| | ᠠᠷᠠᠳ ᠤᠨ ᠠᠭᠠᠷ ᠤᠨ ᠲᠡᠭᠡᠭᠡᠪᠦᠷᠢ ᠶᠢᠨ ᠲᠡᠮᠦᠷ ᠵᠠᠮ ᠤᠨ ᠲᠠᠯ᠎ᠠ ᠪᠠᠷ᠄ ᠠᠯᠠᠱᠠ ᠵᠡᠭᠦᠨ ᠬᠤᠰᠢᠭᠤᠨ ᠤ ᠠᠵᠢᠯ | ᠡᠭᠦᠷᠭᠡ ᠭᠦᠶᠴᠡᠳᠬᠡᠬᠦ ᠨᠢᠰᠬᠡᠯ ᠤᠨ ᠪᠠᠭᠤᠳᠠᠯ ᠤᠨ ᠡᠵᠡᠩᠨᠡᠯᠲᠡ ᠵᠢᠴᠢ ᠲᠠᠰ ᠳᠡᠪᠰᠢᠭᠦᠯᠬᠦ ᠰᠠᠯᠪᠤᠷᠢ ᠱᠤᠭᠤᠮ ᠤᠨ | ᠲᠥᠷᠥᠯ ᠵᠦᠶᠯ ᠨᠢᠭᠡᠨᠲᠡ ᠬᠠᠮᠢᠶ᠎ᠠ ᠪᠥᠬᠦᠶ ᠬᠢᠨᠠᠨ ᠵᠥᠪᠰᠢᠶᠡᠷᠡᠯ ᠢ ᠣᠯᠵᠤ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠬᠠᠮᠲᠤᠷᠠᠭᠰᠠᠨ ᠬᠤᠷᠠᠯ ᠳᠡᠭᠡᠷ᠎ᠡ ᠭᠠᠷ ᠤᠨ ᠥᠰᠥᠭ ᠵᠢᠷᠤᠭᠰᠠᠨ ᠤ ᠳᠠᠷᠠᠭ᠎ᠠ ᠲᠥᠷᠥ ᠶᠢᠨ ᠶᠠᠪᠤᠳᠠᠯ | ᠤᠨ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠳᠤ ᠬᠠᠮᠲᠤᠷᠠᠨ ᠬᠢᠨᠠᠨ ᠵᠥᠪᠰᠢᠶᠡᠷᠡᠭᠦᠯᠬᠦ ᠪᠠᠷ | ᠪᠣᠶ᠃ ᠪᠠᠶᠠᠨᠬᠤᠲᠠ ᠢᠷᠭᠠᠶ ᠶᠢᠨ ᠲᠡᠮᠦᠷ ᠵᠠᠮ ᠤᠨ ᠲᠥᠷᠥᠯ ᠵᠦᠶᠯ ᠤᠨ ᠪᠥᠬᠦ ᠣᠷᠳᠣ ᠨᠢ ᠪᠠᠷᠤᠭ 115 | ᠺᠢᠯᠣᠮᠧᠲᠷ ᠪᠠᠶᠢᠵᠤ᠂ ᠪᠥᠲᠥᠭᠡᠨ ᠪᠠᠶᠢᠭᠤᠯᠤᠯᠲᠠ ᠶᠢᠨ ᠲᠠᠰ ᠨᠢ ᠤᠯᠤᠰ ᠤᠨ ᠲᠡᠮᠦᠷ ᠵᠠᠮ ᠤᠨ I ᠲᠠᠰ᠂ ᠠᠶᠠᠨᠴᠢᠳ | ᠤᠨ ᠲᠡᠭᠡᠭᠡᠪᠦᠷᠢ ᠶᠢᠨ ᠲᠤᠰᠬᠠᠶ ᠱᠤᠭᠤᠮ ᠵᠡᠷᠭᠡ ᠪᠠᠶᠢᠵᠤ᠂ ᠨᠡᠶᠢᠲᠡ 67 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠵᠤ᠂ ᠨᠡᠶᠢᠲᠡ 4470 . 982 ᠮᠥ ᠭᠠᠵᠠᠷ ᠲᠠᠲᠠᠪᠤᠷᠢᠯᠠᠬᠤ ᠴᠢᠬᠤᠯᠠᠲᠠᠶ ᠪᠠᠶᠢᠵᠤ᠂ ᠪᠠᠶᠠᠨᠬᠤᠲᠠ᠂ | ᠪᠠᠷᠠᠭᠤᠨ ᠪᠡᠯ ᠪᠠᠯᠭᠠᠰᠤ ᠵᠡᠷᠭᠡ 9 ᠭᠠᠴᠠᠭ᠎ᠠ ᠪᠣᠯᠤᠨ 88 ᠡᠷᠦᠬᠡ ᠮᠠᠯᠴᠢᠨ ᠲᠠᠷᠢᠶᠠᠴᠢᠨ ᠳᠤ ᠬᠤᠯᠪᠣᠭᠳᠠᠵᠤ᠂ 2 | ᠳ᠋ᠤᠭᠠᠷ ᠰᠠᠷ᠎ᠠ ᠳᠤ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠢ ᠵᠢᠩᠬᠢᠨᠢ ᠪᠠᠷ ᠡᠬᠢᠯᠡᠭᠦᠯᠵᠦ᠂ ᠣᠳᠣᠬᠠᠨ | ᠳᠤ ᠨᠢᠭᠡᠨᠲᠡ ︽ᠭᠠᠵᠠᠷ ᠰᠢᠷᠣᠶ ᠶᠢ ᠤᠷᠢᠳᠴᠢᠯᠠᠨ ᠲᠠᠲᠠᠪᠤᠷᠢᠯᠠᠬᠤ ᠨᠥᠬᠦᠪᠥᠷᠢ ᠥᠭᠴᠦ ᠲᠥᠪᠬᠢᠨᠡᠭᠦᠯᠬᠦ | ᠵᠥᠪᠯᠡᠯᠴᠡᠭᠡᠷ︾ ᠢ 63 ᠬᠤᠪᠢ ᠲᠣᠭᠲᠠᠵᠤ᠂ 2061.118 ᠮᠥ ᠵᠥᠪᠯᠡᠯᠴᠡᠭᠡᠷ ᠲᠣᠭᠲᠠᠪᠠ᠃ ᠬᠤᠲᠠ | ᠪᠠᠯᠭᠠᠰᠤᠨ ᠤ ᠤᠰᠤ ᠳᠤᠯᠠᠭᠠᠯᠠᠭ᠎ᠠ ᠶᠢᠨ ᠲᠠᠯ᠎ᠠ ᠪᠠᠷ᠄ ᠪᠠᠶᠠᠨᠬᠤᠲᠠ ᠬᠤᠲᠠ ᠪᠠᠯᠭᠠᠰᠤᠨ ᠤ ᠰᠢᠲᠠᠮᠠᠬᠠᠶ ᠬᠡᠶ ᠳᠤ | ᠳᠤᠮᠳᠠ ᠳᠠᠷᠤᠯᠲᠠᠲᠤ ᠬᠤᠭᠤᠯᠠᠶ ᠶᠢ 68 . 9 ᠺᠢᠯᠣᠮᠧᠲᠷ᠂ ᠳᠣᠤᠷ᠎ᠠ ᠳᠠᠷᠤᠯᠲᠠᠲᠤ ᠬᠤᠭᠤᠯᠠᠶ ᠶᠢ ᠨᠡᠶᠢᠲᠡ 200 | ᠭᠠᠷᠤᠶ ᠺᠢᠯᠣᠮᠧᠲᠷ ᠤᠭᠰᠠᠷᠠᠪᠠ᠃ ᠠᠷᠠᠳ ᠤᠨ ᠬᠡᠷᠡᠭᠯᠡᠭᠡᠨ ᠤ ᠪᠠᠶᠢᠭᠠᠯᠢ ᠶᠢᠨ ᠰᠢᠲᠠᠮᠠᠬᠠᠢ ᠬᠡᠢ ᠶᠢᠨ ᠶᠡᠷᠦᠩᠬᠡᠢ | ᠪᠦᠷᠬᠦᠴᠡ 39578 ᠡᠷᠦᠭᠡ ᠳᠤ ᠬᠦᠷᠴᠦ᠂ 27634 ᠡᠷᠦᠭᠡ ᠳᠤ ᠤᠭᠰᠠᠷᠠᠨ᠂ ᠤᠭᠰᠠᠷᠠᠯᠲᠠ ᠶᠢᠨ ᠨᠣᠷᠮ᠎ᠠ | 69 . 82 % ᠳᠤ ᠬᠦᠷᠪᠡ᠃ 23325 ᠡᠷᠦᠬᠡ ᠳᠤ ᠨᠢᠭᠡᠨᠲᠡ ᠬᠡᠢ ᠨᠡᠪᠲᠡᠷᠡᠭᠦᠯᠵᠦ᠂ ᠬᠡᠢ ᠨᠡᠪᠲᠡᠷᠡᠭᠰᠡᠨ | ᠨᠣᠷᠮ᠎ᠠ 84 . 