︽ᠠᠯᠠᠱᠠ ᠵᠡᠭᠦᠨ ᠬᠤᠰᠢᠭᠤᠨ ᠤ ︿ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ﹀ ᠠᠵᠤ | ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ ᠲᠥᠰᠦᠯ︾ ᠢ ᠬᠡᠪᠯᠡᠨ ᠨᠡᠶᠢᠲᠡᠯᠡᠬᠦ | ᠲᠤᠬᠠᠶ ᠠᠯᠠᠱᠠ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | ᠠᠯᠠᠱᠠ ᠵᠡᠭᠦᠨ ᠬᠤᠰᠢᠭᠤ ᠵᠠᠰᠠᠭ ᠠᠯᠪᠠᠨ ᠲᠠᠷᠬᠠᠭᠠᠭᠰᠠᠨ ︹ 2020 ︺ 83 ᠳ᠋ᠤᠭᠠᠷ ᠲᠣᠭᠠᠲᠤ | ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠰᠢᠭᠤᠨ ᠬᠠᠷᠢᠶ᠎ᠠ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠲᠤ᠄ | ︽ᠠᠯᠠᠱᠠ ᠵᠡᠭᠦᠨ ᠬᠤᠰᠢᠭᠤᠨ ᠤ ︿ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ﹀ ᠠᠵᠤ | ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ ᠲᠥᠰᠦᠯ︾ ᠢ ᠡᠳᠦᠭᠡ ᠬᠡᠪᠯᠡᠨ | ᠨᠡᠶᠢᠲᠡᠯᠡᠯ᠎ᠡ᠃ ᠪᠣᠳᠠᠲᠤ ᠨᠥᠬᠦᠴᠡᠯ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ | ᠬᠡᠷᠡᠭᠵᠢᠭᠦᠯᠲᠦᠭᠡᠶ᠃ | ᠬᠠᠪᠰᠤᠷᠤᠯᠲᠠ᠄ ︽ᠠᠯᠠᠱᠠ ᠵᠡᠭᠦᠨ ᠬᠤᠰᠢᠭᠤᠨ ᠤ ︿ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ | ᠶᠡᠬᠡᠲᠡᠢ﹀ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ ᠲᠥᠰᠦᠯ︾ | 2020 ᠣᠨ ᠤ 8 ᠰᠠᠷ᠎ᠠ ᠶᠢᠨ 24 ᠤ ᠡᠳᠦᠷ | ᠬᠠᠪᠰᠤᠷᠤᠯᠲᠠ | | ᠠᠯᠠᠱᠠ ᠵᠡᠭᠦᠨ ᠬᠤᠰᠢᠭᠤᠨ ᠤ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ | ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ ᠲᠥᠰᠦᠯ | | ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠶᠢ ᠵᠠᠪᠠᠯ ᠢᠯᠠᠨ ᠳᠠᠪᠠᠵᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ﹀ | ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ | ᠲᠥᠰᠦᠯ ᠢ ᠬᠡᠪᠯᠡᠨ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2019 | ︺ 9 ᠳ᠋ᠦ᠋ᠭᠡᠷ ᠲᠣᠭᠠᠲᠤ︶᠂ ︽ᠠᠯᠠᠱᠠ ᠠᠶᠢᠮᠠᠭ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠰᠢᠨ᠎ᠡ ᠨᠢᠭᠡ ᠡᠭᠡᠯᠵᠢ ᠶᠢᠨ ︿ᠲᠠᠷᠠᠬᠠᠶ ᠪᠤᠲᠠᠷᠬᠠᠶ | ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ﹀ ᠠᠵᠤ ᠠᠬᠤᠶᠢᠯᠠᠯ ᠢ ᠬᠥᠳᠡᠯᠦᠩᠭᠦᠶ ᠪᠠᠷ ᠨᠠᠷᠢᠪᠴᠢᠯᠠᠨ ᠪᠠᠶᠢᠴᠠᠭᠠᠬᠤ | ᠠᠵᠢᠯ ᠢ ᠥᠷᠨᠢᠭᠦᠯᠬᠦ ᠲᠤᠬᠠᠶ ᠮᠡᠳᠡᠭᠳᠡᠯ︾ ︵ᠠᠯᠠᠱᠠ ᠵᠠᠰᠠᠭ ᠠᠯᠪᠠᠨ ᠲᠠᠷᠬᠠᠭᠠᠭᠰᠠᠨ ︹ 2020 ︺ 11 | ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠨᠥᠬᠦᠴᠡᠯ | ᠪᠠᠶᠢᠳᠠᠯ ᠲᠠᠢ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠡᠭᠦᠷᠭᠡ ᠶᠢᠨ ᠬᠠᠷᠠᠯᠲᠠ᠃ ︽ᠬᠡᠨ ᠡᠷᠬᠢᠯᠡᠨ ᠬᠠᠮᠢᠶᠠᠷᠪᠠᠯ ᠲᠡᠷᠡ ᠬᠠᠷᠢᠭᠤᠴᠠᠬᠤ︾ ︽ᠬᠡᠨ | ᠵᠥᠪᠰᠢᠶᠡᠷᠡᠪᠡᠯ ᠬᠡᠨ ᠬᠠᠷᠢᠭᠤᠴᠠᠬᠤ︾ ︽ᠬᠡᠨ ᠬᠢᠨᠠᠨ ᠬᠠᠮᠢᠶᠠᠷᠪᠠᠯ ᠬᠡᠨ ᠬᠠᠷᠢᠭᠤᠴᠠᠬᠤ︾ ᠵᠢᠴᠢ ᠬᠠᠷᠢᠶ᠎ᠠ | ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠬᠠᠤᠯᠢ ᠲᠣᠭᠲᠠᠭᠠᠯ ᠶᠣᠰᠣᠭᠠᠷ ︽ᠲᠠᠷᠠᠬᠠᠶ ᠪᠤᠲᠠᠷᠬᠠᠶ | ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠨ᠎ᠠ᠃ ᠪᠥᠬᠦ | ᠬᠤᠰᠢᠭᠤᠨ ᠤ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠢ ᠪᠥᠬᠦ | ᠲᠠᠯ᠎ᠠ ᠪᠠᠷ ᠨᠠᠷᠢᠪᠴᠢᠯᠠᠨ ᠪᠠᠶᠢᠴᠠᠭᠠᠵᠤ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠠᠵᠢᠯ ᠤᠨ ᠡᠬᠡ ᠲᠠᠩᠰᠠ | ᠪᠠᠶᠢᠭᠤᠯᠤᠨ᠎ᠠ︔ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠳᠤ᠂ ᠲᠠᠰ | ᠳᠡᠪᠰᠢᠭᠦᠯᠦᠨ ᠥᠭᠡᠷᠡᠴᠢᠯᠡᠬᠦ᠂ ᠡᠮᠬᠢᠯᠡᠨ ᠨᠡᠶᠢᠯᠡᠭᠦᠯᠵᠦ ᠨᠡᠭᠦᠯᠭᠡᠬᠦ᠂ ᠬᠠᠭᠠᠵᠤ ᠵᠣᠭᠰᠣᠭᠠᠵᠤ ᠬᠦᠴᠦᠨ ᠦᠭᠡᠢ | ᠪᠣᠯᠭᠠᠬᠤ ᠠᠷᠭ᠎ᠠ ᠮᠠᠶ᠋ᠢᠭ ᠢᠶᠠᠷ ᠲᠥᠷᠥᠯ ᠬᠤᠪᠢᠶᠠᠨ ᠰᠢᠢᠳᠪᠦᠷᠢᠯᠡᠬᠦ ᠶᠢ ᠬᠡᠷᠡᠭᠵᠢᠭᠦᠯᠵᠦ᠂ 2020 ᠣᠨ ᠤ 9 | ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ︽ | ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ | ᠵᠠᠰᠠᠬᠤ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠲᠦᠷᠭᠡᠳᠬᠡᠬᠦ ᠶᠢ ᠱᠠᠯᠠᠪᠳᠠᠵᠤ᠂ ᠠᠵᠤ ᠠᠬᠤᠶᠢᠯᠠᠯ ᠤᠨ ᠠᠶᠠᠨᠳᠠᠭᠠᠨ ᠲᠤᠰᠬᠠᠢ ᠪᠠᠷᠢᠮᠵᠢᠶ᠎ᠠ ᠳᠤ ᠬᠦᠷᠴᠦ ᠪᠤᠬᠢᠷᠳᠤᠯ ᠢ | ᠭᠠᠳᠠᠭᠰᠢᠯᠠᠭᠤᠯᠬᠤ ᠶᠢ ᠠᠬᠢᠭᠤᠯᠵᠤ᠂ ᠪᠦᠬᠦ ᠬᠤᠰᠢᠭᠤᠨ ᠤ ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ | ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ | ︵ᠬᠤᠶᠠᠷ︶ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠤᠯ ᠶᠡᠬᠡᠲᠡᠢ︾ ᠠᠵᠤ ᠦᠢᠯᠡᠳᠪᠦᠷᠢ | ᠶᠢᠨ ᠠᠵᠤ ᠠᠬᠤᠶᠢᠯᠠᠯ ᠢ ᠢᠯᠭᠠᠨ ᠲᠤᠭᠲᠠᠭᠠᠨ᠎ᠠ᠃ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠤᠯ | ᠶᠡᠬᠡᠲᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠭᠡᠳᠡᠭ ᠨᠢ ᠠᠵᠤ ᠦᠢᠯᠡᠰ ᠤᠨ ᠲᠦᠷᠥ ᠶᠢᠨ ᠪᠣᠳᠤᠯᠭ᠎ᠠ | ᠳᠤ ᠨᠡᠶᠢᠴᠡᠬᠦ ᠦᠭᠡᠢ᠂ ᠲᠤᠰ ᠭᠠᠵᠠᠷ ᠤᠨ ᠠᠵᠤ ᠦᠢᠯᠡᠰ ᠤᠨ ᠪᠠᠶᠢᠷᠢᠰᠢᠭᠤᠯᠤᠯᠲᠠ ᠲᠦᠯᠦᠪᠵᠢᠭᠦᠯᠭᠡ ᠳᠤ ᠨᠡᠶᠢᠴᠡᠬᠦ | ᠦᠭᠡᠢ ᠪᠠ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ ᠤᠷᠤᠭᠰᠠᠨ ᠦᠭᠡᠢ ᠬᠡᠪᠴᠢᠶᠡᠵᠢᠯ ᠠᠴᠠ | ᠳᠤᠷᠤᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠤᠯᠣᠨ᠎ᠠ︔ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ᠂ ᠬᠦᠭᠵᠢᠭᠦᠯᠦᠯᠲᠡ ᠪᠠ ᠦᠭᠡᠷᠡᠴᠢᠯᠡᠯᠲᠡ᠂ ᠭᠠᠵᠠᠷ ᠰᠢᠷᠤᠢ᠂ ᠲᠥᠯᠥᠪᠵᠢᠭᠦᠯᠭᠡ᠂ ᠠᠮᠢ ᠠᠬᠤᠢ | ᠤᠷᠴᠢᠨ ᠲᠤᠭᠤᠷᠢᠨ᠂ ᠠᠵᠤ ᠦᠢᠯᠡᠳᠪᠦᠷᠢ ᠬᠤᠳᠠᠯᠳᠤᠭ᠎ᠠ᠂ ᠶᠡᠰᠦ ᠴᠢᠨᠠᠷ ᠲᠤ ᠮᠡᠷᠬᠡᠵᠢᠯ ᠤᠨ ᠬᠢᠨᠠᠯᠳᠠ ᠲᠠᠯᠪᠢᠬᠤ᠂ | ᠠᠶᠤᠯ ᠦᠬᠡᠢ ᠦᠢᠯᠡᠳᠪᠦᠷᠢᠯᠡᠯ ᠤᠨ ᠬᠢᠨᠠᠯᠳᠠ ᠬᠠᠮᠢᠶᠠᠷᠤᠯᠳᠠ᠂ ᠤᠰᠤᠨ ᠠᠰᠢᠭᠯᠠᠯᠲᠠ ᠵᠡᠷᠭᠡ ᠬᠠᠮᠢᠶ᠎ᠠ ᠪᠦᠬᠦᠢ | ᠬᠢᠨᠠᠨ ᠵᠦᠪᠰᠢᠶᠡᠷᠡᠭᠦᠯᠬᠦ ᠭᠠᠷᠳᠠᠮ ᠢ ᠭᠦᠢᠴᠡᠳᠭᠡᠭᠰᠡᠨ ᠦᠭᠡᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠣᠨ᠎ᠠ | ︔ ᠪᠤᠬᠢᠷᠳᠦᠯ ᠢ ᠵᠠᠰᠠᠬᠤ ᠪᠡᠯᠡᠳᠭᠡᠮᠵᠢ ᠶᠢ ᠬᠠᠤᠯᠢ ᠶᠤᠰᠤᠭᠠᠷ ᠤᠭᠰᠠᠷᠠᠬᠤ ᠴᠢᠬᠤᠯᠠ ᠲᠠᠢ ᠪᠠᠶᠢᠳᠠᠯ᠎ᠠ ᠤᠭᠰᠠᠷᠠᠭᠰᠠᠨ | ᠦᠭᠡᠢ ᠪᠤᠶᠤ ᠪᠤᠬᠢᠷᠳᠤᠯ ᠢ ᠵᠠᠰᠠᠬᠤ ᠪᠡᠯᠡᠳᠭᠡᠮᠵᠢ ᠨᠢ ᠪᠦᠷᠢᠨ ᠲᠡᠭᠦᠯᠳᠡᠷ ᠪᠤᠰᠤ ᠪᠠᠶᠢᠵᠤ᠂ ᠭᠠᠷᠭᠠᠭᠰᠠᠨ ᠪᠤᠬᠢᠷᠳᠤᠯ | ᠪᠤᠳᠠᠰ ᠢ ᠪᠦᠲᠦᠮᠵᠢᠲᠡᠢ ᠪᠠᠷ ᠴᠤᠭᠯᠠᠭᠤᠯᠵᠤ ᠳᠡᠶᠢᠯᠬᠦ ᠦᠭᠡᠢ᠂ ᠵᠤᠬᠢᠶᠠᠨ ᠪᠠᠶᠢᠭᠤᠯᠤᠯᠲᠠ ᠦᠭᠡᠢ ᠪᠠᠷ ᠪᠤᠬᠢᠷᠳᠤᠯ ᠢ | ᠬᠦᠨᠳᠦ ᠨᠤᠴᠢᠲᠠᠢ ᠭᠠᠳᠠᠭᠰᠢᠯᠠᠭᠤᠯᠤᠭᠰᠠᠨ ᠪᠠ ᠪᠤᠬᠢᠷᠳᠤᠯ ᠢ ᠰᠡᠷᠭᠡᠶᠢᠯᠡᠨ ᠵᠠᠰᠠᠬᠤ ᠪᠡᠯᠡᠳᠭᠡᠮᠵᠢ ᠨᠢ ᠪᠤᠬᠢᠷᠳᠤᠯ | ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠬᠦ ᠴᠢᠳᠠᠪᠤᠷᠢ ᠶᠢ ᠪᠦᠷᠢᠯᠳᠦᠭᠦᠯᠦᠭᠰᠡᠨ ᠦᠭᠡᠢ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠳ ᠢ ᠵᠢᠭᠠᠵᠤ ᠪᠤᠢ᠃ | ᠬᠤᠶᠠᠷ᠂ ᠦᠨᠳᠦᠰᠦᠨ ᠵᠠᠷᠴᠢᠮ | ︵ᠨᠢᠭᠡ︶ ᠬᠠᠤᠯᠢ ᠴᠠᠭᠠᠵᠠ ᠬᠠᠤᠯᠢ ᠲᠤᠭᠲᠠᠭᠠᠯ ᠶᠤᠰᠤᠭᠠᠷ ᠠᠵᠢᠯᠯᠠᠵᠤ᠂ ᠪᠤᠳᠠᠳᠤ ᠦᠷ᠎ᠡ ᠪᠦᠲᠦᠮᠵᠢ ᠶᠢ | ᠠᠩᠬᠠᠷᠤᠨ ᠴᠢᠬᠤᠯᠠᠴᠢᠯᠠᠨ᠎ᠠ᠃ ᠦᠢᠯᠡᠳᠪᠦᠷᠢᠯᠡᠵᠦ ᠡᠵᠡᠩᠨᠡᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠦᠨᠡᠨ | ᠬᠦ ᠬᠠᠮᠠᠭᠠᠯᠠᠵᠤ᠂ ᠠᠷᠠᠳ ᠤᠯᠠᠨ ᠤ ᠬᠡᠪ ᠤᠨ ᠠᠮᠢᠳᠤᠷᠠᠯ ᠢ ᠪᠠᠲᠤᠯᠠᠨ᠂ ᠳᠦᠭᠦᠮ ᠪᠦᠳᠦᠭᠦᠯᠢᠭ ᠢᠶᠠᠷ ᠨᠢᠭᠡ ᠯᠠ | ᠪᠠᠷᠢᠮᠵᠢᠶ᠎ᠠ ᠪᠠᠷ ᠰᠢᠢᠳᠪᠦᠷᠢᠯᠡᠬᠦ ᠶᠢ ᠬᠤᠷᠢᠭᠯᠠᠵᠤ᠂ ᠰᠤᠳᠤᠯᠬᠤ ᠦᠭᠡᠢ ᠵᠠᠰᠠᠬᠤ ᠦᠭᠡᠢ ᠪᠠᠶᠢᠬᠤ ᠪᠠ ︽ | ᠵᠣᠭᠰᠤᠭᠠᠬᠤ ᠪᠠᠷ ᠵᠠᠰᠠᠬᠤ ᠶᠢ ᠤᠷᠤᠯᠠᠭᠤᠯᠬᠤ︾ ︽ᠵᠤᠭᠰᠤᠭᠠᠬᠤ ᠪᠠᠷ ᠬᠠᠮᠢᠶᠠᠷᠬᠤ ᠶᠢ ᠤᠷᠤᠯᠠᠭᠤᠯᠬᠤ︾ ᠵᠡᠷᠭᠡ | ᠠᠯᠪᠠ ᠬᠠᠰᠢᠬᠤ ᠬᠢᠳᠡᠯ ᠢ ᠡᠷᠡᠰ ᠡᠰᠡᠷᠭᠦᠴᠡᠨ᠎ᠡ᠃ ᠮᠡᠷᠭᠡᠵᠢᠯ ᠢ ᠳᠡᠰ ᠳᠡᠪᠰᠢᠭᠦᠯᠬᠦ᠂ ᠭᠠᠷᠳᠠᠮ ᠢ ᠪᠦᠷᠢᠳᠦᠭᠦᠯᠬᠦ᠂ | ᠨᠡᠭᠦᠯᠭᠡᠬᠦ ᠵᠡᠷᠭᠡ ᠠᠷᠭ᠎ᠠ ᠠᠪᠴᠢᠯ ᠢᠶᠠᠷ ᠳᠠᠮᠵᠢᠭᠤᠯᠵᠣ᠂ ᠴᠢᠬᠤᠯᠠ ᠶᠡᠭᠡ ᠠᠷᠠᠳ ᠤᠨ ᠠᠮᠢᠳᠤᠷᠠᠯ ᠳᠤ | ᠬᠤᠯᠪᠤᠭᠳᠠᠭᠰᠠᠨ᠂ ᠵᠠᠬ᠎ᠠ ᠳᠡᠯᠭᠡᠭᠦᠷ ᠤᠨ ᠦᠷ᠎ᠡ ᠠᠰᠢᠭ ᠪᠤᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠡᠭᠦᠳᠦᠯᠳᠡ ᠲᠠᠢ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠭᠤᠣᠯᠳᠠᠯᠭ᠎ᠠ ᠲᠠᠢ ᠬᠠᠪᠰᠤᠷᠤᠨ ᠳᠡᠳᠭᠦᠵᠦ | ᠪᠠᠶᠢᠭᠠᠳ ᠪᠤᠵᠠᠭᠠᠶᠢᠷᠠᠭᠤᠯᠤᠨ ᠬᠦᠴᠦᠷᠬᠡᠭᠵᠢᠭᠦᠯᠵᠣ᠂ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠤᠯ | ᠶᠡᠬᠡᠲᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠵᠤ ᠵᠠᠰᠠᠬᠤ ᠲᠤᠰᠬᠠᠢ | ᠠᠵᠢᠯᠯᠠᠭᠠᠨ ᠢ ᠬᠠᠤᠯᠢ ᠲᠣᠭᠲᠠᠭᠠᠯ ᠶᠤᠰᠤᠭᠠᠷ ᠲᠥᠯᠬᠢᠨ ᠠᠬᠢᠭᠤᠯᠤᠨ᠎ᠠ᠃ ︵ᠬᠤᠶᠠᠷ︶ ᠲᠥᠷᠥᠯ ᠬᠤᠪᠢᠶᠠᠨ | ᠰᠢᠢᠳᠪᠦᠷᠢᠯᠡᠵᠤ᠂ ᠲᠦᠷᠦ ᠶᠢᠨ ᠪᠣᠳᠣᠯᠭ᠎ᠠ ᠶᠢ ᠲᠦᠢᠯ ᠤᠨ ᠣᠨᠤᠪᠴᠢᠲᠠᠢ ᠪᠠᠷ ᠬᠡᠷᠡᠭᠵᠢᠭᠦᠯᠦᠨ᠎ᠡ᠃ ᠡᠯ᠎ᠡ ᠠᠶᠢᠮᠠᠭ | ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠨᠢ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ | ᠦᠭᠡᠢ ᠪᠤᠬᠢᠷᠳᠤᠯ ᠶᠡᠬᠡᠲᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠴᠡᠭᠴᠡᠯᠡᠨ ᠵᠠᠰᠠᠬᠤ ᠠᠵᠢᠯ ᠳᠤ᠂ | ᠢᠯᠭᠠᠨ ᠲᠣᠭᠲᠠᠭᠠᠭᠰᠠᠨ ᠪᠠᠷᠢᠮᠵᠢᠶ᠎ᠠ ᠶᠢ ᠴᠢᠩᠭ᠎ᠠ ᠵᠢᠷᠤᠮᠯᠠᠵᠣ᠂ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ ᠪᠤᠰᠤ | ᠠᠵᠢᠯ ᠲᠥᠷᠥᠯ ᠤᠨ ᠪᠤᠬᠢᠷᠳᠤᠯ ᠪᠤᠳᠠᠰ ᠭᠠᠳᠠᠭᠰᠢᠯᠠᠭᠤᠯᠬᠤ ᠤᠨᠴᠠᠯᠢᠭ ᠪᠤᠯᠤᠨ ᠤᠷᠤᠨ ᠪᠦᠰᠡ ᠶᠢᠨ ᠤᠷᠴᠢᠨ | ᠲᠤᠭᠤᠷᠢᠨ ᠤ ᠬᠠᠮᠢᠶᠠᠷᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠰᠤᠳᠤᠯᠵᠣ ᠮᠠᠭᠠᠳᠯᠠᠨ᠂ ︽ᠲᠠᠷᠠᠬᠠᠢ | ᠪᠤᠲᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠤᠯ ᠶᠡᠬᠡᠲᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ | ᠰᠢᠨᠵᠢᠯᠡᠬᠦ ᠤᠬᠠᠭᠠᠨᠴᠢ ᠪᠠᠷ ᠢᠯᠭᠠᠨ ᠲᠤᠭᠲᠠᠭᠠᠬᠤ ᠬᠡᠷᠡᠭᠲᠡᠢ᠃ ︽ᠳᠡᠰ ᠳᠡᠪᠰᠢᠭᠦᠯᠦᠨ ᠦᠭᠡᠷᠡᠴᠢᠯᠡᠨ ᠰᠢᠨᠡᠳᠭᠡᠬᠦ᠂ | ᠡᠮᠬᠢᠯᠡᠨ ᠨᠡᠶᠢᠯᠡᠭᠦᠯᠵᠣ ᠨᠡᠭᠦᠯᠭᠡᠬᠦ᠂ ᠡᠭᠦᠳᠡ ᠶᠢ ᠨᠢ ᠬᠠᠭᠠᠵᠤ ᠦᠢᠯᠡᠳᠪᠦᠷᠢᠯᠡᠬᠦ ᠶᠢ ᠨᠢ ᠵᠣᠭᠰᠣᠭᠠᠬᠤ︾ ᠭᠤᠷᠪᠠᠨ | ᠠᠷᠭ᠎ᠠ ᠬᠡᠯᠪᠡᠷᠢ ᠪᠠᠷ ︽ᠳᠡᠰ ᠳᠡᠪᠰᠢᠭᠦᠯᠬᠦ ᠳᠤ ᠪᠠᠷᠢᠮᠲᠠᠯᠠᠬᠤ ᠪᠠᠷᠢᠮᠵᠢᠶ᠎ᠠ ᠲᠠᠢ᠂ ᠨᠡᠭᠦᠯᠭᠡᠬᠦ ᠠᠴᠠ ᠨᠡᠭᠦᠭᠦ ᠭᠠᠵᠠᠷ | ᠲᠠᠢ᠂ ᠡᠷᠡᠰ ᠰᠢᠭᠤᠷᠬᠠᠢ ᠪᠠᠷ ᠡᠭᠦᠳᠡ ᠶᠢ ᠨᠢ ᠬᠠᠭᠠᠵᠤ ᠦᠢᠯᠡᠳᠪᠦᠷᠢᠯᠡᠬᠦ ᠶᠢ ᠨᠢ ᠵᠣᠭᠰᠣᠭᠠᠬᠤ︾ ᠬᠡᠷᠡᠭᠲᠡᠢ᠃ ︵ | ᠭᠤᠷᠪᠠ︶ ᠬᠠᠷᠢᠭᠤᠴᠠᠯᠭ᠎ᠠ ᠶᠢ ᠳᠣᠳᠤᠷᠬᠠᠶᠢᠯᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ ᠪᠣᠯ ᠲᠤᠰ ᠤᠳᠠᠭᠠᠨ ᠤ ᠳᠤᠰᠬᠠᠢ ᠠᠵᠢᠯᠯᠠᠭᠠᠨ ᠤ | ᠬᠡᠷᠡᠭᠵᠢᠭᠦᠯᠬᠦ ᠭᠤᠣᠯ ᠴᠤᠭᠴᠠ ᠪᠠᠶᠢᠵᠤ᠂ ᠤᠷᠤᠨ ᠪᠦᠰᠡ ᠶᠢᠨ ᠬᠡᠪᠴᠢᠶᠡᠨ ᠳᠠᠬᠢ ︽ᠲᠠᠷᠠᠬᠠᠢ ᠪᠤᠲᠠᠷᠬᠠᠢ ᠡᠮᠬᠢ | ᠵᠠᠮᠪᠠᠷᠠᠭ᠎ᠠ ᠦᠭᠡᠢ ᠪᠤᠬᠢᠷᠳᠤᠯ ᠶᠡᠬᠡᠲᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠢᠶᠠᠨ ᠦᠨᠡᠨ ᠪᠠᠶᠢᠳᠠᠯ ᠢ | ᠲᠤᠳᠤᠷᠬᠠᠢ ᠣᠶᠢᠯᠠᠭᠠᠵᠣ᠂ ᠲᠤᠰ ᠵᠠᠰᠠᠭ ᠵᠠᠬᠢᠷᠭᠠᠨ ᠤ ᠬᠡᠪᠴᠢᠶᠡᠨ ᠳᠠᠬᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠠᠵᠢᠯ ᠤᠨ ᠵᠤᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ ᠶᠢ ᠬᠠᠷᠢᠭᠤᠴᠠᠬᠤ ᠬᠡᠷᠡᠭᠲᠡᠢ᠃ ᠦᠪᠡᠷᠲᠡᠭᠡᠨ | ᠵᠠᠰᠠᠬᠤ ᠤᠷᠤᠨ ᠤ ᠡᠯ᠎ᠡ ᠬᠤᠯᠪᠤᠭᠳᠠᠯ ᠪᠦᠬᠦᠢ ᠬᠠᠷᠢᠭᠤᠴᠠᠯᠭᠠᠳᠤ ᠨᠢᠭᠡᠴᠢ ᠨᠢ ᠬᠤᠷᠰᠢᠨ ᠬᠦᠳᠡᠯᠦᠯᠴᠡᠬᠦ ᠪᠠᠨ | ᠴᠢᠩᠭᠠᠷᠠᠭᠤᠯᠤᠨ᠂ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠣ᠂ ᠡᠯ᠎ᠡ ᠠᠶᠢᠮᠠᠭ ᠬᠤᠲᠠ ᠳᠤ ᠰᠢᠮᠳᠠᠭᠤᠯᠤᠨ | ᠵᠢᠯᠣᠭᠤᠳᠬᠤ ᠶᠢ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠣ᠂ ︽ᠲᠠᠷᠠᠬᠠᠢ ᠪᠤᠲᠠᠷᠬᠠᠢ | ᠡᠮᠬᠢ ᠵᠠᠮᠪᠠᠷᠠᠭ᠎ᠠ ᠦᠭᠡᠢ ᠪᠤᠬᠢᠷᠳᠤᠯ ᠶᠡᠬᠡᠲᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠴᠡᠭᠴᠡᠯᠡᠨ ᠵᠠᠰᠠᠬᠤ | ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠢ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ︵ᠨᠢᠭᠡ︶ ᠤᠳᠤᠷᠢᠳᠬᠤ ᠳᠤᠭᠤᠶᠢᠯᠠᠩ ᠪᠠᠶᠢᠭᠤᠯᠤᠨ᠎ᠠ | ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠤᠨ ᠶᠡᠷᠦᠩᠬᠡᠶᠢᠯᠡᠨ | ᠴᠡᠭᠴᠡᠯᠡᠨ ᠵᠠᠰᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠠᠯᠠᠱᠠ ᠵᠡᠭᠦᠨ | ᠬᠤᠰᠢᠭᠤᠨ ᠤ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠤᠨ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ | ᠳᠤᠭᠤᠶᠢᠯᠠᠩ ᠤᠨ ᠳᠠᠷᠤᠭ᠎ᠠ᠄ ᠭᠧ ᠮᠢᠩ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠪᠠᠭᠠᠨ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠬᠤᠰᠢᠭᠤᠨ ᠤ ᠪᠠᠶᠢᠩᠭᠤ ᠶᠢᠨ ᠶᠠᠪᠤᠳᠠᠯ ᠤᠨ ᠳᠡᠳ᠋ ᠳᠠᠷᠤᠭ᠎ᠠ | ᠴᠧᠨ ᠯᠢ ᠵᠢᠶᠧ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ | ᠳᠡᠳ᠋ ᠳᠠᠷᠤᠭ᠎ᠠ | ᠺᠦᠩ ᠰᠢᠶᠠᠩ ᠿᠦ᠋ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠬᠤᠰᠢᠭᠤᠨ ᠤ ᠳᠡᠳ᠋ ᠳᠠᠷᠤᠭ᠎ᠠ | ᠲᠢᠶᠠᠨ ᠰᠢᠤᠸᠠᠢ ᠮᠢᠩ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠴᠧᠨ ᠱᠤᠤ ᠶᠦᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ | ᠪᠦᠦ ᠵᠢᠶᠦ᠋ᠨ ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ | ᠶᠠᠨ ᠭᠦᠸᠧ ᠴᠢᠩ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ | ᠪᠦᠷᠢᠯᠳᠦᠬᠦᠨ᠄ ᠴᠡᠩᠭᠡᠯᠳᠦ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠤᠨ ᠳᠡᠳ᠋ ᠳᠠᠷᠤᠭ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢ ᠣᠷᠣᠯᠠᠨ ᠬᠠᠮᠢᠶᠠᠷᠬᠤ ᠠᠵᠢᠯ | ᠸᠠᠩ ᡁᠢ ᠿᠦ᠋ ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶᠠᠨ ᠤ | ᠳᠠᠷᠤᠭ᠎ᠠ | ᠲᠢᠶᠠᠨ ᠴᠢᠩ ᠱᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠯᠢ ᠪᠢᠩ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶᠠᠨ ᠤ ᠳᠠᠷᠤᠭ᠎ᠠ | ᠵᠠᠩ ᠶᠦᠩ ᠿᠧᠨ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠼᠤᠤ ᠮᠢᠩ ᠬᠠᠶ ᠬᠤᠰᠢᠭᠤᠨ ᠤ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ | ᠲᠣᠪᠴᠢᠶᠠᠨ ᠤ ᠳᠠᠷᠤᠭ᠎ᠠ | ᠸᠠᠩ ᠡᠾᠦ᠋ᠩ ᠳ᠋ᠧ ᠬᠤᠰᠢᠭᠤᠨ ᠤ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ | ᠵᠧᠤ ᠶᠦᠩ ᠮᠢᠩ ᠬᠤᠰᠢᠭᠤᠨ ᠤ ᠰᠢᠨᠵᠢᠯᠡᠬᠦ ᠤᠬᠠᠭᠠᠨ ᠣᠢ ᠰᠢᠭᠤᠢ ᠡᠪᠡᠰᠦ ᠪᠡᠯᠴᠢᠭᠡᠷ ᠤᠨ | ᠲᠣᠪᠴᠢᠶᠠᠨ ᠤ ᠳᠠᠷᠤᠭ᠎ᠠ | ᠯᠢᠦ ᠵᠠᠨ ᠵᠢᠶᠦ᠋ᠨ ᠬᠤᠲᠠ ᠶᠢᠨ ᠬᠢᠨᠠᠨ ᠬᠠᠮᠢᠶᠠᠷᠬᠤ ᠲᠣᠪᠴᠢᠶᠠᠨ ᠤ ᠳᠠᠷᠤᠭ᠎ᠠ | ᠸᠠᠩ ᠭᠠᠩ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠢ ᠶᠢᠨ ᠬᠠᠮᠢᠶᠠᠷᠤᠯᠲᠠ ᠶᠢᠨ | ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ | ᠸᠧᠶ ᠰᠦᠬᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ | ᠲᠢᠶᠠᠨ ᠸᠧᠨ ᠵᠦᠩ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶᠠᠨ ᠤ ᠳᠡᠳ᠋ ᠳᠠᠷᠤᠭ᠎ᠠ | ᠳᠠᠩ ᠰᠢᠨ ᠯᠦᠩ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶᠠᠨ ᠤ ᠳᠡᠳ᠋ ᠳᠠᠷᠤᠭ᠎ᠠ | ᠳᠠᠩ ᠰᠢ ᠿᠦᠩ ᠬᠤᠲᠠ ᠶᠢᠨ ᠤᠰᠤ ᠬᠠᠩᠭᠠᠬᠤ ᠤᠰᠤ ᠵᠠᠯᠠᠬᠤ ᠺᠣᠮᠫᠠᠨᠢ ᠶᠢᠨ ᠳᠠᠭᠠᠭᠠᠮᠠᠯ | ᠭᠦᠸᠧ ᠵᠦᠩ ᠪᠠᠶᠠᠨᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠳᠠᠷᠤᠭ᠎ᠠ | ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠠᠯᠪᠠᠨ ᠭᠡᠷ ᠤᠨ ᠭᠤᠤᠯ | ᠬᠠᠷᠢᠭᠤᠴᠠᠯᠭᠠᠲᠠᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ ᠳᠤ ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠸᠠᠩ ᡁᠢ ᠿᠦ᠋ ᠨᠥᠬᠦᠷ | ᠬᠠᠪᠰᠤᠷᠭᠠᠨ ᠬᠠᠷᠭᠤᠴᠠᠨ᠎ᠠ᠃ ᠠᠯᠪᠠᠨ ᠬᠡᠷ ᠨᠢ ᠭᠤᠤᠯᠳᠠᠭᠤ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ | ᠶᠡᠬᠡᠲᠡᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠪᠣᠳᠠᠲᠠᠶ ᠠᠬᠢᠭᠤᠯᠬᠤ᠂ | ᠵᠣᠬᠢᠴᠠᠭᠤᠯᠤᠨ ᠰᠢᠢᠳᠪᠦᠷᠢᠯᠡᠬᠦ ᠠᠵᠢᠯ ᠤᠨ ᠳᠤᠮᠳᠠ ᠣᠷᠣᠰᠢᠵᠤ ᠪᠠᠶᠢᠭ᠎ᠠ ᠨᠢᠭᠡᠴᠢ ᠶᠢᠨ ᠠᠰᠠᠭᠤᠳᠠᠯ ᠵᠢᠴᠢ ᠬᠠᠮᠢᠶ᠎ᠠ | ᠪᠥᠬᠦᠶ ᠪᠢᠴᠢᠭ ᠮᠠᠲ᠋ᠧᠷᠢᠶᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠬᠠᠷᠢᠭᠤᠴᠠᠨ᠎ᠠ᠃ | ︵ᠬᠤᠶᠠᠷ︶ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠲᠣᠰ ᠤᠳᠠᠭᠠᠨ ᠤ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠠᠮᠢ ᠠᠬᠤᠶ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ ᠠᠴᠠ ᠤᠳᠤᠷᠢᠳᠤᠨ ᠵᠣᠬᠢᠴᠠᠭᠤᠯᠵᠤ᠂ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ᠂ ᠬᠤᠯᠪᠣᠭᠳᠠᠬᠤ ᠨᠢᠭᠡᠴᠢ ᠬᠠᠮᠵᠢᠯᠴᠠᠨ᠎ᠠ᠃ ᠡᠯ᠎ᠡ ᠨᠢᠭᠡᠴᠢ 2020 ᠣᠨ ᠤ 8 ᠰᠠᠷ᠎ᠠ ᠶᠢᠨ | 26 ᠤ ᠡᠳᠦᠷ ᠤᠨ 12 ᠴᠠᠭ ᠠᠴᠠ ᠡᠮᠦᠨ᠎ᠡ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠬᠠᠷᠢᠭᠤᠴᠠᠯᠭᠠᠲᠠᠨ | ᠪᠠ ᠬᠠᠷᠢᠯᠴᠠᠬᠤ ᠬᠥᠮᠥᠨ ᠤ ᠨᠡᠷᠡᠰ ᠢᠶᠠᠨ ᠮᠡᠳᠡᠭᠦᠯᠬᠦ ᠬᠡᠷᠡᠭᠲᠡᠢ ︵ᠬᠠᠷᠢᠯᠴᠠᠬᠤ ᠬᠥᠮᠦᠨ᠄ ᠵᠣᠣ ᠰᠢᠶᠤᠤ ᠴᠧᠩ︔ | ᠬᠠᠷᠢᠯᠴᠠᠬᠤ ᠤᠲᠠᠰᠤ᠄ 13948053580︔ ᠢᠮᠧᠯ᠄ azqhjbhj@163.com︶᠃ | ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠨᠢ ᠪᠠᠷᠢᠮᠵᠢᠶ᠎ᠠ ᠳᠤ ᠬᠦᠷᠭᠡᠬᠦ ᠪᠣᠯᠣᠯᠴᠠᠭ᠎ᠠ | ᠥᠬᠡᠶ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠣᠷᠳᠣ ᠬᠤᠭᠤᠴᠠᠭ᠎ᠠ ᠪᠠᠷ ᠪᠣᠬᠢᠷᠲᠤᠭᠤᠯᠤᠭᠰᠠᠨ ︽ᠲᠠᠷᠠᠬᠠᠶ | ᠪᠤᠲᠠᠷᠬᠠᠶ ᠡᠷᠦᠶ ᠬᠤᠷᠤᠶ ᠥᠬᠡᠶ ᠪᠣᠬᠢᠷᠲᠤᠯ︾ ᠠᠵᠤ ᠠᠬᠤᠶᠢᠯᠠᠯ ᠢ ᠨᠠᠷᠢᠪᠴᠢᠯᠠᠨ ᠪᠠᠶᠢᠴᠠᠭᠠᠵᠤ ᠵᠠᠰᠠᠬᠤ ᠶᠢ | ᠬᠠᠷᠢᠭᠤᠴᠠᠨ᠎ᠠ︔ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠢ ᠠᠵᠤ ᠠᠬᠤᠶᠢᠯᠠᠯ ᠤᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ᠂ ᠦᠢᠯᠡᠳᠪᠦᠷᠢᠯᠡᠯ ᠤᠨ ᠲᠣᠨᠤᠭ ᠲᠥᠬᠦᠭᠡᠷᠦᠮᠵᠢ᠂ ᠦᠢᠯᠡᠳᠪᠦᠷᠢᠯᠡᠬᠦ ᠴᠢᠳᠠᠪᠤᠷᠢ | ᠵᠡᠷᠭᠡ ᠶᠢ ᠴᠢᠩᠭ᠎ᠠ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ | ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠳᠤ ᠨᠡᠶᠢᠴᠡᠬᠦ ᠥᠬᠡᠶ ᠠᠵᠤ ᠠᠬᠤᠶᠢᠯᠠᠯ ᠢ ᠨᠠᠷᠢᠪᠴᠢᠯᠠᠨ ᠪᠠᠶᠢᠴᠠᠭᠠᠨ᠎ᠠ︔ | | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠠᠵᠤ ᠦᠢᠯᠡᠰ ᠤᠨ ᠪᠠᠶᠢᠷᠢᠰᠢᠭᠤᠯᠤᠯᠲᠠ ᠶᠢᠨ | ᠲᠥᠯᠥᠪᠵᠢᠭᠦᠯᠪᠡ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠲᠥᠯᠥᠪᠵᠢᠭᠦᠯᠭᠡ ᠳᠤ ᠨᠡᠶᠢᠴᠡᠬᠦ ᠦᠭᠡᠢ ᠠᠵᠤ | ᠠᠬᠤᠶᠢᠯᠠᠯ ᠢ ᠨᠠᠷᠢᠪᠴᠢᠯᠠᠨ ᠨᠠᠷᠢᠪᠴᠢᠯᠠᠨ ᠪᠠᠶᠢᠴᠠᠭᠠᠨ᠎ᠠ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ | ᠶᠡᠬᠡᠲᠡᠢ︾ ᠠᠵᠤ ᠠᠬᠤᠶᠢᠯᠠᠯ ᠤᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠭᠠᠷᠳᠠᠮ ᠢ ᠨᠠᠷᠢᠪᠴᠢᠯᠠᠨ ᠪᠠᠶᠢᠴᠠᠭᠠᠵᠤ | ᠂ ᠬᠠᠤᠯᠢ ᠶᠢ ᠵᠥᠷᠢᠴᠡᠨ ᠭᠠᠵᠠᠷ ᠬᠡᠷᠡᠭᠯᠡᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ︔ ᠬᠤᠲᠠ | ᠬᠥᠳᠡᠭᠡ ᠶᠢᠨ ᠲᠥᠯᠥᠪᠵᠢᠭᠦᠯᠭᠡ ᠳᠤ ᠨᠡᠶᠢᠴᠡᠬᠦ ᠦᠭᠡᠢ ᠠᠵᠤ ᠠᠬᠤᠶᠢᠯᠠᠯ ᠢ ᠨᠠᠷᠢᠪᠴᠢᠯᠠᠨ ᠪᠠᠶᠢᠴᠠᠭᠠᠨ᠎ᠠ︔ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠲᠣᠭᠲᠠᠭᠠᠯ ᠶᠣᠰᠣᠭᠠᠷ ︽ᠲᠠᠷᠠᠬᠠᠶ | ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠲᠠᠢ ᠠᠵᠤ ᠠᠬᠤᠶᠢᠯᠠᠯ ᠤᠨ ᠳᠠᠩᠰᠠᠯᠠᠯ ᠢ ᠬᠤᠪᠢᠷᠠᠭᠤᠯᠬᠤ ᠪᠤᠶᠤ | ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠶᠢ ᠬᠠᠷᠢᠭᠤᠴᠠᠵᠤ᠂ | ᠦᠢᠯᠡᠳᠬᠦᠨ ᠤ ᠴᠢᠨᠠᠷ ᠴᠢᠨᠰᠠᠭ᠎ᠠ ᠳᠤ ᠴᠢᠩᠭ᠎ᠠ ᠬᠢᠨᠠᠯᠲᠠ ᠬᠠᠮᠢᠶᠠᠷᠤᠯᠲᠠ ᠶᠠᠪᠤᠭᠤᠯᠵᠤ᠂ ᠦᠢᠯᠡᠳᠬᠦᠨ ᠤ ᠴᠢᠨᠠᠷ | ᠴᠢᠨᠰᠠᠭ᠎ᠠ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠠᠵᠤ ᠠᠬᠤᠶᠢᠯᠠᠯ ᠤᠨ ᠠᠶᠤᠯᠭᠦᠶ | ᠦᠢᠯᠡᠳᠪᠦᠷᠢᠯᠡᠯ ᠤᠨ ᠪᠠᠶᠢᠳᠠᠯ ᠢ ᠴᠢᠩᠬ᠎ᠠ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠦᠢᠯᠡᠳᠪᠦᠷᠢᠯᠡᠯ ᠤᠨ ᠠᠮᠤᠷ | ᠲᠦᠪᠰᠢᠨ ᠤ ᠬᠦᠨᠳᠦ ᠶᠡᠭᠡ ᠬᠡᠮ ᠰᠣᠭᠤᠭ ᠣᠷᠣᠰᠢᠵᠤ ᠪᠠᠶᠢᠬᠤ ᠵᠢᠴᠢ ᠬᠠᠤᠯᠢ ᠲᠣᠭᠲᠠᠭᠠᠯ ᠢ ᠵᠥᠷᠢᠴᠡᠭᠰᠡᠨ | ᠠᠰᠠᠭᠤᠳᠠᠯ ᠣᠷᠣᠰᠢᠵᠤ ᠪᠠᠶᠢᠪᠠᠯ᠂ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ | ᠴᠢᠩᠭ᠎ᠠ ᠪᠠᠶᠢᠴᠠᠭᠠᠨ ᠰᠢᠢᠳᠪᠦᠷᠢᠯᠡᠨ᠎ᠡ︔ | ᠤᠰᠤᠨ ᠤ ᠶᠠᠪᠤᠳᠠᠯ ᠤᠨ ᠲᠣᠪᠴᠢᠶ᠎ᠠ ᠨᠢ ᠠᠵᠤ ᠠᠬᠤᠶᠢᠯᠠᠯ ᠤᠨ ᠤᠰᠤ ᠠᠪᠤᠭᠰᠠᠨ ᠪᠠᠶᠢᠳᠠᠯ ᠢ ᠴᠢᠩᠬ᠎ᠠ | ᠪᠠᠶᠢᠴᠠᠭᠠᠨ ᠬᠠᠤᠯᠢ ᠪᠤᠰᠤ ᠥᠪᠡᠷ ᠢᠶᠠᠨ ᠪᠡᠯᠡᠳᠬᠡᠭᠰᠡᠨ ᠬᠤᠳᠳᠤᠭ ᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠬᠦ ᠶᠢ ᠬᠠᠷᠢᠭᠤᠴᠠᠨ᠎ᠠ᠃ ᠨᠢᠭᠡᠨᠲᠡ ᠬᠠᠭᠠᠵᠤ ᠵᠣᠭᠰᠣᠭᠠᠵᠤ ᠬᠦᠴᠦᠨ ᠥᠬᠡᠶ ᠪᠣᠯᠭᠠᠭᠰᠠᠨ ᠠᠵᠤ | ᠠᠬᠤᠶᠢᠯᠠᠯ ᠤᠨ ᠤᠰᠤ ᠠᠪᠬᠤ ᠵᠥᠪᠰᠢᠶᠡᠷᠡᠯ ᠤᠨ ᠦᠨᠡᠮᠯᠡᠯ ᠢ ᠬᠦᠴᠦᠨ ᠥᠬᠡᠶ ᠪᠣᠯᠭᠠᠵᠤ᠂ ᠲᠣᠰ ᠠᠵᠤ | ᠠᠬᠤᠶᠢᠯᠠᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠤᠤᠯ ᠪᠠᠶᠢᠳᠠᠯ ᠢ ᠨᠢ ᠰᠡᠷᠭᠦᠭᠡᠯᠭᠡᠨ᠎ᠡ︔ | ᠰᠢᠨᠵᠢᠯᠡᠬᠦ ᠤᠬᠠᠭᠠᠨ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠮᠠᠯᠵᠢᠬᠤ ᠲᠠᠷᠢᠶᠠᠯᠠᠬᠤ ᠣᠷᠣᠨ ᠤ | ᠠᠮᠢ ᠠᠬᠤᠢ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ | ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠤᠨ ᠣᠶ ᠰᠢᠭᠤᠶ ᠡᠪᠡᠰᠦ | ᠪᠡᠯᠴᠢᠭᠡᠷ᠂ ᠡᠪᠡᠰᠦᠲᠦ ᠭᠠᠵᠠᠷ ᠢ ᠲᠠᠲᠠᠪᠤᠷᠢᠯᠠᠨ ᠡᠵᠡᠯᠡᠵᠦ ᠬᠡᠷᠡᠭᠯᠡᠭᠰᠡᠨ ᠪᠠᠶᠢᠳᠠᠯ ᠢ ᠨᠠᠷᠢᠪᠴᠢᠯᠠᠨ ᠪᠠᠶᠢᠴᠠᠭᠠᠨ᠎ᠠ᠃ | ᠬᠤᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠤᠰᠤᠨ ᠤ ᠶᠠᠪᠤᠳᠠᠯ᠂ | ᠳᠣᠲᠣᠭᠠᠳᠤ ᠶᠢ ᠬᠠᠮᠠᠭᠠᠯᠠᠬᠤ᠂ ᠴᠠᠬᠢᠯᠭᠠᠨ ᠤ ᠦᠢᠯᠡᠰ ᠵᠡᠷᠭᠡ ᠬᠤᠯᠪᠣᠭᠳᠠᠬᠤ ᠰᠠᠯᠠᠭ᠎ᠠ ᠮᠥᠴᠢᠷ ᠤᠳ ᠲᠣᠰ | ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠬᠠᠮᠵᠢᠯᠴᠠᠨ ᠲᠤᠰᠬᠠᠶ ᠲᠥᠷᠥᠯ ᠢᠶᠠᠷ ᠴᠡᠭᠴᠡᠯᠡᠨ ᠵᠠᠰᠠᠬᠤ | ᠠᠵᠢᠯ ᠢ ᠥᠷᠨᠢᠭᠦᠯᠨᠠ᠃ | ᠳᠥᠷᠪᠡ᠂ ᠠᠵᠢᠯ ᠤᠨ ᠡᠭᠦᠷᠭᠡ | ︵ᠨᠢᠭᠡ︶ ᠠᠵᠢᠯ ᠤᠨ ᠡᠬᠡ ᠳᠠᠩᠰᠠ ᠪᠠᠶᠢᠭᠤᠯᠬᠤ | ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠣᠤᠷᠵᠢᠭᠤᠯᠤᠭᠰᠠᠨ | ᠪᠠᠶᠢᠴᠠᠭᠠᠯᠲᠠ ᠶᠢ ᠨᠢᠭᠡᠳᠦᠯᠲᠡᠢ ᠥᠷᠨᠢᠭᠦᠯᠵᠦ᠂ ᠨᠡᠶᠢᠭᠡᠮ ᠲᠣᠭᠤᠷᠢᠭ᠂ ᠭᠠᠴᠠᠭ᠎ᠠ ᠲᠣᠰᠬᠤᠨ ᠢᠶᠠᠷ ᠨᠠᠷᠢᠪᠴᠢᠯᠠᠨ | ᠪᠠᠶᠢᠴᠠᠭᠠᠬᠤ ᠦᠨᠳᠦᠰᠦᠨ ᠨᠢᠭᠡᠴᠢ ᠪᠣᠯᠭᠠᠵᠤ᠂ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ᠂ | ᠪᠣᠬᠢᠷᠲᠤᠯ ᠤᠨ ᠡᠬᠢ ᠰᠤᠷᠪᠤᠯᠵᠢ ᠶᠢᠨ ᠠᠵᠤ ᠠᠬᠤᠶᠢᠯᠠᠯ ᠤᠨ ᠡᠬᠡ ᠳᠠᠩᠰᠠ᠂ ᠲᠣᠤᠷᠵᠢᠭᠤᠯᠤᠭᠰᠠᠨ ᠬᠢᠨᠠᠯᠲᠠ | ᠬᠠᠮᠢᠶᠠᠷᠤᠯᠲᠠ᠂ ᠬᠤᠶᠠᠳᠤᠭᠠᠷ ᠤᠳᠠᠭᠠᠨ ᠤ ᠪᠦᠬᠦ ᠤᠯᠤᠰ ᠠᠴᠠ ᠪᠣᠬᠢᠷᠲᠤᠯ ᠤᠨ ᠡᠬᠢ ᠰᠤᠷᠪᠤᠯᠵᠢ ᠶᠢ ᠨᠡᠶᠢᠳᠡᠮ | ᠪᠠᠶᠢᠴᠠᠭᠠᠭᠰᠠᠨ ᠲᠤᠭ᠎ᠠ ᠪᠠᠷᠢᠮᠲᠠ ᠲᠠᠢ ᠤᠶᠠᠯᠳᠤᠭᠤᠯᠤᠨ᠂ ᠬᠠᠷᠢᠶ᠎ᠠ ᠪᠦᠬᠦᠢ ᠣᠷᠣᠨ ᠪᠦᠰᠡ ᠶᠢᠨ ︽ᠲᠠᠷᠠᠬᠠᠶ | ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠤᠨ ᠠᠵᠤ ᠠᠬᠤᠶᠢᠯᠠᠯ ᠤᠨ ᠰᠠᠭᠤᠷᠢ ᠲᠤᠭ᠎ᠠ ᠶᠢ ᠲᠣᠳᠣᠷᠬᠠᠶ | ᠣᠶᠢᠯᠠᠭᠠᠵᠤ᠂ ᠣᠨᠣᠪᠴᠢᠲᠠᠶ᠂ ᠦᠨᠡᠨ ᠪᠣᠳᠠᠲᠠᠶ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ | ᠠᠵᠤ ᠠᠬᠤᠶᠢᠯᠠᠯ ᠤᠨ ᠨᠠᠷᠢᠨ ᠲᠠᠩᠰᠠ ᠶᠢ ᠪᠠᠶᠢᠭᠤᠯᠵᠤ᠂ 2020 ᠣᠨ ᠤ 8 ᠳ᠋ᠤᠭᠠᠷ ᠰᠠᠷ᠎ᠠ ᠶᠢᠨ 27 ᠤ | ᠡᠳᠦᠷ ᠤᠨ 18᠄ 00 ᠴᠠᠭ ᠠᠴᠠ ᠡᠮᠦᠨ᠎ᠡ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠨᠠᠷᠢᠪᠴᠢᠯᠠᠨ | ᠪᠠᠶᠢᠴᠠᠭᠠᠬᠤ ᠨᠠᠷᠢᠨ ᠲᠠᠩᠰᠠ ᠶᠢ ᠮᠡᠳᠡᠭᠦᠯᠦᠨ ᠬᠦᠷᠭᠡᠨ᠎ᠡ᠃ | ︵ᠬᠤᠶᠠᠷ︶ ᠲᠥᠷᠥᠯ ᠬᠤᠪᠢᠶᠠᠨ ᠴᠡᠭᠴᠡᠯᠡᠨ ᠵᠠᠰᠠᠬᠤ ᠶᠢ ᠪᠠᠷᠢᠮᠲᠠᠯᠠᠨ᠎ᠠ | 1. ᠳᠡᠰ ᠳᠡᠪᠰᠢᠭᠦᠯᠵᠣ ᠦᠭᠡᠷᠡᠴᠢᠯᠡᠨ ᠰᠢᠨᠡᠳᠭᠡᠬᠦ ᠲᠦᠷᠥᠯ᠃ ᠤᠯᠤᠰ ᠤᠨ ᠠᠵᠤ ᠦᠢᠯᠡᠰ ᠤᠨ ᠲᠥᠷᠥ | ᠶᠢᠨ ᠪᠤᠳᠤᠯᠭ᠎ᠠ ᠪᠣᠯᠤᠨ ᠲᠤᠰ ᠭᠠᠵᠠᠷ ᠤᠨ ᠠᠵᠤ ᠦᠢᠯᠡᠰ ᠤᠨ ᠪᠠᠶᠢᠷᠢᠰᠢᠭᠤᠯᠤᠯᠲᠠ ᠲᠦᠯᠦᠪᠵᠢᠭᠦᠯᠭᠡ ᠲᠠᠢ | ᠲᠣᠬᠢᠷᠠᠯᠴᠠᠭᠰᠠᠨ᠂ ᠬᠠᠮᠢᠶ᠎ᠠ ᠪᠦᠬᠦᠢ ᠭᠠᠷᠳᠠᠮ ᠢ ᠭᠦᠢᠴᠡᠳᠭᠡᠬᠦ ᠴᠢᠬᠤᠯᠠ ᠲᠠᠢ ᠪᠠᠶᠢᠲᠠᠯ᠎ᠠ ᠭᠦᠢᠴᠡᠳᠭᠡᠭᠰᠡᠨ ᠦᠭᠡᠢ᠂ | ᠪᠤᠬᠢᠷᠳᠦᠯ ᠢ ᠵᠠᠰᠠᠬᠤ ᠪᠡᠯᠡᠳᠭᠡᠮᠵᠢ ᠤᠭᠰᠠᠷᠠᠭᠰᠠᠨ ᠦᠭᠡᠢ᠂ ᠪᠣᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ ᠳᠤ | ᠲᠤᠭᠲᠠᠭᠤᠨ ᠢᠶᠠᠷ ᠬᠦᠷᠴᠦ ᠴᠢᠳᠠᠬᠤ ᠦᠭᠡᠢ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠤᠯ ᠶᠡᠬᠡᠲᠡᠢ︾ | ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠡᠯ᠎ᠡ ᠭᠠᠵᠠᠷ ᠤᠷᠤᠨ ᠤ ᠬᠢᠨ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠤᠷᠠᠯᠠᠯ᠂ ᠲᠣᠨᠤᠭ ᠲᠥᠬᠦᠭᠡᠷᠦᠮᠵᠢ᠂ ᠦᠢᠯᠡᠳᠪᠦᠷᠢᠯᠡᠬᠦ ᠴᠢᠳᠠᠯ ᠢ ᠰᠢᠨᠵᠢᠯᠡᠬᠦ ᠤᠬᠠᠭᠠᠨᠴᠢ ᠪᠠᠷ | ᠪᠦᠬᠦ ᠲᠠᠯ᠎ᠠ ᠪᠠᠷ ᠵᠠᠳᠠᠯᠵᠤ᠂ ᠦᠷᠬᠦᠯᠵᠢᠯᠡᠵᠦ ᠪᠣᠯᠬᠤᠶᠢᠴᠠ ᠪᠠ ᠪᠣᠬᠢᠷᠳᠤᠯ ᠦᠭᠡᠢ ᠦᠢᠯᠡᠳᠪᠦᠷᠢᠯᠡᠬᠦ ᠱᠠᠭᠠᠷᠳᠠᠯᠭ᠎ᠠ | ᠶᠤᠰᠤᠭᠠᠷ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠲᠣᠨᠤᠭ ᠲᠥᠬᠦᠭᠡᠷᠦᠮᠵᠢ ᠶᠢᠨ ᠤᠷᠠᠯᠠᠯ᠂ ᠪᠣᠬᠢᠷᠳᠤᠯ ᠢ | ᠵᠠᠰᠠᠬᠤ ᠵᠡᠷᠭᠡ ᠲᠠᠯ᠎ᠠ ᠪᠠᠷ ᠳᠡᠭᠡᠭᠰᠢᠯᠡᠭᠦᠯᠵᠣ ᠦᠭᠡᠷᠡᠴᠢᠯᠡᠨ ᠰᠢᠨᠡᠳᠭᠡᠬᠦ ᠶᠢ ᠠᠬᠢᠭᠤᠯᠵᠤ᠂ ᠪᠣᠬᠢᠷᠳᠤᠯ | ᠭᠠᠳᠠᠭᠰᠢᠯᠠᠭᠤᠯᠬᠤ ᠪᠠᠷᠢᠮᠵᠢᠶ᠎ᠠ ᠳᠤ ᠲᠤᠭᠲᠠᠭᠤᠨ ᠢᠶᠠᠷ ᠬᠦᠷᠬᠦ ᠶᠢ ᠪᠡᠶᠡᠯᠡᠭᠦᠯᠬᠦ ᠬᠡᠷᠡᠭᠲᠡᠢ︔ ᠳᠡᠭᠡᠷ᠎ᠡ ᠳᠤᠷᠠᠳᠤᠭᠰᠠᠨ | ᠠᠵᠤ ᠠᠬᠤᠶᠢᠯᠠᠯ ᠤᠳ ᠢ ᠬᠠᠤᠯᠢ ᠶᠤᠰᠤᠭᠠᠷ ᠵᠠᠷᠯᠢᠭᠳᠠᠵᠤ ᠪᠠᠶᠢᠭᠠᠳ ᠲᠣᠭᠲᠠᠭᠰᠠᠨ ᠬᠤᠭᠤᠴᠠᠭᠠᠨ ᠳᠤ ᠴᠡᠭᠴᠡᠯᠡᠨ | ᠰᠠᠶᠢᠵᠢᠷᠠᠭᠤᠯᠵᠤ᠂ ᠨᠦᠬᠦᠴᠡᠯ ᠳᠤ ᠨᠡᠶᠢᠴᠡᠬᠦ ᠠᠵᠤ ᠠᠬᠤᠶᠢᠯᠠᠯ ᠤᠳ ᠢ ᠳᠡᠰ ᠳᠠᠷᠠᠭᠠᠯᠠᠯ ᠶᠤᠰᠣᠭᠠᠷ ᠬᠠᠮᠢᠶ᠎ᠠ ᠪᠦᠬᠦᠢ | ᠬᠢᠨᠠᠨ ᠵᠦᠪᠰᠢᠶᠡᠷᠡᠭᠰᠡᠨ ᠪᠤᠶᠤ ᠳᠠᠩᠰᠠᠯᠠᠨ ᠳᠡᠮᠳᠡᠭᠯᠡᠭᠦᠯᠬᠦ ᠭᠠᠷᠳᠠᠮ ᠢ ᠨᠢ ᠨᠦᠬᠦᠪᠦᠷᠢᠯᠡᠭᠦᠯᠵᠦ᠂ ᠡᠳᠦᠷ ᠲᠤᠳᠤᠮ ᠤᠨ | ᠬᠢᠨᠠᠨ ᠬᠠᠮᠢᠶᠠᠷᠬᠤ ᠬᠡᠪᠴᠢᠶᠡᠨ ᠳᠤ ᠤᠷᠤᠭᠤᠯᠬᠤ ᠬᠡᠷᠡᠭᠲᠡᠢ᠃ | 2. ᠡᠮᠬᠢᠯᠡᠨ ᠨᠡᠶᠢᠯᠡᠭᠦᠯᠵᠣ ᠨᠡᠭᠦᠯᠭᠡᠬᠦ ᠲᠦᠷᠥᠯ᠃ ᠤᠯᠤᠰ ᠤᠨ ᠠᠵᠤ ᠦᠢᠯᠡᠰ ᠤᠨ ᠲᠥᠷᠥ ᠶᠢᠨ | ᠪᠤᠳᠤᠯᠭ᠎ᠠ ᠳᠤ ᠨᠡᠶᠢᠴᠡᠬᠦ ᠪᠣᠯᠪᠠᠴᠦ ᠲᠤᠰ ᠭᠠᠵᠠᠷ ᠤᠨ ᠠᠵᠤ ᠦᠢᠯᠡᠰ ᠤᠨ ᠪᠠᠶᠢᠷᠢᠰᠢᠭᠤᠯᠤᠯᠲᠠ ᠲᠦᠯᠦᠪᠵᠢᠭᠦᠯᠭᠡ | ᠳᠤ ᠨᠡᠶᠢᠴᠡᠬᠦ ᠦᠭᠡᠢ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ ᠤᠷᠤᠭᠰᠠᠨ ᠦᠭᠡᠢ ᠬᠡᠪᠴᠢᠶᠡᠵᠢᠯ | ᠠᠴᠠ ᠳᠤᠷᠤᠭᠰᠢᠬᠢ ᠵᠢᠴᠢ ᠤᠷᠲᠤ ᠬᠤᠭᠤᠴᠠᠭ᠎ᠠ ᠪᠠᠷ ᠣᠷᠴᠢᠨ ᠲᠤᠭᠤᠷᠢᠨ ᠢ ᠪᠤᠬᠢᠷᠳᠤᠭᠤᠯᠤᠭᠰᠠᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠳ ᠢ ᠡᠮᠬᠢᠯᠡᠨ ᠨᠡᠶᠢᠯᠡᠭᠦᠯᠬᠦ ᠪᠠᠷ ᠳᠠᠮᠵᠢᠨ ᠬᠠᠮᠢᠶ᠎ᠠ ᠪᠦᠬᠦᠢ ᠬᠠᠮᠢᠶᠠᠷᠤᠯᠲᠠ | ᠶᠢᠨ ᠱᠠᠭᠠᠷᠳᠠᠯᠭ᠎ᠠ ᠪᠤᠯᠤᠨ ᠠᠵᠤ ᠦᠢᠯᠡᠰ ᠤᠨ ᠲᠥᠷᠥ ᠶᠢᠨ ᠪᠣᠳᠤᠯᠭ᠎ᠠ ᠳᠤ ᠨᠡᠶᠢᠴᠡᠬᠦ ᠪᠤᠯᠤᠬᠰᠠᠨ ᠪᠠᠶᠢᠪᠠᠯ᠂ ᠡᠯ᠎ᠡ | ᠭᠠᠵᠠᠷ ᠤᠷᠤᠨ ᠤ ᠬᠢᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠠᠵᠤ ᠦᠢᠯᠡᠰ ᠤᠨ ᠬᠦᠭᠵᠢᠯᠲᠡ ᠶᠢ | ᠬᠡᠪᠴᠢᠶᠡᠵᠢᠭᠦᠯᠬᠦ ᠪᠠ ᠤᠳᠤᠬᠢᠴᠢᠯᠠᠬᠤ ᠵᠠᠷᠴᠢᠮ ᠶᠤᠰᠤᠭᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠲᠤ | ᠨᠡᠭᠦᠯᠭᠡᠨ ᠤᠷᠤᠭᠤᠯᠬᠤ ᠶᠢᠨ ᠬᠠᠮᠲᠤ᠂ ᠳᠡᠰ ᠳᠡᠪᠰᠢᠭᠦᠯᠦᠨ ᠦᠭᠡᠷᠡᠴᠢᠯᠡᠨ ᠰᠢᠨᠡᠳᠭᠡᠬᠦ ᠶᠢ ᠬᠡᠷᠡᠭᠵᠢᠭᠦᠯᠬᠦ ᠬᠡᠷᠡᠭᠲᠡᠢ᠃ | ᠡᠭᠦᠨ ᠤ ᠬᠠᠮᠲᠤ᠂ ᠡᠯ᠎ᠡ ᠭᠠᠵᠠᠷ ᠤᠷᠤᠨ ᠤ ᠬᠢᠨ ᠳᠡᠭᠡᠷ᠎ᠡ ᠳᠤᠷᠠᠳᠤᠭᠰᠠᠨ ᠠᠵᠤ ᠠᠬᠤᠶᠢᠯᠠᠯ ᠤᠳ ᠤᠨ | ᠦᠢᠯᠡᠳᠪᠦᠷᠢᠯᠡᠯ ᠢ ᠬᠠᠤᠯᠢ ᠶᠤᠰᠤᠭᠠᠷ ᠵᠠᠷᠯᠢᠭᠳᠠᠨ ᠵᠣᠭᠰᠤᠭᠠᠵᠤ᠂ ᠤᠤᠯ ᠤᠨ ᠪᠠᠶᠢᠭᠰᠠᠨ ᠦᠢᠯᠡᠳᠪᠦᠷᠢ ᠶᠢᠨ | ᠲᠤᠭᠤᠷᠢᠭ ᠢ ᠨᠤᠷᠠᠭᠠᠨ ᠨᠡᠭᠦᠯᠭᠡᠬᠦ ᠪᠠ ᠲᠠᠯᠠᠪᠤᠷ ᠭᠠᠵᠠᠷ ᠢ ᠰᠡᠷᠭᠦᠭᠡᠨ ᠵᠠᠰᠠᠬᠤ ᠵᠡᠷᠭᠡ ᠠᠵᠢᠯ ᠢ ᠪᠡᠶᠡᠯᠡᠭᠦᠯᠬᠦ ᠬᠡᠷᠡᠭᠲᠡᠢ | ᠃ ᠨᠦᠬᠦᠴᠡᠯ ᠳᠤ ᠨᠡᠶᠢᠴᠡᠭᠰᠡᠳ ᠲᠤ ᠬᠠᠤᠯᠢ ᠶᠤᠰᠤᠭᠠᠷ ᠬᠠᠮᠢᠶ᠎ᠠ ᠪᠦᠬᠦᠢ ᠭᠠᠷᠳᠠᠮ ᠢ ᠭᠦᠢᠴᠡᠳᠭᠡᠵᠦ ᠦᠭᠬᠦ | ᠬᠡᠷᠡᠭᠲᠡᠢ᠃ | 3. ᠡᠭᠦᠳᠡ ᠶᠢ ᠨᠢ ᠬᠠᠭᠠᠵᠤ ᠦᠢᠯᠡᠳᠪᠦᠷᠢᠯᠡᠬᠦ ᠶᠢ ᠨᠢ ᠵᠣᠭᠰᠣᠭᠠᠬᠤ ᠲᠦᠷᠥᠯ᠃ ᠤᠯᠤᠰ ᠤᠨ ᠠᠵᠤ | ᠦᠢᠯᠡᠰ ᠤᠨ ᠲᠥᠷᠥ ᠶᠢᠨ ᠪᠤᠳᠤᠯᠭ᠎ᠠ ᠳᠤ ᠨᠡᠶᠢᠴᠡᠬᠦ ᠦᠭᠡᠢ᠂ ᠪᠤᠬᠢᠷᠳᠤᠯ ᠢ ᠰᠡᠷᠭᠡᠶᠢᠯᠡᠨ ᠵᠠᠰᠠᠬᠤ ᠪᠡᠯᠡᠳᠭᠡᠮᠵᠢ | ᠪᠠᠶᠢᠬᠤ ᠦᠭᠡᠢ᠂ ᠪᠤᠬᠢᠷᠳᠤᠯ ᠭᠠᠳᠠᠭᠰᠢᠯᠠᠭᠤᠯᠬᠤ ᠪᠠᠷᠢᠮᠵᠢᠶ᠎ᠠ ᠳᠤ ᠲᠤᠭᠲᠠᠭᠤᠨ ᠢᠶᠠᠷ ᠬᠦᠷᠴᠦ ᠴᠢᠳᠠᠬᠤ ᠦᠭᠡᠢ ᠪᠠ | ᠵᠠᠰᠠᠭᠰᠠᠨ ᠴᠦ ᠰᠠᠶᠢᠵᠢᠷᠠᠭᠤᠯᠵᠤ ᠴᠢᠳᠠᠬᠤ ᠦᠭᠡᠢ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠤᠬᠢᠷᠳᠤᠯ | ᠶᠡᠬᠡᠲᠡᠢ︾ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠡᠯ᠎ᠡ ᠭᠠᠵᠠᠷ ᠤᠷᠤᠨ ᠤ ᠬᠢᠨ ︽ᠬᠤᠶᠠᠷ ᠢ | ᠵᠤᠭᠰᠤᠭᠠᠵᠤ ᠭᠤᠷᠪᠠ ᠶᠢ ᠠᠷᠢᠯᠭᠠᠨ ᠴᠡᠪᠡᠷᠯᠡᠬᠦ︾ ︵ᠣᠰᠤ ᠴᠠᠬᠢᠯᠭᠠᠨ ᠢ ᠨᠢ ᠵᠣᠭᠰᠤᠭᠠᠵᠤ᠂ ᠲᠦᠭᠦᠬᠡᠢ ᠡᠳ᠋᠂ | ᠦᠢᠯᠡᠳᠭᠦᠨ ᠪᠤᠯᠤᠨ ᠲᠦᠬᠦᠭᠡᠷᠦᠮᠵᠢ ᠶᠢ ᠨᠢ ᠠᠷᠢᠯᠭᠠᠨ ᠴᠡᠪᠡᠷᠯᠡᠬᠦ︶ ᠪᠠᠷᠢᠮᠵᠢᠶ᠎ᠠ ᠶᠤᠰᠤᠭᠠᠷ᠂ ᠦᠢᠯᠡᠳᠪᠦᠷᠢᠯᠡᠬᠦ ᠶᠢ | ᠨᠢ ᠵᠣᠭᠰᠣᠭᠠᠬᠤ ᠠᠵᠢᠯ ᠢ ᠬᠠᠤᠯᠢ ᠶᠤᠰᠤᠭᠠᠷ ᠪᠡᠶᠡᠯᠡᠭᠦᠯᠵᠦ᠂ ᠲᠠᠯᠠᠪᠤᠷ ᠭᠠᠵᠠᠷ ᠢ ᠨᠢ ᠰᠡᠷᠭᠦᠭᠡᠨ ᠵᠠᠰᠠᠬᠤ ᠵᠡᠷᠭᠡ | ᠠᠵᠢᠯ ᠢ ᠪᠡᠶᠡᠯᠡᠭᠦᠯᠬᠦ ᠬᠡᠷᠡᠭᠲᠡᠢ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠪᠦᠷᠢᠯᠳᠦᠬᠦᠨ ᠨᠢᠭᠡᠴᠢ ︽ | ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ | ᠵᠠᠰᠠᠬᠤ ᠠᠵᠢᠯ ᠢ ᠴᠢᠬᠤᠯᠠᠴᠢᠯᠠᠵᠤ᠂ ᠠᠵᠢᠯ ᠤᠨ ᠬᠠᠷᠢᠭᠤᠴᠠᠯᠭ᠎ᠠ ᠶᠢ ᠤᠯᠠᠮ ᠪᠣᠳᠠᠲᠠᠶᠢᠵᠢᠭᠤᠯᠵᠤ᠂ ᠠᠵᠢᠯ ᠤᠨ | ᠡᠭᠦᠷᠭᠡ ᠶᠢ ᠱᠠᠲᠤ ᠱᠠᠲᠤ ᠪᠠᠷ ᠵᠠᠳᠠᠯᠤᠨ᠎ᠠ᠃ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠠᠯᠪᠠᠨ ᠭᠡᠷ ᠤᠨ ᠬᠠᠩᠭᠠᠭᠰᠠᠨ ᠨᠠᠷᠢᠪᠴᠢᠯᠠᠨ ᠪᠠᠶᠢᠴᠠᠭᠠᠬᠤ ᠨᠠᠷᠢᠨ ᠳᠠᠩᠰᠠ ᠶᠢ ᠦᠨᠳᠦᠰᠦᠯᠡᠨ᠂ ᠠᠩᠬ᠎ᠠ | ᠠᠯᠬᠤᠮ ᠲᠥᠷᠥᠯ ᠬᠤᠪᠢᠶᠠᠨ ᠴᠡᠭᠴᠡᠯᠡᠨ ᠵᠠᠰᠠᠬᠤ ᠰᠠᠨᠠᠯ ᠳᠤᠷᠠᠳᠴᠤ᠂ ᠤᠳᠤᠷᠢᠳᠬᠤ ᠳᠤᠭᠤᠶᠢᠯᠠᠩ ᠠᠴᠠ ᠲᠤᠰᠬᠠᠢ | ᠰᠡᠳᠦᠪᠲᠦ ᠬᠤᠷᠠᠯ ᠬᠤᠷᠠᠯᠳᠤᠭᠤᠯᠵᠤ ᠵᠠᠳᠠᠯᠤᠯᠲᠠ ᠬᠢᠵᠦ ᠰᠤᠳᠤᠯᠤᠨ ᠮᠠᠭᠠᠳᠯᠠᠵᠤ᠂ ᠬᠠᠮᠤᠭ ᠡᠴᠦᠰ ᠲᠤ ᠲᠥᠷᠥᠯ | ᠬᠤᠪᠢᠶᠠᠨ ᠴᠡᠭᠴᠡᠯᠡᠨ ᠵᠠᠰᠠᠬᠤ ᠨᠠᠷᠢᠨ ᠬᠠᠭᠤᠳᠠᠰᠤ ᠶᠢ ᠲᠣᠭᠲᠠᠭᠠᠵᠤ᠂ ᠠᠵᠤ ᠠᠬᠤᠶᠢᠯᠠᠯ ᠨᠢᠭᠡᠪᠦᠷᠢ ᠶᠢᠨ ᠴᠡᠭᠴᠡᠯᠡᠨ | ᠵᠠᠰᠠᠬᠤ ᠠᠷᠭ᠎ᠠ ᠬᠡᠮᠵᠢᠶ᠎ᠡ᠂ ᠬᠠᠷᠢᠭᠤᠴᠠᠯᠭᠠᠲᠤ ᠨᠢᠭᠡᠴᠢ᠂ ᠬᠠᠷᠢᠭᠤᠴᠠᠯᠭ᠎ᠠ ᠡᠭᠦᠷᠭᠡᠯᠡᠭᠴᠢ ᠪᠣᠯᠤᠨ ᠴᠡᠭᠴᠡᠯᠡᠨ ᠵᠠᠰᠠᠬᠤ | ᠴᠠᠭ ᠤᠨ ᠬᠢᠵᠠᠭᠠᠷ ᠢ ᠲᠣᠳᠣᠷᠬᠠᠶᠢᠯᠠᠨ᠎ᠠ᠃ | ︵ᠬᠤᠶᠠᠷ︶ ᠴᠠᠭ ᠬᠤᠭᠤᠴᠠᠭ᠎ᠠ ᠶᠢᠨ ᠵᠠᠩᠭᠢᠶᠠᠰᠤ ᠶᠢ ᠡᠵᠡᠮᠳᠡᠨ᠎ᠡ᠃ 2020 ᠣᠨ ᠤ 8 ᠳ᠋ᠤᠭᠠᠷ | ᠰᠠᠷ᠎ᠠ ᠶᠢᠨ 27 ᠤ ᠡᠳᠦᠷ ᠠᠴᠠ 9 ᠳ᠋ᠦ᠋ᠭᠡᠷ ᠰᠠᠷ᠎ᠠ ᠶᠢᠨ 30 ᠤ ᠡᠳᠦᠷ ᠪᠣᠯᠲᠠᠯ᠎ᠠ᠂ ᠡᠯ᠎ᠡ ᠪᠦᠷᠢᠯᠳᠦᠬᠦᠨ ᠨᠢᠭᠡᠴᠡ | ᠭᠠᠷᠠᠭ ᠪᠦᠷᠢ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ | ᠪᠣᠬᠢᠷᠲᠤᠯ ᠶᠡᠬᠡᠲᠡᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠵᠤ ᠨᠠᠷᠢᠪᠴᠢᠯᠠᠨ ᠪᠠᠶᠢᠴᠠᠭᠠᠬᠤ ᠨᠠᠷᠢᠨ | ᠲᠠᠩᠰᠠ ᠪᠠ ᠴᠡᠭᠴᠡᠯᠡᠨ ᠵᠠᠰᠠᠬᠤ ᠠᠬᠢᠴᠠ ᠪᠠᠨ ᠮᠡᠳᠡᠭᠦᠯᠦᠨ ᠬᠦᠷᠭᠡᠨ᠎ᠡ︔ 8 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠠᠰ ᠳᠡᠪᠰᠢᠭᠦᠯᠦᠨ ᠥᠭᠡᠷᠡᠴᠢᠯᠡᠬᠦ᠂ ᠡᠮᠬᠢᠯᠡᠨ ᠨᠡᠶᠢᠯᠡᠭᠦᠯᠵᠦ | ᠨᠡᠭᠦᠯᠭᠡᠬᠦ᠂ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠢ ᠴᠠᠭᠠᠵᠠᠯᠠᠬᠤ ᠠᠵᠤ ᠠᠬᠤᠶᠢᠯᠠᠯ ᠤᠨ | ᠨᠡᠷᠡᠰ ᠢ ᠨᠡᠶᠢᠭᠡᠮ ᠳᠤ ᠨᠡᠶᠢᠲᠡᠯᠡᠵᠦ᠂ ᠠᠶᠢᠮᠠᠭ ᠤᠨ ᠵᠠᠬᠢᠷᠭ᠎ᠠ ᠳᠤ ᠴᠡᠭᠴᠡᠯᠡᠨ ᠵᠠᠰᠠᠬᠤ ᠨᠠᠷᠢᠨ ᠲᠠᠩᠰᠠ ᠶᠢ ᠮᠡᠳᠡᠭᠦᠯᠦᠨ | ᠬᠦᠷᠭᠡᠨ᠎ᠡ︔ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ | ᠶᠡᠬᠡᠲᠡᠢ︾ ᠠᠵᠤ ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠪᠥᠬᠦ ᠲᠠᠯ᠎ᠠ ᠪᠠᠷ | ᠪᠡᠶᠡᠯᠡᠭᠦᠯᠦᠨ᠎ᠡ︔ 10 ᠳ᠋ᠤᠭᠠᠷ ᠰᠠᠷ᠎ᠠ ᠶᠢᠨ 10 ᠤ ᠡᠳᠦᠷ ᠠᠴᠠ ᠡᠬᠢᠯᠡᠵᠦ᠂ ᠤᠳᠤᠷᠢᠳᠬᠤ ᠳᠤᠭᠤᠶᠢᠯᠠᠩ ᠤᠨ | ᠠᠯᠪᠠᠨ ᠬᠡᠷ ᠠᠴᠠ ᠪᠥᠬᠦ ᠬᠤᠰᠢᠭᠤᠨ ᠤ ︽ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ︾ ᠠᠵᠤ | ᠠᠬᠤᠶᠢᠯᠠᠯ ᠤᠨ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠳᠠᠪᠲᠠᠨ ᠪᠠᠶᠢᠴᠠᠭᠠᠬᠤ ᠶᠢᠨ ᠬᠠᠮᠲᠤ | ᠠᠵᠢᠯ ᠤᠨ ᠳ᠋ᠦᠩᠨᠡᠯᠲᠡ ᠬᠢᠵᠦ᠂ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠮᠦᠨ᠎ᠡ ᠠᠶᠢᠮᠠᠭ ᠤᠨ ᠵᠠᠬᠢᠷᠭ᠎ᠠ ᠳᠤ | ᠠᠵᠢᠯ ᠤᠨ ᠳ᠋ᠦᠩᠨᠡᠯᠲᠡ ᠪᠠᠨ ᠮᠡᠳᠡᠭᠦᠯᠦᠨ ᠬᠦᠷᠭᠡᠨ᠎ᠡ᠃ | ︵ᠭᠤᠷᠪᠠ︶ ᠱᠠᠯᠠᠪᠳᠠᠨ ᠵᠢᠯᠣᠭᠤᠳᠴᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠨ᠎ᠠ᠃ | ᠵᠠᠰᠠᠭ ᠤᠨ ᠣᠷᠳᠣᠨ ᠤ ᠱᠠᠯᠠᠪᠳᠠᠨ ᠪᠠᠶᠢᠴᠠᠭᠠᠬᠤ ᠲᠠᠰᠤᠭ ᠨᠢ ᠱᠠᠯᠠᠪᠳᠠᠨ ᠪᠠᠶᠢᠴᠠᠭᠠᠵᠤ ᠪᠠᠶᠢᠴᠠᠭᠠᠬᠤ ᠪᠠᠨ | ᠴᠢᠩᠭᠠᠳᠬᠠᠵᠤ᠂ ᠨᠠᠷᠢᠪᠴᠢᠯᠠᠨ ᠪᠠᠶᠢᠴᠠᠭᠠᠬᠤ ᠶᠢ ᠪᠣᠳᠠᠲᠠᠶᠢᠵᠢᠭᠤᠯᠤᠭᠰᠠᠨ ᠦᠭᠡᠢ᠂ ᠳᠡᠭᠡᠭᠰᠢ ᠮᠡᠳᠡᠭᠦᠯᠬᠦ ᠨᠠᠷᠢᠨ | ᠳᠠᠩᠰᠠ ᠨᠢ ᠦᠨᠡᠨ ᠪᠣᠳᠠᠲᠠᠶ ᠪᠢᠰᠢ᠂ ᠲᠣᠳᠣᠷᠬᠠᠶ ᠦᠭᠡᠢ᠂ ᠬᠤᠳᠠᠯ ᠢᠶᠠᠷ ᠮᠡᠳᠡᠭᠦᠯᠵᠦ᠂ ᠨᠢᠭᠤᠭᠠᠳ ᠮᠡᠳᠡᠭᠦᠯᠬᠦ | ᠦᠭᠡᠢ᠂ ᠣᠷᠬᠢᠭᠳᠠᠭᠤᠯᠤᠨ ᠮᠡᠳᠡᠭᠦᠯᠵᠦ᠂ ᠤᠳᠠᠭᠠᠰᠢᠷᠠᠭᠤᠯᠤᠨ ᠮᠡᠳᠡᠭᠦᠯᠵᠦ᠂ ᠴᠡᠭᠴᠡᠯᠡᠨ ᠵᠠᠰᠠᠬᠤ ᠠᠬᠢᠴᠠ ᠨᠢ | ᠤᠳᠠᠭᠠᠨ᠂ ᠠᠵᠢᠯ ᠨᠢ ᠬᠦᠴᠦᠨ ᠦᠭᠡᠢ ᠨᠢᠭᠡᠴᠢ ᠶᠢ ᠢᠯᠠ ᠵᠠᠷᠯᠠᠵᠤ᠂ ᠱᠠᠯᠠᠪᠳᠠᠵᠤ ᠪᠠᠶᠢᠭᠠᠳ ᠴᠡᠭᠴᠡᠯᠡᠨ | ᠰᠠᠶᠢᠵᠢᠷᠠᠭᠤᠯᠤᠨ᠎ᠠ᠃ | ︵ᠳᠥᠷᠪᠡ︶ ᠤᠬᠠᠭᠤᠯᠬᠤ ᠡᠷᠴᠢᠮ ᠢᠶᠠᠨ ᠨᠡᠮᠡᠭᠳᠡᠭᠦᠯᠤᠨ᠎ᠠ᠃ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ | ᠂ ᠰᠦᠯᠵᠢᠶ᠎ᠡ ᠵᠡᠷᠭᠡ ᠵᠠᠭᠤᠴᠢ ᠶᠢ ᠭᠦᠢᠴᠡᠳ ᠠᠰᠢᠭᠯᠠᠵᠤ᠂ ᠬᠠᠤᠯᠢ ᠠᠴᠠ ᠵᠥᠷᠢᠴᠡᠭᠰᠡᠨ ᠠᠵᠤ ᠠᠬᠤᠶᠢᠯᠠᠯ ᠢ | ᠢᠯᠡᠴᠢᠯᠡᠨ ᠮᠡᠳᠡᠭᠦᠯᠵᠦ᠂ ᠲᠤᠰᠬᠠᠶ ᠪᠤᠯᠤᠩ ᠤᠨ ᠤᠬᠠᠭᠤᠯᠭ᠎ᠠ ᠶᠢᠨ ᠠᠵᠢᠯ ᠤᠨ ᠣᠶᠢᠯᠠᠭᠠᠭᠳᠠᠬᠤᠨ ᠪᠠ ᠨᠡᠶᠢᠭᠡᠮ ᠤᠨ | ᠦᠢᠯᠡᠳᠦᠯ ᠢ ᠨᠡᠭᠡᠭᠡᠵᠦ᠂ ᠶᠠᠷᠢᠶ᠎ᠠ ᠬᠡᠯᠡᠯᠴᠡᠭᠡᠨ ᠤ ᠵᠥᠪ ᠣᠷᠴᠢᠨ ᠢ ᠪᠣᠶ ᠪᠣᠯᠭᠠᠨ᠎ᠠ︔ ᠢᠯᠡᠴᠢᠯᠡᠨ ᠮᠡᠳᠡᠭᠦᠯᠬᠦ | ᠲᠤᠰᠬᠠᠢ ᠤᠲᠠᠰᠤ ᠭᠠᠷᠭᠠᠵᠤ᠂ ᠰᠦᠪᠡᠭᠴᠢ ᠶᠢ ᠰᠠᠭᠠᠳ ᠦᠭᠡᠢ ᠨᠡᠪᠲᠡᠷᠡᠭᠦᠯᠤᠨ᠎ᠠ᠃ | | | | ᠲᠠᠶᠢᠯᠤᠮᠵᠢ ᠶᠢᠨ ᠲᠤᠬᠠᠢ ᠴᠠᠬᠢᠮ ᠬᠠᠭᠤᠳᠠᠰᠤ | | | ᠠᠯᠠᠱᠠ ᠵᠡᠭᠦᠨ ᠬᠤᠰᠢᠭᠤᠨ ᠤ ︿ᠲᠠᠷᠠᠬᠠᠶ ᠪᠤᠲᠠᠷᠬᠠᠶ ᠵᠠᠮᠪᠠᠷᠠᠭ᠎ᠠ ᠥᠬᠡᠶ ᠪᠣᠬᠢᠷᠲᠤᠯ ᠶᠡᠬᠡᠲᠡᠢ﹀ ᠠᠵᠤ | ᠠᠬᠤᠶᠢᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠲᠤᠰᠬᠠᠶ ᠠᠵᠢᠯᠯᠠᠭᠠᠨ ᠤ ᠲᠥᠰᠦᠯ ᠤᠨ ᠲᠣᠬᠠᠢ ᠲᠦᠷᠦ ᠶᠢᠨ | ᠪᠣᠳᠣᠯᠭ᠎ᠠ ᠶᠢᠨ ᠲᠠᠶᠢᠯᠣᠮᠵᠢ | | | | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | | |