ᠠᠯᠠᠱᠠ ᠵᠡᠭᠦᠨ ᠬᠤᠰᠢᠭᠤᠨ ᠤ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠶᠠᠮᠠᠷ ᠪᠣᠯᠵᠤ ᠪᠠᠶᠢᠨ᠎ᠠ
ᠨᠡᠶᠢᠲᠡᠯᠡᠭᠰᠡᠨ ᠴᠠᠭ᠄
2020/12/24
ᠰᠤᠷᠪᠤᠯᠵᠢᠯᠠᠭᠰᠠᠨ ᠴᠠᠭ᠄ 2020 ᠣᠨ ᠤ 2 ᠳ᠋ᠤᠭᠠᠷ ᠰᠠᠷ᠎ᠠ ᠰᠤᠷᠪᠤᠯᠵᠢᠯᠠᠭ᠎ᠠ ᠬᠦᠯᠢᠶᠡᠭᠴᠢ᠄ ᠠᠯᠠᠱᠠ ᠵᠡᠬᠦᠨ ᠬᠤᠰᠢᠭᠤᠨ ᠤ ᠵᠠᠰᠠᠭ ᠤᠨ ᠣᠷᠳᠤᠨ ᠤ ᠳᠡᠳ᠋ ᠳᠠᠷᠤᠭ᠎ᠠ       ᠯᠢ ᠎ ᠶᠢᠨ ᠰᠢᠤ
ᠠᠯᠠᠱᠠ ᠵᠡᠬᠦᠨ ᠬᠤᠰᠢᠭᠤᠨ ᠤ ᠵᠠᠰᠠᠭ ᠤᠨ ᠣᠷᠳᠤᠨ ᠤ ᠳᠡᠳ᠋ ᠳᠠᠷᠤᠭ᠎ᠠ ᠯᠢ ᠶᠢᠨ ᠰᠢᠤ᠂ ᠠᠯᠠᠱᠠ ᠵᠡᠭᠦᠨ ᠬᠤᠰᠢᠭᠤᠨ ᠤ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠤᠨ ᠲᠠᠯ᠎ᠠ ᠪᠠᠷ ᠣᠯᠠᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠭᠦᠯ᠎ᠡ᠃ ᠰᠤᠷᠪᠤᠯᠵᠢᠯᠠᠭᠴᠢ᠄ ᠤᠳᠤ ᠠᠯᠠᠱᠠ ᠵᠡᠭᠦᠨ ᠬᠤᠰᠢᠭᠤᠨ ᠳᠤ ᠣᠷᠣᠵᠤ ᠭᠠᠷᠬᠤ ᠳᠤ ᠪᠠᠰᠠ ᠲᠤᠰᠠᠭᠠᠷᠯᠠᠨ ᠠᠵᠢᠭᠯᠠᠬᠤ ᠴᠢᠬᠤᠯᠠᠲᠠᠢ ᠶᠤᠮ  ᠦᠦ︖ᠯᠢ ᠶᠢᠨ ᠰᠢᠤ᠄ 2 ᠰᠠᠷ᠎ᠠ ᠶᠢᠨ 25᠎ ᠤ ᠡᠳᠦᠷ ᠠᠴᠠ ᠡᠬᠢᠯᠡᠨ᠂ ᠣᠷᠣᠨ ᠤ ᠳᠣᠲᠣᠷ᠎ᠠ ᠵᠢᠴᠢ ᠠᠶᠢᠮᠠᠭ ᠤᠨ ᠳᠣᠲᠣᠷᠠᠬᠢ ᠬᠥᠮᠦᠰ ᠤᠨ ᠰᠢᠯᠵᠢᠯᠲᠡ ᠶᠢ ᠲᠤᠰᠠᠭᠠᠷᠯᠠᠨ ᠠᠵᠢᠭᠯᠠᠬᠤ ᠴᠢᠬᠤᠯᠠ ᠥᠬᠡᠶ ᠪᠣᠯᠵᠣ᠂ ᠬᠤᠪᠧᠶ ᠵᠢᠴᠢ ᠬᠢᠵᠢᠭ ᠤᠨ ᠪᠠᠶᠢᠳᠠᠯ ᠨᠡᠯᠢᠶᠡᠳ ᠬᠦᠨᠳᠦ 14 ᠮᠤᠵᠢ ᠣᠷᠣᠨ ᠠᠴᠠ ᠭᠠᠳᠠᠨᠠᠬᠢ ᠮᠤᠵᠢ ᠣᠷᠣᠨ ᠤ ᠬᠥᠮᠦᠰ ᠢ ᠲᠤᠰᠠᠭᠠᠷᠯᠠᠨ ᠠᠵᠢᠭᠯᠠᠬᠤ ᠪᠠᠨ ᠪᠤᠯᠢᠪᠠ᠃ ᠣᠷᠴᠢᠮ ᠢᠷᠭᠠᠢ ᠠᠴᠠ ᠪᠤᠴᠠᠵᠤ ᠢᠷᠡᠬᠦ ᠳᠤ ᠲᠤᠰᠠᠭᠠᠷᠯᠠᠬᠤ ᠴᠢᠬᠤᠯᠠ ᠦᠭᠡᠢ᠃ ᠠᠶᠢᠮᠠᠭ ᠤᠨ ᠳᠣᠲᠣᠷᠠᠬᠢ ᠵᠠᠮ ᠨᠡᠪᠲᠡᠷᠡᠯᠭᠡ ᠶᠢᠨ ᠬᠢᠵᠠᠭᠠᠷᠯᠠᠯ ᠢ ᠬᠦᠴᠦᠨ ᠥᠬᠡᠶ ᠪᠣᠯᠭᠠᠭᠰᠠᠨ ᠤ ᠳᠠᠷᠠᠭ᠎ᠠ ᠭᠠᠳᠠᠨ᠎ᠠ ᠠᠴᠠ ᠢᠷᠡᠭᠰᠡᠨ ᠬᠥᠮᠦᠰ ᠤᠨ ᠬᠠᠮᠢᠶᠠᠷᠤᠯᠲᠠ ᠡᠵᠡᠮᠳᠡᠯ ᠳᠤ ᠨᠡᠶᠢᠭᠡᠮ ᠲᠣᠭᠤᠷᠢᠭ ᠤᠨ ᠬᠠᠮᠢᠶᠠᠷᠤᠯᠲᠠ ᠡᠵᠡᠮᠳᠡᠯ ᠪᠠ ᠠᠵᠢᠯ ᠲᠥᠷᠥᠯ ᠤᠨ ᠬᠠᠮᠢᠶᠠᠷᠤᠯᠲᠠ ᠡᠵᠡᠮᠳᠡᠯ ᠢ ᠭᠤᠤᠯᠳᠠᠯᠭ᠎ᠠ ᠲᠠᠢ ᠴᠢᠩᠭᠠᠳᠬᠠᠬᠤ ᠪᠣᠯᠤᠨ᠎ᠠ᠃ 2 ᠰᠠᠷ᠎ᠠ ᠶᠢᠨ 24᠎ ᠤ ᠡᠳᠦᠷ ᠠᠴᠠ ᠡᠬᠢᠯᠡᠨ᠂ ᠪᠠᠶᠠᠨᠬᠤᠲᠠ ᠪᠠᠯᠭᠠᠰᠤᠨ ᠤ ᠲᠦᠷᠢᠶᠡᠰᠦᠨ ᠮᠠᠰᠢᠨ ᠲᠡᠷᠭᠡ᠂ ᠨᠡᠶᠢᠲᠡ ᠎ ᠶᠢᠨ ᠮᠠᠰᠢᠨ ᠲᠡᠷᠭᠡ ᠠᠯᠬᠤᠮ ᠠᠯᠬᠤᠮ ᠢᠶᠠᠷ ᠡᠵᠡᠩᠨᠡᠯᠲᠡ ᠪᠠᠨ ᠰᠡᠷᠭᠦᠭᠡᠵᠦ᠂ ᠬᠥᠮᠦᠨ ᠤ ᠲᠤᠭ᠎ᠠ᠂ ᠪᠠᠷᠠᠭᠤᠨ ᠬᠤᠰᠢᠭᠤᠨ ᠤ ᠡᠭᠡᠯᠵᠢ ᠶᠢᠨ ᠮᠠᠰᠢᠨ ᠲᠡᠷᠭᠡᠨ ᠤ ᠵᠠᠮ ᠱᠤᠭᠤᠮ ᠢ ᠨᠡᠪᠲᠡᠷᠡᠭᠦᠯᠪᠡ᠂ ᠲᠠᠷᠠᠭᠠᠴᠢ ᠶᠢᠨ ᠠᠯᠬᠤᠮ ᠳᠤ᠂ ᠬᠢᠵᠢᠭ ᠤᠨ ᠪᠠᠶᠢᠳᠠᠯ ᠢ ᠡᠵᠡᠮᠳᠡᠭᠰᠡᠨ ᠪᠠᠶᠢᠳᠠᠯ ᠢ ᠦᠨᠳᠦᠰᠦᠯᠡᠨ ᠨᠠᠩ ᠣᠯᠠᠨ ᠵᠠᠮ ᠱᠤᠭᠤᠮ ᠢ ᠨᠡᠪᠲᠡᠷᠡᠭᠦᠯᠬᠦ ᠪᠣᠯᠤᠨ᠎ᠠ᠃
