ᠠᠯᠠᠱᠠ ᠵᠡᠭᠦᠨ ᠬᠤᠰᠢᠭᠤᠨ ᠤ ᠪᠠᠶᠢᠭᠤᠯᠭ᠎ᠠ ᠨᠢᠭᠡᠴᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠰᠠᠶᠢᠲᠤᠷ ᠲᠤᠤᠱᠯᠠᠭᠤᠯᠪᠠ
ᠨᠡᠶᠢᠲᠡᠯᠡᠭᠰᠡᠨ ᠴᠠᠭ᠄
2020/12/25
ᠨᠢᠭᠡ ᠳᠤ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠰᠤᠷᠤᠯᠴᠠᠨ ᠤᠬᠠᠭᠤᠯᠬᠤ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠪᠠ᠃ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠨᠠᠮ ᠎ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠲᠣᠭᠤᠷᠢᠨ ᠳᠤ 1 ᠤᠳᠠᠭ᠎ᠠ ᠲᠤᠰᠬᠠᠶ ᠰᠡᠳᠦᠪᠲᠦ ᠰᠤᠷᠤᠯᠴᠠᠯᠭ᠎ᠠ ᠥᠷᠨᠢᠭᠦᠯᠵᠦ᠂ 1 ᠤᠳᠠᠭ᠎ᠠ ᠲᠥᠪᠯᠡᠷᠡᠭᠦᠯᠦᠨ ᠰᠤᠳᠤᠯᠤᠨ ᠶᠠᠷᠢᠯᠴᠠᠪᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠎ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ ᠠᠯᠠᠱᠠ ᠠᠶᠢᠮᠠᠭ ᠤᠨ ᠵᠡᠭᠦᠨ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ ᠤᠨ ᠬᠥᠭᠵᠢᠯᠲᠡ︾᠎ ᠶᠢ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠢ 6 ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠪᠡ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ᠂ ᠨᠠᠮ ᠤᠨ ᠠᠵᠢᠯᠯᠠᠬᠤ ᠬᠤᠷᠢᠶ᠎ᠠ︶᠎ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠲᠣᠭᠤᠷᠢᠨ ᠳᠤ ᠲᠤᠰᠬᠠᠶ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠭ᠎ᠠ ᠶᠢ 62 ᠤᠳᠠᠭ᠎ᠠ ᠥᠷᠨᠢᠭᠦᠯᠪᠡ᠃ ︽ᠠᠯᠠᠱᠠ ᠵᠡᠭᠦᠨ ᠬᠤᠰᠢᠭᠤᠨ ᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠎ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠲᠤᠬᠠᠶ ᠲᠥᠰᠦᠯ︾᠎ ᠢ ᠲᠣᠭᠲᠠᠭᠠᠵᠤ᠂ ︽ᠰᠤᠷᠤᠯᠴᠠᠯᠭ᠎ᠠ ᠵᠠᠬᠢᠶᠠᠯᠠᠬᠤ ᠬᠡᠯᠪᠡᠷᠢ︾᠂ ︽ᠰᠤᠷᠤᠯᠴᠠᠯᠭ᠎ᠠ ᠬᠦᠷᠭᠡᠬᠦ ᠬᠡᠯᠪᠡᠷᠢ︾ ᠂ ︽ᠥᠪᠡᠷ ᠢᠶᠠᠨ ᠲᠤᠷᠰᠢᠨ ᠶᠠᠷᠢᠬᠤ︾ ᠵᠡᠷᠭᠡ ᠠᠷᠭ᠎ᠠ ᠬᠡᠯᠪᠡᠷᠢ ᠪᠠᠷ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ 45 ᠲᠠᠯᠠᠪᠤᠷ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠲᠤᠰᠬᠠᠯ ᠢᠶᠠᠷ ᠭᠤᠤᠯ ᠰᠡᠳᠦᠪ ᠪᠣᠯᠭᠠᠭᠰᠠᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠮᠡᠳᠡᠭᠡ ᠵᠠᠩᠭᠢ ᠶᠢ 5 ᠬᠤᠪᠢ ᠮᠡᠳᠡᠭᠦᠯᠦᠨ ᠬᠦᠷᠭᠡᠪᠡ᠃ ᠬᠤᠶᠠᠷ ᠲᠤ᠂ ᠰᠣᠶᠣᠯ ᠤᠨ ᠲᠦᠷᠦᠯ ᠲᠡᠮᠳᠡᠭ ᠢ ᠡᠭᠦᠳᠴᠦ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠢ ᠎ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠠᠬᠢᠭᠤᠯᠪᠠ᠃ ᠨᠢᠭᠡ ᠪᠦᠯᠦᠭ ᠮᠣᠷᠢᠨ ᠬᠢᠯᠭᠠᠰᠤ ᠶᠢ ᠣᠷᠢᠶᠠᠵᠤ ᠬᠢᠭᠰᠡᠨ ᠲᠠᠩᠺᠠ ᠶᠢᠨ ᠰᠤᠷᠭᠠᠯᠲᠠ ᠶᠢᠨ ᠭᠠᠵᠠᠷ᠂ ᠠᠯᠠᠱᠠ ᠶᠢᠨ ᠤᠯᠠᠮᠵᠢᠯᠠᠯᠲᠤ ᠠᠷᠭ᠎ᠠ ᠪᠠᠷ ᠬᠡᠪᠢᠰ ᠨᠡᠬᠡᠬᠦ ᠰᠤᠷᠭᠠᠯᠲᠠ ᠶᠢᠨ ᠭᠠᠵᠠᠷ ᠮᠡᠲᠦ ᠶᠢᠨ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠳᠠᠶᠢᠴᠢᠯᠠᠬᠤ ᠴᠢᠳᠠᠪᠤᠷᠢ ᠪᠠᠷ ᠶᠡᠭᠡ᠂ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠢᠶᠠᠷ ᠰᠠᠶᠢᠨ ︽ᠰᠣᠶᠣᠯ +︾ ᠣᠳᠣᠨ ᠠᠵᠤ ᠠᠬᠤᠶᠢᠯᠠᠯ ᠢ ᠴᠣᠭᠴᠠᠯᠠᠨ ᠪᠠᠶᠢᠭᠤᠯᠵᠤ᠂ ᠰᠣᠶᠣᠯ ᠤᠨ ᠵᠠᠬ᠎ᠠ ᠳᠡᠯᠭᠡᠭᠦᠷ ᠢ ᠠᠮᠢᠳᠤᠯᠢᠭᠵᠢᠭᠤᠯᠤᠨ᠂ ᠰᠣᠶᠣᠯ ᠤᠨ ᠨᠠᠷᠠᠲᠤ ᠲᠡᠮᠳᠡᠭ ᠎ ᠢ ᠡᠭᠦᠳᠴᠦ᠂ ᠰᠣᠶᠣᠯ ᠤᠨ ᠠᠵᠤ ᠦᠶᠯᠡᠰ ᠢ ᠪᠥᠬᠦ ᠬᠤᠰᠢᠭᠤᠨ ᠤ ᠠᠵᠤ ᠠᠬᠤᠶ ᠶᠢᠨ ᠲᠤᠯᠭᠠᠭᠤᠷᠢ ᠠᠵᠤ ᠦᠶᠯᠡᠰ ᠪᠣᠯᠭᠠᠨ ᠪᠣᠶᠢᠵᠢᠭᠤᠯᠬᠤ ᠶᠢ ᠲᠦᠷᠭᠡᠳᠬᠡᠪᠡ᠃ ︽ᠰᠠᠯᠠᠭ᠎ᠠ ᠮᠥᠴᠢᠷ ᠲᠦᠷᠦᠭᠦᠯᠡᠨ᠂ ᠤᠷᠤᠯᠳᠤᠭᠠᠨ ᠢᠶᠠᠷ ᠬᠥᠲᠥᠯᠥᠭᠦᠯᠬᠦ᠂ ᠨᠡᠶᠢᠭᠡᠮᠯᠢᠭ ᠵᠣᠬᠢᠶᠠᠨ ᠪᠠᠶᠢᠭᠤᠯᠬᠤ᠂ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ᠂ ᠣᠯᠠᠨ ᠲᠦᠮᠡᠨ ᠣᠷᠣᠯᠴᠠᠬᠤ︾᠎ ᠪᠠᠷ ᠲᠣᠭᠲᠠᠴᠠ ᠪᠣᠯᠭᠠᠵᠤ᠂ ᠲᠡᠮᠡᠭᠡᠨ ᠤ ᠨᠠᠭᠠᠳᠤᠮ᠂ ᠠᠳᠤᠭᠤᠨ ᠰᠣᠶᠣᠯ ᠤᠨ ᠨᠠᠶᠢᠷ ᠵᠡᠷᠭᠡ ︽ᠣᠯᠠᠨ ᠲᠦᠮᠡᠨᠴᠢ ᠴᠢᠨᠠᠷᠲᠠᠶ ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭ᠎ᠠ︾᠎ ᠶᠢ ᠴᠣᠭᠴᠠᠯᠠᠨ ᠪᠣᠢ ᠪᠣᠯᠭᠠᠪᠠ᠃ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠠᠷᠠᠳ ᠲᠦᠮᠡᠨ ᠤ ᠳᠤᠮᠳᠠ ᠪᠠᠳᠠᠷᠠᠭᠤᠯᠵᠤ᠂ ᠦᠨᠳᠦᠰᠦᠨ ᠱᠠᠲᠤᠨ ᠤ ᠺᠢᠨᠣ᠋ ᠭᠠᠷᠭᠠᠬᠤ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠶᠠᠪᠤᠭᠳᠠᠭᠤᠯᠪᠠ᠃ ᠤᠳᠬ᠎ᠠ ᠤᠷᠠᠯᠢᠭ ᠤᠨ ᠪᠦᠲᠦᠭᠡᠭᠳᠡᠬᠦᠨ ᠤ ᠵᠣᠬᠢᠶᠠᠨ ᠪᠦᠲᠦᠭᠡᠯᠭᠡ ᠶᠢ ᠳᠡᠯᠭᠡᠷᠡᠭᠦᠯᠬᠦ ᠶᠢ ᠵᠣᠷᠢᠭᠵᠢᠭᠤᠯᠬᠤ ᠠᠷᠭ᠎ᠠ ᠎ ᠶᠢ ᠲᠣᠭᠲᠠᠭᠠᠵᠤ᠂ ᠪᠥᠬᠦ ᠬᠤᠰᠢᠭᠤᠨ ᠤ ᠤᠳᠬ᠎ᠠ ᠤᠷᠠᠯᠢᠭ ᠤᠨ ᠠᠵᠢᠯᠲᠠᠳ ᠤᠨ ᠴᠠᠭ ᠦᠶ᠎ᠡ ᠶᠢᠨ ᠵᠣᠷᠢᠭ ᠰᠠᠨᠠᠭ᠎ᠠ ᠶᠢ ᠢᠯᠡᠷᠡᠭᠦᠯᠦᠭᠰᠡᠨ᠂ ᠣᠷᠣᠨ ᠨᠤᠲᠤᠭ ᠤᠨ ᠣᠨᠴᠠᠯᠢᠭ ᠢᠶᠠᠷ ᠪᠠᠶᠠᠯᠢᠭ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠤᠳᠤᠷᠢᠳᠤᠨ ᠵᠢᠯᠣᠭᠤᠳᠪᠠ᠃ ᠭᠤᠷᠪᠠ ᠳᠤ ᠢᠳᠡᠪᠬᠢ ᠬᠦᠴᠦᠨ ᠢ ᠤᠯᠠᠮᠵᠢᠯᠠᠨ ᠪᠠᠳᠠᠷᠠᠭᠤᠯᠵᠤ᠂ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠬᠥᠮᠦᠰ ᠤᠨ ᠰᠡᠳᠬᠢᠯ ᠳᠤ ᠬᠦᠷᠭᠡᠪᠡ᠃ ᠨᠠᠮ ᠤᠨ ᠰᠤᠷᠭᠠᠭᠤᠯᠢ ᠶᠢᠨ ᠪᠠᠭᠰᠢ ᠶᠢ ᠤᠷᠢᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠎ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠤ᠂ ᠠᠯᠠᠱᠠ ᠵᠡᠭᠦᠨ ᠬᠤᠰᠢᠭᠤᠨ ᠤ ᠦᠯᠢᠬᠡᠷ ᠢ ᠰᠠᠶᠢᠲᠤᠷ ᠶᠠᠷᠢᠵᠤ᠂ ᠬᠥᠭᠵᠢᠯᠲᠡ ᠶᠢᠨ ᠢᠲᠡᠭᠡᠯ ᠵᠣᠷᠢᠭ ᠢ ᠦᠨᠡᠨᠬᠦ ᠨᠡᠮᠡᠭᠳᠡᠭᠦᠯᠦᠨ᠎ᠡ᠃ ᠠᠯᠠᠱᠠ ᠵᠡᠭᠦᠨ ᠬᠤᠰᠢᠭᠤᠨ ᠤ ︽ᠳᠡᠷᠭᠡᠳᠡᠬᠢ ᠰᠠᠶᠢᠨ ᠬᠥᠮᠦᠨ︾᠎ ᠳᠤ ᠫᠠᠶᠢᠰᠠ ᠣᠯᠭᠤᠬᠤ ᠶᠣᠰᠣᠯᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠨ ᠰᠠᠶᠢᠨ ᠬᠥᠮᠦᠨ ᠡᠦ ᠶᠦᠩ ᠬᠤᠩ᠂ ᠯᠢᠦ ᠱᠧᠩ ᠯᠢ᠂ ᠦᠶᠯᠡᠰ ᠢᠶᠠᠨ ᠳᠡᠭᠡᠳᠦᠯᠡᠵᠦ ᠬᠤᠪᠢ ᠨᠡᠮᠡᠷᠢ ᠦᠵᠡᠭᠦᠯᠦᠭᠰᠡᠨ ᠰᠠᠶᠢᠨ ᠬᠥᠮᠦᠨ ᠭᠠᠯᠪᠠᠭᠠᠲᠤᠷ ᠲᠤ ᠢᠷᠠᠭᠤ ᠠᠯᠳᠠᠷ ᠤᠨ ᠱᠠᠩᠨᠠᠯ ᠤᠨ ᠬᠤᠨᠳᠠᠭ᠎ᠠ ᠪᠠ ︽ᠳᠡᠷᠭᠡᠳᠡᠬᠢ ᠰᠠᠶᠢᠨ ᠬᠥᠮᠦᠨ︾᠎ ᠤ ᠢᠷᠠᠭᠤ ᠠᠯᠳᠠᠷ ᠤᠨ ᠲᠡᠮᠳᠡᠭ ᠢ ᠣᠯᠭᠤᠪᠠ᠃ ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤᠨ ᠤ ᠢᠩᠭᠡᠲᠤ ᠭᠠᠴᠠᠭ᠎ᠠ ᠂ ᠢᠩᠭᠡᠨ ᠰᠤᠮᠤ ᠵᠡᠷᠭᠡ 9 ᠰᠤᠮᠤ ᠪᠠᠯᠭᠠᠰᠤ ︵ᠭᠠᠴᠠᠭ᠎ᠠ ᠲᠣᠰᠬᠤᠨ︶ ᠪᠥᠬᠦ ᠠᠶᠢᠮᠠᠭ ᠤᠨ ᠪᠣᠯᠪᠠᠰᠤᠨ ᠲᠣᠰᠬᠤᠨ ᠪᠠᠯᠭᠠᠰᠤ ᠶᠢᠨ ᠢᠷᠠᠭᠤ ᠠᠯᠳᠠᠷ ᠤᠨ ᠴᠣᠯᠠ ᠶᠢ ᠭᠥᠷᠳᠡᠵᠦ᠂ ᠸᠠᠩ ᠹᠦ᠋ ᠷᠧᠨ᠂ ᠮᠠᠰᠢᠪᠠᠲᠤ ᠵᠡᠷᠭᠡ 8 ᠬᠡᠷ ᠪᠦᠯᠢ ᠪᠥᠬᠦ ᠠᠶᠢᠮᠠᠭ ᠤᠨ ᠪᠣᠯᠪᠠᠰᠤᠨ ᠬᠡᠷ ᠪᠦᠯᠢ ᠶᠢᠨ ᠢᠷᠠᠭᠤ ᠠᠯᠳᠠᠷ ᠤᠨ ᠴᠣᠯᠠ ᠶᠢ ᠭᠥᠷᠳᠡᠵᠦ᠂ ᠱᠢ ᠶᠦᠩ ᠹᠦ᠋᠂ ᠯᠢᠦ ᠬᠤᠩ ᠢ ᠵᠡᠷᠭᠡ 8 ᠬᠥᠮᠦᠨ ᠠᠯᠠᠱᠠ ᠠᠶᠢᠮᠠᠭ ᠪᠠᠶᠢᠭᠤᠯᠤᠭᠳᠠᠭᠰᠠᠨ 40 ᠵᠢᠯ ᠤᠨ ᠣᠶ ᠶᠢᠨ ᠬᠠᠮᠤᠭ ᠤᠨ ᠭᠤᠶᠣ ᠲᠡᠮᠡᠴᠡᠭᠴᠢ ᠶᠢᠨ ᠢᠷᠠᠭᠤ ᠠᠯᠳᠠᠷ ᠤᠨ ᠴᠣᠯᠠ ᠶᠢ ᠭᠥᠷᠳᠡᠪᠡ᠃ ᠲᠦᠷᠪᠡ ᠳᠤ ᠵᠥᠪ ᠲᠠᠯ᠎ᠠ ᠶᠢᠨ ᠤᠬᠠᠭᠤᠯᠭ᠎ᠠ ᠶᠢ ᠪᠠᠷᠢᠮᠲᠠᠯᠠᠵᠤ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ ︽ᠠᠯᠠᠱᠠ ᠵᠡᠭᠦᠨ ᠬᠤᠰᠢᠭᠤᠨ ᠤ ᠰᠢᠭᠤᠷᠬᠠᠢ ᠮᠡᠳᠡᠭᠡ︾᠂ ︽ᠲᠡᠮᠡᠭᠡᠲᠤ ᠨᠤᠲᠤᠭ ᠤᠨ ᠮᠡᠳᠡᠭᠡ︾ ᠵᠢᠷᠭᠢᠶ᠎ᠡ ᠶᠢᠨ ᠳ᠋ᠤᠭᠠᠷ᠂ ︽ᠲᠡᠮᠡᠭᠡᠲᠤ ᠨᠤᠲᠤᠭ︾ ᠰᠢᠯᠵᠢᠶ᠎ᠡ ᠵᠡᠷᠭᠡ ᠰᠢᠨ᠎ᠡ ᠵᠠᠭᠤᠴᠢᠯᠠᠭᠤᠷ ᠤᠨ ᠲᠠᠪᠴᠠᠩ ᠳᠤ᠂ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ︾ ᠲᠤᠰᠬᠠᠢ ᠪᠤᠯᠤᠩ ᠨᠡᠭᠡᠭᠡᠵᠦ᠂ ᠵᠢᠷᠤᠭ ᠪᠢᠴᠢᠭ᠂ ᠸᠢᠳᠢᠣ᠋ ᠵᠡᠷᠭᠡ ᠬᠡᠯᠪᠡᠷᠢ ᠶᠢ ᠠᠰᠢᠭᠯᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠎ ᠤᠨ ᠬᠤᠯᠪᠣᠭᠳᠠᠯ ᠪᠦᠬᠦᠢ ᠰᠣᠨᠢᠨ ᠮᠡᠳᠡᠭᠡ ᠶᠢ 94 ᠤᠳᠠᠭ᠎ᠠ ᠮᠡᠳᠡᠭᠡᠯᠡᠪᠡ᠃ ︽ᠠᠯᠠᠱᠠ ᠵᠡᠭᠦᠨ ᠬᠤᠰᠢᠭᠤᠨ ᠤ ︿ᠰᠦᠯᠵᠢᠶᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠵᠢᠯᠯᠠᠭᠠᠨ ᠤ ᠲᠥᠯᠥᠪᠯᠡᠭᠡ﹀᠎ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠭᠤᠤᠯᠳᠠᠯᠭ᠎ᠠ ᠲᠠᠢ ᠡᠭᠦᠷᠭᠡᠲᠤ ᠠᠵᠢᠯ ᠤᠨ ᠬᠤᠪᠢᠶᠠᠷᠢᠯᠠᠯ ᠤᠨ ᠲᠥᠰᠦᠯ ︾᠎ ᠢ ᠲᠣᠭᠲᠠᠭᠠᠵᠤ᠂ ᠲᠣᠮᠣ ᠳ᠋ᠠᠶᠢᠲ᠋ᠠ᠂ ᠡᠭᠦᠯᠡᠨ ᠪᠤᠳᠤᠯᠲᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠬᠡᠷᠡᠭᠯᠡᠯᠲᠡ᠂ 5 G᠂ IPV 6 ᠵᠡᠷᠭᠡ ᠭᠤᠤᠯᠳᠠᠯᠭ᠎ᠠ ᠲᠠᠢ ᠪᠠᠶᠢᠷᠢᠯᠠᠭᠤᠯᠤᠯᠲᠠ ᠪᠠ ᠤᠶᠤᠨᠲᠤ ᠬᠤᠲᠠ᠂ ᠲᠣᠭᠠᠴᠢᠯᠠᠭᠰᠠᠨ ᠠᠵᠤ ᠠᠬᠤᠶ᠂ ᠲᠣᠭᠠᠴᠢᠯᠠᠭᠰᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠲᠥᠷᠥᠯ ᠵᠦᠶᠯ ᠤᠨ ᠠᠵᠢᠯ ᠢ ᠰᠤᠳᠤᠯᠭᠠᠨ ᠤ ᠲᠥᠯᠥᠪᠯᠡᠭᠡ ᠳᠤ ᠣᠷᠣᠭᠤᠯᠵᠤ᠂ ᠬᠠᠮᠢᠶ᠎ᠠ ᠪᠥᠬᠦᠶ ᠨᠢᠭᠡᠴᠢ ᠳᠤ ᠳᠠᠷᠤᠮᠠᠯᠯᠠᠨ ᠲᠠᠷᠬᠠᠭᠠᠵᠤ ᠶᠢ ᠤᠯᠠᠮ ᠨᠠᠶᠢᠳᠠᠪᠤᠷᠢᠵᠢᠭᠤᠯᠤᠨ᠎ᠠ᠃ ᠪᠠᠶᠠᠨᠬᠤᠲᠠ ᠪᠠᠯᠭᠠᠰᠤ ᠶᠢᠨ ᠬᠤᠲᠠ ᠲᠣᠭᠤᠷᠢᠭ ᠵᠢᠴᠢ ᠡᠷᠬᠢᠨ ᠲᠣᠭᠤᠷᠢᠨ ᠤ ᠡᠯ᠎ᠡ ᠲᠥᠷᠥᠯ ᠤᠨ ᠡᠯᠧᠺᠲᠷᠣᠨ ᠳᠡᠯᠭᠡᠴᠡ ᠶᠢᠨ ᠪᠡᠯᠡᠳᠬᠡᠮᠵᠢ ᠵᠡᠷᠭᠡ ᠬᠡᠷ ᠎ ᠤᠨ ᠭᠠᠳᠠᠨᠠᠬᠢ ᠵᠠᠷ ᠮᠡᠳᠡᠭᠡ ᠶᠢᠨ ᠠᠴᠢᠶᠠᠯᠠᠪᠤᠷᠢ ᠶᠢ ᠭᠦᠶᠴᠡᠳ ᠠᠰᠢᠭᠯᠠᠨ᠂ ᠪᠥᠬᠦᠳᠡ ᠬᠤᠷᠠᠯ ᠤᠨ ᠵᠣᠷᠢᠭ ᠰᠠᠨᠠᠭ᠎ᠠ ᠎ ᠳᠤ ᠳᠤᠷᠠᠳᠤᠭᠰᠠᠨ ᠰᠢᠨ᠎ᠡ ᠠᠷᠭ᠎ᠠ ᠬᠡᠮᠵᠢᠶ᠎ᠡ᠂ ᠣᠯᠤᠭᠰᠠᠨ ᠰᠢᠨ᠎ᠡ ᠲᠤᠷᠰᠢᠯᠭ᠎ᠠ᠂ ᠪᠡᠶᠡᠯᠡᠭᠦᠯᠦᠭᠰᠡᠨ ᠰᠢᠨ᠎ᠡ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠪᠠ᠃ ᠣᠳᠣᠬᠠᠨ ᠪᠣᠯᠲᠠᠯ᠎ᠠ᠂ ᠤᠬᠠᠭᠤᠯᠭ᠎ᠠ ᠶᠢᠨ ᠤᠷᠢᠶ᠎ᠠ ᠯᠣᠽᠦ᠋ᠩ ᠢ ᠨᠡᠶᠢᠲᠡ 3670 ᠺᠦᠸᠠᠳ᠋ ᠮᠧᠲᠷ ᠵᠢᠷᠤᠵᠤ ᠲᠥᠯᠥᠪᠯᠡᠨ ᠭᠠᠷᠭᠠᠵᠤ᠂ ᠨᠡᠶᠢᠭᠡᠮ ᠳᠠᠶᠠᠭᠠᠷ ᠲᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号