ᠤᠯᠠᠮᠵᠢᠯᠠᠯᠳᠤ ᠴᠠᠭᠠᠠ ᠢᠳᠡᠭᠡᠨ ᠤ ᠪᠥᠳᠦᠭᠡᠭᠳᠡᠬᠦᠨ ᠬᠢᠬᠦ ᠮᠡᠷᠭᠡᠵᠢᠯ ᠤᠨ ᠪᠤᠯᠪᠠᠰᠤᠷᠠᠯ ᠠᠮᠵᠢᠯᠳᠠ ᠲᠠᠢ ᠶᠠᠪᠤᠬᠳᠠᠯ᠎ᠠ
ᠨᠡᠶᠢᠲᠡᠯᠡᠭᠰᠡᠨ ᠴᠠᠭ᠄
2020/12/22
  12 ᠰᠠᠷ᠎ᠠ ᠶᠢᠨ 1᠎ ᠤ ᠡᠳᠦᠷ᠂ 2020 ᠤᠨ ᠤ ᠥᠪᠡᠷᠳᠡᠭᠡᠨ ᠵᠠᠰᠠᠬᠤ ᠤᠷᠤᠨ ᠤ ᠪᠤᠳᠠᠰ ᠤᠨ ᠪᠤᠰᠤ ᠰᠤᠶᠤᠯ ᠤᠨ ᠥᠪ ᠤᠨ ᠥᠪᠯᠡᠡ ᠤᠯᠠᠮᠵᠢᠯᠠᠬᠴᠢᠳ ᠤᠨ ᠰᠤᠳᠤᠯᠤᠨ ᠰᠤᠷᠤᠯᠴᠠᠬᠤ ᠪᠤᠯᠪᠠᠰᠤᠷᠠᠯ ᠤᠨ ᠠᠯᠠᠱᠠ  ᠳᠠᠬᠢ ᠪᠤᠯᠪᠠᠰᠤᠷᠠᠯ ᠤᠨ ᠨᠢᠭᠡᠨ ᠠᠭᠤᠯᠭ᠎ᠠ ᠪᠤᠯᠬᠤ ᠤᠯᠠᠮᠵᠢᠯᠠᠯᠳᠤ ᠴᠠᠭᠠᠠ ᠢᠳᠡᠭᠡᠨ ᠤ ᠪᠤᠯᠪᠠᠰᠤᠷᠠᠯ  ᠠᠮᠵᠢᠯᠳᠠ ᠲᠠᠢ ᠦᠨᠳᠦᠷᠯᠠᠯ᠎ᠠ᠃     ᠪᠤᠯᠪᠠᠰᠤᠷᠠᠯ ᠳᠤ ᠥᠪᠤᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠴᠠᠭᠠᠠ ᠤᠯᠠᠭᠠᠠ ᠢᠳᠡᠭᠡᠨ ᠢ ᠪᠠᠷᠢᠮᠵᠢᠶᠠᠭᠤᠯᠬᠤ ᠮᠡᠷᠭᠡᠵᠢᠯ ᠤᠨ ᠵᠥᠪᠯᠡᠯ ᠤᠨ ᠨᠠᠷᠢᠨ  ᠪᠢᠴᠢᠭ ᠤᠨ ᠳᠠᠷᠤᠭ᠎ᠠ᠂ ᠰᠢᠯᠢ ᠶᠢᠨ ᠭᠤᠤᠯ ᠠᠶᠢᠮᠠᠬ ᠤᠨ ᠠᠵᠢᠯ ᠮᠡᠷᠭᠡᠵᠢᠯ ᠤᠨ ᠳᠡᠭᠡᠳᠤ ᠰᠤᠷᠭᠠᠭᠤᠯᠢ ᠶᠢᠨ ᠤᠯᠤᠰ ᠤᠨ ᠬᠤᠶᠠᠳᠤᠭᠠᠷ ᠳᠡᠰ ᠤᠨ ᠫᠧᠷᠦᠹᠧᠰᠰᠤᠷ᠂ ᠰᠢᠯᠢ ᠶᠢᠨ ᠭᠤᠤᠯ ᠠᠶᠢᠮᠠᠬ ᠤᠨ ᠤᠯᠠᠮᠵᠢᠯᠠᠯᠳᠤ ᠴᠠᠭᠠᠠ ᠢᠳᠡᠭᠡᠨ ᠤ ᠨᠡᠶᠢᠬᠡᠮᠯᠢᠭ ᠤᠨ ᠲᠠᠷᠢᠬᠦᠯᠡᠭᠴᠢ ᠤᠯᠠᠭᠠᠨᠴᠡᠴᠡᠭ ᠪᠠᠭᠰᠢ ᠶᠢ ᠤᠷᠢᠵᠤ᠂ ᠬᠤᠷᠤᠳ᠂ ᠴᠤᠷ᠎ᠠ᠂ ᠢᠰᠭᠡᠭᠰᠡᠡ ᠰᠢᠷ᠎ᠠ ᠤᠰᠤᠨ ᠤ ᠠᠷᠢᠬᠢ᠂ ᠪᠢᠰᠢᠯᠢᠬ᠂ ᠥᠷᠦᠮ᠎ᠠ᠂ ᠴᠠᠭᠠᠠ ᠢᠳᠡᠭᠡᠨ ᠤ ᠪᠤᠤᠵᠠ ᠵᠡᠷᠭᠡ ᠤᠯᠠᠮᠵᠢᠯᠠᠯᠳᠤ ᠴᠠᠭᠠᠠ ᠢᠳᠡᠭᠡᠨ ᠤ ᠲᠥᠷᠦᠯ ᠎ ᠢ ᠪᠠᠷᠢᠮᠵᠢᠶᠠᠯᠠᠵᠤ ᠬᠢᠬᠦ ᠪᠠᠷ ᠭᠤᠤᠯ ᠪᠤᠯᠭᠠᠨ᠂ ᠵᠢᠮᠢᠰ ᠤᠨ ᠬᠤᠷᠤᠳ ᠂ ᠬᠤᠸᠠᠷ ᠲᠠᠢ ᠬᠤᠷᠤᠳ᠂ ᠵᠢᠮᠢᠰ ᠬᠠᠪᠴᠢᠭᠤᠯᠤᠨ ᠤᠷᠢᠶᠠᠬᠰᠠᠠ ᠥᠷᠤᠮ᠎ᠠ ᠶᠢᠨ ᠲᠥᠷᠦᠯ᠂ ᠵᠢᠮᠢᠰ ᠤᠨ ᠰᠢᠷ᠎ᠠ ᠤᠰᠤᠨ ᠤᠮᠳᠠᠭᠠᠠ ᠵᠡᠷᠭᠡ ᠪᠠᠷ ᠳᠡᠳ᠋ᠯᠡᠬᠦᠯᠵᠤ᠂ ᠪᠥᠬᠦ᠋ᠢᠯᠡ ᠴᠠᠭᠠᠠ ᠢᠳᠡᠭᠡᠨ ᠤ ᠪᠥᠳᠦᠭᠡᠭᠳᠡᠬᠦᠨ ᠶᠢ ᠬᠢᠬᠦ ᠠᠯᠬᠤᠮ ᠲᠠᠷᠠᠭ᠎ᠠ᠂ ᠠᠩᠬᠠᠷᠬᠤ ᠵᠦᠢᠯ ᠵᠡᠷᠭᠡ ᠶᠢ ᠮᠠᠰᠢ ᠨᠠᠷᠢᠯᠢᠬ ᠰᠢᠰᠲ᠋ᠧᠮ ᠲᠠᠢ  ᠵᠢᠭᠠᠬᠰᠠᠠ ᠪᠠᠶᠢᠨ᠎ᠠ᠃   ᠪᠤᠯᠪᠠᠰᠤᠷᠠᠯ ᠎ ᠨᠢ 5 ᠡᠳᠦᠷ ᠤᠨ ᠬᠤᠭᠤᠴᠠᠭ᠎ᠠ ᠲᠠᠢ ᠥᠷᠬᠦᠯᠵᠢᠯᠡᠵᠤ᠂ ᠨᠡᠶᠢᠳᠡ ᠵᠢᠷᠠᠭᠠᠳ ᠬᠥᠮᠦᠨ ᠤᠷᠤᠯᠴᠠᠬᠰᠠᠠ ᠪᠠᠶᠢᠨ᠎ᠠ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号