ᠰᠤᠷᠪᠤᠯᠵᠢᠯᠠᠭᠴᠢ᠄  ᠬᠡᠵᠢᠶ᠎ᠡ ᠠᠴᠠ ᠰᠤᠷᠭᠠᠭᠤᠯᠢ ᠡᠬᠢᠯᠡᠬᠦ ᠪᠣᠢ︖ ᠯᠢ ᠶᠢᠨ ᠰᠢᠤ᠄ ᠣᠳᠣᠬᠠᠨ ᠳᠤ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠰᠤᠷᠭᠠᠭᠤᠯᠢ ᠡᠬᠢᠯᠡᠬᠦ ᠮᠡᠳᠡᠭᠳᠡᠯ ᠢ ᠣᠯᠤᠭ᠎ᠠ ᠥᠬᠡᠶ ᠪᠣᠯᠪᠠᠴᠤ ᠠᠯᠠᠱᠠ ᠵᠡᠭᠦᠨ ᠬᠤᠰᠢᠭᠤ ᠨᠢᠭᠡᠨᠲᠡ ᠬᠤᠯᠪᠣᠭᠳᠠᠯ ᠪᠥᠬᠦᠶ ᠪᠡᠯᠡᠳᠬᠡᠯ ᠢ ᠤᠷᠢᠳᠴᠢᠯᠠᠨ ᠬᠢᠭᠰᠡᠨ ᠪᠠᠶᠢᠨ᠎ᠠ᠃ ᠥᠨᠳᠥᠷ ᠳᠤᠮᠳᠠᠳᠤ ᠶᠢᠨ ᠭᠤᠷᠪᠠᠳᠤᠭᠠᠷ ᠣᠨ 2 ᠰᠠᠷ᠎ᠠ ᠶᠢᠨ 3᠎ ᠤ ᠡᠳᠦᠷ ᠠᠴᠠ ᠡᠬᠢᠯᠡᠨ ᠰᠦᠯᠵᠢᠶᠡᠨ ᠳᠡᠭᠡᠷ᠎ᠡ ᠬᠢᠴᠢᠶᠡᠯ ᠢᠶᠠᠨ ᠡᠬᠢᠯᠡᠭᠦᠯᠵᠦ᠂ ᠥᠨᠳᠥᠷ ᠳᠤᠮᠳᠠᠳᠤ ᠶᠢᠨ ᠬᠤᠶᠠᠳᠤᠭᠠᠷ ᠣᠨ 2 ᠰᠠᠷ᠎ᠠ ᠶᠢᠨ 24᠎ ᠤ ᠡᠳᠦᠷ ᠠᠴᠠ ᠡᠬᠢᠯᠡᠨ ᠰᠦᠯᠵᠢᠶᠡᠨ ᠳᠡᠭᠡᠷ᠎ᠡ ᠬᠢᠴᠢᠶᠡᠯ ᠢᠶᠠᠨ ᠡᠬᠢᠯᠡᠭᠦᠯᠵᠡᠢ᠃ ᠬᠡᠷᠪᠡ 3 ᠰᠠᠷ᠎ᠠ ᠶᠢᠨ 1᠎ ᠤ ᠡᠳᠦᠷ ᠬᠡᠪ ᠤᠨ ᠶᠣᠰᠣᠭᠠᠷ ᠰᠤᠷᠭᠠᠭᠤᠯᠢ ᠡᠬᠢᠯᠡᠵᠦ ᠳᠡᠶᠢᠯᠬᠦ ᠥᠬᠡᠶ ᠪᠣᠯ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠎ ᠶᠢᠨ ᠠᠵᠢᠯ ᠤᠨ ᠪᠡᠯᠡᠳᠬᠡᠯ ᠲᠥᠰᠦᠯ ᠢ ᠴᠠᠭ ᠲᠤᠬᠠᠶ ᠳᠤᠨᠢ ᠡᠬᠢᠯᠡᠭᠦᠯᠵᠦ᠂ ᠭᠤᠷᠪᠠ ᠠᠴᠠ ᠨᠠᠶᠮᠠᠳᠤᠭᠠᠷ ᠣᠨ ᠤ ᠰᠤᠷᠤᠭᠴᠢᠳ ᠲᠤ ᠨᠢᠭᠡᠳᠦᠯᠲᠡᠶ ᠰᠦᠯᠵᠢᠶᠡᠨ ᠳᠡᠭᠡᠷ᠎ᠡ ᠬᠢᠴᠢᠶᠡᠯ ᠵᠢᠭᠠᠵᠤ᠂ ᠠᠩᠬ᠎ᠠ ᠳᠤᠮᠳᠠᠳᠤ ᠶᠢᠨ ᠭᠤᠷᠪᠠᠳᠤᠭᠠᠷ ᠣᠨ ᠳᠤ ᠡᠯ᠎ᠡ ᠰᠤᠷᠭᠠᠭᠤᠯᠢ ᠥᠪᠡᠰᠦᠪᠡᠨ ᠰᠦᠯᠵᠢᠶᠡᠨ ᠳᠡᠭᠡᠷ᠎ᠡ ᠬᠢᠴᠢᠶᠡᠯ ᠣᠷᠣᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠴᠢᠶᠡᠯ ᠤᠨ ᠠᠭᠤᠯᠭ᠎ᠠ ᠶᠢ ᠶᠡᠷᠦᠩᠬᠡᠶᠢᠯᠡᠨ ᠳᠠᠪᠲᠠᠬᠤ ᠪᠠᠷ ᠭᠤᠤᠯ ᠪᠣᠯᠭᠠᠨ᠎ᠠ᠃ ᠠᠯᠠᠱᠠ ᠵᠡᠭᠦᠨ ᠬᠤᠰᠢᠭᠤᠨ ᠤ ᠰᠦᠯᠵᠢᠶᠡᠨ ᠳᠡᠭᠡᠷᠡᠬᠢ ᠢᠯᠡ ᠵᠢᠭᠠᠨ ᠰᠤᠷᠭᠠᠯᠲᠠ ᠶᠢᠨ ᠭᠤᠣᠯᠯᠠᠭᠴᠢ ᠪᠠᠭᠰᠢ ᠶᠢᠨ ᠪᠦᠯᠬᠦᠮ ᠨᠢᠭᠡᠨᠲᠡ ᠪᠠᠶᠢᠭᠤᠯᠤᠭᠳᠠᠵᠤ᠂ ᠪᠠᠭᠰᠢ ᠨᠠᠷ ᠨᠢᠭᠡᠨᠲᠡ ᠤᠷᠢᠳᠴᠢᠯᠠᠨ ᠬᠢᠴᠢᠶᠡᠯ ᠪᠡᠯᠡᠳᠬᠡᠵᠦ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠠᠵᠢᠯ ᠤᠨ ᠵᠥᠭᠡᠯᠡᠨ ᠲᠤᠨᠤᠭ᠂ ᠲᠤᠨᠤᠭ ᠲᠥᠬᠦᠭᠡᠷᠦᠮᠵᠢ ᠶᠢᠨ ᠲᠤᠬᠢᠷᠠᠭᠤᠯᠤᠯᠳᠠ ᠶᠢ ᠪᠣᠯᠪᠠᠰᠤᠷᠠᠩᠭᠤᠢ ᠡᠵᠡᠮᠰᠢᠵᠡᠢ᠃ ᠪᠠᠭ᠎ᠠ ᠰᠤᠷᠭᠠᠭᠤᠯᠢ ᠶᠢᠨ ᠪᠠᠭ᠎ᠠ ᠨᠠᠰᠤᠨ ᠤ ᠦᠶ᠎ᠡ ᠪᠠ ᠰᠤᠷᠬᠤ ᠨᠠᠰᠤᠨ ᠠᠴᠠ ᠡᠮᠦᠨᠡᠬᠢ ᠬᠤᠭᠤᠴᠠᠭᠠᠨ ᠳᠤ᠂ ᠬᠡᠦᠬᠡᠳ ᠤᠨ ᠰᠤᠷᠤᠯᠭ᠎ᠠ ᠶᠢᠨ ᠣᠨᠴᠠᠯᠢᠭ ᠢ ᠪᠣᠳᠣᠯᠬᠢᠯᠠᠵᠤ᠂ ᠭᠡᠷ ᠲᠡᠭᠡᠨ ᠰᠤᠷᠤᠯᠴᠠᠭᠤᠯᠬᠤ ᠪᠠᠷ ᠲᠣᠬᠢᠷᠠᠭᠤᠯᠵᠠᠢ᠃
ᠰᠤᠷᠪᠤᠯᠵᠢᠯᠠᠭᠴᠢ᠄  ᠠᠯᠠᠱᠠ ᠵᠡᠭᠦᠨ ᠬᠤᠰᠢᠭᠤᠨ ᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠭᠰᠡᠨ ᠪᠠᠶᠢᠳᠠᠯ ᠶᠠᠮᠠᠷ ᠪᠣᠢ︖ᠯᠢ ᠶᠢᠨ ᠰᠢᠤ᠄ 2 ᠰᠠᠷ᠎ᠠ ᠶᠢᠨ 21᠎ ᠤ ᠡᠳᠦᠷ ᠪᠣᠯᠲᠠᠯ᠎ᠠ᠂ ᠪᠥᠬᠦ ᠬᠤᠰᠢᠭᠤᠨ ᠳᠤ 31 ᠠᠵᠤ ᠦᠶᠯᠡᠳᠪᠦᠷᠢ ᠶᠢᠨ ᠠᠵᠤ ᠠᠬᠤᠶᠢᠯᠠᠯ ᠬᠡᠪ ᠤᠨ ᠠᠵᠢᠯᠯᠠᠭ᠎ᠠ ᠳᠤ ᠪᠠᠨ ᠣᠷᠣᠪᠠ᠃ ᠠᠵᠢᠯ ᠲᠥᠷᠥᠯ ᠤᠨ ᠣᠨᠴᠠᠯᠢᠭ ᠤᠨ ᠬᠢᠵᠠᠭᠠᠷᠯᠠᠯ ᠎ ᠠᠴᠠ ᠪᠣᠯᠵᠣ᠂ ᠪᠠᠷᠢᠯᠭ᠎ᠠ ᠶᠢᠨ ᠠᠵᠢᠯ ᠲᠥᠷᠥᠯ ᠤᠨ ᠠᠵᠢᠯ ᠡᠬᠢᠯᠡᠭᠦᠯᠬᠦ ᠴᠠᠭ ᠨᠢ 3᠎ ᠠᠴᠠ 4 ᠳ᠋ᠦ᠋ᠭᠡᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ 28 ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ᠂ 14 ᠡᠷᠦᠬᠡ ᠬᠡᠪ ᠤᠨ ᠦᠶᠯᠡᠳᠪᠦᠷᠢᠯᠡᠯ ᠢᠶᠠᠨ ᠡᠬᠢᠯᠡᠭᠦᠯᠵᠦ᠂ 14 ᠡᠷᠦᠬᠡ ᠦᠢᠯᠡᠳᠪᠦᠷᠢᠯᠡᠯ ᠨᠢ ᠡᠬᠢᠯᠡᠭᠡ ᠦᠭᠡᠢ ᠪᠠᠶᠢᠵᠤ᠂ ᠠᠵᠢᠯ ᠡᠬᠢᠯᠡᠭᠦᠯᠦᠭᠰᠡᠨ ᠨᠣᠷᠮ᠎ᠠ ᠨᠢ 50 %᠎ ᠳᠤ ᠬᠦᠷᠴᠦ᠂ 2646 ᠬᠥᠮᠦᠨ ᠠᠵᠢᠯ ᠎ ᠤᠨ ᠪᠠᠶᠢᠷᠢ ᠳᠠᠭᠠᠨ ᠪᠤᠴᠠᠵᠤ᠂ 38 %᠎ ᠶᠢ ᠡᠵᠡᠯᠡᠪᠡ᠃ ᠠᠯᠠᠱᠠ ᠵᠡᠭᠦᠨ ᠬᠤᠰᠢᠭᠤ ᠠᠵᠢᠯ ᠲᠥᠷᠥᠯ ᠤᠨ ᠬᠢᠨ ᠤ ᠠᠮᠤᠷ ᠲᠦᠪᠰᠢᠨ ᠡᠮᠬᠢ ᠵᠢᠷᠤᠮ ᠲᠠᠢ ᠪᠠᠷ ᠠᠵᠢᠯ ᠢᠶᠠᠨ ᠡᠬᠢᠯᠡᠭᠦᠯᠵᠦ ᠰᠡᠷᠭᠦᠭᠡᠬᠦ ᠶᠢ ᠠᠬᠢᠭᠤᠯᠬᠤ ᠶᠢᠨ ᠬᠠᠮᠲᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠎ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠲᠤᠰᠬᠠᠶ ᠠᠵᠢᠯᠲᠠᠨ ᠢ ᠲᠣᠮᠢᠯᠠᠨ ᠲᠤᠬᠠᠶ ᠶᠢᠨ ᠲᠠᠯᠠᠪᠠᠶ ᠳᠤ ᠰᠡᠷᠭᠡᠶᠢᠯᠡᠨ ᠡᠵᠡᠮᠳᠡᠬᠦ ᠠᠵᠢᠯ ᠢ ᠵᠢᠯᠣᠭᠤᠳᠣᠭᠤᠯᠪᠠ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号