41 % ᠪᠣᠯᠪᠠ᠃ ᠠᠯᠪᠠᠨ ᠠᠴᠠ ᠪᠠᠶᠢᠭᠤᠯᠤᠭᠰᠠᠨ ᠬᠤᠳᠠᠯᠳᠤᠭᠠᠴᠢᠨ ᠤ ᠦᠶᠯᠡᠴᠢᠯᠡᠭᠡᠨ ᠤ | ᠬᠡᠷᠡᠭᠯᠡᠭᠴᠢ ᠶᠢᠨ ᠶᠡᠷᠦᠩᠬᠡᠶ ᠲᠠᠩᠰᠠ ᠨᠡᠭᠡᠭᠡᠭᠰᠡᠨ ᠲᠤᠭ᠎ᠠ 150 ᠡᠷᠦᠬᠡ᠃ ᠬᠤᠲᠠ ᠪᠠᠯᠭᠠᠰᠤᠨ ᠤ ᠲᠥᠪᠯᠡᠷᠡᠩᠭᠦᠢ | ᠳᠤᠯᠠᠭᠠᠯᠠᠭ᠎ᠠ ᠳᠤ ᠨᠡᠶᠢᠲᠡ ᠨᠢᠭᠡ᠂ ᠬᠤᠶᠠᠳᠤᠭᠠᠷ ᠤᠳᠠᠭᠠᠨ ᠤ ᠬᠤᠭᠤᠯᠠᠢ ᠶᠢᠨ ᠲᠣᠣᠷ ᠢ 523 ᠺᠢᠯᠣᠮᠧᠲᠷ | ᠳᠡᠪᠢᠰᠴᠦ᠂ 107 ᠢᠯᠴᠢ ᠰᠣᠯᠢᠯᠴᠠᠬᠤ ᠥᠷᠲᠡᠭᠡ ᠶᠢᠨ ᠪᠠᠶᠢᠭᠤᠯᠵᠤ᠂ 907 ᠲᠦᠮᠡᠨ ᠲᠠᠯᠠᠪᠠᠢ ᠶᠢ ᠲᠣᠣᠷ ᠲᠤ | ᠣᠷᠣᠭᠤᠯᠤᠨ ᠢᠯᠴᠢ ᠬᠠᠩᠭᠠᠵᠤ᠂ ᠪᠣᠳᠠᠲᠠᠢ ᠳᠤᠯᠠᠭᠠᠯᠠᠭ᠎ᠠ ᠬᠠᠩᠭᠠᠭᠰᠠᠨ ᠲᠠᠯᠠᠪᠠᠢ ᠪᠠᠷᠤᠭ 840 ᠲᠦᠮᠡ ᠳᠤ | ᠬᠦᠷᠴᠡᠢ᠃ ᠲᠥᠪᠯᠡᠷᠡᠭᠦᠯᠦᠨ ᠢᠯᠴᠢ ᠬᠠᠩᠭᠠᠬᠤ ᠣᠷᠣᠨ ᠰᠠᠭᠤᠴᠠ ᠶᠢᠨ ᠲᠣᠭᠤᠷᠢᠭ 202 ᠪᠠᠶᠢᠵᠤ᠂ | ᠲᠥᠪᠯᠡᠷᠡᠭᠦᠯᠦᠨ ᠢᠯᠴᠢ ᠬᠠᠩᠭᠠᠬᠤ ᠶᠢ ᠲᠦᠭᠡᠮᠡᠯᠵᠢᠭᠦᠯᠦᠭᠰᠡᠨ ᠨᠣᠷᠮ᠎ᠠ 90 % ᠠᠴᠠ ᠳᠡᠭᠡᠭᠰᠢ ᠳᠤ ᠬᠦᠷᠴᠦ᠂ | ᠪᠠᠶᠠᠨᠬᠤᠲᠠ ᠶᠢ ᠬᠠᠮᠤᠷᠤᠭᠰᠠᠨ ᠪᠥᠬᠦ ᠬᠤᠲᠠ ᠶᠢᠨ ᠲᠣᠭᠤᠷᠢᠭ ᠤᠨ ᠢᠯᠴᠢ ᠬᠠᠩᠭᠠᠬᠤ ᠰᠢᠰᠲ᠋ᠧᠮ ᠢ ᠦᠨᠳᠦᠰᠦᠨ | ᠳᠡᠭᠡᠨ ᠪᠣᠶ ᠪᠣᠯᠭᠠᠪᠠ᠃ ᠬᠤᠲᠠ ᠪᠠᠯᠭᠠᠰᠤᠨ ᠤ ᠤᠰᠤ ᠬᠠᠩᠭᠠᠵᠤ ᠵᠠᠯᠠᠬᠤ ᠬᠤᠭᠤᠯᠠᠶ ᠶᠢ ᠨᠡᠶᠢᠲᠡ 620 . 4 | ᠺᠢᠯᠣᠮᠧᠲᠷ᠂ ᠤᠰᠤ ᠵᠠᠯᠠᠬᠤ ᠬᠤᠭᠤᠯᠠᠶ ᠶᠢ ᠨᠡᠶᠢᠲᠡ 185 . 735 ᠺᠢᠯᠣᠮᠧᠲᠷ᠂ ᠳᠠᠬᠢᠨ ᠠᠰᠢᠭᠯᠠᠬᠤ ᠤᠰᠤᠨ ᠤ | ᠬᠤᠭᠤᠯᠠᠶ ᠶᠢ ᠨᠡᠶᠢᠲᠡ 35 . 59 ᠺᠢᠯᠣᠮᠧᠲᠷ ᠳᠡᠪᠢᠰᠴᠦ᠂ ᠡᠨᠡ ᠵᠢᠯ ᠠᠴᠠ ᠨᠠᠰᠢ ᠲᠦᠭᠡᠭᠡᠯ ᠤᠰᠤ ᠶᠢ 1571 | ᠲᠦᠮᠡᠨ ᠲᠣᠨ ᠬᠠᠩᠭᠠᠵᠤ᠂ ᠪᠣᠬᠢᠷ ᠤᠰᠤ ᠶᠢ 433 ᠲᠦᠮᠡᠨ ᠲᠣᠨ ᠰᠢᠶᠳᠪᠦᠷᠢᠯᠡᠵᠦ᠂ ᠳᠠᠬᠢᠨ ᠠᠰᠢᠭᠯᠠᠬᠤ ᠤᠰᠤ | ᠶᠢ 348 ᠲᠦᠮᠡᠨ ᠲᠣᠨ ᠬᠡᠷᠡᠭᠯᠡᠵᠦ᠂ 8615 . 9 ᠲᠣᠨ ᠪᠣᠬᠢᠷ ᠰᠢᠪᠠᠷ ᠢ ᠰᠢᠶᠳᠪᠦᠷᠢᠯᠡᠵᠦ᠂ ᠪᠣᠬᠢᠷ ᠤᠰᠤ ᠶᠢ | ᠰᠢᠶᠳᠪᠦᠷᠢᠯᠡᠭᠰᠡᠨ ᠨᠣᠷᠮ᠎ᠠ 85 % ᠳᠤ ᠬᠥᠷᠪᠡ᠃ 2020 ᠣᠨ ᠳᠤ᠂ 15 ᠬᠥᠳᠡᠭᠡ ᠲᠣᠰᠬᠤᠨ ᠤ ᠵᠠᠰᠠᠮᠠᠯ | ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠡᠭᠦᠷᠭᠡᠯᠡᠵᠦ᠂ ᠪᠥᠲᠥᠭᠡᠨ ᠪᠠᠶᠢᠭᠤᠯᠤᠯᠲᠠ ᠶᠢᠨ | ᠬᠡᠪᠴᠢᠶ᠎ᠡ ᠨᠢ 224 ᠺᠢᠯᠣᠮᠧᠲᠷ ᠲᠤ ᠬᠦᠷᠴᠦ᠂ ᠶᠡᠷᠦᠩᠬᠡᠶ ᠪᠠᠯᠠ ᠣᠷᠣᠭᠤᠯᠤᠯᠲᠠ ᠨᠢ 5048 ᠲᠦᠮᠡᠨ | ᠲᠥᠭᠦᠷᠢᠭ ᠲᠤ ᠬᠦᠷᠴᠦ᠂ ᠣᠳᠣᠬᠠᠨ ᠳᠤ 12 ᠢ ᠨᠢ ᠨᠢᠭᠡᠨᠲᠡ ᠳᠠᠭᠤᠰᠬᠠᠵᠤ᠂ ᠵᠢᠱᠢᠯᠲᠡ ᠪᠠᠷ ᠵᠢᠯ ᠤᠨ ᠡᠴᠦᠰ | ᠲᠤ 3715 ᠲᠦᠮᠡᠨ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠣᠯᠤᠨ᠎ᠠ᠃ ᠪᠥᠬᠦ ᠬᠤᠰᠢᠭᠤᠨ ᠤ | 104 ᠭᠠᠴᠠᠭᠠᠨ ᠳᠤ ᠲᠦᠷᠢᠶᠡᠰᠦᠨ ᠮᠠᠰᠢᠨ ᠲᠡᠷᠭᠡ᠂ 10 ᠭᠠᠴᠠᠭᠠᠨ ᠳᠤ ᠨᠡᠶᠢᠲᠡ ᠶᠢᠨ ᠮᠠᠰᠢᠨ ᠲᠡᠷᠭᠡ | ᠨᠡᠪᠲᠡᠷᠡᠪᠡ᠃ ᠪᠦᠬᠦ ᠬᠤᠰᠢᠭᠤᠨ ᠤ 11 ᠰᠤᠮᠤ ᠪᠠᠯᠭᠠᠰᠤ ᠨᠡᠶᠢᠲᠡ 43 ᠰᠠᠭᠤᠷᠢ ᠮᠠᠯᠵᠢᠬᠤ ᠲᠠᠷᠢᠶᠠᠯᠠᠬᠤ ᠣᠷᠣᠨ | ᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠪᠠᠶᠢᠭᠤᠯᠵᠤ᠂ ᠡᠯ᠎ᠡ ᠰᠤᠮᠤ ᠪᠠᠯᠭᠠᠰᠤᠨ ᠤ ᠰᠠᠭᠤᠭ᠎ᠠ ᠭᠠᠵᠠᠷ | ᠵᠢᠴᠢ ᠬᠠᠷᠢᠶᠠᠲᠤ ᠲᠠᠷᠢᠶᠠᠯᠠᠩ ᠤᠨ ᠭᠠᠴᠠᠭ᠎ᠠ ᠪᠠ ᠰᠢᠨ᠎ᠡ ᠲᠣᠰᠬᠤᠨ ᠳᠤ ᠲᠦᠭᠡᠭᠡᠯ ᠤᠰᠤᠨ ᠤ ᠪᠦᠷᠬᠦᠴᠡ ᠶᠢ | ᠪᠡᠶᠡᠯᠡᠭᠦᠯᠪᠡ᠃ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢᠨ ᠡᠳᠦᠷ ᠲᠤᠲᠤᠮ ᠤᠨ ᠬᠠᠮᠠᠭᠠᠯᠠᠯᠲᠠ ᠶᠢᠨ ᠲᠠᠯ᠎ᠠ | ᠪᠠᠷ᠄ ᠲᠣᠣᠷᠴᠢᠯᠠᠭᠰᠠᠨ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠲᠣᠭᠲᠠᠴᠠ ᠶᠢ ᠬᠡᠷᠡᠭᠵᠢᠭᠦᠯᠵᠦ᠂ | ᠨᠠᠷᠢᠯᠢᠭᠵᠢᠭᠤᠯᠤᠭᠰᠠᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠲᠠ ᠶᠢᠨ ᠲᠣᠭᠤᠷᠢᠭ ᠤᠨ ᠵᠠᠮ ᠤᠨ ᠳ᠋ᠧᠩ᠂ | ᠦᠵᠡᠮᠵᠢ ᠶᠢᠨ ᠳ᠋ᠧᠩ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠶᠢ ᠪᠦᠬᠦ ᠲᠠᠯ᠎ᠠ ᠪᠠᠷ ᠰᠡᠯᠪᠢᠨ ᠵᠠᠰᠠᠬᠤ ᠠᠵᠢᠯ ᠢ | ᠥᠷᠨᠢᠭᠦᠯᠪᠡ᠃ ᠬᠤᠲᠠ ᠲᠣᠭᠤᠷᠢᠭ ᠤᠨ ᠵᠠᠮ ᠤᠨ ᠠᠷᠢᠭᠤᠨ ᠴᠡᠪᠡᠷ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ | ᠬᠡᠲᠤ ᠬᠠᠯᠠᠭᠤᠨ ᠡᠳᠦᠷ ᠤᠰᠤ ᠰᠦᠷᠴᠢᠬᠦ ᠤᠳᠠᠭ᠎ᠠ ᠶᠢ ᠨᠡᠮᠡᠭᠳᠡᠭᠦᠯᠵᠦ᠂ ᠳᠤᠯᠠᠭᠠᠨ ᠢ ᠪᠠᠭᠤᠷᠠᠭᠤᠯᠤᠨ ᠲᠣᠭᠤᠰᠣ | ᠳᠡᠭᠳᠡᠬᠦ ᠶᠢ ᠪᠠᠭᠠᠰᠬᠠᠭᠰᠠᠨ ᠪᠠᠶᠢᠨ᠎ᠠ᠃ ᠬᠤᠲᠠ ᠶᠢᠨ ᠲᠣᠭᠤᠷᠢᠭ ᠤᠨ ᠵᠣᠷᠯᠣᠩ ᠤᠨ ᠣᠷᠴᠢᠨ ᠲᠣᠭᠤᠷᠢᠨ ᠢ | ᠰᠠᠶᠢᠵᠢᠷᠠᠭᠤᠯᠵᠤ᠂ ᠨᠡᠶᠢᠲᠡ ᠶᠢᠨ ᠵᠣᠷᠯᠣᠩ ᠤᠨ ᠫᠠᠶᠢᠰᠠ ᠢᠯᠡᠷᠬᠡᠶᠢᠯᠡᠯ ᠢ ᠨᠢᠭᠡᠳᠦᠯᠲᠡᠶ ᠵᠢᠷᠤᠮᠵᠢᠭᠤᠯᠪᠡ᠃ ︽ | ᠣᠷᠴᠢᠨ ᠲᠣᠭᠤᠷᠢᠨ ᠤ ᠠᠷᠢᠭᠤᠨ ᠴᠡᠪᠡᠷ ᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠲᠥᠰᠦᠯ︾ ᠢ | ᠲᠣᠭᠲᠠᠭᠠᠵᠤ᠂ ᠵᠠᠰᠠᠭ ᠤᠨ ᠣᠷᠳᠣᠨ ᠦᠶᠯᠡᠴᠢᠯᠡᠭᠡ ᠬᠤᠳᠠᠯᠳᠤᠨ ᠠᠪᠬᠤ ᠬᠠᠮᠲᠤᠷᠠᠯᠴᠠᠭᠠᠨ ᠤ ᠵᠠᠭᠪᠤᠷ ᠢᠶᠠᠷ | ᠳᠠᠮᠵᠢᠭᠤᠯᠤᠨ᠂ ᠬᠤᠲᠠ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠵᠠᠬ᠎ᠠ | ᠳᠡᠯᠭᠡᠭᠦᠷᠴᠢᠯᠡᠨ ᠠᠵᠢᠯᠯᠠᠭᠤᠯᠬᠤ ᠶᠢᠨ ᠬᠤᠪᠢᠶᠠᠷᠢ ᠵᠦᠶᠯ ᠪᠣᠯᠭᠠᠨ ᠥᠷᠨᠢᠭᠦᠯᠬᠦ ᠪᠠᠷ ᠲᠥᠯᠥᠪᠯᠡᠵᠦ᠂ ᠪᠠᠯᠭᠠᠰᠤᠨ ᠳᠤ | ᠰᠠᠭᠤᠭ᠎ᠠ ᠪᠠᠶᠢᠭᠤᠯᠭ᠎ᠠ ᠠᠵᠢᠯ ᠦᠶᠯᠡᠰ ᠤᠨ ᠨᠢᠭᠡᠴᠡ᠂ ᠰᠤᠷᠭᠠᠭᠤᠯᠢ᠂ ᠬᠡᠰᠡᠭ ᠰᠠᠭᠤᠭᠠᠯᠢ ᠲᠣᠭᠤᠷᠢᠭ ᠢ | ᠬᠠᠮᠤᠷᠤᠭᠤᠯᠪᠠ᠃ | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |