ᠶᠠᠳᠠᠭᠤ ᠶᠢ ᠲᠡᠳᠬᠦᠬᠦ ᠳᠤ ᠢᠲᠡᠭᠡᠯ ᠵᠤᠷᠢᠭ ᠢ ᠨᠢ ᠡᠷᠴᠢᠯᠡᠵᠤ ᠤᠶᠤᠨ ᠤᠬᠠᠭᠠᠨ ᠢᠶᠠᠷ ᠲᠠᠤᠡᠬᠦᠬᠦ ᠨᠢ ᠬᠠᠮᠤᠭ ᠴᠢᠬᠤᠯᠨ
ᠨᠡᠶᠢᠲᠡᠯᠡᠭᠰᠡᠨ ᠴᠠᠭ᠄
2020/12/24
ᠰᠤᠷᠪᠤᠯᠵᠢᠯᠠᠭᠰᠠᠨ ᠴᠠᠭ᠄ 2020 ᠣᠨ ᠤ 12 ᠳ᠋ᠤᠭᠠᠷ ᠰᠠᠷ᠎ᠠ ᠰᠤᠷᠪᠤᠯᠵᠢᠯᠠᠭ᠎ᠠ ᠬᠦᠯᠢᠶᠡᠭᠴᠢ᠄ ᠠᠯᠠᠱᠠ ᠵᠡᠬᠦᠨ ᠬᠤᠰᠢᠭᠤᠨ ᠤ ᠡᠷᠬᠡᠬᠠᠰᠢᠬ᠎ᠠ ᠰᠤᠮᠤᠨ ᠤ ᠪᠠᠶᠠᠨᠨᠠᠭᠤᠷ ᠭᠠᠴᠠᠭᠠᠨ ᠳᠤ ᠰᠠᠭᠤᠭ᠎ᠠ ᠠᠵᠢᠯᠯᠠᠬᠤ ᠲᠤᠭᠤᠢᠢᠯᠠᠩ ᠤᠨ ᠴᠢ ᠱᠢ ᠬᠤᠣᠲᠡᠭᠷᠢ ᠡᠯᠡᠰᠦᠨ ᠤ ᠦᠷᠦᠴᠡᠨ ᠳᠤ ᠪᠠᠶᠢᠷᠢᠯᠠᠭ᠎ᠠ ᠡᠷᠬᠡᠬᠠᠰᠢᠬ᠎ᠠ ᠰᠤᠮᠤᠨ ᠤ ᠴᠤᠯ ᠮᠠᠯᠵᠢᠬᠤ ᠭᠠᠴᠠᠭ᠎ᠠ ᠪᠤᠯᠬᠤ ᠪᠠᠶᠠᠨᠨᠠᠭᠤᠷ ᠭᠠᠴᠠᠭ᠎ᠠ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠭᠠᠴᠠᠭᠠᠨ ᠳᠤ ᠰᠠᠭᠤᠭ᠎ᠠ ᠠᠵᠢᠯᠯᠠᠬᠤ ᠲᠤᠭᠤᠢᠢᠯᠠᠩ ᠪᠠ ᠭᠠᠴᠠᠭᠠᠨ ᠤ ︽ᠬᠤᠶᠠᠷ ᠵᠦᠪᠯᠡᠯ︾᠎ ᠤᠨ ᠴᠦᠬᠦᠷᠡᠰᠢ ᠦᠬᠡᠢ ᠴᠢᠷᠮᠠᠶᠢᠯᠭ᠎ᠠ ᠲᠤᠤᠷ᠎ᠠ᠂ ᠡ᠊ᠨᠳᠡᠬᠢ ᠮᠠᠯᠴᠢᠳ ᠶᠠᠳᠠᠭᠤ ᠠᠴᠠ ᠠᠩᠬᠢᠵᠢᠷᠠᠬᠤ ᠢᠳᠡᠬᠡᠯ ᠵᠤᠷᠢᠭ ᠲᠠᠢ ᠪᠤᠯᠤᠬᠰᠠᠨ ᠢᠶᠠᠷ ᠪᠠᠷᠬᠠᠤ ᠦᠬᠡᠢ ᠪᠠᠶᠠᠵᠢᠨ ᠴᠢᠨᠡᠬᠡᠯᠢᠭᠵᠢᠬᠦ ᠮᠡᠷᠭᠡᠵᠢᠯ ᠴᠢᠳᠠᠪᠤᠷᠢ ᠲᠠᠢ ᠪᠤᠯᠵᠠᠢ᠃
ᠰᠤᠷᠪᠤᠯᠵᠢᠯᠠᠭᠴᠢ᠄ ᠲᠠ ᠲᠠᠨ ᠤ ᠠᠵᠢᠯᠯᠠᠬᠤ ᠳᠤᠭᠤᠶᠢᠯᠠᠩ ᠤᠨ ᠪᠠᠶᠢᠭ᠎ᠠ ᠭᠠᠴᠠᠭᠠᠨ ᠤ ᠬᠦᠴᠢᠷᠳᠡᠯᠲᠡᠢ ᠡᠷᠦᠬᠡ ᠶᠢᠨ ᠲᠤᠬᠠᠢ ᠲᠠᠨᠢᠯᠴᠠᠭᠤᠯᠤᠨ᠎ᠠ ᠦᠦ︖ ᠴᠢ ᠱᠢ ᠬᠤᠣ᠄  ᠪᠠᠶᠠᠨᠨᠠᠭᠤᠷ ᠭᠠᠴᠠᠭ᠎ᠠ 2014 ᠤᠨ ᠳᠤ ᠶᠠᠳᠠᠭᠤ ᠬᠦᠴᠢᠷᠳᠡᠯᠳᠡᠢ ᠭᠠᠴᠠᠭ᠎ᠠ ᠬᠡᠮᠡᠨ ᠲᠤᠬᠳᠠᠭᠠᠵᠤ᠂ 2016 ᠤᠨ ᠳᠤ ᠶᠠᠳᠠᠭᠤ ᠠᠴᠠ ᠠᠩᠬᠢᠵᠢᠷᠠᠨ᠂ ᠤᠳᠤ ᠶᠠᠳᠠᠭᠤ ᠠᠴᠠ ᠠᠩᠬᠢᠵᠢᠷᠠᠬᠰᠠᠨ 24 ᠡᠷᠦᠬᠡ ᠪᠠᠶᠢᠵᠤ᠂ 2017 ᠤᠨ ᠠᠴᠠ ᠨᠠᠰᠢ ᠶᠠᠳᠠᠭᠤ ᠬᠦᠴᠢᠷᠳᠡᠯᠳᠡᠢ ᠡᠷᠦᠬᠡ ᠰᠢᠨ᠎ᠠ ᠪᠠᠷ ᠨᠡᠮᠡᠭᠳᠡᠭᠰᠡᠨ ᠦᠬᠡᠢ ᠮᠦᠷᠳᠡᠬᠡᠨ ᠲᠠᠬᠢᠨ ᠶᠠᠳᠠᠭᠤᠷᠠᠬᠰᠠᠨ ᠡᠷᠦᠬᠡ ᠭᠠᠷᠤᠬᠰᠠᠨ ᠦᠬᠡᠢ᠃
ᠰᠤᠷᠪᠤᠯᠵᠢᠯᠠᠭᠴᠢ᠄ ᠭᠠᠴᠠᠭᠠᠨ ᠳᠤ ᠬᠦᠷᠦᠭᠰᠡᠨ ᠤ ᠳᠠᠷᠠᠭ᠎ᠠ ᠶᠠᠳᠠᠭᠤᠷᠠᠯ ᠠᠴᠠ ᠠᠩᠭᠢᠵᠢᠷᠠᠭᠤᠯᠬᠤ ᠠᠵᠢᠯ ᠢ ᠬᠡᠷᠬᠢᠨ ᠶᠠᠪᠤᠭᠳᠠᠭᠤᠯᠤᠭᠰᠠᠨ ᠶᠤᠮ ᠪᠣᠢ ᠴᠢ ᠱᠢ ᠬᠤᠣ᠄ ᠪᠠᠶᠠᠨᠨᠠᠭᠤᠷ ᠭᠠᠴᠠᠭᠠᠨ ᠳᠤ ᠤᠷᠤᠵᠤ ᠰᠠᠭᠤᠬᠰᠠᠨ ᠤ ᠲᠠᠷᠠᠭ᠎ᠠ ᠲᠤᠯᠭᠠᠷᠠᠬᠰᠠᠨ ᠨᠢᠬᠡᠨ ᠠᠰᠠᠭᠤᠳᠠᠯ ᠬᠡᠪᠡᠯ ᠮᠠᠯᠵᠢᠬᠤ ᠡᠷᠦᠬᠡ ᠪᠠ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠤᠷᠤᠯᠭ᠎ᠠ ᠶᠢ ᠬᠡᠷᠬᠢᠨ ᠲᠡᠬᠡᠭᠰᠢᠯᠡᠬᠦᠯᠬᠦ ᠠᠰᠠᠭᠤᠳᠠᠯ ᠪᠤᠯᠤᠨ᠎ᠠ᠃ ᠡᠨᠡᠬᠦ ᠠᠰᠠᠭᠤᠳᠠᠯ ᠢ ᠰᠢᠢᠳᠪᠤᠷᠢᠯᠡᠬᠦ ᠪᠠᠷ ᠭᠠᠴᠠᠭᠠᠨ ᠳᠤ ᠰᠠᠭᠤᠭ᠎ᠠ ᠠᠵᠢᠯᠯᠠᠬᠤ ᠲᠤᠭᠤᠢᠢᠯᠠᠩ ᠪᠠ ᠭᠠᠴᠠᠭᠠᠨ ᠤ ᠬᠤᠶᠠᠷ ᠵᠦᠪᠯᠡᠯ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠮᠳᠤᠷᠠᠬᠰᠠᠨ ᠨᠠᠮ ᠤᠨ ᠡᠬᠦᠷ ᠪᠠᠶᠢᠭᠤᠯᠵᠤ᠂ ︽ᠪᠠᠶᠢᠳᠠᠯ ᠢ ᠤᠢᠢᠯᠠᠭᠠᠵᠤ᠂ ᠡᠷᠴᠢ ᠤᠬᠠᠭᠠᠨ ᠢᠶᠠᠷ ᠲᠡᠳᠬᠦᠨ᠂ ᠨᠢᠬᠡ ᠲᠠᠪᠴᠡᠩ ᠢᠶᠠᠨ ᠴᠢᠩᠭᠠᠳᠬᠠᠵᠤ᠂ ᠲᠦᠷᠪᠡᠨ ᠦᠨᠳᠦᠰᠦᠨ ᠢ ᠴᠢᠩᠭ᠎ᠠ ᠠᠳᠬᠤᠨ᠂ ᠭᠤᠷᠪᠠᠨ ᠴᠢᠭᠯᠡᠯ ᠢᠶᠠᠷ ᠰᠢᠪᠳᠤᠯᠬᠤ︾ ᠠᠵᠢᠯ ᠤᠨ ᠰᠡᠳᠬᠢᠴᠠ ᠶᠢ ᠲᠤᠬᠳᠠᠭᠠᠵᠠᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠮᠳᠤᠷᠠᠬᠰᠠᠨ ᠨᠠᠮ ᠤᠨ ᠡᠬᠦᠷ ᠭᠠᠴᠠᠭᠠᠨ ᠤ ᠶᠠᠳᠠᠭᠤ ᠠᠴᠠ ᠠᠩᠬᠢᠵᠢᠷᠠᠬᠰᠠᠨ 24 ᠡᠷᠦᠬᠡ ᠪᠠ 63 ᠡᠩ ᠤᠨ ᠮᠠᠯᠵᠢᠬᠤ ᠡᠷᠦᠬᠡ ᠶᠢᠨ ᠬᠡᠷ ᠪᠦᠯᠢ ᠶᠢᠨ ᠪᠠᠶᠢᠳᠠᠯ᠂ ᠤᠷᠤᠯᠭ᠎ᠠ᠂ ᠬᠦᠳᠡᠯᠮᠦᠷᠢ ᠬᠦᠴᠦ᠂ ᠮᠡᠷᠭᠡᠵᠢᠯ ᠴᠢᠳᠡᠪᠤᠷᠢ ᠶᠢᠨ ᠪᠠᠶᠢᠳᠠᠯ ᠵᠡᠷᠭᠡ ᠶᠢ ᠲᠠᠬᠢᠨ ᠨᠠᠷᠢᠨ ᠤᠢᠢᠯᠠᠭᠠᠵᠤ᠂ ᠲᠠᠬᠢᠨ ᠨᠤᠳᠠᠯᠠᠨ᠂ ᠬᠠᠪᠰᠤᠷᠤᠨ ᠲᠡᠳᠬᠦᠬᠦ ᠡᠳᠡᠭᠡᠳ ᠢᠶᠠᠨ ᠤᠨᠤᠪᠴᠢᠳᠠᠢ ᠲᠤᠬᠳᠠᠭᠠᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢᠨ ᠠᠩᠬᠠᠨ ᠤ ᠠᠯᠬᠤᠮ ᠢ ᠰᠠᠶᠢᠳᠤᠷ ᠭᠦᠢᠴᠡᠳᠬᠡᠵᠡᠢ᠃
ᠰᠤᠷᠪᠤᠯᠵᠢᠯᠠᠭᠴᠢ᠄ ᠶᠠᠳᠠᠭᠤᠷᠠᠯ ᠠᠴᠠ ᠠᠩᠭᠢᠵᠢᠷᠠᠭᠤᠯᠬᠤ ᠠᠵᠢᠯ ᠤᠨ ᠬᠠᠮᠤᠭ ᠠᠮᠵᠢᠯᠲᠠ ᠲᠠᠢ ᠪᠤᠶᠤ ᠣᠨᠴᠠᠯᠠᠭᠳᠠᠬᠤ ᠲᠠᠯ᠎ᠠ ᠨᠢ ᠶᠠᠭᠤ ᠪᠣᠢ ᠴᠢ ᠱᠢ ᠬᠤᠣ᠄  ᠶᠠᠳᠠᠭᠤ ᠶᠢ ᠲᠡᠳᠬᠦᠬᠦ ᠳᠤ ᠶᠠᠭᠤᠨ ᠤ ᠤᠷᠢᠳ ᠶᠠᠳᠠᠭᠤ ᠠᠴᠠ ᠠᠩᠬᠢᠵᠢᠷᠠᠬᠤ ᠢᠳᠡᠬᠡᠯ ᠵᠤᠷᠢᠭ ᠢ ᠨᠢ ᠬᠦᠪᠴᠢᠯᠡᠬᠦ ᠴᠢᠬᠤᠯᠠᠳᠠᠢ᠃ ᠠᠵᠢᠯᠯᠠᠬᠤ ᠲᠤᠭᠤᠢᠢᠯᠠᠩ ᠭᠠᠴᠠᠭᠠᠨ ᠳᠤ ᠤᠷᠤᠵᠤ ᠰᠠᠭᠤᠬᠤ ᠦᠶ᠎ᠠ ᠳᠤ᠂ ᠭᠠᠴᠠᠭᠠᠨ ᠤ ᠤᠯᠠᠨ ᠨᠠᠶᠢᠳᠠ ᠶᠢᠨ ᠦᠢᠯᠡᠴᠢᠯᠡᠭᠡ ᠬᠤᠴᠤᠷᠤᠩᠭᠤᠢ᠂ ᠮᠠᠯᠴᠢᠳ ᠤᠨ ︽ᠬᠦᠯᠢᠶᠠᠬᠦ᠂ ᠲᠦᠰᠢᠬᠦ᠂ ᠠᠪᠬᠤ︾ ᠦᠵᠡᠯ ᠰᠠᠨᠠᠭ᠎ᠠ ᠬᠦᠨᠳᠦ ᠨᠤᠴᠢᠳᠠᠢ ᠪᠠᠶᠢᠵᠤ᠂ ᠤᠨᠴᠠ ᠵᠠᠷᠢᠮ ᠮᠠᠯᠴᠢᠨ ᠡᠷᠦᠬᠡ ᠨᠦᠭᠦᠳ ᠨᠢ ᠶᠠᠳᠠᠭᠤ ᠬᠦᠴᠢᠷᠳᠡᠯᠳᠡᠢ ᠡᠷᠦᠬᠡ ᠪᠤᠯᠬᠤ ᠭᠡᠵᠤ ᠪᠤᠯᠢᠶᠠᠯᠳᠤᠨ᠎ᠠ᠂ ᠶᠠᠳᠠᠭᠤ ᠠᠴᠠ ᠠᠩᠬᠢᠵᠢᠷᠠᠨ᠎ᠠ ᠬᠡᠵᠤ ᠪᠤᠳᠤᠬᠤ ᠦᠬᠡᠢ᠂ ᠨᠡᠩ ᠴᠤ ᠴᠢᠷᠮᠠᠶᠢᠬᠤ ᠦᠬᠡᠢ᠃ ᠡᠨᠡᠬᠦ ᠪᠠᠶᠢᠳᠠᠯ ᠢ ᠬᠤᠪᠢᠷᠠᠭᠤᠯᠬᠤ ᠪᠠᠷ᠂ ᠭᠠᠴᠠᠭᠠᠨ ᠳᠤ ᠰᠠᠭᠤᠭ᠎ᠠ ᠠᠵᠢᠯᠯᠠᠬᠤ ᠲᠤᠭᠤᠢᠢᠯᠠᠩ 9 ᠲᠦᠮᠡᠨ ᠲᠦᠬᠦᠷᠢᠭ ᠤᠨ ᠪᠠᠯᠠ ᠤᠷᠤᠭᠤᠯᠵᠤ᠂ ︽ᠶᠠᠳᠠᠭᠤ ᠠᠴᠠ ᠠᠩᠬᠢᠵᠢᠷᠠᠬᠤ ᠡᠷᠴᠢ ᠵᠤᠷᠢᠭ ᠢ ᠬᠦᠪᠴᠢᠯᠠᠵᠤ ᠮᠡᠳᠡᠯᠭᠡ ᠴᠢᠳᠡᠪᠤᠷᠢ ᠬᠦᠷᠳᠡᠭᠡᠬᠦ ᠰᠠᠭᠤᠷᠢᠨ ᠭᠠᠵᠠᠷ︾ ᠪᠠᠶᠢᠭᠤᠯᠤᠨ᠂ ᠶᠠᠳᠠᠭᠤ ᠠᠴᠠ ᠠᠩᠬᠢᠵᠢᠷᠠᠬᠤ ᠪᠠᠶᠢᠡᠭᠭᠤ ᠶᠢᠨ ᠰᠤᠷᠭᠠᠯᠲᠠ ᠶᠢ ᠶᠠᠪᠤᠭᠳᠠᠭᠤᠯᠵᠤ᠂ ᠠᠵᠢᠯᠴᠢ ᠬᠦᠳᠡᠯᠮᠦᠷᠢ ᠪᠠᠷ ᠴᠢᠨᠡᠬᠡᠯᠢᠭᠵᠢᠨ ᠶᠠᠳᠠᠭᠤ ᠠᠴᠠ ᠠᠩᠬᠢᠵᠢᠷᠠᠬᠤ ᠨᠢ ᠦᠡᠭᠬᠡ ᠬᠡᠷᠡᠯᠳᠡᠢ ᠬᠡᠰᠡᠨ ᠦᠵᠡᠯᠳᠡ ᠶᠢ ᠴᠤᠬᠴᠠᠯᠠᠬᠤ ᠶᠢᠨ ᠬᠠᠮᠳᠤ ᠭᠠᠴᠠᠭᠠᠨ ᠤ ᠭᠠᠭᠴᠠᠭᠠᠷ ᠪᠠᠯᠠ ᠤᠷᠤᠭᠤᠯᠤᠬᠰᠠᠨ ᠠᠵᠤ ᠠᠬᠤᠢᠢᠯᠠᠯ — ︽ᠠᠯᠠᠱᠠ ᠵᠡᠬᠦᠨ ᠬᠤᠰᠢᠭᠤᠨ ᠤ ᠵᠤᠤ ᠯᠧ ᠲᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ ᠰᠢᠮ᠎ᠠ ᠶᠢ ᠡᠵᠡᠩᠨᠡᠨ ᠪᠤᠷᠤᠯᠠᠭᠤᠯᠬᠤ ᠬᠢᠵᠠᠭᠠᠷᠳᠤ ᠺᠤᠮᠫᠠᠨᠢ︾᠎ ᠶᠢ ᠪᠠᠶᠢᠭᠤᠯᠤᠭᠰᠠᠨ ᠶᠤᠮ᠃
ᠰᠤᠷᠪᠤᠯᠵᠢᠯᠠᠭᠴᠢ᠄ ᠲᠠᠨ ᠤ ᠲᠠᠨᠢᠯᠴᠠᠭᠤᠯᠤᠭᠰᠠᠨ ᠢᠶᠠᠷ ᠪᠣᠯ ᠶᠠᠳᠠᠭᠤᠰ ᠢ ᠲᠡᠳᠬᠦᠬᠦ ᠳᠤ ᠶᠠᠳᠠᠭᠤᠷᠠᠯ ᠠᠴᠠ ᠠᠩᠭᠢᠵᠢᠷᠠᠬᠤ ᠢᠳᠡᠬᠡᠯ ᠵᠣᠷᠢᠭ ᠢ ᠨᠢ ᠬᠥᠪᠴᠢᠯᠡᠵᠦ᠂ ᠰᠠᠭᠤᠷᠢᠨ ᠭᠠᠵᠠᠷ ᠤᠨ ᠰᠤᠷᠭᠠᠯᠲᠠ᠂ ᠠᠵᠤ ᠠᠬᠤᠶᠢᠯᠠᠯ ᠤᠨ ᠺᠣᠮᠫᠠᠨᠢ ᠪᠠᠷ ᠶᠠᠳᠠᠭᠤ ᠡᠷᠦᠬᠡ ᠶᠢ ᠳᠠᠭᠠᠭᠤᠯᠵᠤ ᠶᠠᠳᠠᠭᠤ ᠡᠷᠦᠬᠡ ᠶᠢ ᠶᠠᠳᠠᠭᠤᠷᠠᠯ ᠠᠴᠠ ᠠᠩᠭᠢᠵᠢᠷᠠᠭᠤᠯᠬᠤ ᠠᠵᠢᠯ ᠢ ᠭᠦᠢᠴᠡᠳᠬᠡᠭᠰᠡᠨ ᠪᠠᠶᠢᠨ᠎ᠠ᠃ ᠲᠡᠭᠡᠪᠡᠯ ᠠᠵᠤ ᠠᠬᠤᠶᠢᠯᠠᠯ ᠤᠨ ᠺᠣᠮᠫᠠᠨᠢ ᠢᠶᠠᠨ ᠪᠣᠳᠠᠲᠠᠢ ᠬᠡᠷᠬᠢᠨ ᠠᠵᠢᠯᠯᠠᠭᠤᠯᠵᠤ ᠠᠰᠢᠭ ᠣᠷᠣᠯᠭ᠎ᠠ ᠣᠯᠳᠠᠭ ᠶᠤᠮ ᠪᠣᠢ᠂ ᠡᠨᠡ ᠶᠢ ᠪᠠᠨ ᠶᠠᠳᠠᠭᠤ ᠬᠦᠴᠢᠷᠳᠡᠯᠲᠡᠢ ᠡᠷᠦᠬᠡ ᠶᠢ ᠶᠠᠭᠠᠬᠢᠵᠤ ᠳᠠᠶᠢᠴᠢᠯᠠᠨ ᠶᠠᠳᠠᠭᠤᠷᠠᠯ ᠠᠴᠠ ᠠᠩᠭᠢᠵᠢᠷᠠᠭᠤᠯᠤᠭᠰᠠᠨ ᠶᠤᠮ ᠪᠣᠢ︖ ᠡᠨᠡ ᠳᠤᠮᠳᠠ ᠨᠠᠮ ᠤᠨ ᠵᠣᠬᠢᠶᠠᠨ ᠪᠠᠶᠢᠭᠤᠯᠤᠯᠲᠠ ᠶᠢᠨ ᠡᠭᠦᠷᠭᠡ ᠴᠢᠳᠠᠪᠬᠢ ᠶᠢ ᠬᠡᠷᠬᠢᠨ ᠪᠠᠳᠠᠷᠠᠭᠤᠯᠤᠭᠰᠠᠨ ᠶᠤᠮ ᠪᠣᠢ︖ ᠴᠢ ᠱᠢ ᠬᠤᠣ᠄ ᠠᠯᠠᠱᠠ ᠠᠶᠢᠮᠠᠭ ᠤᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠠᠴᠠ ᠪᠠᠭᠤᠯᠭᠠᠬᠰᠠᠨ 10 ᠲᠦᠮᠡᠨ ᠲᠦᠬᠦᠷᠢᠭ ᠤᠨ ᠨᠠᠮ ᠤᠨ ᠰᠦᠢᠳᠬᠡᠯ ᠢᠶᠠᠷ ᠬᠠᠮᠳᠤ ᠶᠢᠨ ᠠᠵᠤ ᠠᠬᠤᠢ ᠪᠠᠨ ᠪᠤᠵᠠᠭᠠᠢᠢᠷᠠᠭᠤᠯᠵᠤ᠂ ᠴᠠᠬᠢᠮ ᠬᠤᠳᠠᠯᠳᠤᠭᠠᠨ ᠤ ᠦᠢᠯᠡᠰ ᠢ ᠬᠦᠭᠵᠢᠬᠦᠯᠤᠨ᠂ ᠮᠠᠯᠴᠢᠨ ᠡᠷᠦᠬᠡ ᠶᠢ ᠬᠠᠪᠰᠤᠷᠤᠨ ᠰᠦᠯᠵᠢᠶᠠᠨ ᠲᠡᠬᠡᠷ᠎ᠠ ᠤᠯᠠᠭᠠᠨ ᠭᠤᠶᠤᠤ᠂ ᠤᠯᠠᠭᠠᠨ ᠦᠬᠡᠷ ᠤᠨ ᠮᠢᠬ᠎ᠠ᠂ ᠤᠯᠠᠭᠠᠨ ᠭᠤᠶᠤᠤ ᠪᠠᠷ ᠲᠡᠵᠢᠬᠡᠭᠰᠡᠨ ᠭᠠᠭ᠋ᠠᠢ ᠶᠢᠨ ᠮᠢᠬ᠎ᠠ ᠵᠡᠷᠭᠡ ᠪᠦᠳᠦᠭᠡᠭᠳᠡᠬᠦᠨ ᠢ ᠪᠤᠷᠤᠯᠠᠭᠤᠯᠵᠤ᠂ ᠭᠠᠴᠠᠭᠠᠨ ᠤ ᠬᠠᠮᠳᠤ ᠨᠠᠶᠢᠳᠠ ᠴᠠᠬᠢᠮ ᠬᠤᠳᠠᠯᠳᠤᠭᠠᠨ ᠤ ᠦᠢᠯᠡᠰ ᠠᠴᠠ ᠵᠢᠯ ᠪᠦᠷᠢ 20%᠎ ᠶᠢᠨ ᠠᠰᠢᠭ ᠢ ᠬᠤᠪᠢᠶᠠᠯᠴᠠᠨ ᠤᠯᠳᠠᠭ᠃ ᠭᠠᠴᠠᠭᠠᠨ ᠳᠤ ᠰᠠᠭᠤᠭ᠎ᠠ ᠠᠵᠢᠯᠯᠠᠬᠤ ᠲᠤᠭᠤᠢᠢᠯᠠᠩ ᠨᠢᠬᠡ ᠲᠠᠯ᠎ᠠ ᠪᠠᠷ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠷᠢᠯᠴᠠᠵᠤ᠂ ᠴᠠᠬᠢᠮ ᠬᠤᠳᠠᠯᠳᠤᠭᠠᠨ ᠤ ᠬᠢᠷᠢ ᠬᠡᠮ ᠤᠨ ᠦᠨᠠᠮᠯᠠᠯ ᠤᠯᠬᠤ ᠶᠢᠨ ᠬᠠᠮᠳᠤ ᠴᠠᠬᠢᠮ ᠬᠤᠳᠠᠯᠳᠤᠭᠠᠨ ᠤ ᠦᠢᠯᠡᠰ ᠡᠷᠬᠢᠯᠡᠵᠤ ᠪᠠᠶᠢᠭ᠎ᠠ ᠬᠦᠮᠦᠰ ᠲᠤ ᠪᠤᠯᠪᠠᠰᠤᠷᠠᠯ ᠬᠦᠷᠳᠡᠭᠡᠵᠤ᠂ ︽ᠸᠢᠴᠠᠲ ᠬᠤᠳᠠᠯᠳᠤᠭ᠎ᠠ︾ ᠵᠡᠷᠭᠡ ᠭᠤᠤᠯ ᠤᠷᠤᠰᠬᠠᠯ ᠤᠨ ᠪᠤᠰᠤ ᠴᠠᠬᠢᠮ ᠬᠤᠳᠠᠯᠳᠤᠭᠠᠨ ᠤ ᠲᠠᠪᠴᠠᠩ ᠭᠠᠷᠭᠠᠬᠤ ᠶᠢ ᠤᠳᠤᠷᠢᠳᠴᠠᠢ᠃ ᠪᠤᠳᠠᠳᠤ ᠲᠡᠯᠭᠡᠬᠦᠷ ᠪᠠ ᠴᠠᠬᠢᠮ ᠬᠤᠳᠠᠯᠳᠤᠭ᠎ᠠ ᠶᠢ ᠬᠤᠯᠪᠤᠭᠠᠯᠠᠨ ᠡᠵᠡᠩᠨᠡᠬᠦ ᠪᠠᠷ ᠲᠠᠮᠵᠢᠨ᠂ ᠮᠠᠯᠴᠢᠳ ᠤᠨ ᠶᠠᠳᠠᠭᠤ ᠠᠴᠠ ᠠᠩᠬᠢᠵᠢᠷᠠᠬᠤ ᠢᠳᠡᠬᠡᠯ ᠵᠤᠷᠢᠭ ᠬᠦᠪᠴᠢᠯᠡᠭᠳᠡᠵᠠᠢ᠃ ᠰᠠᠶ᠋ᠢ ᠲᠠᠨ ᠤ ᠬᠡᠯᠡᠭᠰᠡᠨ ᠰᠢᠭ᠋ ᠢᠳᠡᠬᠡᠯ ᠵᠤᠷᠢᠭ ᠬᠦᠪᠴᠢᠯᠡᠭᠳᠡᠪᠡᠯ ᠦᠪᠡᠷ ᠢᠶᠠᠨ ᠬᠦᠴᠦᠷᠭᠡᠭᠵᠢᠵᠤ᠂ ᠮᠡᠳᠡᠯᠭᠡ ᠴᠢᠳᠡᠪᠤᠷᠢ ᠲᠠᠢ ᠪᠤᠯᠪᠠᠯ ᠪᠠᠶ᠎ᠠ ᠪᠠᠨ ᠲᠠᠭᠠᠭᠠᠵᠤ ᠴᠢᠳᠠᠨ᠎ᠠ᠃ ᠭᠠᠴᠠᠭᠠᠨ ᠳᠤ ᠰᠠᠭᠤᠭ᠎ᠠ ᠠᠵᠢᠯᠯᠠᠬᠤ ᠲᠤᠭᠤᠢᠢᠯᠠᠩ ᠬᠢᠬᠡᠳ ᠭᠠᠴᠠᠭᠠᠨ ᠤ ᠬᠤᠶᠠᠷ ᠵᠦᠪᠯᠡᠯ ᠨᠠᠮ ᠤᠨ ᠪᠠᠶᠢᠭᠤᠯᠤᠯᠳᠠ ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠵᠢᠭᠤᠯᠴᠢᠯᠠᠯ ᠤᠨ ᠨᠡᠬᠡᠬᠡᠨ ᠬᠦᠭᠵᠢᠬᠦᠯᠦᠯᠳᠡ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠢ ᠭᠤᠤᠯᠳᠠᠯᠭ᠎ᠠ ᠲᠠᠢ ᠠᠳᠬᠤᠵᠤ᠂ ᠴᠠᠬᠢᠮ ᠬᠤᠳᠠᠯᠳᠤᠭ᠎ᠠ᠂ ᠤᠨᠴᠠᠯᠢᠬᠳᠤ ᠵᠤᠭᠠᠴᠠᠯ ᠪᠠ ᠪᠦᠳᠦᠬᠡᠭᠳᠡᠬᠦᠨ ᠢᠶᠠᠨ ᠪᠤᠷᠤᠯᠠᠭᠤᠯᠬᠤ ᠵᠡᠷᠭᠡ ᠭᠤᠷᠪᠠᠨ ᠴᠢᠭᠯᠡᠯ ᠢᠶᠠᠷ ᠰᠢᠪᠳᠤᠯᠤᠯᠳᠠ ᠬᠢᠵᠠᠢ᠃ ᠡᠷᠬᠡᠬᠠᠰᠢᠬ᠎ᠠ ᠳᠤ ᠵᠠᠰᠠᠮᠠᠯ ᠵᠠᠮ ᠨᠡᠪᠳᠡᠷᠡᠭᠰᠡᠨ ᠲᠤᠬᠢᠶᠠᠯ ᠢᠶᠠᠷ᠂ ᠪᠠᠶᠠᠨᠨᠠᠭᠤᠷ ᠭᠠᠴᠠᠭ᠎ᠠ ᠨᠠᠭᠤᠷ᠂ ᠡᠯᠡᠰᠦ᠂ ᠦᠬᠡᠷ ᠬᠤᠨᠢ ᠬᠠᠮᠳᠤᠪᠠᠷ ᠤᠷᠤᠰᠢᠬᠰᠠᠨ ᠪᠠᠶᠢᠭᠠᠯᠢ ᠶᠢᠨ ᠦᠵᠡᠮᠵᠢ ᠪᠠᠨ ᠠᠰᠢᠬᠯᠠᠨ᠂ ᠤᠨᠤᠪᠴᠢᠳᠠᠢ ᠪᠠᠷ ᠶᠠᠳᠠᠭᠤ ᠠᠴᠠ ᠠᠩᠬᠢᠵᠢᠷᠠᠬᠤ ᠵᠢᠭᠤᠯᠴᠢᠯᠠᠯ ᠤᠨ ᠦᠢᠯᠡᠰ ᠢ ᠬᠦᠭᠵᠢᠬᠦᠯᠬᠦ ᠲᠠᠪᠴᠡᠩ ᠢ ᠬᠦᠮᠦᠵᠢᠬᠦᠯᠵᠠᠢ᠃ ︽ᠭᠤᠷᠪᠠ ᠶᠢ ᠲᠤᠰᠬᠤᠨ ᠳᠤ ᠬᠦᠷᠭᠡᠵᠤ ᠭᠤᠷᠪᠠ ᠶᠢ ᠡᠷᠦᠬᠡ ᠳᠤ ᠤᠷᠤᠭᠤᠯᠬᠤ︾ ᠶᠠᠳᠠᠭᠤ ᠶᠢ ᠲᠡᠳᠬᠦᠬᠦ ᠲᠦᠷᠦᠯ ᠵᠦᠢᠯ ᠳᠤ ᠲᠦᠰᠢᠭᠯᠡᠨ᠂ 150 ᠲᠦᠮᠡᠨ ᠲᠦᠬᠦᠷᠢᠭ ᠤᠨ ᠲᠤᠰᠬᠠᠢ ᠲᠦᠷᠦᠯ ᠤᠨ ᠶᠠᠳᠠᠭᠤ ᠶᠢ ᠲᠡᠳᠬᠦᠬᠦ ᠪᠠᠯᠠ ᠮᠦᠡᠭᠬᠦ ᠶᠢ ᠡᠳ᠋ ᠬᠦᠷᠦᠩᠬᠡ ᠶᠢᠨ ᠬᠡᠯᠪᠡᠷᠢ ᠪᠠᠷ ᠡᠷᠬᠡᠬᠠᠰᠢᠬ᠎ᠠ ᠵᠢᠭᠤᠯᠴᠢᠯᠠᠯ ᠢ ᠨᠡᠬᠡᠬᠡᠨ ᠬᠦᠭᠵᠢᠬᠦᠯᠬᠦ ᠺᠤᠮᠫᠠᠨᠢ ᠳᠤ ᠪᠠᠯᠠ ᠤᠷᠤᠭᠤᠯᠵᠤ᠂ ᠵᠢᠯ ᠪᠦᠷᠢ ᠪᠠᠯᠠ ᠤᠷᠤᠭᠤᠯᠤᠯᠳᠠ ᠶᠢᠨ ᠢᠶᠠᠨ 10%᠎ ᠪᠠᠷ ᠠᠰᠢᠭ ᠬᠤᠪᠢᠶᠠᠨ᠂ ᠶᠠᠳᠠᠭᠤ ᠬᠦᠴᠢᠷᠳᠡᠯᠳᠡᠢ ᠡᠷᠦᠬᠡ ᠪᠦᠷᠢ ᠵᠢᠯ ᠳᠤ 3000 ᠲᠦᠬᠦᠷᠢᠭ ᠤᠨ ᠠᠰᠢᠭ ᠬᠤᠪᠢᠶᠠᠷᠢᠯᠠᠨ᠂ ᠭᠠᠴᠠᠭᠠᠨ ᠤ ᠬᠠᠮᠳᠤ ᠶᠢᠨ ᠠᠵᠤ ᠠᠬᠤᠢ ᠵᠢᠯ ᠪᠦᠷᠢ 10.4 ᠲᠦᠮᠡᠨ ᠲᠦᠬᠦᠷᠢᠭ ᠤᠨ ᠤᠷᠤᠯᠭ᠎ᠠ ᠤᠯᠵᠤ᠂ ᠠᠵᠤ ᠦᠢᠯᠡᠰ ᠪᠠ ᠶᠠᠳᠠᠭᠤ ᠶᠢ ᠲᠡᠳᠬᠦᠬᠦ ᠶᠢᠨ ᠬᠤᠤᠰ ᠠᠮᠵᠢᠯᠲᠠ ᠶᠢ ᠪᠠᠶᠠᠯᠡᠬᠦᠯᠪᠠ᠃  ᠠᠷᠪᠠᠨ ᠰᠠᠷ᠎ᠠ ᠶᠢᠨ ᠠᠮᠠᠷᠠᠯᠳᠠ ᠪᠠᠷ᠂ ᠵᠢᠭᠤᠯᠴᠢᠯᠠᠯ ᠤᠨ ᠺᠤᠮᠫᠠᠨᠢ ᠨᠢ ᠲᠤᠬᠠᠢ ᠶᠢᠨ ᠭᠠᠵᠠᠷ ᠤᠨ ᠮᠠᠯᠴᠢᠨ ᠡᠷᠦᠬᠡ ᠲᠠᠢ ᠬᠤᠯᠪᠤᠭᠠᠯᠠᠨ ᠪᠠᠶᠠᠨᠨᠠᠭᠤᠷ ᠤᠨ ᠲᠠᠭᠠᠤ ᠢᠳᠡᠬᠡᠨ ᠤᠮᠳᠠᠭᠠᠨ᠂ ᠮᠤᠷᠢ ᠲᠡᠮᠡᠭᠡ ᠤᠨᠤᠬᠤ ᠦᠢᠯᠡᠴᠢᠯᠡᠭᠡ ᠭᠠᠷᠭᠠᠨ᠂ ᠵᠢᠭᠤᠯᠴᠢᠯᠠᠯ ᠤᠨ ᠦᠢᠯᠡᠰ ᠤᠨ ᠬᠡᠯᠬᠢᠶ᠎ᠠ ᠦᠷᠬᠡᠵᠢᠬᠦ ᠶᠢ ᠠᠬᠢᠭᠤᠯᠤᠭᠰᠠᠨ ᠪᠠᠶᠢᠨ᠎ᠠ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号