| ᠰᠤᠷᠪᠤᠯᠵᠢᠯᠠᠭᠰᠠᠨ ᠴᠠᠭ᠄ 2020 ᠣᠨ ᠤ 4 ᠳ᠋ᠦ᠋ᠭᠡᠷ ᠰᠠᠷ᠎ᠠ | ᠰᠤᠷᠪᠤᠯᠵᠢᠯᠠᠭ᠎ᠠ ᠬᠦᠯᠢᠶᠡᠭᠴᠢ᠄ ᠠᠯᠠᠱᠠ ᠵᠡᠬᠦᠨ ᠬᠤᠰᠢᠭᠤᠨ ᠤ ᠨᠢᠭᠡᠳᠦᠮᠠᠯ ᠹᠷᠤᠨᠲ ᠤᠨ ᠬᠡᠯᠲᠡᠰ ᠤᠨ ᠠᠯᠪᠠᠨ | ᠭᠡᠷ ᠤᠨ ᠡᠷᠬᠢᠯᠡᠭᠴᠢ ᠰᠡᠴᠡᠨ | ᠨᠠᠮ ᠪᠠ ᠠᠷᠠᠳ ᠲᠦᠮᠡᠨ᠂ ᠺᠠᠳ᠋ᠷ ᠬᠢᠭᠡᠳ ᠣᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ | ᠨᠢᠭᠲᠠᠷᠭᠤᠯᠵᠦ᠂ ᠬᠠᠪᠰᠤᠷᠤᠨ ᠲᠡᠳᠬᠦᠵᠦ ᠪᠠᠶᠢᠭ᠎ᠠ ᠭᠠᠴᠠᠭᠠᠨ ᠤ ᠶᠠᠲᠠᠭᠤ ᠠᠴᠠ ᠠᠩᠭᠢᠵᠢᠷᠠᠭᠤᠯᠵᠤ ᠪᠤᠭᠤᠮᠲᠠ | ᠰᠢᠪᠳᠤᠯᠬᠤ ᠠᠵᠢᠯ ᠢ ᠦᠨᠡᠨᠬᠦ ᠲᠦᠯᠬᠢᠨ ᠠᠬᠢᠭᠤᠯᠬᠤ ᠶᠢᠨ ᠲᠤᠰᠠᠲᠠ᠂ ᠦᠢᠷ᠎ᠠ ᠳᠤ᠂ ᠠᠯᠠᠱᠠ ᠵᠡᠬᠦᠨ ᠬᠤᠰᠢᠭᠤᠨ | ᠤ ᠨᠢᠭᠡᠳᠦᠮᠠᠯ ᠹᠷᠤᠨᠲ ᠤᠨ ᠬᠡᠯᠲᠡᠰ ᠬᠠᠪᠤᠷ ᠤᠨ ᠮᠠᠯᠴᠢᠳ ᠤᠨ ᠶᠠᠭᠠᠷᠠᠯᠳᠠᠢ ᠴᠠᠭ ᠢ ᠲᠤᠬᠢᠶᠠᠯᠳᠤᠭᠤᠯᠤᠨ ᠪᠦᠬᠦ | ᠺᠠᠳ᠋ᠷ ᠠᠵᠢᠯᠲᠠᠳ ᠢᠶᠠᠨ ᠵᠤᠬᠢᠶᠠᠨ ᠪᠠᠶᠢᠭᠤᠯᠵᠤ᠂ ᠬᠠᠪᠰᠤᠷᠤᠨ ᠲᠡᠳᠬᠦᠵᠦ ᠪᠠᠶᠢᠭ᠎ᠠ ᠦᠯᠵᠡᠢ ᠰᠤᠮᠤᠨ ᠤ | ᠦᠯᠵᠡᠶᠢᠰᠠᠶᠢᠠᠬᠨ ᠭᠠᠴᠠᠭᠠᠨ ᠳᠤ ᠬᠦᠨᠵᠡᠭᠡᠶᠢᠷᠡᠨ ᠶᠠᠲᠠᠭᠤ ᠶᠢ ᠲᠡᠳᠬᠦᠬᠦ ᠪᠠᠷ ᠭᠤᠤᠯ ᠪᠤᠯᠭᠠᠬᠰᠠᠨ ᠨᠠᠮ ᠤᠨ | ᠲᠤᠰᠬᠠᠢ ᠰᠡᠳᠦᠪᠳᠤ ᠡᠳᠦᠷ ᠤᠨ ᠠᠵᠢᠯᠯᠠᠭ᠎ᠠ ᠦᠷᠨᠢᠬᠦᠯᠵᠦ᠂ ᠶᠠᠲᠠᠭᠤ ᠬᠦᠴᠢᠷᠲᠡᠯᠲᠡᠢ ᠡᠷᠦᠬᠡ ᠶᠢ ᠬᠠᠪᠰᠤᠷᠤᠨ ᠮᠠᠯ | ᠤᠨ ᠦᠷᠲᠡᠩ ᠮᠠᠯᠳᠠᠵᠤ᠂ ᠬᠠᠰᠢᠶ᠎ᠠ ᠬᠤᠷᠢᠶ᠎ᠠ ᠶᠢ ᠴᠡᠪᠡᠷᠯᠡᠨ᠂ ᠢᠮᠠᠭ᠎ᠠ ᠰᠠᠮᠨᠠᠵᠤ᠂ ᠨᠠᠮ ᠵᠠᠰᠠᠭ ᠤᠨ ᠬᠠᠶᠢᠷ᠎ᠠ | ᠬᠠᠯᠠᠮᠵᠢ ᠶᠢ ᠠᠷᠠᠳ ᠲᠦᠮᠡᠨ ᠤ ᠬᠦᠷᠭᠡᠨ᠂ ᠨᠠᠮ ᠤᠨ ᠪᠠᠶᠢᠭᠤᠯᠤᠯᠳᠠ ᠪᠠᠷ ᠶᠠᠳᠠᠭᠤ ᠶᠢ ᠲᠡᠳᠬᠦᠬᠦ ᠠᠵᠢᠯ ᠢᠶᠠᠨ | ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠵᠤ ᠪᠤᠭᠤᠮᠳᠠ ᠰᠢᠪᠳᠤᠯᠤᠨ ᠴᠢᠨᠡᠭᠡᠯᠢᠭ ᠨᠡᠶᠢᠬᠡᠮ ᠢ ᠪᠠᠶᠢᠭᠤᠯᠬᠤ | ᠬᠠᠷᠠᠯᠳᠠ ᠶᠢ ᠪᠡᠶᠡᠯᠡᠭᠦᠯᠬᠦ ᠳᠤ ᠢᠳᠡᠭᠡᠯ ᠵᠤᠷᠢᠭ ᠬᠦᠪᠴᠢᠯᠡᠭᠰᠡᠨ ᠪᠠᠶᠢᠨ᠎ᠠ᠃ | ᠰᠤᠷᠪᠤᠯᠵᠢᠯᠠᠭᠴᠢ᠄ ᠲᠠ ᠨᠠᠷ ᠨᠠᠮ ᠤᠨ ᠲᠤᠰᠬᠠᠢ ᠰᠡᠳᠦᠪᠳᠤ ᠡᠳᠦᠷ ᠤᠨ ᠠᠵᠢᠯᠯᠠᠭ᠎ᠠ ᠪᠠᠨ ᠭᠠᠴᠠᠭᠠᠨ ᠳᠤ | ᠬᠦᠷᠴᠦ ᠮᠠᠯᠴᠢᠳ ᠤᠨ ᠠᠮᠢᠳᠤᠷᠠᠯ ᠦᠢᠯᠡᠳᠪᠦᠷᠢᠯᠡᠯ ᠳᠤᠨᠢ ᠳᠡᠮ ᠲᠤᠰᠠ ᠪᠣᠯᠣᠭᠰᠠᠨ ᠭᠡᠵᠦ ᠰᠣᠨᠣᠰᠤᠯ᠎ᠠ᠂ ᠲᠠ ᠡᠨᠡ | ᠬᠦ ᠠᠵᠢᠯᠯᠠᠭ᠎ᠠ ᠪᠠᠨ ᠪᠢᠳᠠᠨ ᠳᠤ ᠲᠠᠨᠢᠯᠴᠠᠭᠤᠯᠵᠤ ᠥᠭᠭᠦᠨ᠎ᠡ ᠦᠦ︖ | ᠰᠡᠴᠡᠨ᠄ ᠪᠢᠳᠠ ᠪᠠᠶᠢᠭᠤᠯᠭ᠎ᠠ ᠶᠢᠨ ᠢᠶᠠᠨ ᠺᠠᠳ᠋ᠷ ᠠᠵᠢᠯᠲᠠᠳ ᠢᠶᠠᠨ ᠵᠣᠬᠢᠶᠠᠨ ᠪᠠᠶᠢᠭᠤᠯᠵᠤ᠂ ᠦᠯᠵᠡᠶᠢᠰᠠᠶᠢᠬᠠᠨ | ᠭᠠᠴᠠᠭᠠᠨ ᠤ ᠶᠠᠳᠠᠭᠤ ᠬᠦᠴᠢᠷᠳᠡᠯᠳᠡᠢ ᠡᠷᠦᠬᠡ ᠵᠢᠮᠢᠰ ᠤᠨ ᠳᠤ ᠬᠦᠷᠴᠦ᠂ ᠭᠡᠷ ᠦᠢᠷ᠎ᠠ ᠵᠠᠭᠤᠷ᠎ᠠ ᠶᠢᠨ ᠬᠤᠭ ᠨᠤᠪᠰᠢ | ᠬᠢᠭᠡᠳ ᠬᠠᠰᠢᠶ᠎ᠠ ᠬᠤᠷᠢᠶ᠎ᠠ ᠶᠢ ᠨᠢ ᠴᠡᠪᠡᠷᠯᠡᠨᠨ ᠦᠭᠴᠦ᠂ ᠢᠮᠠᠭ᠎ᠠ ᠰᠠᠮᠨᠠᠬᠠᠤ ᠠᠵᠢᠯ ᠢ ᠬᠠᠪᠰᠤᠷᠤᠨ ᠦᠭᠭᠦᠭᠰᠡᠨ ᠤ | ᠲᠠᠷᠠᠭ᠎ᠠ ᠲᠤᠰ ᠭᠠᠴᠠᠭ᠎ᠠ 2018 ᠤᠨ ᠳᠤ ᠭᠠᠴᠭᠠᠠᠨ ᠤ ᠬᠠᠮᠲᠦ ᠶᠢᠨ ᠠᠵᠤ ᠠᠬᠤᠢ ᠪᠠᠨ ᠬᠦᠭᠵᠢᠭᠦᠯᠭᠦ ᠪᠠᠷ 50 | ᠲᠦᠮᠡᠨ ᠲᠦᠭᠦᠷᠢᠭ ᠤᠨ ᠪᠡᠯᠡ ᠮᠦᠩᠭᠦ ᠤᠷᠤᠭᠤᠯᠤᠬᠰᠠᠨ 1000 ᠮᠤ᠋ ᠪᠦᠭᠡᠷᠡᠭ ᠲᠤ ᠤᠯᠠᠭᠠᠨ ᠭᠤᠶᠤᠤ | ᠰᠠᠭᠤᠯᠭᠠᠵᠦ ᠶᠠᠲᠠᠭᠤ ᠶᠢ ᠲᠡᠳᠬᠦᠬᠦ ᠲᠦᠷᠦᠯ ᠵᠦᠢᠯ ᠤᠨ ᠰᠠᠭᠤᠷᠢᠨ ᠭᠠᠵᠠᠷ ᠲᠤ ᠬᠦᠷᠴᠦ᠂ ᠲᠠᠷᠢᠵᠤ | ᠰᠠᠭᠤᠯᠭᠠᠭᠰᠠᠨ ᠤᠯᠠᠭᠠᠨ ᠭᠤᠶᠤᠤ ᠶᠢ ᠤᠰᠤᠯᠠᠵᠤ᠂ ᠶᠡᠷᠦᠳᠡ ᠶᠢᠨ ᠦᠶ᠎ᠡ ᠳᠤ ᠬᠦᠳᠡᠯᠮᠦᠷᠢ ᠬᠦᠴᠦ ᠲᠤᠳᠠᠮᠠᠭ | ᠠᠴᠠ ᠪᠤᠯᠵᠤ ᠲᠠᠷᠢᠬᠰᠠᠨ ᠤᠯᠠᠭᠠᠨ ᠭᠤᠶᠤᠤ ᠪᠠᠨ ᠤᠰᠤᠯᠠᠵᠤ ᠴᠢᠳᠠᠬᠤ ᠦᠭᠡᠢ ᠬᠦᠴᠢᠷᠳᠡᠯ ᠳᠤ ᠲᠡᠮ ᠲᠤᠰᠠ | ᠪᠤᠯᠤᠬᠰᠠᠨ ᠪᠠᠶᠢᠨ᠎ᠠ᠃ | ᠰᠤᠷᠪᠤᠯᠵᠢᠯᠠᠭᠴᠢ᠄ ᠲᠠ ᠨᠠᠷ ᠶᠠᠭᠤᠨ ᠳᠤ ᠡᠨᠡ ᠬᠦ ᠠᠵᠢᠯᠯᠠᠭ᠎ᠠ ᠶᠠᠮᠠᠷ ᠦᠷ᠎ᠡ ᠳ᠋ᠦᠩ ᠳᠤ ᠬᠦᠷᠬᠦ ᠶᠤᠮ ᠪᠣᠢ︖ | ᠰᠡᠴᠡᠨ᠄ ᠤᠯᠠᠭᠠᠨ ᠭᠤᠶᠤᠤ ᠰᠠᠭᠤᠯᠭᠠᠵᠦ ᠶᠠᠲᠠᠭᠤ ᠶᠢ ᠲᠡᠳᠬᠦᠬᠦ ᠲᠦᠷᠦᠯ ᠵᠦᠢᠯ ᠠᠮᠵᠢᠯᠳᠠ ᠤᠯᠪᠠᠯ ᠭᠠᠴᠠᠭᠠᠨ ᠤ | ᠶᠠᠳᠠᠭᠤ ᠬᠦᠴᠢᠷᠳᠡᠯᠳᠡᠢ ᠡᠷᠦᠬᠡ ᠶᠢᠨ ᠬᠦᠮᠦᠨ ᠲᠤᠮᠳᠠᠴᠢ ᠪᠠᠷ 10000 ᠲᠦᠭᠦᠷᠢᠭ ᠤᠨ ᠤᠷᠤᠯᠭ᠎ᠠ ᠨᠡᠮᠡᠭᠳᠡᠬᠦ | ᠪᠤᠯᠤᠨ᠎ᠠ᠃ ᠦᠯᠵᠡᠶᠢᠰᠠᠶᠢᠬᠠᠨ ᠭᠠᠴᠠᠭᠠᠨ ᠤ ᠨᠤᠳᠤᠭ ᠪᠡᠯᠴᠢᠭᠡᠷ ᠤᠨ ᠲᠠᠯᠠᠪᠠᠢ 120 ᠭᠠᠷᠤᠢ ᠲᠦᠮᠡᠨ ᠮᠤ᠋ ᠳᠤ | ᠬᠦᠷᠴᠦ᠂ ᠦᠢᠷ᠎ᠠ ᠶᠢᠨ ᠵᠢᠯ ᠬᠤᠷ᠎ᠠ ᠪᠤᠷᠤᠭᠠᠨ ᠴᠦᠭᠡᠨ᠂ ᠭᠠᠵᠠᠷ ᠤᠨ ᠴᠢᠭᠢᠭ ᠪᠠᠭ᠎ᠠ᠂ ᠰᠠᠯᠬᠢ ᠰᠢᠭᠤᠷᠭᠠᠨ ᠶᠡᠭᠡ | ᠵᠡᠷᠭᠡ ᠠᠴᠠ ᠰᠢᠯᠭᠠᠳᠠᠯᠠᠬᠳᠠᠨ ᠭᠠᠩ ᠬᠠᠭᠰᠠᠷᠭᠠᠨ ᠳᠤ ᠲᠠᠭᠠᠷᠢᠬᠳᠠᠵᠤ᠂ ᠭᠠᠴᠠᠭᠠᠨ ᠤ ᠨᠤᠳᠤᠭ ᠪᠡᠯᠴᠢᠭᠡᠷ ᠲᠤ ᠶᠡᠭᠡ | ᠬᠡᠮᠵᠢᠶᠡᠨ ᠤ ᠬᠤᠤᠷ ᠡᠪᠡᠰᠦ ᠤᠷᠭᠤᠵᠤ᠂ ᠬᠤᠤᠷ ᠡᠪᠡᠰᠦᠨ ᠤ ᠲᠠᠯᠠᠪᠠᠢ 50 ᠲᠦᠮᠡᠨ ᠮᠤ᠋ ᠶᠢ ᠲᠠᠪᠠᠵᠤ᠂ | ᠭᠠᠴᠠᠭᠠᠨ ᠤ 50% ᠶᠢᠨ ᠮᠠᠯᠴᠢᠨ ᠤᠨ ᠮᠠᠯ ᠬᠤᠤᠷ ᠡᠪᠡᠰᠦᠨ ᠳᠤ ᠬᠤᠤᠷᠳᠠᠬᠳᠠᠵᠤ᠂ ᠮᠠᠯ ᠠᠵᠤ ᠠᠬᠤᠢ ᠬᠢᠭᠡᠳ | ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠮᠠᠰᠢ ᠶᠡᠭᠡ ᠨᠦᠯᠦᠭᠡ ᠠᠪᠴᠢᠷᠠᠬᠰᠠᠨ ᠪᠠᠶᠢᠨ᠎ᠠ᠃ ᠡᠨᠡᠬᠦ ᠪᠠᠶᠢᠳᠠᠯ ᠢ | ᠦᠢᠯᠠᠭᠠᠵᠤ ᠮᠡᠳᠡᠭᠰᠡᠨ ᠤ ᠲᠠᠷᠠᠭ᠎ᠠ ᠮᠠᠨ ᠤ ᠪᠠᠶᠢᠭᠤᠯᠭ᠎ᠠ ᠠᠴᠠ ᠠᠯᠠᠱᠠ ᠵᠡᠭᠦᠨ ᠬᠤᠰᠢᠭᠤᠨ ᠤ ᠲᠠᠷᠢᠶᠠᠯᠠᠩ ᠮᠠᠯ | ᠠᠬᠤᠢ ᠶᠢᠨ ᠲᠤᠪᠴᠢᠶᠠᠨ ᠤ ᠮᠠᠯ ᠤᠨ ᠡᠮᠴᠢ ᠮᠡᠷᠭᠡᠵᠢᠯᠲᠡᠨ ᠢ ᠤᠷᠢᠵᠦ᠂ ᠦᠯᠵᠡᠢ ᠰᠤᠮᠤᠨ ᠤ ᠤᠳᠤᠷᠢᠳᠤᠯᠭ᠎ᠠ᠂ | ᠦᠯᠵᠡᠶᠢᠰᠠᠶᠢᠬᠠᠨ ᠭᠠᠴᠠᠭᠠᠨ ᠤ ᠵᠦᠪᠯᠡᠯ ᠤᠨ ᠪᠦᠷᠢᠯᠳᠦᠬᠦᠨ ᠭᠡᠰᠢᠬᠦᠨ᠂ ᠮᠠᠯᠴᠢᠳ ᠤᠨ ᠲᠦᠯᠦᠭᠡᠯᠡᠭᠴᠢ ᠶᠢ | ᠵᠤᠬᠢᠶᠠᠨ ᠪᠠᠶᠢᠭᠤᠯᠤᠨ ᠲᠤᠰᠬᠠᠢ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠦ᠂ ᠬᠤᠤᠷ ᠡᠪᠡᠰᠦᠨ ᠤ | ᠠᠰᠠᠭᠤᠲᠠᠯ ᠢ ᠶᠠᠭᠠᠬᠢᠵᠦ ᠪᠦᠲᠦᠮᠵᠢᠲᠡᠢ ᠰᠢᠢᠳᠪᠦᠷᠢᠯᠡᠬᠦ᠂ ᠭᠠᠴᠠᠭᠠᠨ ᠤ ᠬᠠᠮᠲᠦ ᠶᠢᠨ ᠪᠡᠯᠴᠢᠭᠡᠷ ᠢ ᠠᠰᠢᠭᠯᠠᠨ | ᠨᠡᠶᠢᠳᠡ ᠶᠢᠨ ᠬᠠᠳᠤᠯᠠᠩ ᠤᠨ ᠲᠠᠯᠠᠪᠠᠢ ᠪᠠᠶᠢᠭᠤᠯᠬᠤ᠂ ᠭᠠᠴᠠᠭᠠᠨ ᠤ ᠬᠠᠮᠲᠦ ᠶᠢᠨ ᠠᠵᠤ ᠠᠬᠤᠢ ᠶᠢ ᠬᠦᠭᠵᠢᠭᠦᠯᠬᠦ | ᠪᠠᠷ ᠲᠠᠮᠵᠢᠭᠤᠯᠤᠨ ᠮᠠᠯᠴᠢᠳ ᠤᠨ ᠮᠠᠯ ᠬᠤᠤᠷ ᠡᠪᠡᠰᠦᠨ ᠳᠤ ᠬᠤᠤᠷᠳᠠᠬᠳᠠᠬᠰᠠᠨ ᠠᠴᠠ ᠪᠤᠯᠤᠬᠰᠠᠨ ᠬᠤᠬᠢᠷᠠᠯ ᠢ | ᠪᠠᠭᠠᠰᠬᠠᠵᠤ᠂ ᠤᠷᠤᠯᠭ᠎ᠠ ᠶᠢ ᠪᠠᠳᠤᠯᠠᠨ ᠨᠡᠮᠡᠭᠳᠡᠭᠦᠯᠬᠦ ᠲᠤᠬᠠᠢ ᠪᠤᠲᠠᠲᠠᠢ ᠠᠷᠭ᠎ᠠ ᠠᠪᠴᠠᠯ ᠠᠪᠬᠤ ᠲᠠᠯ᠎ᠠ ᠪᠠᠷ | ᠵᠦᠪᠳᠡᠯᠴᠡᠵᠦ᠂ ᠨᠢᠭᠡ ᠰᠦᠷᠦᠭ ᠮᠠᠯ ᠨᠢ ᠪᠦᠭᠦᠳᠡᠭᠡᠷ ᠢᠶᠠᠨ ᠬᠤᠤᠷ ᠡᠪᠡᠰᠦ ᠢᠳᠡᠵᠦ ᠪᠡᠯᠴᠢᠭᠡᠷ ᠲᠤ | ᠪᠡᠯᠴᠢᠭᠡᠷᠯᠡᠬᠦᠯᠬᠦ ᠶᠢᠨ ᠠᠷᠭ᠎ᠠ ᠦᠭᠡᠢ ᠬᠠᠰᠢᠶᠠᠯᠠᠨ ᠲᠡᠵᠢᠭᠡᠵᠤ ᠪᠠᠶᠢᠭ᠎ᠠ ᠨᠢᠭᠡ ᠮᠠᠯᠴᠢᠨ ᠠᠶᠢᠯ ᠤᠨ ᠮᠠᠯ ᠳᠤ ᠬᠤᠤᠷ | ᠲᠠᠶᠢᠯᠠᠬᠤ ᠵᠡᠭᠦᠦ ᠶᠢᠨ ᠲᠠᠷᠢᠯᠭ᠎ᠠ ᠶᠢᠨ ᠲᠤᠷᠰᠢᠯᠳᠠ ᠬᠢᠭᠰᠡᠨ ᠪᠠᠶᠢᠨ᠎ᠠ᠃ | ᠰᠤᠷᠪᠤᠯᠵᠢᠯᠠᠭᠴᠢ᠄ ᠲᠠ ᠨᠠᠷ ᠤᠨ ᠪᠠᠰᠠ ᠶᠠᠮᠠᠷ ᠶᠠᠮᠠᠷ ᠠᠵᠢᠯ ᠢ ᠭᠦᠢᠴᠡᠳᠬᠡᠬᠦ ᠲᠥᠯᠥᠪᠯᠡᠭᠡ ᠲᠠᠢ ᠶᠤᠮ ᠪᠣᠢ︖ | ᠰᠡᠴᠡᠨ᠄ ᠶᠠᠳᠠᠭᠤ ᠠᠴᠠ ᠠᠩᠭᠢᠵᠢᠷᠠᠭᠤᠯᠵᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠰᠢᠪᠳᠤᠷᠭᠠᠨ ᠤ ᠠᠵᠢᠯ ᠢ | ᠰᠠᠶᠢᠨ ᠬᠢᠵᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠳᠠ ᠶᠢ ᠴᠢᠷᠮᠠᠶᠢᠨ | ᠪᠡᠶᠡᠯᠡᠭᠦᠯᠬᠦ ᠪᠠᠷ ᠠᠯᠠᠱᠠ ᠵᠡᠬᠦᠨ ᠬᠤᠰᠢᠭᠤᠨ ᠤ ᠨᠢᠭᠡᠳᠦᠮᠠᠯ ᠹᠷᠤᠨᠲ ᠤᠨ ᠬᠡᠯᠲᠡᠰ ᠡᠨᠡ ᠵᠢᠯ ᠶᠠᠲᠠᠭᠤ ᠶᠢ ᠲᠡᠳᠬᠦᠬᠦ | ᠠᠵᠢᠯ ᠢᠶᠠᠨ ᠦᠷᠬᠦᠯᠵᠢᠯᠡᠨ ᠴᠢᠩᠭᠠᠳᠬᠠᠵᠦ᠂ ᠮᠠᠯᠴᠢᠨ ᠲᠦᠮᠡᠨ ᠳᠤ ᠡᠯ᠎ᠡ ᠵᠦᠢᠯ ᠤᠨ ᠮᠡᠳᠡᠭᠡ ᠵᠠᠩᠭᠢ ᠶᠢ ᠴᠠᠭ | ᠲᠤᠬᠠᠢ ᠳᠤᠨᠢ ᠬᠠᠨᠭ᠍ᠭᠠᠵᠦ᠂ ᠶᠠᠲᠠᠭᠤ ᠶᠢ ᠲᠡᠳᠬᠦᠬᠦ ᠲᠦᠷᠦ ᠶᠢᠨ ᠪᠤᠲᠤᠯᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠬᠡᠪᠴᠢᠶᠡᠨ ᠳᠤ ᠨᠡᠶᠢᠲᠡ ᠶᠢᠨ ᠪᠤᠰᠤ ᠦᠮᠴᠢᠯᠡᠯᠲᠦ ᠠᠵᠤ ᠠᠬᠤᠶᠢᠯᠠᠯ | ᠢ ᠤᠷᠢᠶᠠᠯᠠᠨ ᠶᠠᠲᠠᠭᠤ ᠶᠢ ᠲᠡᠳᠬᠦᠬᠦ ᠠᠵᠢᠯᠯᠠᠭᠠᠨ ᠳᠤ ᠢᠳᠡᠪᠬᠢᠯᠡᠨ ᠣᠷᠣᠯᠴᠠᠭᠤᠯᠬᠤ ᠵᠡᠷᠭᠡ ᠤᠯᠠᠨ ᠵᠦᠢᠯ ᠤᠨ | ᠠᠷᠭ᠎ᠠ ᠬᠡᠯᠪᠡᠷᠢ ᠪᠠᠷ ᠶᠠᠲᠠᠭᠤ ᠠᠴᠠ ᠠᠩᠭᠢᠵᠢᠷᠠᠭᠤᠯᠵᠤ ᠪᠤᠭᠤᠮᠲᠠ ᠰᠢᠪᠲᠤᠯᠬᠤ ᠠᠵᠢᠯ ᠳᠤ ᠬᠦᠴᠦᠨ ᠨᠡᠮᠡᠭᠦᠷᠢ ᠪᠠᠨ | ᠡᠷᠭᠦᠭᠦ ᠪᠤᠯᠤᠨ᠎ᠠ᠃ | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | |