| | ᠨᠢᠭᠡ ᠳᠤ᠂ ᠠᠵᠤ ᠠᠬᠤᠶᠢᠯᠠᠯ ᠤᠳ ᠠᠯᠠᠱᠠ ᠵᠡᠭᠦᠨ ᠬᠤᠰᠢᠭᠤᠨ ᠤ ᠠᠵᠤ ᠦᠶᠯᠡᠳᠪᠦᠷᠢ ᠪᠠ ᠬᠤᠳᠠᠯᠳᠤᠭᠠᠨ ᠤ | ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠦᠶᠯᠡᠴᠢᠯᠡᠭᠡᠨ ᠤ ᠲᠠᠪᠴᠠᠩ ᠢᠶᠠᠷ ᠳᠠᠮᠵᠢᠭᠤᠯᠤᠨ ᠰᠢᠨᠡᠳᠬᠡᠭᠰᠡᠨ | ᠠᠭᠤᠯᠭ᠎ᠠ᠂ ᠠᠶᠦᠯᠭᠦᠢ ᠦᠶᠯᠡᠳᠪᠦᠷᠢᠯᠡᠯ ᠤᠨ ᠥᠪᠡᠰᠦᠪᠡᠨ ᠪᠠᠶᠢᠴᠠᠭᠠᠬᠤ᠂ ᠡᠬᠡ ᠲᠠᠩᠰᠠ᠂ ᠳ᠋ᠦᠩᠨᠡᠯᠲᠡ ᠵᠡᠷᠭᠡ ᠡᠯ᠎ᠡ | ᠲᠥᠷᠥᠯ ᠤᠨ ᠮᠠᠲ᠋ᠧᠷᠢᠶᠠᠯ ᠢ ᠴᠠᠭ ᠲᠤᠬᠠᠶ ᠳᠤᠨᠢ ᠮᠡᠳᠡᠭᠦᠯᠦᠨ ᠬᠦᠷᠭᠡᠵᠦ᠂ ᠠᠵᠤ ᠠᠬᠤᠶᠢᠯᠠᠯ ᠤᠨ ᠮᠡᠳᠡᠭᠦᠯᠦᠨ | ᠬᠦᠷᠭᠡᠭᠰᠡᠨ ᠮᠠᠲ᠋ᠧᠷᠢᠶᠠᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠮᠡᠳᠡᠭᠦᠯᠦᠨ ᠬᠦᠷᠭᠡᠬᠦ | ᠴᠠᠭ ᠬᠤᠭᠤᠴᠠᠭ᠎ᠠ ᠵᠢᠴᠢ ᠬᠥᠮᠦᠨ ᠤ ᠬᠦᠴᠦᠨ ᠤ ᠥᠪᠡᠷ ᠤᠨ ᠥᠷᠲᠡᠭ ᠢ ᠪᠠᠭᠠᠰᠬᠠᠪᠠ᠃ ᠣᠳᠣᠬᠠᠨ ᠪᠣᠯᠲᠠᠯ᠎ᠠ᠂ | ᠬᠠᠯᠠᠭᠤᠨ ᠰᠢᠨ᠎ᠡ ᠡᠨᠧᠷᠭᠢ ᠵᠡᠷᠭᠡ 24 ᠠᠵᠤ ᠠᠬᠤᠶᠢᠯᠠᠯ ᠲᠠᠪᠴᠠᠩ ᠢᠶᠠᠷ ᠳᠡᠮᠵᠢᠨ 120 ᠭᠠᠷᠤᠶ ᠠᠶᠤᠯᠭᠦᠶ | ᠦᠶᠯᠡᠳᠪᠦᠷᠢᠯᠡᠯ ᠤᠨ ᠠᠵᠢᠯ ᠤᠨ ᠮᠠᠲ᠋ᠧᠷᠢᠶᠠᠯ ᠢ ᠳᠡᠭᠡᠭᠰᠢ ᠮᠡᠳᠡᠭᠦᠯᠪᠡ᠃ ᠬᠤᠶᠠᠷ ᠲᠤ᠂ ᠥᠪᠡᠷ ᠤᠨ ᠥᠷᠲᠡᠭ ᠢ | ᠪᠠᠭᠤᠷᠠᠭᠤᠯᠵᠤ ᠠᠵᠤ ᠠᠬᠤᠶᠢᠯᠠᠯ ᠳᠤ ᠬᠠᠷᠠᠭᠠᠯᠵᠠᠯ ᠦᠵᠡᠭᠦᠯᠵᠦ᠂ ᠠᠵᠤ ᠠᠬᠤᠶ ᠶᠢ ᠠᠬᠢᠭᠤᠯᠤᠨ᠎ᠠ᠃ | ᠦᠶᠯᠡᠳᠪᠦᠷᠢᠯᠡᠯ ᠵᠣᠭᠰᠣᠭᠰᠠᠨ᠂ ᠬᠠᠭᠠᠰ ᠵᠣᠭᠰᠣᠭᠰᠠᠨ ᠠᠵᠤ ᠠᠬᠤᠶᠢᠯᠠᠯ ᠤᠨ ᠦᠨᠳᠦᠰᠦᠨ ᠴᠠᠬᠢᠯᠭᠠᠨ ᠤ | ᠰᠦᠶᠳᠬᠡᠯ ᠢ ᠬᠠᠰᠤᠵᠤ ᠬᠡᠯᠲᠦᠷᠢᠭᠦᠯᠬᠦ ᠪᠠᠷ ᠳᠠᠮᠵᠢᠭᠤᠯᠤᠨ ᠠᠵᠤ ᠠᠬᠤᠶᠢᠯᠠᠯ ᠤᠨ ᠡᠨᠧᠷᠭᠢ ᠬᠡᠷᠡᠭᠯᠡᠵᠦ ᠠᠵᠤ | ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠠᠬᠢᠯᠭᠠᠨ ᠬᠦᠴᠦᠨ ᠤ | ᠠᠵᠤ ᠠᠬᠤᠶᠢᠯᠠᠯ ᠤᠨ ᠦᠶᠯᠡᠳᠪᠦᠷᠢᠯᠡᠯ ᠤᠨ ᠠᠵᠢᠯᠯᠠᠭᠠᠨ ᠤ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠵᠤ᠂ | ᠴᠠᠬᠢᠯᠭᠠᠨ ᠬᠦᠴᠦᠨ ᠤ ᠠᠵᠤ ᠠᠬᠤᠶᠢᠯᠠᠯ ᠤᠨ ᠠᠵᠤ ᠠᠬᠤᠶ ᠶᠢᠨ ᠦᠷ᠎ᠡ ᠠᠰᠢᠭ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠎ᠡ᠃ ᠣᠳᠣᠬᠠᠨ ᠪᠣᠯᠲᠠᠯ᠎ᠠ᠂ 35 ᠡᠷᠦᠬᠡ ᠦᠶᠯᠡᠳᠪᠦᠷᠢᠯᠡᠯ ᠵᠣᠭᠰᠣᠭᠰᠠᠨ᠂ ᠬᠠᠭᠠᠰ ᠵᠣᠭᠰᠣᠭᠰᠠᠨ | ᠠᠵᠤ ᠠᠬᠤᠶᠢᠯᠠᠯ ᠤᠨ ᠦᠨᠳᠦᠰᠦᠨ ᠴᠠᠬᠢᠯᠭᠠᠨ ᠤ ᠰᠦᠶᠳᠬᠡᠯ ᠢ 353 ᠲᠦᠮᠡᠨ ᠲᠥᠭᠦᠷᠢᠭ ᠬᠠᠰᠤᠵᠤ | ᠬᠡᠯᠲᠦᠷᠢᠭᠦᠯᠬᠦ ᠪᠠᠷ ᠭᠤᠶᠤᠴᠢᠯᠠᠨ ᠮᠡᠳᠡᠭᠦᠯᠪᠡ᠃ ᠭᠤᠷᠪᠠ ᠳᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠷ | ᠬᠡᠮ ᠡᠷᠡᠰᠳᠡᠯ ᠢ ᠠᠷᠢᠯᠭᠠᠵᠤ᠂ ᠠᠳᠡᠯ ᠭᠠᠷᠬᠤ ᠶᠢ ᠬᠤᠷᠢᠭᠯᠠᠨ᠎ᠠ᠃ ᠠᠵᠢᠯ ᠲᠥᠷᠥᠯ ᠤᠨ ᠬᠦᠷᠢᠶᠡᠨ ᠳᠠᠬᠢ | ᠠᠶᠦᠯᠭᠦᠢ ᠦᠶᠯᠡᠳᠪᠦᠷᠢᠯᠡᠯ ᠤᠨ 《 ᠵᠠᠭᠤᠨ ᠡᠳᠦᠷ ᠤᠨ ᠠᠵᠢᠯᠯᠠᠭ᠎ᠠ 》 ᠶᠢ ᠲᠥᠪᠯᠡᠷᠡᠭᠦᠯᠦᠨ ᠴᠡᠭᠴᠡᠯᠡᠨ ᠵᠠᠰᠠᠬᠤ | ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ | ᠠᠶᠦᠯᠭᠦᠢ ᠦᠶᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠵᠡᠷᠭᠡ ᠠᠵᠢᠯ ᠢ | ᠥᠷᠨᠢᠭᠦᠯᠵᠦ᠂ ᠬᠦᠨᠳᠦ ᠣᠨᠴᠠ ᠶᠡᠭᠡ ᠠᠳᠡᠯ ᠪᠠ ᠬᠢᠵᠢᠭ ᠤᠨ ᠪᠠᠶᠢᠳᠠᠯ ᠳᠠᠷᠬᠠᠨ ᠳᠡᠯᠭᠡᠷᠡᠬᠦ ᠶᠢ ᠡᠷᠡᠰ ᠬᠤᠷᠢᠭᠯᠠᠵᠤ᠂ | ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠶᠴᠡᠳᠬᠡᠬᠦ ᠬᠡᠷᠡᠭᠲᠡᠶ᠃ ᠣᠳᠣᠬᠠᠨ | ᠪᠣᠯᠲᠠᠯ᠎ᠠ᠂ ᠠᠷᠠᠳ ᠤᠨ ᠬᠡᠷᠡᠭᠯᠡᠭᠡᠨ ᠤ ᠳᠡᠯᠪᠡᠷᠡᠯᠲᠡ᠂ ᠴᠠᠬᠢᠯᠭᠠᠨ ᠬᠦᠴᠦᠨ ᠵᠡᠷᠭᠡ ᠠᠵᠢᠯ ᠲᠥᠷᠥᠯ ᠤᠨ ᠠᠶᠦᠯᠭᠦᠢ | ᠦᠶᠯᠡᠳᠪᠦᠷᠢᠯᠡᠯ ᠤᠨ ᠪᠠᠶᠢᠴᠠᠭᠠᠯᠲᠠ ᠶᠢ 22 ᠤᠳᠠᠭ᠎ᠠ ᠥᠷᠨᠢᠭᠦᠯᠵᠦ᠂ ᠪᠠᠶᠢᠴᠠᠭᠠᠯᠲᠠ ᠳᠤ ᠡᠯ᠎ᠡ ᠲᠥᠷᠥᠯ ᠤᠨ | ᠠᠰᠠᠭᠤᠳᠠᠯ 82 ᠪᠠᠶᠢᠬᠤ ᠶᠢ ᠢᠯᠡᠷᠡᠭᠦᠯᠵᠦ᠂ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃ | ᠳᠠᠩᠰᠠᠯᠠᠭᠤᠯᠬᠤ ᠱᠠᠭᠠᠷᠳᠠᠯᠭ᠎ᠠ ᠳᠤ ᠨᠡᠶᠢᠴᠡᠬᠦ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠢ ᠴᠠᠭ ᠲᠤᠬᠠᠶ ᠳᠤᠨᠢ ᠳᠠᠩᠰᠠᠯᠠᠵᠤ᠂ ᠱᠠᠭᠠᠷᠳᠠᠯᠭ᠎ᠠ ᠳᠤ ᠨᠡᠶᠢᠴᠡᠬᠦ ᠦᠭᠡᠶ ᠠᠵᠤ ᠠᠬᠤᠶᠢᠯᠠᠯ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠠᠵᠤ ᠠᠬᠤᠶᠢᠯᠠᠯ ᠢ ᠱᠠᠭᠠᠷᠳᠠᠨ ᠴᠠᠭ ᠲᠤᠬᠠᠶ ᠳᠤᠨᠢ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠭᠠᠷᠴᠤ ᠮᠡᠳᠡᠬᠦ ᠭᠠᠯ ᠤᠨ ᠠᠶᠤᠯ᠂ ᠴᠠᠬᠢᠯᠭᠠᠨ ᠳᠤ | ᠴᠣᠬᠢᠭᠳᠠᠬᠤ᠂ ᠥᠨᠳᠥᠷ ᠭᠠᠵᠠᠷ ᠠᠴᠠ ᠤᠨᠠᠬᠤ ᠵᠡᠷᠭᠡ ᠠᠴᠠ ᠪᠣᠯᠵᠤ ᠬᠥᠮᠦᠨ ᠦᠬᠦᠵᠦ ᠰᠢᠷᠬᠠᠲᠤᠬᠤ ᠪᠤᠶᠤ ᠠᠵᠤ | ᠠᠬᠤᠶ ᠶᠢᠨ ᠬᠦᠨᠳᠦ ᠶᠡᠭᠡ ᠬᠤᠬᠢᠷᠠᠯ ᠵᠡᠷᠭᠡ ᠭᠡᠨᠡᠳᠲᠡ ᠶᠢᠨ ᠴᠢᠨᠠᠷᠲᠠᠶ ᠠᠳᠡᠯ ᠭᠠᠷᠬᠤ ᠶᠢ ᠪᠦᠲᠦᠮᠵᠢᠲᠡᠶ | ᠬᠢᠵᠠᠭᠠᠷᠯᠠᠬᠤ ᠬᠡᠷᠡᠭᠲᠡᠶ᠃ ᠣᠳᠣᠬᠠᠨ ᠪᠣᠯᠲᠠᠯ᠎ᠠ᠂ 9 ᠠᠵᠤ ᠠᠬᠤᠶᠢᠯᠠᠯ ᠳᠤ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠢ ᠳᠠᠩᠰᠠᠯᠠᠭᠤᠯᠵᠤ ᠥᠭᠪᠡ᠃ | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |