ᠠᠯᠠᠱᠠ ᠵᠡᠭᠦᠨ ᠬᠤᠰᠢᠭᠤᠨ ᠤ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ ᠲᠥᠰᠦᠯ
ᠨᠡᠶᠢᠲᠡᠯᠡᠭᠰᠡᠨ ᠴᠠᠭ᠄
2020/12/21
︽ᠠᠯᠠᠱᠠ ᠵᠡᠭᠦᠨ ᠬᠤᠰᠢᠭᠤᠨ ᠤ ︿ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ﹀ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ ᠲᠥᠰᠦᠯ︾᠎ ᠢ ᠬᠡᠪᠯᠡᠨ ᠨᠡᠶᠢᠲᠡᠯᠡᠬᠦ ᠲᠤᠬᠠᠶ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ       ᠠᠯᠠᠱᠠ ᠵᠡᠭᠦᠨ ᠬᠤᠰᠢᠭᠤ ᠵᠠᠰᠠᠭ ᠠᠯᠪᠠᠨ ᠲᠠᠷᠬᠠᠭᠠᠭᠰᠠᠨ ︹ 2020 ︺ 83 ᠳ᠋ᠤᠭᠠᠷ ᠲᠣᠭᠠᠲᠤᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄       ︽ᠠᠯᠠᠱᠠ ᠵᠡᠭᠦᠨ ᠬᠤᠰᠢᠭᠤᠨ ᠤ ︿ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ﹀ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ ᠲᠥᠰᠦᠯ︾᠎ ᠢ ᠡᠳᠦᠭᠡ ᠬᠡᠪᠯᠡᠨ ᠨᠡᠶᠢᠲᠡᠯᠡᠯ᠎ᠡ᠃ ᠪᠣᠳᠠᠲᠤ ᠨᠥᠬᠦᠴᠡᠯ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃       ᠬᠠᠪᠰᠤᠷᠤᠯᠲᠠ᠄ ︽ᠠᠯᠠᠱᠠ ᠵᠡᠭᠦᠨ ᠬᠤᠰᠢᠭᠤᠨ ᠤ ︿ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ﹀ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ ᠲᠥᠰᠦᠯ︾       2020 ᠣᠨ ᠤ 8 ᠰᠠᠷ᠎ᠠ ᠶᠢᠨ 24᠎ ᠤ ᠡᠳᠦᠷᠬᠠᠪᠰᠤᠷᠤᠯᠲᠠ      ᠠᠯᠠᠱᠠ ᠵᠡᠭᠦᠨ ᠬᠤᠰᠢᠭᠤᠨ ᠤ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ ᠲᠥᠰᠦᠯ             ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠶᠢ ᠵᠠᠪᠠᠯ ᠢᠯᠠᠨ ᠳᠠᠪᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ﹀ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ ᠲᠥᠰᠦᠯ ᠢ ᠬᠡᠪᠯᠡᠨ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2019 ︺ 9 ᠳ᠋ᠦ᠋ᠭᠡᠷ ᠲᠣᠭᠠᠲᠤ︶᠂ ︽ᠠᠯᠠᠱᠠ ᠠᠶᠢᠮᠠᠭ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠰᠢᠨ᠎ᠡ ᠨᠢᠭᠡ ᠡᠭᠡᠯᠵᠢ ᠶᠢᠨ ︿ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ﹀ ᠠᠵᠤ ᠠᠬᠤᠶᠢᠯᠠᠯ ᠢ ᠬᠥᠳᠡᠯᠦᠩᠭᠦᠶ ᠪᠠᠷ ᠨᠠᠷᠢᠪᠴᠢᠯᠠᠨ ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠠᠯᠠᠱᠠ ᠵᠠᠰᠠᠭ ᠠᠯᠪᠠᠨ ᠲᠠᠷᠬᠠᠭᠠᠭᠰᠠᠨ ︹ 2020 ︺ 11 ᠳ᠋ᠦ᠋ᠭᠡᠷ ᠲᠣᠭᠠᠲᠤ︶᠎ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠨᠥᠬᠦᠴᠡᠯ ᠪᠠᠶᠢᠳᠠᠯ ᠲᠠᠢ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃       ᠨᠢᠭᠡ᠂ ᠶᠡᠷᠦᠩᠬᠡᠶ ᠱᠠᠭᠠᠷᠳᠠᠯᠭ᠎ᠠ       ︵ᠨᠢᠭᠡ︶ ᠡᠭᠦᠷᠭᠡ ᠶᠢᠨ ᠬᠠᠷᠠᠯᠲᠠ᠃ ︽ᠬᠡᠨ ᠡᠷᠬᠢᠯᠡᠨ ᠬᠠᠮᠢᠶᠠᠷᠪᠠᠯ ᠲᠡᠷᠡ ᠬᠠᠷᠢᠭᠤᠴᠠᠬᠤ︾ ︽ᠬᠡᠨ ᠵᠥᠪᠰᠢᠶᠡᠷᠡᠪᠡᠯ ᠬᠡᠨ ᠬᠠᠷᠢᠭᠤᠴᠠᠬᠤ︾ ︽ᠬᠡᠨ ᠬᠢᠨᠠᠨ ᠬᠠᠮᠢᠶᠠᠷᠪᠠᠯ ᠬᠡᠨ ᠬᠠᠷᠢᠭᠤᠴᠠᠬᠤ︾ ᠵᠢᠴᠢ ᠬᠠᠷᠢᠶ᠎ᠠ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠬᠠᠤᠯᠢ ᠲᠣᠭᠲᠠᠭᠠᠯ ᠶᠣᠰᠣᠭᠠᠷ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠨ᠎ᠠ᠃ ᠪᠥᠬᠦ ᠬᠤᠰᠢᠭᠤᠨ ᠤ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠢ ᠪᠥᠬᠦ ᠲᠠᠯ᠎ᠠ ᠪᠠᠷ ᠨᠠᠷᠢᠪᠴᠢᠯᠠᠨ ᠪᠠᠶᠢᠴᠠᠭᠠᠵᠤ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠠᠵᠢᠯ ᠤᠨ ᠡᠬᠡ ᠲᠠᠩᠰᠠ ᠪᠠᠶᠢᠭᠤᠯᠤᠨ᠎ᠠ︔ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠳᠤ᠂ ᠲᠠᠰ ᠳᠡᠪᠰᠢᠭᠦᠯᠦᠨ ᠥᠭᠡᠷᠡᠴᠢᠯᠡᠬᠦ᠂ ᠡᠮᠬᠢᠯᠡᠨ ᠨᠡᠶᠢᠯᠡᠭᠦᠯᠵᠦ ᠨᠡᠭᠦᠯᠭᠡᠬᠦ᠂ ᠬᠠᠭᠠᠵᠤ ᠵᠣᠭᠰᠣᠭᠠᠵᠤ ᠬᠦᠴᠦᠨ ᠦᠭᠡᠢ ᠪᠣᠯᠭᠠᠬᠤ ᠠᠷᠭ᠎ᠠ ᠮᠠᠶ᠋ᠢᠭ ᠢᠶᠠᠷ ᠲᠥᠷᠥᠯ ᠬᠤᠪᠢᠶᠠᠨ ᠰᠢᠢᠳᠪᠦᠷᠢᠯᠡᠬᠦ ᠶᠢ ᠬᠡᠷᠡᠭᠵᠢᠭᠦᠯᠵᠦ᠂ 2020 ᠣᠨ ᠤ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠬᠦ ᠶᠢ ᠱᠠᠯᠠᠪᠳᠠᠵᠤ᠂ ᠠᠵᠤ ᠠᠬᠤᠶᠢᠯᠠᠯ ᠤᠨ ᠠᠶᠠᠨᠳᠠᠭᠠᠨ ᠲᠤᠰᠬᠠᠢ ᠪᠠᠷᠢᠮᠵᠢᠶ᠎ᠠ ᠳᠤ ᠬᠦᠷᠴᠦ ᠪᠤᠬᠢᠷᠳᠤᠯ ᠢ ᠭᠠᠳᠠᠭᠰᠢᠯᠠᠭᠤᠯᠬᠤ ᠶᠢ ᠠᠬᠢᠭᠤᠯᠵᠤ᠂ ᠪᠦᠬᠦ ᠬᠤᠰᠢᠭᠤᠨ ᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃       ︵ᠬᠤᠶᠠᠷ︶ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠤᠯ ᠶᠡᠬᠡᠲᠡᠢ︾ ᠠᠵᠤ ᠦᠢᠯᠡᠳᠪᠦᠷᠢ ᠎ ᠶᠢᠨ ᠠᠵᠤ ᠠᠬᠤᠶᠢᠯᠠᠯ ᠢ ᠢᠯᠭᠠᠨ ᠲᠤᠭᠲᠠᠭᠠᠨ᠎ᠠ᠃ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠤᠯ ᠶᠡᠬᠡᠲᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠭᠡᠳᠡᠭ ᠨᠢ ᠠᠵᠤ ᠦᠢᠯᠡᠰ ᠤᠨ ᠲᠦᠷᠥ ᠶᠢᠨ ᠪᠣᠳᠤᠯᠭ᠎ᠠ ᠎ ᠳᠤ ᠨᠡᠶᠢᠴᠡᠬᠦ ᠦᠭᠡᠢ᠂ ᠲᠤᠰ ᠭᠠᠵᠠᠷ ᠤᠨ ᠠᠵᠤ ᠦᠢᠯᠡᠰ ᠤᠨ ᠪᠠᠶᠢᠷᠢᠰᠢᠭᠤᠯᠤᠯᠲᠠ ᠲᠦᠯᠦᠪᠵᠢᠭᠦᠯᠭᠡ ᠳᠤ ᠨᠡᠶᠢᠴᠡᠬᠦ ᠦᠭᠡᠢ ᠪᠠ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ ᠤᠷᠤᠭᠰᠠᠨ ᠦᠭᠡᠢ ᠬᠡᠪᠴᠢᠶᠡᠵᠢᠯ ᠠᠴᠠ ᠳᠤᠷᠤᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠤᠯᠣᠨ᠎ᠠ︔ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠬᠦᠭᠵᠢᠭᠦᠯᠦᠯᠲᠡ ᠪᠠ ᠦᠭᠡᠷᠡᠴᠢᠯᠡᠯᠲᠡ᠂ ᠭᠠᠵᠠᠷ ᠰᠢᠷᠤᠢ᠂ ᠲᠥᠯᠥᠪᠵᠢᠭᠦᠯᠭᠡ᠂ ᠠᠮᠢ ᠠᠬᠤᠢ ᠤᠷᠴᠢᠨ ᠲᠤᠭᠤᠷᠢᠨ᠂ ᠠᠵᠤ ᠦᠢᠯᠡᠳᠪᠦᠷᠢ ᠬᠤᠳᠠᠯᠳᠤᠭ᠎ᠠ᠂ ᠶᠡᠰᠦ ᠴᠢᠨᠠᠷ ᠲᠤ ᠮᠡᠷᠬᠡᠵᠢᠯ ᠤᠨ ᠬᠢᠨᠠᠯᠳᠠ ᠲᠠᠯᠪᠢᠬᠤ᠂ ᠠᠶᠤᠯ ᠦᠬᠡᠢ ᠦᠢᠯᠡᠳᠪᠦᠷᠢᠯᠡᠯ ᠤᠨ ᠬᠢᠨᠠᠯᠳᠠ ᠬᠠᠮᠢᠶᠠᠷᠤᠯᠳᠠ᠂ ᠤᠰᠤᠨ ᠠᠰᠢᠭᠯᠠᠯᠲᠠ ᠵᠡᠷᠭᠡ ᠬᠠᠮᠢᠶ᠎ᠠ ᠪᠦᠬᠦᠢ ᠬᠢᠨᠠᠨ ᠵᠦᠪᠰᠢᠶᠡᠷᠡᠭᠦᠯᠬᠦ ᠭᠠᠷᠳᠠᠮ ᠢ ᠭᠦᠢᠴᠡᠳᠭᠡᠭᠰᠡᠨ ᠦᠭᠡᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠣᠨ᠎ᠠ ︔ ᠪᠤᠬᠢᠷᠳᠦᠯ ᠢ ᠵᠠᠰᠠᠬᠤ ᠪᠡᠯᠡᠳᠭᠡᠮᠵᠢ ᠶᠢ ᠬᠠᠤᠯᠢ ᠶᠤᠰᠤᠭᠠᠷ ᠤᠭᠰᠠᠷᠠᠬᠤ ᠴᠢᠬᠤᠯᠠ ᠲᠠᠢ ᠪᠠᠶᠢᠳᠠᠯ᠎ᠠ ᠤᠭᠰᠠᠷᠠᠭᠰᠠᠨ ᠦᠭᠡᠢ ᠪᠤᠶᠤ ᠪᠤᠬᠢᠷᠳᠤᠯ ᠢ ᠵᠠᠰᠠᠬᠤ ᠪᠡᠯᠡᠳᠭᠡᠮᠵᠢ ᠨᠢ ᠪᠦᠷᠢᠨ ᠲᠡᠭᠦᠯᠳᠡᠷ ᠪᠤᠰᠤ ᠪᠠᠶᠢᠵᠤ᠂ ᠭᠠᠷᠭᠠᠭᠰᠠᠨ ᠪᠤᠬᠢᠷᠳᠤᠯ ᠪᠤᠳᠠᠰ ᠢ ᠪᠦᠲᠦᠮᠵᠢᠲᠡᠢ ᠪᠠᠷ ᠴᠤᠭᠯᠠᠭᠤᠯᠵᠤ ᠳᠡᠶᠢᠯᠬᠦ ᠦᠭᠡᠢ᠂ ᠵᠤᠬᠢᠶᠠᠨ ᠪᠠᠶᠢᠭᠤᠯᠤᠯᠲᠠ ᠦᠭᠡᠢ ᠪᠠᠷ ᠪᠤᠬᠢᠷᠳᠤᠯ ᠢ ᠬᠦᠨᠳᠦ ᠨᠤᠴᠢᠲᠠᠢ ᠭᠠᠳᠠᠭᠰᠢᠯᠠᠭᠤᠯᠤᠭᠰᠠᠨ ᠪᠠ ᠪᠤᠬᠢᠷᠳᠤᠯ ᠢ ᠰᠡᠷᠭᠡᠶᠢᠯᠡᠨ ᠵᠠᠰᠠᠬᠤ ᠪᠡᠯᠡᠳᠭᠡᠮᠵᠢ ᠨᠢ ᠪᠤᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠬᠦ ᠴᠢᠳᠠᠪᠤᠷᠢ ᠶᠢ ᠪᠦᠷᠢᠯᠳᠦᠭᠦᠯᠦᠭᠰᠡᠨ ᠦᠭᠡᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠳ ᠢ ᠵᠢᠭᠠᠵᠤ ᠪᠤᠢ᠃       ᠬᠤᠶᠠᠷ᠂ ᠦᠨᠳᠦᠰᠦᠨ ᠵᠠᠷᠴᠢᠮ       ︵ᠨᠢᠭᠡ︶ ᠬᠠᠤᠯᠢ ᠴᠠᠭᠠᠵᠠ ᠬᠠᠤᠯᠢ ᠲᠤᠭᠲᠠᠭᠠᠯ ᠶᠤᠰᠤᠭᠠᠷ ᠠᠵᠢᠯᠯᠠᠵᠤ᠂ ᠪᠤᠳᠠᠳᠤ ᠦᠷ᠎ᠡ ᠪᠦᠲᠦᠮᠵᠢ ᠶᠢ ᠠᠩᠬᠠᠷᠤᠨ ᠴᠢᠬᠤᠯᠠᠴᠢᠯᠠᠨ᠎ᠠ᠃ ᠦᠢᠯᠡᠳᠪᠦᠷᠢᠯᠡᠵᠦ ᠡᠵᠡᠩᠨᠡᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠠᠷᠠᠳ ᠤᠯᠠᠨ ᠤ ᠬᠡᠪ ᠤᠨ ᠠᠮᠢᠳᠤᠷᠠᠯ ᠢ ᠪᠠᠲᠤᠯᠠᠨ᠂ ᠳᠦᠭᠦᠮ ᠪᠦᠳᠦᠭᠦᠯᠢᠭ ᠢᠶᠠᠷ ᠨᠢᠭᠡ ᠯᠠ ᠪᠠᠷᠢᠮᠵᠢᠶ᠎ᠠ ᠪᠠᠷ ᠰᠢᠢᠳᠪᠦᠷᠢᠯᠡᠬᠦ ᠶᠢ ᠬᠤᠷᠢᠭᠯᠠᠵᠤ᠂ ᠰᠤᠳᠤᠯᠬᠤ ᠦᠭᠡᠢ ᠵᠠᠰᠠᠬᠤ ᠦᠭᠡᠢ ᠪᠠᠶᠢᠬᠤ ᠪᠠ ︽ᠵᠣᠭᠰᠤᠭᠠᠬᠤ ᠪᠠᠷ ᠵᠠᠰᠠᠬᠤ ᠶᠢ ᠤᠷᠤᠯᠠᠭᠤᠯᠬᠤ︾ ︽ᠵᠤᠭᠰᠤᠭᠠᠬᠤ ᠪᠠᠷ ᠬᠠᠮᠢᠶᠠᠷᠬᠤ ᠶᠢ ᠤᠷᠤᠯᠠᠭᠤᠯᠬᠤ︾ ᠵᠡᠷᠭᠡ ᠠᠯᠪᠠ ᠬᠠᠰᠢᠬᠤ ᠬᠢᠳᠡᠯ ᠢ ᠡᠷᠡᠰ ᠡᠰᠡᠷᠭᠦᠴᠡᠨ᠎ᠡ᠃ ᠮᠡᠷᠭᠡᠵᠢᠯ ᠢ ᠳᠡᠰ ᠳᠡᠪᠰᠢᠭᠦᠯᠬᠦ᠂ ᠭᠠᠷᠳᠠᠮ ᠢ ᠪᠦᠷᠢᠳᠦᠭᠦᠯᠬᠦ᠂ ᠨᠡᠭᠦᠯᠭᠡᠬᠦ ᠵᠡᠷᠭᠡ ᠠᠷᠭ᠎ᠠ ᠠᠪᠴᠢᠯ ᠢᠶᠠᠷ ᠳᠠᠮᠵᠢᠭᠤᠯᠵᠣ᠂ ᠴᠢᠬᠤᠯᠠ ᠶᠡᠭᠡ ᠠᠷᠠᠳ ᠤᠨ ᠠᠮᠢᠳᠤᠷᠠᠯ ᠳᠤ ᠬᠤᠯᠪᠤᠭᠳᠠᠭᠰᠠᠨ᠂ ᠵᠠᠬ᠎ᠠ ᠳᠡᠯᠭᠡᠭᠦᠷ ᠤᠨ ᠦᠷ᠎ᠡ ᠠᠰᠢᠭ ᠪᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠳᠦᠯᠳᠡ ᠲᠠᠢ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠭᠤᠣᠯᠳᠠᠯᠭ᠎ᠠ ᠲᠠᠢ ᠬᠠᠪᠰᠤᠷᠤᠨ ᠳᠡᠳᠭᠦᠵᠦ ᠪᠠᠶᠢᠭᠠᠳ ᠪᠤᠵᠠᠭᠠᠶᠢᠷᠠᠭᠤᠯᠤᠨ ᠬᠦᠴᠦᠷᠬᠡᠭᠵᠢᠭᠦᠯᠵᠣ᠂ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠤᠯ ᠶᠡᠬᠡᠲᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠵᠤ ᠵᠠᠰᠠᠬᠤ ᠲᠤᠰᠬᠠᠢ ᠠᠵᠢᠯᠯᠠᠭᠠᠨ ᠢ ᠬᠠᠤᠯᠢ ᠲᠣᠭᠲᠠᠭᠠᠯ ᠶᠤᠰᠤᠭᠠᠷ ᠲᠥᠯᠬᠢᠨ ᠠᠬᠢᠭᠤᠯᠤᠨ᠎ᠠ᠃ ︵ᠬᠤᠶᠠᠷ︶ ᠲᠥᠷᠥᠯ ᠬᠤᠪᠢᠶᠠᠨ ᠰᠢᠢᠳᠪᠦᠷᠢᠯᠡᠵᠤ᠂ ᠲᠦᠷᠦ ᠶᠢᠨ ᠪᠣᠳᠣᠯᠭ᠎ᠠ ᠶᠢ ᠲᠦᠢᠯ ᠤᠨ ᠣᠨᠤᠪᠴᠢᠲᠠᠢ ᠪᠠᠷ ᠬᠡᠷᠡᠭᠵᠢᠭᠦᠯᠦᠨ᠎ᠡ᠃ ᠡᠯ᠎ᠡ ᠠᠶᠢᠮᠠᠭ ᠎ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠨᠢ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠤᠯ ᠶᠡᠬᠡᠲᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠴᠡᠭᠴᠡᠯᠡᠨ ᠵᠠᠰᠠᠬᠤ ᠠᠵᠢᠯ ᠳᠤ᠂ ᠢᠯᠭᠠᠨ ᠲᠣᠭᠲᠠᠭᠠᠭᠰᠠᠨ ᠪᠠᠷᠢᠮᠵᠢᠶ᠎ᠠ ᠶᠢ ᠴᠢᠩᠭ᠎ᠠ ᠵᠢᠷᠤᠮᠯᠠᠵᠣ᠂ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ ᠪᠤᠰᠤ ᠠᠵᠢᠯ ᠲᠥᠷᠥᠯ ᠤᠨ ᠪᠤᠬᠢᠷᠳᠤᠯ ᠪᠤᠳᠠᠰ ᠭᠠᠳᠠᠭᠰᠢᠯᠠᠭᠤᠯᠬᠤ ᠤᠨᠴᠠᠯᠢᠭ ᠪᠤᠯᠤᠨ ᠤᠷᠤᠨ ᠪᠦᠰᠡ ᠶᠢᠨ ᠤᠷᠴᠢᠨ ᠲᠤᠭᠤᠷᠢᠨ ᠤ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠰᠤᠳᠤᠯᠵᠣ ᠮᠠᠭᠠᠳᠯᠠᠨ᠂ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠤᠯ ᠶᠡᠬᠡᠲᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠰᠢᠨᠵᠢᠯᠡᠬᠦ ᠤᠬᠠᠭᠠᠨᠴᠢ ᠪᠠᠷ ᠢᠯᠭᠠᠨ ᠲᠤᠭᠲᠠᠭᠠᠬᠤ ᠬᠡᠷᠡᠭᠲᠡᠢ᠃ ︽ᠳᠡᠰ ᠳᠡᠪᠰᠢᠭᠦᠯᠦᠨ ᠦᠭᠡᠷᠡᠴᠢᠯᠡᠨ ᠰᠢᠨᠡᠳᠭᠡᠬᠦ᠂ ᠡᠮᠬᠢᠯᠡᠨ ᠨᠡᠶᠢᠯᠡᠭᠦᠯᠵᠣ ᠨᠡᠭᠦᠯᠭᠡᠬᠦ᠂ ᠡᠭᠦᠳᠡ ᠶᠢ ᠨᠢ ᠬᠠᠭᠠᠵᠤ ᠦᠢᠯᠡᠳᠪᠦᠷᠢᠯᠡᠬᠦ ᠶᠢ ᠨᠢ ᠵᠣᠭᠰᠣᠭᠠᠬᠤ︾ ᠭᠤᠷᠪᠠᠨ ᠠᠷᠭ᠎ᠠ ᠬᠡᠯᠪᠡᠷᠢ ᠪᠠᠷ ︽ᠳᠡᠰ ᠳᠡᠪᠰᠢᠭᠦᠯᠬᠦ ᠳᠤ ᠪᠠᠷᠢᠮᠲᠠᠯᠠᠬᠤ ᠪᠠᠷᠢᠮᠵᠢᠶ᠎ᠠ ᠲᠠᠢ᠂ ᠨᠡᠭᠦᠯᠭᠡᠬᠦ ᠠᠴᠠ ᠨᠡᠭᠦᠭᠦ ᠭᠠᠵᠠᠷ ᠎ ᠲᠠᠢ᠂ ᠡᠷᠡᠰ ᠰᠢᠭᠤᠷᠬᠠᠢ ᠪᠠᠷ ᠡᠭᠦᠳᠡ ᠶᠢ ᠨᠢ ᠬᠠᠭᠠᠵᠤ ᠦᠢᠯᠡᠳᠪᠦᠷᠢᠯᠡᠬᠦ ᠶᠢ ᠨᠢ ᠵᠣᠭᠰᠣᠭᠠᠬᠤ︾ ᠬᠡᠷᠡᠭᠲᠡᠢ᠃ ︵ᠭᠤᠷᠪᠠ︶ ᠬᠠᠷᠢᠭᠤᠴᠠᠯᠭ᠎ᠠ ᠶᠢ ᠳᠣᠳᠤᠷᠬᠠᠶᠢᠯᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠪᠣᠯ ᠲᠤᠰ ᠤᠳᠠᠭᠠᠨ ᠤ ᠳᠤᠰᠬᠠᠢ ᠠᠵᠢᠯᠯᠠᠭᠠᠨ ᠤ ᠬᠡᠷᠡᠭᠵᠢᠭᠦᠯᠬᠦ ᠭᠤᠣᠯ ᠴᠤᠭᠴᠠ ᠪᠠᠶᠢᠵᠤ᠂ ᠤᠷᠤᠨ ᠪᠦᠰᠡ ᠶᠢᠨ ᠬᠡᠪᠴᠢᠶᠡᠨ ᠳᠠᠬᠢ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠤᠯ ᠶᠡᠬᠡᠲᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠢᠶᠠᠨ ᠦᠨᠡᠨ ᠪᠠᠶᠢᠳᠠᠯ ᠢ ᠲᠤᠳᠤᠷᠬᠠᠢ ᠣᠶᠢᠯᠠᠭᠠᠵᠣ᠂ ᠲᠤᠰ ᠵᠠᠰᠠᠭ ᠵᠠᠬᠢᠷᠭᠠᠨ ᠤ ᠬᠡᠪᠴᠢᠶᠡᠨ ᠳᠠᠬᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠵᠤᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠬᠡᠷᠡᠭᠲᠡᠢ᠃ ᠦᠪᠡᠷᠲᠡᠭᠡᠨ ᠵᠠᠰᠠᠬᠤ ᠤᠷᠤᠨ ᠤ ᠡᠯ᠎ᠡ ᠬᠤᠯᠪᠤᠭᠳᠠᠯ ᠪᠦᠬᠦᠢ ᠬᠠᠷᠢᠭᠤᠴᠠᠯᠭᠠᠳᠤ ᠨᠢᠭᠡᠴᠢ ᠨᠢ ᠬᠤᠷᠰᠢᠨ ᠬᠦᠳᠡᠯᠦᠯᠴᠡᠬᠦ ᠪᠠᠨ ᠴᠢᠩᠭᠠᠷᠠᠭᠤᠯᠤᠨ᠂ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠣ᠂ ᠡᠯ᠎ᠡ ᠠᠶᠢᠮᠠᠭ ᠬᠤᠲᠠ ᠳᠤ ᠰᠢᠮᠳᠠᠭᠤᠯᠤᠨ ᠵᠢᠯᠣᠭᠤᠳᠬᠤ ᠶᠢ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠣ᠂ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠤᠯ ᠶᠡᠬᠡᠲᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠴᠡᠭᠴᠡᠯᠡᠨ ᠵᠠᠰᠠᠬᠤ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ᠃       ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ       ︵ᠨᠢᠭᠡ︶ ᠤᠳᠤᠷᠢᠳᠬᠤ ᠳᠤᠭᠤᠶᠢᠯᠠᠩ ᠪᠠᠶᠢᠭᠤᠯᠤᠨ᠎ᠠ       ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠠᠯᠠᠱᠠ ᠵᠡᠭᠦᠨ ᠬᠤᠰᠢᠭᠤᠨ ᠤ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃       ᠳᠤᠭᠤᠶᠢᠯᠠᠩ ᠤᠨ ᠳᠠᠷᠤᠭ᠎ᠠ᠄ ᠭᠧ ᠮᠢᠩ      ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ       ᠳᠤᠭᠤᠶᠢᠯᠠᠩ ᠤᠨ ᠳᠡᠳ᠋ ᠳᠠᠷᠤᠭ᠎ᠠ᠄ ᠪᠠᠭᠠᠨ᠎ᠠ      ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠪᠠᠶᠢᠩᠭᠤ ᠶᠢᠨ ᠶᠠᠪᠤᠳᠠᠯ ᠤᠨ ᠳᠡᠳ᠋ ᠳᠠᠷᠤᠭ᠎ᠠ       ᠴᠧᠨ ᠯᠢ ᠵᠢᠶᠧ      ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠳᠡᠳ᠋ ᠳᠠᠷᠤᠭ᠎ᠠ       ᠺᠦᠩ ᠰᠢᠶᠠᠩ ᠿᠦ᠋      ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠳᠡᠳ᠋ ᠳᠠᠷᠤᠭ᠎ᠠ       ᠲᠢᠶᠠᠨ ᠰᠢᠤᠸᠠᠢ ᠮᠢᠩ      ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ       ᠴᠧᠨ ᠱᠤᠤ ᠶᠦᠨ      ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ       ᠪᠦᠦ ᠵᠢᠶᠦ᠋ᠨ      ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ       ᠶᠠᠨ ᠭᠦᠸᠧ ᠴᠢᠩ      ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ       ᠪᠦᠷᠢᠯᠳᠦᠬᠦᠨ᠄ ᠴᠡᠩᠭᠡᠯᠳᠦ      ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢ ᠣᠷᠣᠯᠠᠨ ᠬᠠᠮᠢᠶᠠᠷᠬᠤ ᠠᠵᠢᠯ       ᠸᠠᠩ ᡁᠢ ᠿᠦ᠋      ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ ᠳᠠᠷᠤᠭ᠎ᠠ       ᠲᠢᠶᠠᠨ ᠴᠢᠩ ᠱᠠᠨ      ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ       ᠯᠢ ᠪᠢᠩ      ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ       ᠵᠠᠩ ᠶᠦᠩ ᠿᠧᠨ      ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ       ᠼᠤᠤ ᠮᠢᠩ ᠬᠠᠶ      ᠬᠤᠰᠢᠭᠤᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ       ᠸᠠᠩ ᠡᠾᠦ᠋ᠩ ᠳ᠋ᠧ      ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ       ᠵᠧᠤ ᠶᠦᠩ ᠮᠢᠩ      ᠬᠤᠰᠢᠭᠤᠨ ᠤ ᠰᠢᠨᠵᠢᠯᠡᠬᠦ ᠤᠬᠠᠭᠠᠨ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶᠠᠨ ᠤ ᠳᠠᠷᠤᠭ᠎ᠠ       ᠯᠢᠦ ᠵᠠᠨ ᠵᠢᠶᠦ᠋ᠨ      ᠬᠤᠲᠠ ᠶᠢᠨ ᠬᠢᠨᠠᠨ ᠬᠠᠮᠢᠶᠠᠷᠬᠤ ᠲᠣᠪᠴᠢᠶᠠᠨ ᠤ ᠳᠠᠷᠤᠭ᠎ᠠ       ᠸᠠᠩ ᠭᠠᠩ      ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠢ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ       ᠸᠧᠶ ᠰᠦᠬᠡ      ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ       ᠲᠢᠶᠠᠨ ᠸᠧᠨ ᠵᠦᠩ      ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ       ᠳᠠᠩ ᠰᠢᠨ ᠯᠦᠩ      ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠡᠳ᠋ ᠳᠠᠷᠤᠭ᠎ᠠ       ᠳᠠᠩ ᠰᠢ ᠿᠦᠩ      ᠬᠤᠲᠠ ᠶᠢᠨ ᠤᠰᠤ ᠬᠠᠩᠭᠠᠬᠤ ᠤᠰᠤ ᠵᠠᠯᠠᠬᠤ ᠺᠣᠮᠫᠠᠨᠢ ᠶᠢᠨ ᠳᠠᠭᠠᠭᠠᠮᠠᠯ       ᠭᠦᠸᠧ ᠵᠦᠩ      ᠪᠠᠶᠠᠨᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠳᠠᠷᠤᠭ᠎ᠠ       ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠭᠡᠷ ᠤᠨ ᠭᠤᠤᠯ ᠬᠠᠷᠢᠭᠤᠴᠠᠯᠭᠠᠲᠠᠨ       ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠳᠤ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠸᠠᠩ ᡁᠢ ᠿᠦ᠋ ᠨᠥᠬᠦᠷ ᠬᠠᠪᠰᠤᠷᠭᠠᠨ ᠬᠠᠷᠭᠤᠴᠠᠨ᠎ᠠ᠃ ᠠᠯᠪᠠᠨ ᠬᠡᠷ ᠨᠢ ᠭᠤᠤᠯᠳᠠᠭᠤ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠪᠣᠳᠠᠲᠠᠶ ᠠᠬᠢᠭᠤᠯᠬᠤ᠂ ᠵᠣᠬᠢᠴᠠᠭᠤᠯᠤᠨ ᠰᠢᠢᠳᠪᠦᠷᠢᠯᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠨᠢᠭᠡᠴᠢ ᠶᠢᠨ ᠠᠰᠠᠭᠤᠳᠠᠯ ᠵᠢᠴᠢ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠬᠠᠷᠢᠭᠤᠴᠠᠨ᠎ᠠ᠃       ︵ᠬᠤᠶᠠᠷ︶ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ       ᠲᠣᠰ ᠤᠳᠠᠭᠠᠨ ᠤ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠠᠴᠠ ᠤᠳᠤᠷᠢᠳᠤᠨ ᠵᠣᠬᠢᠴᠠᠭᠤᠯᠵᠤ᠂ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠯᠪᠣᠭᠳᠠᠬᠤ ᠨᠢᠭᠡᠴᠢ ᠬᠠᠮᠵᠢᠯᠴᠠᠨ᠎ᠠ᠃ ᠡᠯ᠎ᠡ ᠨᠢᠭᠡᠴᠢ 2020 ᠣᠨ ᠤ 8 ᠰᠠᠷ᠎ᠠ ᠶᠢᠨ 26᠎ ᠤ ᠡᠳᠦᠷ ᠤᠨ 12 ᠴᠠᠭ ᠠᠴᠠ ᠡᠮᠦᠨ᠎ᠡ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠬᠠᠷᠢᠭᠤᠴᠠᠯᠭᠠᠲᠠᠨ ᠪᠠ ᠬᠠᠷᠢᠯᠴᠠᠬᠤ ᠬᠥᠮᠥᠨ ᠤ ᠨᠡᠷᠡᠰ ᠢᠶᠠᠨ ᠮᠡᠳᠡᠭᠦᠯᠬᠦ ᠬᠡᠷᠡᠭᠲᠡᠢ ︵ᠬᠠᠷᠢᠯᠴᠠᠬᠤ ᠬᠥᠮᠦᠨ᠄ ᠵᠣᠣ ᠰᠢᠶᠤᠤ ᠴᠧᠩ︔ ᠬᠠᠷᠢᠯᠴᠠᠬᠤ ᠤᠲᠠᠰᠤ᠄ 13948053580︔ ᠢᠮᠧᠯ᠄ azqhjbhj@163.com︶᠃       ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠨᠢ ᠪᠠᠷᠢᠮᠵᠢᠶ᠎ᠠ ᠳᠤ ᠬᠦᠷᠭᠡᠬᠦ  ᠪᠣᠯᠣᠯᠴᠠᠭ᠎ᠠ ᠥᠬᠡᠶ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠣᠷᠳᠣ ᠬᠤᠭᠤᠴᠠᠭ᠎ᠠ ᠪᠠᠷ ᠪᠣᠬᠢᠷᠲᠤᠭᠤᠯᠤᠭᠰᠠᠨ ︽ᠲᠠᠷᠠᠬᠠᠶ ᠪᠤᠲᠠᠷᠬᠠᠶ ᠡᠷᠦᠶ ᠬᠤᠷᠤᠶ ᠥᠬᠡᠶ ᠪᠣᠬᠢᠷᠲᠤᠯ︾ ᠠᠵᠤ ᠠᠬᠤᠶᠢᠯᠠᠯ ᠢ ᠨᠠᠷᠢᠪᠴᠢᠯᠠᠨ ᠪᠠᠶᠢᠴᠠᠭᠠᠵᠤ ᠵᠠᠰᠠᠬᠤ ᠶᠢ ᠬᠠᠷᠢᠭᠤᠴᠠᠨ᠎ᠠ︔       ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ᠂ ᠦᠢᠯᠡᠳᠪᠦᠷᠢᠯᠡᠯ ᠤᠨ ᠲᠣᠨᠤᠭ ᠲᠥᠬᠦᠭᠡᠷᠦᠮᠵᠢ᠂ ᠦᠢᠯᠡᠳᠪᠦᠷᠢᠯᠡᠬᠦ ᠴᠢᠳᠠᠪᠤᠷᠢ ᠵᠡᠷᠭᠡ ᠶᠢ ᠴᠢᠩᠭ᠎ᠠ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠳᠤ ᠨᠡᠶᠢᠴᠡᠬᠦ ᠥᠬᠡᠶ ᠠᠵᠤ ᠠᠬᠤᠶᠢᠯᠠᠯ ᠢ ᠨᠠᠷᠢᠪᠴᠢᠯᠠᠨ ᠪᠠᠶᠢᠴᠠᠭᠠᠨ᠎ᠠ︔       ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠲᠥᠯᠥᠪᠵᠢᠭᠦᠯᠪᠡ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠳᠤ ᠨᠡᠶᠢᠴᠡᠬᠦ ᠦᠭᠡᠢ ᠠᠵᠤ ᠠᠬᠤᠶᠢᠯᠠᠯ ᠢ ᠨᠠᠷᠢᠪᠴᠢᠯᠠᠨ ᠨᠠᠷᠢᠪᠴᠢᠯᠠᠨ ᠪᠠᠶᠢᠴᠠᠭᠠᠨ᠎ᠠ       ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠤᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠭᠠᠷᠳᠠᠮ ᠢ ᠨᠠᠷᠢᠪᠴᠢᠯᠠᠨ ᠪᠠᠶᠢᠴᠠᠭᠠᠵᠤ ᠂ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ︔ ᠬᠤᠲᠠ ᠬᠥᠳᠡᠭᠡ ᠶᠢᠨ ᠲᠥᠯᠥᠪᠵᠢᠭᠦᠯᠭᠡ ᠳᠤ ᠨᠡᠶᠢᠴᠡᠬᠦ ᠦᠭᠡᠢ ᠠᠵᠤ ᠠᠬᠤᠶᠢᠯᠠᠯ ᠢ ᠨᠠᠷᠢᠪᠴᠢᠯᠠᠨ ᠪᠠᠶᠢᠴᠠᠭᠠᠨ᠎ᠠ︔       ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠲᠣᠭᠲᠠᠭᠠᠯ ᠶᠣᠰᠣᠭᠠᠷ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾᠎ ᠲᠠᠢ ᠠᠵᠤ ᠠᠬᠤᠶᠢᠯᠠᠯ ᠤᠨ ᠳᠠᠩᠰᠠᠯᠠᠯ ᠢ ᠬᠤᠪᠢᠷᠠᠭᠤᠯᠬᠤ ᠪᠤᠶᠤ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠶᠢ ᠬᠠᠷᠢᠭᠤᠴᠠᠵᠤ᠂ ᠦᠢᠯᠡᠳᠬᠦᠨ ᠤ ᠴᠢᠨᠠᠷ ᠴᠢᠨᠰᠠᠭ᠎ᠠ ᠳᠤ ᠴᠢᠩᠭ᠎ᠠ ᠬᠢᠨᠠᠯᠲᠠ ᠬᠠᠮᠢᠶᠠᠷᠤᠯᠲᠠ ᠶᠠᠪᠤᠭᠤᠯᠵᠤ᠂ ᠦᠢᠯᠡᠳᠬᠦᠨ ᠤ ᠴᠢᠨᠠᠷ ᠴᠢᠨᠰᠠᠭ᠎ᠠ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ ᡽       ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠴᠢᠩᠬ᠎ᠠ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠶᠡᠭᠡ ᠬᠡᠮ ᠰᠣᠭᠤᠭ ᠣᠷᠣᠰᠢᠵᠤ ᠪᠠᠶᠢᠬᠤ ᠵᠢᠴᠢ ᠬᠠᠤᠯᠢ ᠲᠣᠭᠲᠠᠭᠠᠯ ᠢ ᠵᠥᠷᠢᠴᠡᠭᠰᠡᠨ ᠠᠰᠠᠭᠤᠳᠠᠯ ᠣᠷᠣᠰᠢᠵᠤ ᠪᠠᠶᠢᠪᠠᠯ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠴᠢᠩᠭ᠎ᠠ ᠪᠠᠶᠢᠴᠠᠭᠠᠨ ᠰᠢᠢᠳᠪᠦᠷᠢᠯᠡᠨ᠎ᠡ︔       ᠤᠰᠤᠨ ᠤ ᠶᠠᠪᠤᠳᠠᠯ ᠤᠨ ᠲᠣᠪᠴᠢᠶ᠎ᠠ ᠨᠢ ᠠᠵᠤ ᠠᠬᠤᠶᠢᠯᠠᠯ ᠤᠨ ᠤᠰᠤ ᠠᠪᠤᠭᠰᠠᠨ ᠪᠠᠶᠢᠳᠠᠯ ᠢ ᠴᠢᠩᠬ᠎ᠠ ᠪᠠᠶᠢᠴᠠᠭᠠᠨ ᠬᠠᠤᠯᠢ ᠪᠤᠰᠤ ᠥᠪᠡᠷ ᠢᠶᠠᠨ ᠪᠡᠯᠡᠳᠬᠡᠭᠰᠡᠨ ᠬᠤᠳᠳᠤᠭ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ ᠨᠢᠭᠡᠨᠲᠡ ᠬᠠᠭᠠᠵᠤ ᠵᠣᠭᠰᠣᠭᠠᠵᠤ ᠬᠦᠴᠦᠨ ᠥᠬᠡᠶ ᠪᠣᠯᠭᠠᠭᠰᠠᠨ ᠠᠵᠤ ᠠᠬᠤᠶᠢᠯᠠᠯ ᠤᠨ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠬᠦᠴᠦᠨ ᠥᠬᠡᠶ ᠪᠣᠯᠭᠠᠵᠤ᠂ ᠲᠣᠰ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠤᠤᠯ ᠪᠠᠶᠢᠳᠠᠯ ᠢ ᠨᠢ ᠰᠡᠷᠭᠦᠭᠡᠯᠭᠡᠨ᠎ᠡ︔       ᠰᠢᠨᠵᠢᠯᠡᠬᠦ ᠤᠬᠠᠭᠠᠨ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠢ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠤᠨ ᠣᠶ ᠰᠢᠭᠤᠶ ᠡᠪᠡᠰᠦ ᠪᠡᠯᠴᠢᠭᠡᠷ᠂ ᠡᠪᠡᠰᠦᠲᠦ ᠭᠠᠵᠠᠷ ᠢ ᠲᠠᠲᠠᠪᠤᠷᠢᠯᠠᠨ ᠡᠵᠡᠯᠡᠵᠦ ᠬᠡᠷᠡᠭᠯᠡᠭᠰᠡᠨ ᠪᠠᠶᠢᠳᠠᠯ ᠢ ᠨᠠᠷᠢᠪᠴᠢᠯᠠᠨ ᠪᠠᠶᠢᠴᠠᠭᠠᠨ᠎ᠠ᠃       ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠤᠰᠤᠨ ᠤ ᠶᠠᠪᠤᠳᠠᠯ᠂ ᠳᠣᠲᠣᠭᠠᠳᠤ ᠶᠢ ᠬᠠᠮᠠᠭᠠᠯᠠᠬᠤ᠂ ᠴᠠᠬᠢᠯᠭᠠᠨ ᠤ ᠦᠢᠯᠡᠰ ᠵᠡᠷᠭᠡ ᠬᠤᠯᠪᠣᠭᠳᠠᠬᠤ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠠᠮᠵᠢᠯᠴᠠᠨ ᠲᠤᠰᠬᠠᠶ ᠲᠥᠷᠥᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠨ᠎ᠠ᠃       ᠳᠥᠷᠪᠡ᠂ ᠠᠵᠢᠯ ᠤᠨ ᠡᠭᠦᠷᠭᠡ       ︵ᠨᠢᠭᠡ︶ ᠠᠵᠢᠯ ᠤᠨ ᠡᠬᠡ ᠳᠠᠩᠰᠠ ᠪᠠᠶᠢᠭᠤᠯᠬᠤ       ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠣᠤᠷᠵᠢᠭᠤᠯᠤᠭᠰᠠᠨ ᠪᠠᠶᠢᠴᠠᠭᠠᠯᠲᠠ ᠶᠢ ᠨᠢᠭᠡᠳᠦᠯᠲᠡᠢ ᠥᠷᠨᠢᠭᠦᠯᠵᠦ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠢᠶᠠᠷ ᠨᠠᠷᠢᠪᠴᠢᠯᠠᠨ ᠪᠠᠶᠢᠴᠠᠭᠠᠬᠤ ᠦᠨᠳᠦᠰᠦᠨ ᠨᠢᠭᠡᠴᠢ ᠪᠣᠯᠭᠠᠵᠤ᠂ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ᠂ ᠪᠣᠬᠢᠷᠲᠤᠯ ᠤᠨ ᠡᠬᠢ ᠰᠤᠷᠪᠤᠯᠵᠢ ᠶᠢᠨ ᠠᠵᠤ ᠠᠬᠤᠶᠢᠯᠠᠯ ᠤᠨ ᠡᠬᠡ ᠳᠠᠩᠰᠠ᠂ ᠲᠣᠤᠷᠵᠢᠭᠤᠯᠤᠭᠰᠠᠨ ᠬᠢᠨᠠᠯᠲᠠ ᠬᠠᠮᠢᠶᠠᠷᠤᠯᠲᠠ᠂ ᠬᠤᠶᠠᠳᠤᠭᠠᠷ ᠤᠳᠠᠭᠠᠨ ᠤ ᠪᠦᠬᠦ ᠤᠯᠤᠰ ᠠᠴᠠ ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ ᠪᠠᠶᠢᠴᠠᠭᠠᠭᠰᠠᠨ ᠲᠤᠭ᠎ᠠ ᠪᠠᠷᠢᠮᠲᠠ ᠲᠠᠢ ᠤᠶᠠᠯᠳᠤᠭᠤᠯᠤᠨ᠂ ᠬᠠᠷᠢᠶ᠎ᠠ ᠪᠦᠬᠦᠢ ᠣᠷᠣᠨ ᠪᠦᠰᠡ ᠶᠢᠨ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾᠎ ᠤᠨ ᠠᠵᠤ ᠠᠬᠤᠶᠢᠯᠠᠯ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠣᠨᠣᠪᠴᠢᠲᠠᠶ᠂ ᠦᠨᠡᠨ ᠪᠣᠳᠠᠲᠠᠶ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠤᠨ ᠨᠠᠷᠢᠨ ᠲᠠᠩᠰᠠ ᠶᠢ ᠪᠠᠶᠢᠭᠤᠯᠵᠤ᠂ 2020 ᠣᠨ ᠤ 8 ᠳ᠋ᠤᠭᠠᠷ ᠰᠠᠷ᠎ᠠ ᠶᠢᠨ 27᠎ ᠤ ᠡᠳᠦᠷ ᠤᠨ 18᠄ 00 ᠴᠠᠭ ᠠᠴᠠ ᠡᠮᠦᠨ᠎ᠡ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠨᠠᠷᠢᠪᠴᠢᠯᠠᠨ ᠪᠠᠶᠢᠴᠠᠭᠠᠬᠤ ᠨᠠᠷᠢᠨ ᠲᠠᠩᠰᠠ ᠶᠢ ᠮᠡᠳᠡᠭᠦᠯᠦᠨ ᠬᠦᠷᠭᠡᠨ᠎ᠡ᠃       ︵ᠬᠤᠶᠠᠷ︶ ᠲᠥᠷᠥᠯ ᠬᠤᠪᠢᠶᠠᠨ ᠴᠡᠭᠴᠡᠯᠡᠨ ᠵᠠᠰᠠᠬᠤ ᠶᠢ ᠪᠠᠷᠢᠮᠲᠠᠯᠠᠨ᠎ᠠ       1. ᠳᠡᠰ ᠳᠡᠪᠰᠢᠭᠦᠯᠵᠣ ᠦᠭᠡᠷᠡᠴᠢᠯᠡᠨ ᠰᠢᠨᠡᠳᠭᠡᠬᠦ ᠲᠦᠷᠥᠯ᠃ ᠤᠯᠤᠰ ᠤᠨ ᠠᠵᠤ ᠦᠢᠯᠡᠰ ᠤᠨ ᠲᠥᠷᠥ ᠎ ᠶᠢᠨ ᠪᠤᠳᠤᠯᠭ᠎ᠠ ᠪᠣᠯᠤᠨ ᠲᠤᠰ ᠭᠠᠵᠠᠷ ᠤᠨ ᠠᠵᠤ ᠦᠢᠯᠡᠰ ᠤᠨ ᠪᠠᠶᠢᠷᠢᠰᠢᠭᠤᠯᠤᠯᠲᠠ ᠲᠦᠯᠦᠪᠵᠢᠭᠦᠯᠭᠡ ᠲᠠᠢ ᠲᠣᠬᠢᠷᠠᠯᠴᠠᠭᠰᠠᠨ᠂ ᠬᠠᠮᠢᠶ᠎ᠠ ᠪᠦᠬᠦᠢ ᠭᠠᠷᠳᠠᠮ ᠢ ᠭᠦᠢᠴᠡᠳᠭᠡᠬᠦ ᠴᠢᠬᠤᠯᠠ ᠲᠠᠢ ᠪᠠᠶᠢᠲᠠᠯ᠎ᠠ ᠭᠦᠢᠴᠡᠳᠭᠡᠭᠰᠡᠨ ᠦᠭᠡᠢ᠂ ᠪᠤᠬᠢᠷᠳᠦᠯ ᠢ ᠵᠠᠰᠠᠬᠤ ᠪᠡᠯᠡᠳᠭᠡᠮᠵᠢ ᠤᠭᠰᠠᠷᠠᠭᠰᠠᠨ ᠦᠭᠡᠢ᠂ ᠪᠣᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ ᠳᠤ ᠲᠤᠭᠲᠠᠭᠤᠨ ᠢᠶᠠᠷ ᠬᠦᠷᠴᠦ ᠴᠢᠳᠠᠬᠤ ᠦᠭᠡᠢ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠤᠯ ᠶᠡᠬᠡᠲᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠡᠯ᠎ᠡ ᠭᠠᠵᠠᠷ ᠤᠷᠤᠨ ᠤ ᠬᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠤᠷᠠᠯᠠᠯ᠂ ᠲᠣᠨᠤᠭ ᠲᠥᠬᠦᠭᠡᠷᠦᠮᠵᠢ᠂ ᠦᠢᠯᠡᠳᠪᠦᠷᠢᠯᠡᠬᠦ ᠴᠢᠳᠠᠯ ᠢ ᠰᠢᠨᠵᠢᠯᠡᠬᠦ ᠤᠬᠠᠭᠠᠨᠴᠢ ᠪᠠᠷ ᠪᠦᠬᠦ ᠲᠠᠯ᠎ᠠ ᠪᠠᠷ ᠵᠠᠳᠠᠯᠵᠤ᠂ ᠦᠷᠬᠦᠯᠵᠢᠯᠡᠵᠦ ᠪᠣᠯᠬᠤᠶᠢᠴᠠ ᠪᠠ ᠪᠣᠬᠢᠷᠳᠤᠯ ᠦᠭᠡᠢ ᠦᠢᠯᠡᠳᠪᠦᠷᠢᠯᠡᠬᠦ ᠱᠠᠭᠠᠷᠳᠠᠯᠭ᠎ᠠ ᠶᠤᠰᠤᠭᠠᠷ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠲᠣᠨᠤᠭ ᠲᠥᠬᠦᠭᠡᠷᠦᠮᠵᠢ ᠶᠢᠨ ᠤᠷᠠᠯᠠᠯ᠂ ᠪᠣᠬᠢᠷᠳᠤᠯ ᠢ ᠵᠠᠰᠠᠬᠤ ᠵᠡᠷᠭᠡ ᠲᠠᠯ᠎ᠠ ᠪᠠᠷ ᠳᠡᠭᠡᠭᠰᠢᠯᠡᠭᠦᠯᠵᠣ ᠦᠭᠡᠷᠡᠴᠢᠯᠡᠨ ᠰᠢᠨᠡᠳᠭᠡᠬᠦ ᠶᠢ ᠠᠬᠢᠭᠤᠯᠵᠤ᠂ ᠪᠣᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ ᠳᠤ ᠲᠤᠭᠲᠠᠭᠤᠨ ᠢᠶᠠᠷ ᠬᠦᠷᠬᠦ ᠶᠢ ᠪᠡᠶᠡᠯᠡᠭᠦᠯᠬᠦ ᠬᠡᠷᠡᠭᠲᠡᠢ︔ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠤᠳ ᠢ ᠬᠠᠤᠯᠢ ᠶᠤᠰᠤᠭᠠᠷ ᠵᠠᠷᠯᠢᠭᠳᠠᠵᠤ ᠪᠠᠶᠢᠭᠠᠳ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂ ᠨᠦᠬᠦᠴᠡᠯ ᠳᠤ ᠨᠡᠶᠢᠴᠡᠬᠦ ᠠᠵᠤ ᠠᠬᠤᠶᠢᠯᠠᠯ ᠤᠳ ᠢ ᠳᠡᠰ ᠳᠠᠷᠠᠭᠠᠯᠠᠯ ᠶᠤᠰᠣᠭᠠᠷ ᠬᠠᠮᠢᠶ᠎ᠠ ᠪᠦᠬᠦᠢ ᠬᠢᠨᠠᠨ ᠵᠦᠪᠰᠢᠶᠡᠷᠡᠭᠰᠡᠨ ᠪᠤᠶᠤ ᠳᠠᠩᠰᠠᠯᠠᠨ ᠳᠡᠮᠳᠡᠭᠯᠡᠭᠦᠯᠬᠦ ᠭᠠᠷᠳᠠᠮ ᠢ ᠨᠢ ᠨᠦᠬᠦᠪᠦᠷᠢᠯᠡᠭᠦᠯᠵᠦ᠂ ᠡᠳᠦᠷ ᠲᠤᠳᠤᠮ ᠤᠨ ᠬᠢᠨᠠᠨ ᠬᠠᠮᠢᠶᠠᠷᠬᠤ ᠬᠡᠪᠴᠢᠶᠡᠨ ᠳᠤ ᠤᠷᠤᠭᠤᠯᠬᠤ ᠬᠡᠷᠡᠭᠲᠡᠢ᠃       2. ᠡᠮᠬᠢᠯᠡᠨ ᠨᠡᠶᠢᠯᠡᠭᠦᠯᠵᠣ ᠨᠡᠭᠦᠯᠭᠡᠬᠦ ᠲᠦᠷᠥᠯ᠃ ᠤᠯᠤᠰ ᠤᠨ ᠠᠵᠤ ᠦᠢᠯᠡᠰ ᠤᠨ ᠲᠥᠷᠥ ᠶᠢᠨ ᠪᠤᠳᠤᠯᠭ᠎ᠠ ᠳᠤ ᠨᠡᠶᠢᠴᠡᠬᠦ ᠪᠣᠯᠪᠠᠴᠦ ᠲᠤᠰ ᠭᠠᠵᠠᠷ ᠤᠨ ᠠᠵᠤ ᠦᠢᠯᠡᠰ ᠤᠨ ᠪᠠᠶᠢᠷᠢᠰᠢᠭᠤᠯᠤᠯᠲᠠ ᠲᠦᠯᠦᠪᠵᠢᠭᠦᠯᠭᠡ ᠎ ᠳᠤ ᠨᠡᠶᠢᠴᠡᠬᠦ ᠦᠭᠡᠢ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ ᠤᠷᠤᠭᠰᠠᠨ ᠦᠭᠡᠢ ᠬᠡᠪᠴᠢᠶᠡᠵᠢᠯ ᠎ ᠠᠴᠠ ᠳᠤᠷᠤᠭᠰᠢᠬᠢ ᠵᠢᠴᠢ ᠤᠷᠲᠤ ᠬᠤᠭᠤᠴᠠᠭ᠎ᠠ ᠪᠠᠷ ᠣᠷᠴᠢᠨ ᠲᠤᠭᠤᠷᠢᠨ ᠢ ᠪᠤᠬᠢᠷᠳᠤᠭᠤᠯᠤᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠳ ᠢ ᠡᠮᠬᠢᠯᠡᠨ ᠨᠡᠶᠢᠯᠡᠭᠦᠯᠬᠦ ᠪᠠᠷ ᠳᠠᠮᠵᠢᠨ ᠬᠠᠮᠢᠶ᠎ᠠ ᠪᠦᠬᠦᠢ ᠬᠠᠮᠢᠶᠠᠷᠤᠯᠲᠠ ᠎ ᠶᠢᠨ ᠱᠠᠭᠠᠷᠳᠠᠯᠭ᠎ᠠ ᠪᠤᠯᠤᠨ ᠠᠵᠤ ᠦᠢᠯᠡᠰ ᠤᠨ ᠲᠥᠷᠥ ᠶᠢᠨ ᠪᠣᠳᠤᠯᠭ᠎ᠠ ᠳᠤ ᠨᠡᠶᠢᠴᠡᠬᠦ ᠪᠤᠯᠤᠬᠰᠠᠨ ᠪᠠᠶᠢᠪᠠᠯ᠂ ᠡᠯ᠎ᠡ ᠭᠠᠵᠠᠷ ᠤᠷᠤᠨ ᠤ ᠬᠢᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠤ ᠦᠢᠯᠡᠰ ᠤᠨ ᠬᠦᠭᠵᠢᠯᠲᠡ ᠶᠢ ᠬᠡᠪᠴᠢᠶᠡᠵᠢᠭᠦᠯᠬᠦ ᠪᠠ ᠤᠳᠤᠬᠢᠴᠢᠯᠠᠬᠤ ᠵᠠᠷᠴᠢᠮ ᠶᠤᠰᠤᠭᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ ᠨᠡᠭᠦᠯᠭᠡᠨ ᠤᠷᠤᠭᠤᠯᠬᠤ ᠶᠢᠨ ᠬᠠᠮᠲᠤ᠂ ᠳᠡᠰ ᠳᠡᠪᠰᠢᠭᠦᠯᠦᠨ ᠦᠭᠡᠷᠡᠴᠢᠯᠡᠨ ᠰᠢᠨᠡᠳᠭᠡᠬᠦ ᠶᠢ ᠬᠡᠷᠡᠭᠵᠢᠭᠦᠯᠬᠦ ᠬᠡᠷᠡᠭᠲᠡᠢ᠃ ᠡᠭᠦᠨ ᠤ ᠬᠠᠮᠲᠤ᠂ ᠡᠯ᠎ᠡ ᠭᠠᠵᠠᠷ ᠤᠷᠤᠨ ᠤ ᠬᠢᠨ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠤᠳ ᠤᠨ ᠦᠢᠯᠡᠳᠪᠦᠷᠢᠯᠡᠯ ᠢ ᠬᠠᠤᠯᠢ ᠶᠤᠰᠤᠭᠠᠷ ᠵᠠᠷᠯᠢᠭᠳᠠᠨ ᠵᠣᠭᠰᠤᠭᠠᠵᠤ᠂ ᠤᠤᠯ ᠤᠨ ᠪᠠᠶᠢᠭᠰᠠᠨ ᠦᠢᠯᠡᠳᠪᠦᠷᠢ ᠶᠢᠨ ᠲᠤᠭᠤᠷᠢᠭ ᠢ ᠨᠤᠷᠠᠭᠠᠨ ᠨᠡᠭᠦᠯᠭᠡᠬᠦ ᠪᠠ ᠲᠠᠯᠠᠪᠤᠷ ᠭᠠᠵᠠᠷ ᠢ ᠰᠡᠷᠭᠦᠭᠡᠨ ᠵᠠᠰᠠᠬᠤ ᠵᠡᠷᠭᠡ ᠠᠵᠢᠯ ᠢ ᠪᠡᠶᠡᠯᠡᠭᠦᠯᠬᠦ ᠬᠡᠷᠡᠭᠲᠡᠢ ᠃ ᠨᠦᠬᠦᠴᠡᠯ ᠳᠤ ᠨᠡᠶᠢᠴᠡᠭᠰᠡᠳ ᠲᠤ ᠬᠠᠤᠯᠢ ᠶᠤᠰᠤᠭᠠᠷ ᠬᠠᠮᠢᠶ᠎ᠠ ᠪᠦᠬᠦᠢ ᠭᠠᠷᠳᠠᠮ ᠢ ᠭᠦᠢᠴᠡᠳᠭᠡᠵᠦ ᠦᠭᠬᠦ ᠬᠡᠷᠡᠭᠲᠡᠢ᠃       3. ᠡᠭᠦᠳᠡ ᠶᠢ ᠨᠢ ᠬᠠᠭᠠᠵᠤ ᠦᠢᠯᠡᠳᠪᠦᠷᠢᠯᠡᠬᠦ ᠶᠢ ᠨᠢ ᠵᠣᠭᠰᠣᠭᠠᠬᠤ ᠲᠦᠷᠥᠯ᠃ ᠤᠯᠤᠰ ᠤᠨ ᠠᠵᠤ ᠦᠢᠯᠡᠰ ᠤᠨ ᠲᠥᠷᠥ ᠶᠢᠨ ᠪᠤᠳᠤᠯᠭ᠎ᠠ ᠳᠤ ᠨᠡᠶᠢᠴᠡᠬᠦ ᠦᠭᠡᠢ᠂ ᠪᠤᠬᠢᠷᠳᠤᠯ ᠢ ᠰᠡᠷᠭᠡᠶᠢᠯᠡᠨ ᠵᠠᠰᠠᠬᠤ ᠪᠡᠯᠡᠳᠭᠡᠮᠵᠢ ᠪᠠᠶᠢᠬᠤ ᠦᠭᠡᠢ᠂ ᠪᠤᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ ᠳᠤ ᠲᠤᠭᠲᠠᠭᠤᠨ ᠢᠶᠠᠷ ᠬᠦᠷᠴᠦ ᠴᠢᠳᠠᠬᠤ ᠦᠭᠡᠢ ᠪᠠ ᠵᠠᠰᠠᠭᠰᠠᠨ ᠴᠦ ᠰᠠᠶᠢᠵᠢᠷᠠᠭᠤᠯᠵᠤ ᠴᠢᠳᠠᠬᠤ ᠦᠭᠡᠢ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠤᠯ ᠶᠡᠬᠡᠲᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠡᠯ᠎ᠡ ᠭᠠᠵᠠᠷ ᠤᠷᠤᠨ ᠤ ᠬᠢᠨ ︽ᠬᠤᠶᠠᠷ ᠢ ᠵᠤᠭᠰᠤᠭᠠᠵᠤ ᠭᠤᠷᠪᠠ ᠶᠢ ᠠᠷᠢᠯᠭᠠᠨ ᠴᠡᠪᠡᠷᠯᠡᠬᠦ︾ ︵ᠣᠰᠤ ᠴᠠᠬᠢᠯᠭᠠᠨ ᠢ ᠨᠢ ᠵᠣᠭᠰᠤᠭᠠᠵᠤ᠂ ᠲᠦᠭᠦᠬᠡᠢ ᠡᠳ᠋᠂ ᠦᠢᠯᠡᠳᠭᠦᠨ ᠪᠤᠯᠤᠨ ᠲᠦᠬᠦᠭᠡᠷᠦᠮᠵᠢ ᠶᠢ ᠨᠢ ᠠᠷᠢᠯᠭᠠᠨ ᠴᠡᠪᠡᠷᠯᠡᠬᠦ︶ ᠪᠠᠷᠢᠮᠵᠢᠶ᠎ᠠ ᠶᠤᠰᠤᠭᠠᠷ᠂ ᠦᠢᠯᠡᠳᠪᠦᠷᠢᠯᠡᠬᠦ ᠶᠢ ᠎ ᠨᠢ ᠵᠣᠭᠰᠣᠭᠠᠬᠤ ᠠᠵᠢᠯ ᠢ ᠬᠠᠤᠯᠢ ᠶᠤᠰᠤᠭᠠᠷ ᠪᠡᠶᠡᠯᠡᠭᠦᠯᠵᠦ᠂ ᠲᠠᠯᠠᠪᠤᠷ ᠭᠠᠵᠠᠷ ᠢ ᠨᠢ ᠰᠡᠷᠭᠦᠭᠡᠨ ᠵᠠᠰᠠᠬᠤ ᠵᠡᠷᠭᠡ ᠠᠵᠢᠯ ᠢ ᠪᠡᠶᠡᠯᠡᠭᠦᠯᠬᠦ ᠬᠡᠷᠡᠭᠲᠡᠢ᠃       ᠲᠠᠪᠤ᠂ ᠠᠵᠢᠯ ᠤᠨ ᠱᠠᠭᠠᠷᠳᠠᠯᠭ᠎ᠠ       ︵ᠨᠢᠭᠡ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠪᠦᠷᠢᠯᠳᠦᠬᠦᠨ ᠨᠢᠭᠡᠴᠢ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠴᠢᠬᠤᠯᠠᠴᠢᠯᠠᠵᠤ᠂ ᠠᠵᠢᠯ ᠤᠨ ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠵᠤ᠂ ᠠᠵᠢᠯ ᠤᠨ ᠡᠭᠦᠷᠭᠡ ᠶᠢ ᠱᠠᠲᠤ ᠱᠠᠲᠤ ᠪᠠᠷ ᠵᠠᠳᠠᠯᠤᠨ᠎ᠠ᠃ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠭᠡᠷ ᠤᠨ ᠬᠠᠩᠭᠠᠭᠰᠠᠨ ᠨᠠᠷᠢᠪᠴᠢᠯᠠᠨ ᠪᠠᠶᠢᠴᠠᠭᠠᠬᠤ ᠨᠠᠷᠢᠨ ᠳᠠᠩᠰᠠ ᠶᠢ ᠦᠨᠳᠦᠰᠦᠯᠡᠨ᠂ ᠠᠩᠬ᠎ᠠ ᠠᠯᠬᠤᠮ ᠲᠥᠷᠥᠯ ᠬᠤᠪᠢᠶᠠᠨ ᠴᠡᠭᠴᠡᠯᠡᠨ ᠵᠠᠰᠠᠬᠤ ᠰᠠᠨᠠᠯ ᠳᠤᠷᠠᠳᠴᠤ᠂ ᠤᠳᠤᠷᠢᠳᠬᠤ ᠳᠤᠭᠤᠶᠢᠯᠠᠩ ᠠᠴᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠬᠠᠮᠤᠭ ᠡᠴᠦᠰ ᠲᠤ ᠲᠥᠷᠥᠯ ᠬᠤᠪᠢᠶᠠᠨ ᠴᠡᠭᠴᠡᠯᠡᠨ ᠵᠠᠰᠠᠬᠤ ᠨᠠᠷᠢᠨ ᠬᠠᠭᠤᠳᠠᠰᠤ ᠶᠢ ᠲᠣᠭᠲᠠᠭᠠᠵᠤ᠂ ᠠᠵᠤ ᠠᠬᠤᠶᠢᠯᠠᠯ ᠨᠢᠭᠡᠪᠦᠷᠢ ᠶᠢᠨ ᠴᠡᠭᠴᠡᠯᠡᠨ ᠵᠠᠰᠠᠬᠤ ᠠᠷᠭ᠎ᠠ ᠬᠡᠮᠵᠢᠶ᠎ᠡ᠂ ᠬᠠᠷᠢᠭᠤᠴᠠᠯᠭᠠᠲᠤ ᠨᠢᠭᠡᠴᠢ᠂ ᠬᠠᠷᠢᠭᠤᠴᠠᠯᠭ᠎ᠠ ᠡᠭᠦᠷᠭᠡᠯᠡᠭᠴᠢ ᠪᠣᠯᠤᠨ ᠴᠡᠭᠴᠡᠯᠡᠨ ᠵᠠᠰᠠᠬᠤ ᠴᠠᠭ ᠤᠨ ᠬᠢᠵᠠᠭᠠᠷ ᠢ ᠲᠣᠳᠣᠷᠬᠠᠶᠢᠯᠠᠨ᠎ᠠ᠃       ︵ᠬᠤᠶᠠᠷ︶ ᠴᠠᠭ ᠬᠤᠭᠤᠴᠠᠭ᠎ᠠ ᠶᠢᠨ ᠵᠠᠩᠭᠢᠶᠠᠰᠤ ᠶᠢ ᠡᠵᠡᠮᠳᠡᠨ᠎ᠡ᠃ 2020 ᠣᠨ ᠤ 8 ᠳ᠋ᠤᠭᠠᠷ ᠰᠠᠷ᠎ᠠ ᠶᠢᠨ 27᠎ ᠤ ᠡᠳᠦᠷ ᠠᠴᠠ 9 ᠳ᠋ᠦ᠋ᠭᠡᠷ ᠰᠠᠷ᠎ᠠ ᠶᠢᠨ 30᠎ ᠤ ᠡᠳᠦᠷ ᠪᠣᠯᠲᠠᠯ᠎ᠠ᠂ ᠡᠯ᠎ᠡ ᠪᠦᠷᠢᠯᠳᠦᠬᠦᠨ ᠨᠢᠭᠡᠴᠡ ᠭᠠᠷᠠᠭ ᠪᠦᠷᠢ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠵᠤ ᠨᠠᠷᠢᠪᠴᠢᠯᠠᠨ ᠪᠠᠶᠢᠴᠠᠭᠠᠬᠤ ᠨᠠᠷᠢᠨ ᠲᠠᠩᠰᠠ ᠪᠠ ᠴᠡᠭᠴᠡᠯᠡᠨ ᠵᠠᠰᠠᠬᠤ ᠠᠬᠢᠴᠠ ᠪᠠᠨ ᠮᠡᠳᠡᠭᠦᠯᠦᠨ ᠬᠦᠷᠭᠡᠨ᠎ᠡ︔ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠠᠰ ᠳᠡᠪᠰᠢᠭᠦᠯᠦᠨ ᠥᠭᠡᠷᠡᠴᠢᠯᠡᠬᠦ᠂ ᠡᠮᠬᠢᠯᠡᠨ ᠨᠡᠶᠢᠯᠡᠭᠦᠯᠵᠦ ᠨᠡᠭᠦᠯᠭᠡᠬᠦ᠂ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾᠎ ᠢ ᠴᠠᠭᠠᠵᠠᠯᠠᠬᠤ ᠠᠵᠤ ᠠᠬᠤᠶᠢᠯᠠᠯ ᠤᠨ ᠨᠡᠷᠡᠰ ᠢ ᠨᠡᠶᠢᠭᠡᠮ ᠳᠤ ᠨᠡᠶᠢᠲᠡᠯᠡᠵᠦ᠂ ᠠᠶᠢᠮᠠᠭ ᠤᠨ ᠵᠠᠬᠢᠷᠭ᠎ᠠ ᠳᠤ ᠴᠡᠭᠴᠡᠯᠡᠨ ᠵᠠᠰᠠᠬᠤ ᠨᠠᠷᠢᠨ ᠲᠠᠩᠰᠠ ᠶᠢ ᠮᠡᠳᠡᠭᠦᠯᠦᠨ ᠬᠦᠷᠭᠡᠨ᠎ᠡ︔ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ︔ 10 ᠳ᠋ᠤᠭᠠᠷ ᠰᠠᠷ᠎ᠠ ᠶᠢᠨ 10᠎ ᠤ ᠡᠳᠦᠷ ᠠᠴᠠ ᠡᠬᠢᠯᠡᠵᠦ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠪᠥᠬᠦ ᠬᠤᠰᠢᠭᠤᠨ ᠤ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠳᠠᠪᠲᠠᠨ ᠪᠠᠶᠢᠴᠠᠭᠠᠬᠤ ᠶᠢᠨ ᠬᠠᠮᠲᠤ ᠠᠵᠢᠯ ᠤᠨ ᠳ᠋ᠦᠩᠨᠡᠯᠲᠡ ᠬᠢᠵᠦ᠂ 11 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠮᠦᠨ᠎ᠡ ᠠᠶᠢᠮᠠᠭ ᠤᠨ ᠵᠠᠬᠢᠷᠭ᠎ᠠ ᠳᠤ ᠠᠵᠢᠯ ᠤᠨ ᠳ᠋ᠦᠩᠨᠡᠯᠲᠡ ᠪᠠᠨ ᠮᠡᠳᠡᠭᠦᠯᠦᠨ ᠬᠦᠷᠭᠡᠨ᠎ᠡ᠃       ︵ᠭᠤᠷᠪᠠ︶ ᠱᠠᠯᠠᠪᠳᠠᠨ ᠵᠢᠯᠣᠭᠤᠳᠴᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠨ᠎ᠠ᠃ ᠵᠠᠰᠠᠭ ᠤᠨ ᠣᠷᠳᠣᠨ ᠤ ᠱᠠᠯᠠᠪᠳᠠᠨ ᠪᠠᠶᠢᠴᠠᠭᠠᠬᠤ ᠲᠠᠰᠤᠭ ᠨᠢ ᠱᠠᠯᠠᠪᠳᠠᠨ ᠪᠠᠶᠢᠴᠠᠭᠠᠵᠤ ᠪᠠᠶᠢᠴᠠᠭᠠᠬᠤ ᠪᠠᠨ ᠴᠢᠩᠭᠠᠳᠬᠠᠵᠤ᠂ ᠨᠠᠷᠢᠪᠴᠢᠯᠠᠨ ᠪᠠᠶᠢᠴᠠᠭᠠᠬᠤ ᠶᠢ ᠪᠣᠳᠠᠲᠠᠶᠢᠵᠢᠭᠤᠯᠤᠭᠰᠠᠨ ᠦᠭᠡᠢ᠂ ᠳᠡᠭᠡᠭᠰᠢ ᠮᠡᠳᠡᠭᠦᠯᠬᠦ ᠨᠠᠷᠢᠨ ᠳᠠᠩᠰᠠ ᠨᠢ ᠦᠨᠡᠨ ᠪᠣᠳᠠᠲᠠᠶ ᠪᠢᠰᠢ᠂ ᠲᠣᠳᠣᠷᠬᠠᠶ ᠦᠭᠡᠢ᠂ ᠬᠤᠳᠠᠯ ᠢᠶᠠᠷ ᠮᠡᠳᠡᠭᠦᠯᠵᠦ᠂ ᠨᠢᠭᠤᠭᠠᠳ ᠮᠡᠳᠡᠭᠦᠯᠬᠦ ᠦᠭᠡᠢ᠂ ᠣᠷᠬᠢᠭᠳᠠᠭᠤᠯᠤᠨ ᠮᠡᠳᠡᠭᠦᠯᠵᠦ᠂ ᠤᠳᠠᠭᠠᠰᠢᠷᠠᠭᠤᠯᠤᠨ ᠮᠡᠳᠡᠭᠦᠯᠵᠦ᠂ ᠴᠡᠭᠴᠡᠯᠡᠨ ᠵᠠᠰᠠᠬᠤ ᠠᠬᠢᠴᠠ ᠨᠢ ᠤᠳᠠᠭᠠᠨ᠂ ᠠᠵᠢᠯ ᠨᠢ ᠬᠦᠴᠦᠨ ᠦᠭᠡᠢ ᠨᠢᠭᠡᠴᠢ ᠶᠢ ᠢᠯᠠ ᠵᠠᠷᠯᠠᠵᠤ᠂ ᠱᠠᠯᠠᠪᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠤᠨ᠎ᠠ᠃       ︵ᠳᠥᠷᠪᠡ︶ ᠤᠬᠠᠭᠤᠯᠬᠤ ᠡᠷᠴᠢᠮ ᠢᠶᠠᠨ ᠨᠡᠮᠡᠭᠳᠡᠭᠦᠯᠤᠨ᠎ᠠ᠃ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠂ ᠰᠦᠯᠵᠢᠶ᠎ᠡ ᠵᠡᠷᠭᠡ ᠵᠠᠭᠤᠴᠢ ᠶᠢ ᠭᠦᠢᠴᠡᠳ ᠠᠰᠢᠭᠯᠠᠵᠤ᠂ ᠬᠠᠤᠯᠢ ᠠᠴᠠ ᠵᠥᠷᠢᠴᠡᠭᠰᠡᠨ ᠠᠵᠤ ᠠᠬᠤᠶᠢᠯᠠᠯ ᠢ ᠢᠯᠡᠴᠢᠯᠡᠨ ᠮᠡᠳᠡᠭᠦᠯᠵᠦ᠂ ᠲᠤᠰᠬᠠᠶ ᠪᠤᠯᠤᠩ ᠤᠨ ᠤᠬᠠᠭᠤᠯᠭ᠎ᠠ ᠶᠢᠨ ᠠᠵᠢᠯ ᠤᠨ ᠣᠶᠢᠯᠠᠭᠠᠭᠳᠠᠬᠤᠨ ᠪᠠ ᠨᠡᠶᠢᠭᠡᠮ ᠤᠨ ᠦᠢᠯᠡᠳᠦᠯ ᠢ ᠨᠡᠭᠡᠭᠡᠵᠦ᠂ ᠶᠠᠷᠢᠶ᠎ᠠ ᠬᠡᠯᠡᠯᠴᠡᠭᠡᠨ ᠤ ᠵᠥᠪ ᠣᠷᠴᠢᠨ ᠢ ᠪᠣᠶ ᠪᠣᠯᠭᠠᠨ᠎ᠠ︔ ᠢᠯᠡᠴᠢᠯᠡᠨ ᠮᠡᠳᠡᠭᠦᠯᠬᠦ ᠲᠤᠰᠬᠠᠢ ᠤᠲᠠᠰᠤ ᠭᠠᠷᠭᠠᠵᠤ᠂ ᠰᠦᠪᠡᠭᠴᠢ ᠶᠢ ᠰᠠᠭᠠᠳ ᠦᠭᠡᠢ ᠨᠡᠪᠲᠡᠷᠡᠭᠦᠯᠤᠨ᠎ᠠ᠃                   ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ         ᠠᠯᠠᠱᠠ ᠵᠡᠭᠦᠨ ᠬᠤᠰᠢᠭᠤᠨ ᠤ ︿ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ﹀ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ ᠲᠥᠰᠦᠯ ᠤᠨ ᠲᠣᠬᠠᠢ ᠲᠦᠷᠦ ᠶᠢᠨ ᠪᠣᠳᠣᠯᠭ᠎ᠠ ᠶᠢᠨ ᠲᠠᠶᠢᠯᠣᠮᠵᠢ            ᠪᠡᠯᠡᠳᠬᠡᠭᠰᠡᠨ ᠨᠢ᠄ ᠡᠷᠳᠡᠨᠢᠬᠦᠦ      ᠨᠠᠶᠢᠷᠠᠭᠤᠯᠤᠭᠰᠠᠨ ᠨᠢ᠄ ᠨᠠᠮᠤᠷ      ᠬᠢᠨᠠᠭᠰᠠᠨ ᠨᠢ᠄ ᠤᠷᠢᠬᠠᠨ            
 
ᠢᠷᠡᠯᠲᠡ᠄ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号