ᠠᠯᠠᠱᠠ ᠵᠡᠭᠦᠨ ᠬᠤᠰᠢᠭᠤᠨ ᠤ ᠥᠭᠡᠯᠡᠳ ᠵᠡᠭᠡᠯᠢ ᠭᠤᠳᠤᠮᠵᠢ ᠶᠢᠨ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡ ᠪᠠᠨ ᠴᠢᠩᠭᠠᠳᠬᠠᠵᠤ᠂ ᠠᠷᠠᠳ ᠣᠯᠠᠨ ᠤ ᠠᠵᠢᠯ ᠣᠯᠭᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2020/12/25
ᠨᠢᠭᠡ ᠳᠤ ᠤᠬᠠᠭᠤᠯᠬᠤ ᠶᠢ ᠪᠣᠳᠠᠲᠠᠶᠢᠵᠢᠭᠤᠯᠪᠠ᠃ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠠᠷ ᠲᠣᠬᠢᠶᠠᠯ ᠪᠣᠯᠭᠠᠨ᠂ ᠡᠷᠦᠬᠡ ᠲᠤ ᠣᠷᠣᠬᠤ ᠡᠩᠨᠡᠭᠡ ᠶᠢ ᠪᠠᠶᠢᠭᠤᠯᠵᠤ᠂ ᠲᠣᠣᠷᠵᠢᠭᠤᠯᠤᠭᠴᠢ᠂ ᠰᠠᠭᠤᠭᠠᠯᠢ ᠠᠷᠠᠳ ᠤᠨ ᠮᠡᠳᠡᠭᠡ ᠵᠠᠩᠭᠢᠴᠢᠨ ᠳᠤ ᠲᠦᠰᠢᠭᠯᠡᠨ᠂ ᠡᠷᠦᠬᠡ ᠲᠤ ᠬᠦᠷᠴᠦ ᠠᠵᠢᠯ ᠣᠯᠭᠤᠬᠤ ᠪᠠ ᠨᠡᠶᠢᠭᠡᠮ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠬᠠᠷᠢᠶ᠎ᠠ ᠣᠷᠣᠨ ᠤ ᠎ ᠪᠠᠨ ᠳᠣᠲᠣᠷᠠᠬᠢ ᠨᠡᠶᠢᠭᠡᠮ ᠤᠨ ᠳᠠᠭᠠᠳᠬᠠᠯ ᠲᠤᠰᠢᠶᠠᠭᠰᠠᠨ ᠪᠠᠶᠢᠳᠠᠯ᠂ ᠠᠵᠢᠯ ᠣᠯᠤᠭᠰᠠᠨ᠂ ᠠᠵᠢᠯ ᠠᠯᠳᠠᠭᠰᠠᠨ ᠬᠥᠮᠦᠰ᠂ 《 4050 》 ᠬᠥᠮᠦᠰ᠂ ᠠᠵᠢᠯ ᠤᠯᠬᠤ ᠲᠤ ᠬᠦᠴᠢᠷᠲᠡᠢ ᠬᠥᠮᠦᠰ ᠤᠨ ᠠᠵᠢᠯ ᠣᠯᠵᠤ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ᠂ ᠣᠨᠣᠪᠴᠢᠲᠠᠢ ᠡᠵᠡᠮᠰᠢᠬᠦ ᠶᠢᠨ ᠬᠠᠮᠲᠤ ᠪᠦᠷᠢᠳᠬᠡᠨ ᠲᠡᠮᠳᠡᠭᠯᠡᠪᠡ᠃
ᠬᠤᠶᠠᠷ ᠲᠤ᠂ ᠵᠣᠬᠢᠶᠠᠨ ᠪᠠᠶᠢᠭᠤᠯᠤᠯᠲᠠ ᠠᠴᠠ ᠬᠠᠪᠰᠤᠷᠤᠨ ᠲᠡᠳᠬᠦᠬᠦ ᠶᠢ ᠪᠣᠳᠠᠲᠠᠶᠢᠵᠢᠭᠤᠯᠪᠠ᠃ ᠠᠵᠢᠯ ᠣᠯᠬᠤ ᠎ ᠳᠤ ᠬᠦᠴᠢᠷᠲᠡᠶ ᠬᠥᠮᠦᠰ ᠢ ᠬᠠᠪᠰᠤᠷᠤᠨ ᠲᠡᠳᠬᠦᠵᠦ ᠠᠵᠢᠯ ᠣᠯᠭᠤᠬᠤ ᠠᠵᠢᠯ ᠢ ᠬᠦᠴᠦᠯᠡᠨ ᠥᠷᠨᠢᠭᠦᠯᠵᠦ᠂ ᠡᠯ᠎ᠡ ᠵᠦᠢᠯ ᠤᠨ ᠠᠵᠢᠯ ᠣᠯᠭᠤᠬᠤ ᠰᠤᠷᠭᠠᠯᠲᠠ᠂ ᠠᠵᠢᠯ ᠤᠨ ᠪᠠᠶᠢᠷᠢ ᠶᠢᠨ ᠤᠷᠢᠬᠤ ᠶᠢ ᠲᠠᠨᠢᠯᠴᠠᠭᠤᠯᠤᠨ᠂ ᠬᠤᠭᠤᠰᠣᠨ ᠠᠵᠢᠯ ᠤᠨ ᠪᠠᠶᠢᠷᠢ ᠶᠢᠨ ᠮᠡᠳᠡᠭᠡ ᠵᠠᠩᠭᠢ ᠬᠠᠩᠭᠠᠵᠤ᠂ ᠬᠠᠷᠢᠶ᠎ᠠ ᠣᠷᠣᠨ ᠤ ᠪᠠᠨ ᠢᠯᠡᠭᠦᠴᠡ ᠬᠥᠳᠡᠯᠮᠦᠷᠢ ᠬᠦᠴᠦᠨ ᠪᠣᠯᠤᠨ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ ᠤᠨ ᠠᠵᠢᠯ ᠣᠯᠬᠤ ᠳᠠᠬᠢᠨ ᠠᠵᠢᠯ ᠣᠯᠬᠤ ᠎ ᠶᠢ ᠬᠠᠮᠤᠭ ᠤᠨ ᠶᠡᠭᠡ ᠬᠡᠮᠵᠢᠶ᠎ᠡ ᠪᠠᠷ ᠠᠬᠢᠭᠤᠯᠬᠤ ᠶᠢᠨ ᠬᠠᠮᠲᠤ ᠬᠠᠷᠢᠶ᠎ᠠ ᠣᠷᠣᠨ ᠤ ᠪᠠᠨ 《 4050 》 ᠠᠵᠢᠯ ᠣᠯᠬᠤ ᠳᠤ ᠬᠦᠴᠢᠷᠲᠡᠶ ᠬᠥᠮᠦᠰ ᠲᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠭᠤᠶᠤᠴᠢᠯᠠᠵᠤ᠂ ᠠᠮᠢᠳᠤᠷᠠᠯ ᠤᠨ ᠳᠠᠷᠤᠯᠲᠠ ᠶᠢ ᠨᠢ ᠬᠥᠩᠭᠡᠷᠡᠭᠦᠯᠦᠨ᠎ᠡ᠃
ᠭᠤᠷᠪᠠ ᠳᠤ᠂ ᠠᠵᠢᠯ ᠤᠨ ᠪᠠᠶᠢᠷᠢ ᠶᠢ ᠭᠦᠶᠴᠡᠳ ᠬᠠᠩᠭᠠᠪᠠ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠎ ᠤᠨ ᠪᠠᠶᠢᠷᠢ ᠶᠢ ᠶᠡᠬᠡᠪᠡᠷ ᠨᠡᠭᠡᠭᠡᠵᠦ᠂ ᠨᠠᠰᠤ ᠠᠬᠢᠭᠰᠠᠨ ᠠᠵᠢᠯ ᠠᠯᠳᠠᠭᠰᠠᠳ ᠵᠢᠴᠢ ᠠᠵᠢᠯ ᠣᠯᠬᠤ ᠳᠤ ᠬᠦᠴᠢᠷᠲᠡᠶ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠪᠠᠷ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠠᠵᠢᠯ ᠤᠨ ᠳᠠᠪᠠᠭᠤᠯᠢᠭ ᠢ ᠨᠢ ᠭᠦᠢᠴᠡᠳ ᠪᠠᠳᠠᠷᠠᠭᠤᠯᠤᠨ᠂ ᠠᠮᠤᠷ ᠢ ᠬᠠᠮᠠᠭᠠᠯᠠᠬᠤ᠂ ᠠᠷᠢᠭᠤᠨ ᠴᠡᠪᠡᠷ ᠪᠠᠶᠢᠯᠭᠠᠬᠤ᠂ ᠭᠡᠷ ᠠᠬᠤᠶ ᠶᠢᠨ ᠦᠢᠯᠡᠴᠢᠯᠡᠭᠡᠨ᠂ ᠨᠡᠶᠢᠭᠡᠮ ᠲᠣᠭᠤᠷᠢᠭ ᠤᠨ ᠠᠵᠢᠯ ᠵᠡᠷᠭᠡ ᠲᠠᠯ᠎ᠠ ᠶᠢᠨ ᠨᠡᠶᠢᠲᠡ ᠶᠢᠨ ᠠᠰᠠᠷᠠᠮᠵᠢ ᠎ ᠶᠢᠨ ᠴᠢᠨᠠᠷᠲᠠᠶ ᠠᠵᠢᠯ ᠤᠨ ᠪᠠᠶᠢᠷᠢ ᠶᠢ ᠭᠠᠷᠭᠠᠵᠤ᠂ ᠪᠦᠬᠦᠯᠢ ᠡᠳᠦᠷ ᠤᠨ ᠳᠦᠷᠢᠮᠲᠦ᠂ ᠪᠦᠬᠦᠯᠢ ᠡᠳᠦᠷ ᠤᠨ ᠪᠤᠰᠤ ᠳᠦᠷᠢᠮᠲᠦ᠂ ᠲᠦᠷ ᠴᠠᠭ ᠤᠨ ᠠᠵᠢᠯᠴᠢᠨ ᠵᠡᠷᠭᠡ ᠠᠮᠢᠳᠤᠯᠢᠭ ᠪᠥᠭᠡᠳ ᠣᠯᠠᠨ ᠶᠠᠩᠵᠤ ᠶᠢᠨ ᠠᠵᠢᠯ ᠣᠯᠭᠤᠬᠤ ᠬᠡᠯᠪᠡᠷᠢ ᠶᠢ ᠠᠪᠴᠤ᠂ ᠨᠡᠶᠢᠭᠡᠮ ᠲᠣᠭᠤᠷᠢᠭ ᠢ ᠠᠵᠢᠯ ᠣᠯᠭᠤᠬᠤ ᠳᠠᠬᠢᠨ ᠠᠵᠢᠯ ᠣᠯᠭᠤᠬᠤ ᠴᠢᠬᠤᠯᠠ ᠰᠠᠭᠤᠷᠢᠨ ᠭᠠᠵᠠᠷ ᠪᠣᠯᠭᠠᠨ᠎ᠠ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号