢᠨ᠎ᠠ ᠲᠢᠳᠡᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 15 ᠳ᠋ᠤᠭᠠᠷ ᠨᠤᠮᠧᠷᠳᠦ ᠵᠠᠷᠯᠠᠯ
ᠨᠡᠶᠢᠲᠡᠯᠡᠭᠰᠡᠨ ᠴᠠᠭ᠄
2020/12/1
  11 ᠰᠠᠷ᠎ᠠ ᠶᠢᠨ 20 ᠤ ᠡᠳᠦᠷ᠂ ᠲᠢᠶᠡᠨᠵᠢᠨ ᠬᠤᠳᠠ ᠶᠢᠨ ᠡᠷᠡᠬᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ  ᠠᠴᠠ ᠰᠢᠨ᠎ᠠ ᠲᠢᠳᠡᠮᠯᠢᠭ ᠠᠭᠤᠰᠬᠢᠨ ᠦᠷᠪᠢᠰᠦᠯ ᠤᠨ ᠤᠨᠤᠰᠢᠯᠠᠭᠳᠠᠭᠰᠠᠨ ᠡᠪᠡᠳᠴᠢᠳᠡᠨ ᠤ ᠵᠢᠱᠢᠶ᠎ᠠ ᠶᠢ 4 ᠮᠡᠳᠡᠬᠦᠯᠵᠦ᠂ 20 ᠤ ᠡᠳᠦᠷ ᠤᠨ 2 ᠴᠠᠭ ᠠᠴᠠ ᠡᠬᠢᠯᠡᠨ ᠲᠢᠶᠡᠨᠵᠢᠨ ᠬᠤᠳᠠ ᠶᠢᠨ ᠳ᠋ᠦᠩ ᠵᠢᠶᠠᠩ ᠭᠠᠩ ᠲᠤᠭᠤᠷᠢᠭ ᠤᠨ ᠺᠠᠨ ᠬᠠᠢ ᠰᠢᠤᠸᠠᠨ ᠰᠠᠭᠤᠭᠠᠯᠢ ᠲᠤᠭᠤᠷᠢᠭ ᠢ ᠦᠨᠳᠦᠷ ᠲᠦᠭᠰᠢᠬᠦᠷᠢᠳᠦ ᠤᠷᠤᠨ ᠢᠶᠠᠷ ᠲᠤᠭᠳᠠᠭᠠᠵᠠᠢ᠃ ᠠᠯᠠᠱᠠ ᠠᠶᠢᠮᠠᠭ ᠤᠨ ᠰᠢᠨ᠎ᠠ ᠲᠢᠳᠡᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠶᠢᠨ ᠲᠤᠯᠠᠳᠠ ᠲᠤᠤᠷᠠᠬᠢ ᠮᠡᠳᠡᠭᠳᠡᠯ ᠢ ᠨᠡᠶᠢᠳᠡᠯᠡᠵᠦ ᠪᠠᠶᠢᠨ᠎ᠠ᠃   ᠨᠢᠭᠡ᠂ ᠦᠷᠭᠡᠨ ᠤᠯᠠᠨ ᠰᠠᠭᠤᠭᠠᠯᠢ ᠠᠷᠠᠳ ᠲᠢᠶᠡᠨᠵᠢᠨ ᠬᠤᠳᠠ ᠶᠢᠨ ᠰᠢᠨ᠎ᠠ ᠲᠢᠳᠡᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠠᠶᠢᠳᠤᠷ  ᠠᠩᠬᠠᠷᠬᠤ ᠬᠡᠷᠡᠭᠳᠡᠢ᠃ 11 ᠰᠠᠷ᠎ᠠ ᠶᠢᠨ 6 ᠤ ᠡᠳᠦᠷ ᠠᠴᠠ ᠨᠠᠭᠠᠰᠢ ᠲᠢᠶᠡᠨᠵᠢᠨ ᠬᠤᠳᠠ ᠶᠢᠨ ᠳ᠋ᠦᠩ ᠵᠢᠶᠠᠩ ᠭᠠᠩ ᠲᠤᠭᠤᠷᠢᠭ ᠤᠨ ᠺᠠᠨ ᠬᠠᠢ ᠰᠢᠤᠸᠠᠨ ᠰᠠᠭᠤᠭᠠᠯᠢ ᠲᠤᠭᠤᠷᠢᠭ  ᠲᠤ ᠤᠴᠢᠭᠰᠠᠨ ᠪᠤᠶᠤ ᠤᠨᠤᠰᠢᠯᠠᠭᠳᠠᠭᠰᠠᠨ ᠡᠪᠡᠳᠴᠢᠳᠡᠨ ᠪᠤᠯᠤᠨ ᠢᠯᠡᠷᠡᠯ ᠦᠭᠡᠢ ᠤᠨᠤᠰᠢᠯᠠᠭᠳᠠᠭᠰᠠᠳ ᠲᠠᠢ ᠬᠠᠪᠢᠳᠠᠭᠰᠠᠨ ᠠᠯᠠᠱᠠ ᠳᠤ ᠢᠷᠡᠭᠰᠡᠳ ᠲᠠᠷᠤᠢ ᠲᠦᠷᠭᠡᠨ ᠰᠠᠭᠤᠭ᠎ᠠ ᠨᠡᠶᠢᠬᠡᠮ ᠲᠤᠭᠤᠷᠢᠭ ︵ᠭᠠᠴᠠᠭ᠎ᠠ ᠲᠤᠰᠬᠤᠨ︶ ᠡᠰᠡᠬᠦᠯ᠎ᠡ ᠪᠠᠶᠢᠭᠤᠯᠭ᠎ᠠ ᠨᠢᠭᠡᠴᠢ ᠳᠤ ᠪᠠᠨ ᠮᠡᠳᠡᠭᠳᠡᠨ ᠲᠠᠩᠰᠠᠯᠠᠭᠤᠯᠵᠦ᠂ ᠬᠤᠪᠢ ᠬᠦᠮᠦᠨ ᠤ ᠶᠠᠪᠤᠵᠦ ᠰᠠᠭᠤᠭᠰᠠᠨ ᠵᠠᠮ ᠱᠤᠭᠤᠮ  ᠪᠤᠯᠤᠨ ᠡᠷᠡᠬᠦᠯ ᠮᠡᠨᠳᠦ ᠶᠢᠨ ᠪᠠᠶᠢᠳᠠᠯ ᠢᠶᠠᠨ ᠨᠠᠷᠢᠯᠢᠭ ᠮᠡᠳᠡᠭᠳᠡᠵᠦ᠂ ᠬᠠᠷᠢᠶ᠎ᠠ ᠭᠠᠵᠠᠷ ᠤᠷᠤᠨ ᠤ ᠪᠠᠨ ᠲᠤᠰᠠᠭᠠᠷᠯᠠᠨ ᠡᠵᠡᠮᠳᠡᠬᠦ᠂ ᠪᠦᠭᠡᠮ ᠬᠦᠴᠢᠯ ᠤᠨ ᠪᠠᠶᠢᠴᠠᠭᠠᠯᠳᠠ ᠬᠢᠬᠦ᠂ ᠠᠰᠠᠭᠤᠨ  ᠯᠠᠪᠯᠠᠬᠤ ᠵᠡᠷᠭᠡ ᠠᠵᠢᠯ ᠳᠤ ᠢᠳᠡᠪᠬᠢᠳᠡᠢ ᠪᠠᠷ  ᠬᠠᠮᠵᠢᠯᠴᠠᠬᠤ ᠬᠡᠷᠡᠭᠳᠡᠢ᠃ ᠡᠳᠡᠭᠡᠷ ᠬᠦᠮᠦᠰ ᠢ ᠪᠦᠬᠦᠨ ᠢ ᠨᠡᠶᠢᠬᠡᠮ ᠲᠤᠭᠤᠷᠢᠭ ᠤᠨ ᠡᠷᠡᠬᠦᠯ ᠮᠡᠨᠳᠦ ᠶᠢᠨ ᠬᠠᠮᠢᠶᠠᠷᠤᠯᠳᠠ ᠳᠤ ᠤᠷᠤᠭᠤᠯᠬᠤ ᠬᠡᠷᠡᠭᠲᠡᠢ᠃ ᠡᠳᠡᠭᠡᠷ ᠬᠦᠮᠦᠰ 7 ᠡᠳᠦᠷ ᠤᠨ  ᠲᠤᠳᠤᠷᠡᠬᠢ ᠪᠢᠯᠢᠭ ᠴᠢᠨᠠᠷᠳᠠᠢ ᠪᠦᠭᠡᠮ ᠬᠦᠴᠢᠯ ᠤᠨ ᠪᠠᠶᠢᠴᠠᠭᠠᠯᠳᠠ ᠤᠨ ᠮᠡᠳᠡᠬᠦᠯᠦᠯᠳᠡ   ᠲᠠᠢ᠂ ᠪᠡᠶ᠎ᠡ ᠶᠢᠨ ᠬᠠᠯᠠᠭᠤᠨ ᠤ  ᠬᠡᠮᠵᠢᠶ᠎ᠡ ᠬᠡᠪ  ᠤᠨ ᠪᠦᠭᠡᠳ ᠬᠤᠪᠢ ᠬᠦᠮᠦᠨ ᠤ ᠬᠢᠵᠢᠭ ᠠᠴᠠ ᠰᠡᠷᠭᠡᠶᠢᠯᠡᠬᠦ ᠬᠠᠮᠠᠭᠠᠯᠠᠯᠳᠠ ᠪᠠᠨ ᠰᠠᠶᠢᠳᠤᠷ ᠬᠢᠭᠰᠡᠨ ᠤᠷᠢᠳᠠᠯ ᠲᠤᠤᠷ᠎ᠠ ᠴᠢᠯᠦᠭᠡᠳᠡᠢ  ᠶᠠᠪᠤᠵᠤ ᠰᠠᠭᠤᠵᠤ ᠪᠤᠯᠤᠨ᠎ᠠ᠃ ᠪᠦᠭᠡᠮ ᠬᠦᠴᠢᠯ ᠤᠨ ᠪᠠᠶᠢᠴᠠᠭᠠᠯᠳᠠ ᠤᠨ ᠪᠢᠯᠢᠭ ᠴᠢᠨᠠᠷᠳᠠᠢ ᠮᠡᠳᠡᠬᠦᠯᠦᠯᠳᠡ ᠦᠭᠡᠢ ᠬᠦᠮᠦᠰ ᠲᠤ ᠲᠠᠷᠦᠢ ᠲᠦᠷᠭᠡᠨ ᠲᠤᠰᠠᠭᠠᠷᠯᠠᠬᠤ ᠠᠷᠭ᠎ᠠ ᠬᠡᠮᠵᠢᠶ᠎ᠠ ᠠᠪᠴᠦ᠂ ᠬᠡᠵᠢᠶ᠎ᠡ ᠪᠦᠭᠡᠮ ᠬᠦᠴᠢᠯ ᠤᠨ ᠪᠠᠶᠢᠴᠠᠭᠠᠯᠳᠠ ᠪᠢᠯᠢᠭ ᠴᠢᠨᠠᠷᠳᠠᠢ ᠪᠦᠭᠡᠳ ᠪᠡᠶ᠎ᠡ ᠶᠢᠨ ᠬᠠᠯᠠᠭᠤᠨ ᠤ ᠬᠡᠮᠵᠢᠶ᠎ᠡ ᠬᠡᠪ ᠤᠨ ᠪᠠᠶᠢᠳᠠᠯ ᠲᠠᠢ ᠪᠤᠯᠪᠠᠯ ᠰᠠᠶ᠋ᠢ ᠴᠢᠯᠦᠭᠡᠳᠡᠢ  ᠶᠠᠪᠤᠵᠤ ᠰᠠᠭᠤᠵᠤ ᠪᠤᠯᠤᠨ᠎ᠠ᠃   ᠬᠤᠶᠠᠷ᠂ ᠮᠠᠰᠢᠨ ᠲᠡᠷᠬᠡᠨ ᠤ ᠦᠷᠳᠡᠭᠡ᠂ ᠭᠠᠯᠳᠤ ᠲᠡᠷᠬᠡᠨ ᠤ ᠦᠷᠳᠡᠭᠡ᠂  ᠨᠢᠰᠬᠡᠯ ᠤᠨ ᠪᠠᠭᠤᠳᠠᠯ᠂ ᠵᠤᠴᠢᠳ  ᠤᠨ ᠪᠠᠭᠤᠳᠠᠯ ᠵᠢᠴᠢ ᠡᠯ᠎ᠠ ᠱᠠᠳᠤᠨ ᠤ ᠨᠠᠮ ᠵᠠᠰᠠᠭ ᠤᠨ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ   ᠤᠨ ᠨᠢᠬᠡᠴᠢ᠂ ᠰᠤᠷᠭᠠᠭᠤᠯᠢ᠂ ᠡᠮᠴᠢᠯᠡᠬᠡᠨ ᠤ  ᠪᠠᠶᠢᠭᠤᠯᠤᠮᠵᠢ ᠵᠡᠷᠭᠡ ᠰᠠᠨᠠᠭᠠᠴᠢᠯᠠᠭ᠎ᠠ ᠲᠠᠢ ᠪᠠᠷ ᠵᠢᠬᠰᠠᠭᠠᠨ ᠪᠠᠶᠢᠴᠠᠭᠠᠯᠳᠠ ᠦᠷᠨᠢᠬᠦᠯᠵᠤ᠂   ᠢᠷᠡᠵᠤ ᠶᠠᠪᠤᠬᠰᠠᠨ ᠠᠶᠠᠨᠴᠢᠳ᠂ ᠲᠤᠰ ᠪᠠᠶᠢᠭᠤᠯᠭ᠎ᠠ ᠶᠢᠨ ᠠᠵᠢᠯᠳᠠᠨ ᠵᠢᠴᠢ ᠲᠠᠳᠠᠨᠠᠷ ᠤᠨ ᠬᠡᠷ ᠤᠨ ᠬᠦᠮᠦᠰ ᠤᠨ  ᠪᠠᠶᠢᠳᠠᠯ ᠢ  ᠴᠠᠭ ᠲᠤᠬᠠᠢ ᠳᠤᠨᠢ ᠡᠵᠡᠮᠳᠠᠵᠤ᠂  ᠬᠡᠪ ᠤᠨ ᠪᠤᠰᠤ ᠪᠠᠶᠢᠳᠠᠯ  ᠲᠠᠢ ᠪᠤᠯ ᠴᠠᠭ ᠲᠤᠬᠠᠢ ᠳᠤᠨᠢ ᠪᠠᠶᠢᠭ᠎ᠠ ᠨᠡᠶᠢᠬᠡᠮ ᠲᠤᠭᠤᠷᠢᠭ ︵ᠭᠠᠴᠠᠭ᠎ᠠ ᠲᠤᠰᠬᠤᠨ︶  ᠂  ᠪᠠᠶᠢᠭᠤᠯᠭ᠎ᠠ   ᠳᠤ ᠪᠠᠨ ᠮᠡᠳᠡᠬᠦᠯᠬᠦ ᠬᠡᠷᠡᠭᠳᠡᠢ᠃     ᠭᠤᠷᠪᠠ᠂ ᠠᠯᠢᠪᠠ  ᠭᠤᠤᠯᠳᠠᠭᠠᠯᠳᠤ  ᠭᠠᠵᠠᠷ ᠪᠦᠬᠦᠨ ᠰᠡᠷᠬᠡᠶᠢᠯᠡᠨ ᠡᠵᠡᠮᠳᠡᠬᠦ ᠬᠦᠴᠦᠯᠡᠴᠡ ᠪᠠᠨ ᠴᠢᠩᠭᠠᠳᠬᠠᠵᠤ᠂ ᠬᠦᠮᠦᠰ ᠤᠨ ᠡᠷᠡᠬᠦᠯ ᠮᠠᠨᠳᠤ ᠶᠢᠨ ᠮᠠᠷᠬᠡᠨ ᠴᠤᠬᠤᠷ ᠢ ᠰᠢᠯᠭᠠᠨ ᠪᠠᠶᠢᠴᠠᠭᠠᠬᠤ᠂ ᠪᠠᠶ᠎ᠠ ᠶᠢᠨ  ᠬᠠᠯᠠᠭᠤᠨ ᠢ ᠬᠡᠮᠵᠢᠬᠦ᠂  ᠠᠷᠢᠭᠤᠳᠬᠠᠯ ᠬᠢᠬᠦ ᠵᠡᠷᠭᠡ ᠰᠡᠷᠬᠡᠶᠢᠯᠡᠨ ᠡᠵᠡᠮᠳᠡᠬᠦ ᠠᠷᠭ᠎ᠠ ᠠᠪᠴᠠᠯ ᠢᠶᠠᠨ ᠦᠨᠡᠨᠬᠦ ᠨᠠᠶᠢᠳᠠᠪᠤᠷᠢᠵᠢᠭᠤᠯᠵᠤ᠂ ᠬᠢᠵᠢᠭ  ᠬᠠᠯᠳᠠᠪᠤᠷᠢᠯᠠᠬᠤ ᠶᠢ ᠡᠷᠡᠰ ᠬᠤᠷᠢᠬᠯᠠᠬᠤ ᠬᠡᠷᠡᠭᠳᠡᠢ᠃     ᠲᠦᠷᠪᠡ᠂ ᠦᠷᠬᠡᠨ ᠤᠯᠠᠨ ᠰᠠᠭᠤᠭᠠᠯᠢ ᠠᠷᠠᠳ ᠬᠤᠪᠢ ᠬᠦᠮᠦᠨ ᠤ   ᠬᠢᠵᠢᠭ ᠠᠴᠠ ᠰᠡᠷᠬᠡᠶᠢᠯᠡᠬᠦ ᠬᠠᠮᠠᠭᠠᠯᠠᠯᠳᠠ ᠪᠠᠨ ᠰᠠᠶᠢᠳᠤᠷ ᠬᠢᠵᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠪᠠᠨ ᠵᠡᠬᠦᠵᠤ᠂ ᠬᠦᠮᠦᠨ ᠬᠠᠷ᠎ᠠ ᠴᠤᠬᠯᠠᠷᠠᠬᠰᠠᠨ ᠭᠠᠵᠠᠷ ᠤᠴᠢᠬᠤ   ᠪᠠᠨ ᠪᠠᠭᠠᠰᠬᠠᠵᠤ᠂ ᠭᠠᠷ ᠢᠶᠠᠨ ᠰᠠᠶᠢᠳᠤᠷ ᠤᠬᠢᠶᠠᠨ᠂  ᠬᠡᠷ   ᠲᠤ ᠪᠠᠨ ᠰᠠᠯᠬᠢ ᠵᠢᠪᠠᠷ  ᠨᠡᠪᠳᠡᠷᠡᠬᠦᠯᠬᠦ ᠶᠢ ᠠᠩᠬᠠᠷᠴᠤ᠂ 1 ᠮᠧᠲᠷ ᠤᠨ  ᠵᠠᠶᠢᠳᠠᠢ ᠪᠠᠶᠢᠬᠤ ᠨᠡᠶᠢᠬᠡᠮ ᠤᠨ ᠬᠠᠷᠢᠯᠴᠠᠭᠠᠨ ᠤ ᠵᠠᠢ ᠶᠢ ᠠᠩᠬᠠᠷᠤᠨ᠂  ᠭᠠᠳᠠᠬᠰᠢ ᠶᠠᠪᠤᠵᠤ ᠰᠠᠭᠤᠬᠤ ᠪᠠᠨ ᠵᠤᠬᠢᠰᠳᠡᠢ ᠲᠤᠬᠢᠷᠠᠭᠤᠯᠵᠤ᠂  ᠵᠠᠪᠠᠯ ᠤᠴᠢᠬᠤ ᠴᠢᠬᠤᠯᠠ  ᠦᠬᠡᠢ ᠪᠤᠯ ᠲᠢᠶᠠᠨᠵᠢᠨ ᠬᠤᠳᠠ ᠳᠤ   ᠤᠴᠢᠬᠤ ᠬᠡᠷᠡᠭ ᠦᠬᠡᠢ᠃ ᠬᠡᠷᠪᠡ ᠬᠠᠯᠠᠭᠤᠷᠠᠬᠤ᠂ ᠬᠠᠨᠢᠶᠠᠬᠤ ᠵᠡᠷᠭᠡ  ᠡᠪᠡᠳᠴᠢᠨ  ᠤ ᠢᠯᠡᠷᠡᠯ ᠲᠠᠢ ᠪᠠᠶᠢᠪᠠᠯ᠂ ᠴᠠᠭ ᠲᠤᠬᠠᠢ ᠳᠤᠨᠢ ᠡᠮᠨᠡᠯᠭᠡ ᠳᠤ ᠬᠦᠷᠴᠦ ᠡᠮᠴᠢᠯᠡᠬᠡᠨ ᠤ ᠪᠠᠶᠢᠴᠠᠭᠠᠯᠳᠠ ᠬᠢᠯᠬᠡᠬᠦ ᠶᠢᠨ ᠬᠠᠮᠳᠤ ᠪᠦᠬᠦ ᠶᠠᠪᠤᠴᠠ ᠳᠤ  ᠬᠤᠪᠢ ᠬᠦᠮᠦᠨ ᠤ  ᠬᠢᠵᠢᠭ ᠠᠴᠠ ᠰᠡᠷᠬᠡᠶᠢᠯᠡᠬᠦ ᠬᠠᠮᠠᠭᠠᠯᠠᠯᠳᠠ ᠪᠠᠨ ᠰᠠᠶᠢᠳᠤᠷ ᠬᠢᠬᠦ ᠬᠡᠷᠡᠭᠳᠡᠢ᠃         ᠠᠯᠠᠱᠠ ᠠᠶᠢᠮᠠᠭ ᠤᠨ ᠰᠢᠨ᠎ᠠ ᠲᠢᠳᠢᠮᠯᠢᠭ ᠠᠭᠤᠰᠬᠢᠨ ᠦᠷᠪᠢᠰᠦᠯ   ᠢ  ᠰᠡᠷᠬᠡᠶᠢᠯᠡᠨ ᠡᠵᠡᠮᠳᠡᠬᠦ ᠠᠵᠢᠯ ᠢ  ᠵᠢᠯᠤᠭᠤᠳᠬᠤ   ᠭᠠᠵᠠᠷ                2020 ᠤᠨ ᠤ 11  ᠰᠠᠷ᠎ᠠ ᠶᠢᠨ 20   ᠤ  ᠡᠳᠦᠷᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号